ᠰᠢᠯᠤᠭᠤᠨ ᠬᠥᠬᠡ ᠬᠤᠰᠢᠭᠤ 3 ᠵᠦᠢᠯ ᠤᠨ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠢ ᠰᠢᠨ᠎ᠡ ᠪᠠᠷ ᠥᠪᠯᠡᠪᠡ
ᠨᠡᠶᠢᠲᠡᠯᠡᠭᠰᠡᠨ ᠴᠠᠭ᠄
2020/9/28
            ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠰᠢᠯᠢ ᠶᠢᠨ ᠭᠤᠤᠯ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠵᠢᠭᠰᠠᠭᠠᠭᠳᠠᠭᠰᠠᠨ ᠵᠢᠷᠭᠤᠭᠠᠨ ᠪᠦᠯᠦᠭ ᠲᠥᠷᠥᠯ ᠵᠦᠢᠯ ᠤᠨ ᠨᠡᠷᠡᠰ ᠢ ᠨᠡᠶᠢᠲᠡᠯᠡᠵᠦ᠂ ᠮᠠᠨ ᠤ ᠬᠤᠰᠢᠭᠤᠨ ᠠᠴᠠ ᠡᠷᠡᠮᠡᠯᠵᠡᠯᠡᠨ ᠮᠡᠳᠡᠭᠦᠯᠦᠭᠰᠡᠨ ︽ᠭᠦᠶᠦᠭᠴᠢ︾᠂     ︽ᠴᠠᠬᠠᠷ ᠮᠣᠩᠭᠤᠯᠴᠤᠳ ᠤᠨ ᠠᠷᠠᠰᠤ ᠰᠢᠷᠢ ᠡᠯᠳᠡᠬᠦ ᠤᠯᠠᠮᠵᠢᠯᠠᠯᠲᠤ ᠤᠷ᠎ᠠ ᠮᠡᠷᠭᠡᠵᠢᠯ︾᠂ ︽ᠮᠣᠩᠭᠤᠯ ᠦᠨᠳᠦᠰᠦᠲᠡᠨ ᠤ ᠪᠣᠷᠴᠠ ᠬᠠᠳᠠᠭᠠᠬᠤ ᠤᠯᠠᠮᠵᠢᠯᠠᠯᠲᠤ ᠠᠷᠭ᠎ᠠ︾ ᠵᠡᠷᠭᠡ 3 ᠵᠦᠢᠯ ᠨᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢᠶᠠᠷ ᠰᠣᠩᠭᠤᠭᠳᠠᠭᠰᠠᠨ ᠪᠠᠶᠢᠨ᠎ᠠ᠃ ᠡᠭᠦᠨ ᠢᠶᠠᠷ ᠮᠠᠨ ᠤ ᠬᠤᠰᠢᠭᠤᠨ ᠤ ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 29 ᠪᠣᠯᠵᠣ ᠨᠡᠮᠡᠭᠳᠡᠪᠡ᠃ ᠰᠢᠯᠤᠭᠤᠨ ᠬᠥᠬᠡ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢᠶᠠᠷ ᠰᠣᠩᠭᠤᠭᠳᠠᠭᠰᠠᠨ 3 ᠲᠥᠷᠥᠯ ᠵᠦᠢᠯ ᠤᠨ ᠲᠣᠳᠤᠷᠠᠬᠢ ᠨᠢᠭᠡ ᠨᠢ ︽ᠤᠯᠠᠮᠵᠢᠯᠠᠯᠲᠤ ᠪᠡᠶ᠎ᠡ ᠲᠠᠮᠢᠷ᠂ ᠨᠠᠭᠠᠳᠤᠮ ᠲᠣᠭᠯᠠᠭᠠᠮ ᠪᠠ ᠼᠢᠷᠺ ᠤᠨ ᠲᠥᠷᠥᠯ ︾᠎ ᠳᠤ ᠲᠤᠭᠠᠴᠠᠭᠳᠠᠵᠤ᠂ ᠨᠥᠭᠦᠭᠡ ᠬᠤᠶᠠᠷ ᠨᠢ ︽ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ︾᠎ ᠳᠤ ᠪᠠᠭᠲᠠᠨ᠎ᠠ᠃ ᠮᠠᠨ ᠤ ᠬᠤᠰᠢᠭᠤ ᠨᠢ ᠣᠳᠣ ᠶᠢᠨ ᠪᠠᠶᠢᠭ᠎ᠠ 64 ᠵᠦᠢᠯ ᠤᠨ ᠬᠤᠰᠢᠭᠤ ᠲᠡᠰ ᠤᠨ ᠪᠣᠳᠠᠰ ᠤᠨ ᠪᠤᠰᠤ ᠰᠣᠶᠣᠯ ‍ᠤᠨ‌ᠥᠪ ᠤᠨ ᠲᠥᠷᠥᠯ ᠵᠦᠢᠯ ᠤᠨ ᠲᠣᠳᠤᠷ᠎ᠠ ᠠᠴᠠ ᠦᠶ᠎ᠡ ᠳᠠᠮᠵᠢᠨ ᠤᠯᠠᠮᠵᠢᠯᠠᠭᠰᠠᠨ᠂ ᠰᠢᠯᠤᠭᠤᠨ ᠬᠥᠬᠡ ᠬᠤᠰᠢᠭᠤᠨ ᠤ ᠣᠷᠣᠨ ᠨᠤᠲᠤᠭ ᠤᠨ ᠰᠣᠶᠣᠯ ᠤᠨ ᠣᠨᠴᠠᠯᠢᠭ ᠪᠠ ᠰᠣᠶᠣᠯ ᠢᠷᠭᠡᠨᠰᠢᠯ ᠤᠨ ᠣᠨᠴᠠᠯᠢᠭ ᠢ ᠬᠠᠳᠠᠭᠠᠯᠠᠭᠰᠠᠨ ᠪᠣᠳᠠᠰ ᠤᠨ ᠪᠤᠰᠤ ᠰᠣᠶᠣᠯ ᠤᠨ ᠥᠪ ᠢ ᠰᠣᠩᠭᠤᠨ ᠮᠡᠳᠡᠭᠦᠯᠦᠭᠰᠡᠨ ᠶᠤᠮ᠃ ᠰᠢᠯᠤᠭᠤᠨ ᠬᠥᠬᠡ ᠬᠤᠰᠢᠭᠤᠨ ᠤ ᠤᠯᠠᠮᠵᠢᠯᠠᠯᠲᠤ ᠰᠣᠶᠣᠯ ᠢ ᠠᠭᠤᠳᠠᠯᠯᠠᠨ᠂ ᠲᠡᠤᠬᠡ ᠰᠣᠶᠣᠯ ᠤᠨ ᠠᠭᠤᠯᠬᠤᠨ ᠪᠠ ᠣᠷᠣᠨ ᠨᠤᠲᠤᠭ ᠤᠨ ᠣᠨᠴᠠᠯᠢᠭ ᠢ ᠳᠣᠪᠤᠶᠢᠯᠭᠠᠬᠤ ᠶᠢᠨ ᠲᠤᠯᠠᠳᠠ᠂ ᠣᠶᠢᠷ᠎ᠠ ᠶᠢᠨ ᠵᠢᠯ ᠳᠤ᠂ ᠬᠤᠰᠢᠭᠤ ᠰᠣᠶᠣᠯ ᠤᠨ ᠣᠷᠳᠣᠨ ᠨᠢ ᠲᠥᠷᠦᠯ ᠵᠦᠢᠯ ᠤᠨ ᠵᠢᠭᠰᠠᠭᠠᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠮᠵᠢᠯᠠᠨ ᠬᠦᠭᠵᠢᠭᠦᠯᠬᠦ᠂ ᠬᠠᠮᠠᠭᠠᠯᠠᠬᠤ᠂ ᠲᠤᠬᠠᠶ ᠶᠢᠨ ᠭᠠᠵᠠᠷ ᠲᠤᠨᠢ ᠲᠣᠬᠢᠷᠠᠭᠤᠯᠬᠤ᠂ ᠲᠥᠷᠥᠯ ᠵᠦᠢᠯ ᠳᠤᠨᠢ ᠵᠣᠬᠢᠴᠠᠭᠤᠯᠬᠤ ᠠᠵᠢᠯ ᠢ ᠴᠢᠩᠭᠠᠳᠬᠠᠨ᠂ ᠪᠤᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠠᠬᠢᠭᠤᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠤᠭᠰᠠ ᠪᠠᠶᠢᠨ᠎ᠠ᠃ ᠣᠳᠣ ᠪᠣᠯᠲᠠᠯ᠎ᠠ ᠰᠢᠯᠤᠭᠤᠨ ᠬᠥᠬᠡ ᠬᠤᠰᠢᠭᠤᠨ ᠳᠤ ᠤᠯᠤᠰ ᠤᠨ ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ 2 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ 17 ᠪᠠᠶᠢᠵᠤ᠂ ᠠᠶᠢᠮᠠᠭ ᠤᠨ ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ 29 ᠪᠠᠶᠢᠵᠦ᠂ ᠬᠤᠰᠢᠭᠤ  ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ 64 ᠪᠣᠶ ᠃  ᠣᠷᠠᠯᠢᠭ ᠣᠷᠴᠢᠭᠤᠯᠵᠤ ᠮᠦᠳᠡᠭ ᠣᠷᠴᠢᠭᠤᠯᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号