ᠲᠠᠪᠤᠨ ᠥᠩᠭᠡ ᠶᠢᠨ ᠬᠠᠳᠠᠭ ᠨᠢ ᠶᠠᠭᠤ ᠶᠠᠭᠤ ᠶᠢ ᠪᠡᠯᠭᠡᠳᠡᠳᠡᠭ ᠪᠤᠢ︖
ᠨᠡᠶᠢᠲᠡᠯᠡᠭᠰᠡᠨ ᠴᠠᠭ᠄
2020/9/24
     ᠳᠡᠭᠡᠷ᠎ᠡ ᠦᠶ᠎ᠡ ᠳᠤ ᠬᠥᠷᠥᠩᠭᠡ ᠴᠢᠨᠡᠭᠡ ᠶᠡᠬᠡᠲᠡᠢ ᠠᠶᠢᠯ ᠤᠳ ᠴᠠᠭᠠᠨ ᠰᠠᠷ᠎ᠠ ᠶᠢᠨ ᠪᠢᠲᠡᠭᠦᠨ ᠳᠤ ᠲᠠᠪᠤᠨ  ᠥᠩᠭᠡ ᠶᠢᠨ ᠬᠠᠳᠠᠭ ᠢ ᠪᠤᠷᠬᠠᠨ ᠰᠢᠳᠦᠭᠡᠨ ᠤ ᠪᠠᠨ ᠳᠡᠭᠡᠷ᠎ᠡ ᠳᠡᠯᠭᠡᠵᠦ᠂ ᠠᠷᠢᠬᠢᠨ ᠤ ᠪᠠᠨ ᠳᠡᠭᠡᠵᠢ ᠠᠴᠠ ᠴᠦᠭᠦᠴᠡᠨ   ᠳᠤ ᠬᠢᠵᠦ ᠳᠡᠭᠡᠵᠢᠯᠡᠨ ᠲᠠᠯᠪᠢᠭᠠᠳ᠂ ᠡᠪᠬᠡᠮᠡᠯ ᠰᠤᠷ ᠢᠶᠠᠨ ᠠᠪᠳᠠᠷ᠎ᠠ ᠳᠠᠭᠠᠨ ᠬᠠᠳᠠᠭᠠᠯᠠᠳᠠᠭ ᠪᠠᠶᠢᠭᠰᠠᠨ ᠠᠵᠢ᠃       ︽ᠲᠠᠪᠤᠨ ᠥᠩᠭᠡ ᠶᠢᠨ ᠬᠠᠳᠠᠭ︾  ᠢ ᠬᠠᠳᠠᠭᠠᠯᠠᠵᠤ᠂ ᠪᠤᠶᠠᠨ ᠲᠣᠭᠲᠠᠭᠠᠵᠤ ᠪᠠᠶᠠᠨ ᠴᠢᠨᠡᠭᠡᠯᠢᠭ᠂ ᠭᠠᠢ  ᠭᠠᠷᠤᠵᠠ ᠦᠭᠡᠢ᠂ ᠡᠩᠭᠡ ᠲᠦᠪᠰᠢᠨ ᠶᠠᠪᠤᠬᠤ ᠶᠢ ᠪᠡᠯᠭᠡᠳᠡᠳᠡᠭ᠃         ᠲᠠᠪᠤᠨ ᠥᠩᠭᠡ ᠶᠢᠨ ᠬᠠᠳᠠᠭ ᠢ ᠳᠠᠷᠠᠭᠠᠬᠢ ᠵᠠᠩ ᠦᠢᠯᠡ ᠶᠢ ᠪᠦᠲᠦᠭᠡᠬᠦ ᠳᠤ ᠵᠣᠷᠢᠭᠤᠯᠤᠨ ᠠᠰᠢᠭᠯᠠᠳᠠᠭ ᠪᠠᠶᠢᠨ᠎ᠠ  ᠃       ᠴᠠᠭᠠᠨ ᠬᠠᠳᠠᠭ᠄    ᠡᠬᠡ ᠶᠢᠨ ᠰᠦᠨ ᠤ ᠥᠩᠭᠡ ᠲᠠᠢ᠂ ᠰᠡᠳᠬᠢᠯ ᠠᠷᠢᠭᠤᠨ᠂ ᠪᠣᠳᠢ ᠰᠡᠳᠬᠢᠯᠭᠡ ᠲᠠᠢ᠂  ᠥᠭᠭᠦᠯᠡᠭᠴᠢ ᠪᠤᠶᠠᠨ ᠲᠠᠢ᠃ ᠬᠠᠷᠠᠩᠭᠤᠢ ᠶᠢ ᠭᠡᠶᠢᠬᠦᠯᠳᠡᠭ ᠠᠮᠤᠷᠯᠢᠩᠭᠤᠢ ᠶᠢᠨ ᠥᠩᠭᠡ ᠤᠴᠢᠷ ᠡᠪᠡᠳᠴᠢᠨ᠂  ᠪᠠᠷᠴᠢᠳ᠂ ᠠᠳᠠ᠂ ᠲᠣᠳᠬᠠᠷ᠂ ᠬᠤᠯᠠᠭᠠᠢ ᠳᠡᠭᠡᠷᠡᠮ ᠢ ᠠᠷᠢᠯᠭᠠᠬᠤ᠂ ᠰᠠᠨᠠᠭᠰᠠᠨ ᠵᠦᠢᠯ ᠢ ᠪᠦᠲᠦᠭᠡᠬᠦ ᠳᠤ  ᠪᠡᠯᠭᠡᠰᠢᠶᠡᠳᠡᠭ᠃       ᠰᠢᠷ᠎ᠠ ᠬᠠᠳᠠᠭ᠄    ᠠᠯᠢᠪᠠ ᠮᠠᠭᠤ ᠪᠦᠬᠦᠨ ᠤ ᠵᠠᠶᠢᠯᠠᠭᠤᠯᠵᠤ᠂ ᠴᠤᠭ ᠵᠣᠯᠪᠣᠭ᠎ᠠ᠂ ᠨᠠᠰᠤ ᠪᠤᠶᠠᠨ᠂ ᠲᠡᠭᠦᠰ  ᠡᠳ᠋ᠯᠡᠯ᠂ ᠢᠷᠠᠭᠤ ᠠᠯᠳᠠᠷ᠂ ᠱᠠᠰᠢᠨ ᠤ ᠢᠵᠠᠭᠤᠷ ᠦᠨᠳᠦᠰᠦ ᠶᠢ ᠰᠢᠨ᠎ᠡ ᠶᠢᠨ ᠰᠠᠷ᠎ᠠ ᠮᠡᠲᠦ ᠳᠡᠯᠭᠡᠷᠡᠭᠦᠯᠬᠦ ᠦᠢᠯᠡ ᠶᠢ  ᠪᠦᠲᠦᠭᠡᠨ᠎ᠡ᠃       ᠤᠯᠠᠭᠠᠨ ᠬᠠᠳᠠᠭ᠄    ᠭᠠᠯ ᠭᠤᠯᠣᠮᠲᠠ ᠪᠠᠳᠠᠷᠠᠨ ᠳᠡᠭᠡᠭᠰᠢᠯᠡᠬᠦ ᠶᠢᠨ ᠪᠡᠯᠭᠡᠳᠡᠯ᠃ ᠶᠢᠷᠲᠢᠨᠴᠦ ᠶᠢᠨ ᠶᠢᠰᠦᠨ  ᠬᠦᠰᠡᠯ ᠢ ᠪᠦᠷᠢᠳᠦᠭᠦᠯᠬᠦ ᠪᠦᠬᠦ ᠵᠦᠢᠯ ᠢ ᠥᠪᠡᠷᠲᠡᠭᠡᠨ ᠪᠤᠶᠤ ᠨᠠᠭᠠᠰᠢ ᠪᠠᠨ ᠬᠤᠷᠢᠶᠠᠬᠤ ᠦᠢᠯᠡ ᠶᠢ ᠪᠦᠲᠦᠭᠡᠨ᠎ᠡ᠃       ᠴᠡᠩᠬᠡᠷ ᠬᠠᠳᠠᠭ᠄    ᠮᠥᠩᠬᠡ ᠲᠡᠭᠷᠢ ᠶᠢᠨ ᠥᠩᠭᠡ᠂ ᠠᠮᠤᠷ ᠲᠠᠶᠢᠪᠤᠩ ᠤᠨ ᠪᠡᠯᠭᠡᠳᠡᠯ᠂ ᠠᠯᠢᠪᠠ ᠬᠤᠣᠷᠯᠠᠯ  ᠦᠢᠯᠡᠳᠬᠦ ᠬᠤᠣᠷᠲᠠᠨ ᠳᠠᠶᠢᠰᠤᠨ ᠪᠦᠭᠦᠳᠡ ᠶᠢ ᠭᠡᠰᠬᠡᠨ ᠴᠡᠭᠡᠷᠯᠡᠭᠦᠯᠬᠦ ᠦᠢᠯᠡ ᠶᠢ ᠪᠦᠲᠦᠭᠡᠨ᠎ᠡ᠃      ᠨᠣᠭᠤᠭᠠᠨ ᠬᠠᠳᠠᠭ᠄    ᠳᠡᠯᠭᠡᠷᠡᠨ ᠠᠷᠪᠢᠵᠢᠬᠤ ᠶᠢᠨ ᠪᠡᠯᠭᠡᠳᠡᠯ ᠲᠠᠢ᠃ ᠳᠡᠭᠡᠷᠡᠬᠢ ᠪᠡᠯᠭᠡᠳᠡᠯ ᠤᠳ ᠢ ᠪᠣᠳᠣᠵᠤ  ᠬᠠᠳᠠᠭ ᠢ ᠠᠷᠭᠠᠮᠵᠢ᠂ ᠰᠤᠷ᠂ ᠤᠰᠤ ᠦᠭᠡᠢ ᠬᠠᠷ᠎ᠠ ᠠᠷᠢᠬᠢᠨ ᠤ ᠬᠠᠮᠲᠤ ᠬᠠᠳᠠᠭᠠᠯᠠᠳᠠᠭ ᠪᠥᠭᠡᠳ ᠠᠷᠭᠠᠮᠵᠢ᠂ ᠰᠤᠷ   ᠨᠢ ᠮᠠᠯ ᠤᠨ ᠵᠠᠶᠠᠭ᠎ᠠ ᠲᠣᠭᠲᠠᠭᠠᠬᠤ᠂ ᠠᠷᠢᠬᠢ ᠨᠢ ᠪᠤᠰᠤᠳ ᠪᠦᠬᠦ ᠪᠤᠶᠠᠨ ᠲᠣᠭᠲᠠᠭᠠᠨ᠎ᠠ ᠭᠡᠰᠡᠨ ᠰᠠᠨᠠᠭ᠎ᠠ ᠪᠠᠷ  ᠰᠦᠰᠦᠭᠯᠡᠨ ᠬᠠᠳᠠᠭᠠᠯᠠᠵᠤ ᠢᠷᠠᠵᠠᠢ᠃ ᠡᠶᠢᠨ ᠡᠭᠦᠳᠡᠨ ᠠᠴᠠ ᠠᠷᠢᠬᠢ ᠬᠠᠳᠠᠭ ᠬᠤᠶᠠᠷ ᠢ ᠴᠤᠭ ᠬᠠᠳᠠᠭᠠᠯᠠᠪᠠᠰᠤ ᠡᠳ᠋  ᠮᠥᠩᠭᠦ ᠲᠣᠭᠲᠠᠬᠤ᠂ ᠠᠮᠤᠷ ᠲᠠᠶᠢᠪᠤᠩ ᠠᠮᠢᠳᠤᠷᠠᠬᠤ ᠪᠡᠯᠭᠡᠳᠡᠯ ᠣᠷᠣᠰᠢᠨ᠎ᠠ ᠬᠡᠮᠡᠳᠡᠭ ᠪᠠᠶᠢᠨ᠎ᠠ᠃      
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号