| | ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠰᠢᠯᠢ ᠶᠢᠨ ᠭᠤᠤᠯ ᠠᠶᠢᠮᠠᠭ ᠤᠨ | ᠪᠣᠳᠠᠰ ᠤᠨ ᠪᠤᠰᠤ ᠰᠣᠶᠣᠯ ᠤᠨ ᠥᠪ ᠢᠶᠠᠷ ᠵᠢᠭᠰᠠᠭᠠᠭᠳᠠᠭᠰᠠᠨ ᠵᠢᠷᠭᠤᠭᠠᠨ ᠪᠦᠯᠦᠭ ᠲᠥᠷᠥᠯ ᠵᠦᠢᠯ ᠤᠨ ᠨᠡᠷᠡᠰ ᠢ | ᠨᠡᠶᠢᠲᠡᠯᠡᠵᠦ᠂ ᠮᠠᠨ ᠤ ᠬᠤᠰᠢᠭᠤᠨ ᠠᠴᠠ ᠡᠷᠡᠮᠡᠯᠵᠡᠯᠡᠨ ᠮᠡᠳᠡᠭᠦᠯᠦᠭᠰᠡᠨ ︽ᠭᠦᠶᠦᠭᠴᠢ︾᠂ ︽ᠴᠠᠬᠠᠷ | ᠮᠣᠩᠭᠤᠯᠴᠤᠳ ᠤᠨ ᠠᠷᠠᠰᠤ ᠰᠢᠷᠢ ᠡᠯᠳᠡᠬᠦ ᠤᠯᠠᠮᠵᠢᠯᠠᠯᠲᠤ ᠤᠷ᠎ᠠ ᠮᠡᠷᠭᠡᠵᠢᠯ︾᠂ ︽ᠮᠣᠩᠭᠤᠯ ᠦᠨᠳᠦᠰᠦᠲᠡᠨ ᠤ | ᠪᠣᠷᠴᠠ ᠬᠠᠳᠠᠭᠠᠬᠤ ᠤᠯᠠᠮᠵᠢᠯᠠᠯᠲᠤ ᠠᠷᠭ᠎ᠠ︾ ᠵᠡᠷᠭᠡ 3 ᠵᠦᠢᠯ ᠨᠢ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ ᠢᠶᠠᠷ ᠰᠣᠩᠭᠤᠭᠳᠠᠭᠰᠠᠨ ᠪᠠᠶᠢᠨ᠎ᠠ᠃ ᠡᠭᠦᠨ ᠢᠶᠠᠷ ᠮᠠᠨ ᠤ ᠬᠤᠰᠢᠭᠤᠨ ᠤ | ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 29 ᠪᠣᠯᠵᠣ ᠨᠡᠮᠡᠭᠳᠡᠪᠡ᠃ | ᠰᠢᠯᠤᠭᠤᠨ ᠬᠥᠬᠡ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠢᠶᠠᠷ ᠰᠣᠩᠭᠤᠭᠳᠠᠭᠰᠠᠨ 3 ᠲᠥᠷᠥᠯ | ᠵᠦᠢᠯ ᠤᠨ ᠲᠣᠳᠤᠷᠠᠬᠢ ᠨᠢᠭᠡ ᠨᠢ ︽ᠤᠯᠠᠮᠵᠢᠯᠠᠯᠲᠤ ᠪᠡᠶ᠎ᠡ ᠲᠠᠮᠢᠷ᠂ ᠨᠠᠭᠠᠳᠤᠮ ᠲᠣᠭᠯᠠᠭᠠᠮ ᠪᠠ ᠼᠢᠷᠺ ᠤᠨ ᠲᠥᠷᠥᠯ | ︾ ᠳᠤ ᠲᠤᠭᠠᠴᠠᠭᠳᠠᠵᠤ᠂ ᠨᠥᠭᠦᠭᠡ ᠬᠤᠶᠠᠷ ᠨᠢ ︽ᠤᠯᠠᠮᠵᠢᠯᠠᠯᠲᠤ ᠤᠷ᠎ᠠ ᠮᠡᠷᠭᠡᠵᠢᠯ ᠤᠨ ᠲᠥᠷᠥᠯ︾ ᠳᠤ ᠪᠠᠭᠲᠠᠨ᠎ᠠ᠃ | ᠮᠠᠨ ᠤ ᠬᠤᠰᠢᠭᠤ ᠨᠢ ᠣᠳᠣ ᠶᠢᠨ ᠪᠠᠶᠢᠭ᠎ᠠ 64 ᠵᠦᠢᠯ ᠤᠨ ᠬᠤᠰᠢᠭᠤ ᠲᠡᠰ ᠤᠨ ᠪᠣᠳᠠᠰ ᠤᠨ ᠪᠤᠰᠤ | ᠰᠣᠶᠣᠯ ᠤᠨᠥᠪ ᠤᠨ ᠲᠥᠷᠥᠯ ᠵᠦᠢᠯ ᠤᠨ ᠲᠣᠳᠤᠷ᠎ᠠ ᠠᠴᠠ ᠦᠶ᠎ᠡ ᠳᠠᠮᠵᠢᠨ ᠤᠯᠠᠮᠵᠢᠯᠠᠭᠰᠠᠨ᠂ ᠰᠢᠯᠤᠭᠤᠨ ᠬᠥᠬᠡ | ᠬᠤᠰᠢᠭᠤᠨ ᠤ ᠣᠷᠣᠨ ᠨᠤᠲᠤᠭ ᠤᠨ ᠰᠣᠶᠣᠯ ᠤᠨ ᠣᠨᠴᠠᠯᠢᠭ ᠪᠠ ᠰᠣᠶᠣᠯ ᠢᠷᠭᠡᠨᠰᠢᠯ ᠤᠨ ᠣᠨᠴᠠᠯᠢᠭ ᠢ | ᠬᠠᠳᠠᠭᠠᠯᠠᠭᠰᠠᠨ ᠪᠣᠳᠠᠰ ᠤᠨ ᠪᠤᠰᠤ ᠰᠣᠶᠣᠯ ᠤᠨ ᠥᠪ ᠢ ᠰᠣᠩᠭᠤᠨ ᠮᠡᠳᠡᠭᠦᠯᠦᠭᠰᠡᠨ ᠶᠤᠮ᠃ ᠰᠢᠯᠤᠭᠤᠨ ᠬᠥᠬᠡ | ᠬᠤᠰᠢᠭᠤᠨ ᠤ ᠤᠯᠠᠮᠵᠢᠯᠠᠯᠲᠤ ᠰᠣᠶᠣᠯ ᠢ ᠠᠭᠤᠳᠠᠯᠯᠠᠨ᠂ ᠲᠡᠤᠬᠡ ᠰᠣᠶᠣᠯ ᠤᠨ ᠠᠭᠤᠯᠬᠤᠨ ᠪᠠ ᠣᠷᠣᠨ | ᠨᠤᠲᠤᠭ ᠤᠨ ᠣᠨᠴᠠᠯᠢᠭ ᠢ ᠳᠣᠪᠤᠶᠢᠯᠭᠠᠬᠤ ᠶᠢᠨ ᠲᠤᠯᠠᠳᠠ᠂ ᠣᠶᠢᠷ᠎ᠠ ᠶᠢᠨ ᠵᠢᠯ ᠳᠤ᠂ ᠬᠤᠰᠢᠭᠤ ᠰᠣᠶᠣᠯ ᠤᠨ | ᠣᠷᠳᠣᠨ ᠨᠢ ᠲᠥᠷᠦᠯ ᠵᠦᠢᠯ ᠤᠨ ᠵᠢᠭᠰᠠᠭᠠᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠮᠵᠢᠯᠠᠨ | ᠬᠦᠭᠵᠢᠭᠦᠯᠬᠦ᠂ ᠬᠠᠮᠠᠭᠠᠯᠠᠬᠤ᠂ ᠲᠤᠬᠠᠶ ᠶᠢᠨ ᠭᠠᠵᠠᠷ ᠲᠤᠨᠢ ᠲᠣᠬᠢᠷᠠᠭᠤᠯᠬᠤ᠂ ᠲᠥᠷᠥᠯ ᠵᠦᠢᠯ ᠳᠤᠨᠢ ᠵᠣᠬᠢᠴᠠᠭᠤᠯᠬᠤ | ᠠᠵᠢᠯ ᠢ ᠴᠢᠩᠭᠠᠳᠬᠠᠨ᠂ ᠪᠤᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠠᠬᠢᠭᠤᠯᠤᠭᠰᠠᠨ ᠪᠥᠭᠡᠳ | ᠢᠯᠡᠳᠲᠡ ᠦᠷ᠎ᠡ ᠪᠦᠲᠦᠮᠵᠢ ᠣᠯᠤᠭᠰᠠ ᠪᠠᠶᠢᠨ᠎ᠠ᠃ ᠣᠳᠣ ᠪᠣᠯᠲᠠᠯ᠎ᠠ ᠰᠢᠯᠤᠭᠤᠨ ᠬᠥᠬᠡ ᠬᠤᠰᠢᠭᠤᠨ ᠳᠤ | ᠤᠯᠤᠰ ᠤᠨ ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ 2 ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ 17 ᠪᠠᠶᠢᠵᠤ᠂ ᠠᠶᠢᠮᠠᠭ ᠤᠨ ᠲᠠᠰ ᠤᠨ ︽ᠪᠣᠳᠠᠰ ᠤᠨ ᠪᠤᠰᠤ | ᠰᠣᠶᠣᠯ ᠤᠨ ᠥᠪ︾ 29 ᠪᠠᠶᠢᠵᠦ᠂ ᠬᠤᠰᠢᠭᠤ ᠲᠠᠰ ᠤᠨ ︽ᠪᠣᠳᠠᠰ ᠤᠨ ᠪᠤᠰᠤ ᠰᠣᠶᠣᠯ ᠤᠨ ᠥᠪ︾ 64 ᠪᠣᠶ | ᠃ ᠣᠷᠠᠯᠢᠭ ᠣᠷᠴᠢᠭᠤᠯᠵᠤ ᠮᠦᠳᠡᠭ ᠣᠷᠴᠢᠭᠤᠯᠪᠠ | | | | | | | | | | |