ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ  ᠣᠷᠳᠣᠨ ᠤ ᠨᠢᠭᠡ ᠭᠠᠷᠠᠭ ᠤᠨ ᠠᠵᠢᠯ ᠤᠨ ᠡᠷᠬᠢᠴᠡᠭᠦᠯᠦᠯ
ᠨᠡᠶᠢᠲᠡᠯᠡᠭᠰᠡᠨ ᠴᠠᠭ᠄
2021/1/5
2020 ᠣᠨ ᠳᠤ ᠰᠢᠯᠤᠭᠤᠨ ᠬᠦᠬᠡ ᠬᠤᠰᠢᠭᠤᠨ ᠤ ᠠᠵᠤ ᠠᠬᠤᠢ ᠶᠢᠨ ᠬᠥᠭᠵᠢᠯᠲᠡ ᠲᠣᠭᠲᠠᠭᠤᠨ ᠢᠶᠠᠷ ᠳᠡᠭᠡᠭᠰᠢᠯᠡᠵᠦ᠂ ᠨᠡᠶᠢᠭᠡᠮ ᠤᠨ ᠠᠵᠤ ᠦᠢᠯᠡᠰ ᠲᠣᠭᠲᠠᠭᠤᠨ ᠢᠶᠠᠷ ᠬᠥᠭᠵᠢᠪᠡ             2020 ᠣᠨ ᠳᠤ᠂ ᠰᠢᠯᠤᠭᠤᠨ ᠬᠥᠬᠡ ᠬᠤᠰᠢᠭᠤᠨ ᠤ ᠣᠷᠣᠨ ᠨᠤᠳᠤᠭ ᠤᠨ ᠦᠢᠯᠡᠳᠪᠦᠷᠢᠯᠡᠯ ᠎ ᠤᠨ ᠶᠡᠷᠦᠩᠬᠡᠢ ᠥᠷᠲᠡᠭ 58 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠲᠥᠯᠥᠪᠯᠡᠭᠡ ᠶᠢᠨ 95%᠎ ᠶᠢ ᠪᠡᠶᠡᠯᠡᠭᠦᠯᠵᠦ᠂ 1.1%᠎ ᠪᠠᠷ ᠪᠠᠭᠤᠷᠠᠪᠠ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 8.9 ᠳ᠋ᠦᠩᠰᠢᠭᠤᠷ ᠲᠥᠭᠦᠷᠢᠭ ᠲᠤ ᠬᠦᠷᠴᠦ᠂ 0 . 2 %᠎ ᠪᠠᠷ ᠪᠠᠭᠤᠷᠠᠪᠠ᠃ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 29 . 8 ᠳ᠋ᠦᠩᠰᠢᠭᠤᠷ ᠲᠥᠭᠦᠷᠢᠭ ᠲᠤ ᠬᠦᠷᠴᠦ᠂ 0 . 5 %᠎ ᠪᠠᠷ ᠨᠡᠮᠡᠭᠳᠡᠪᠡ ︵ᠡᠭᠦᠨ ᠳᠤ ᠠᠵᠤ ᠦᠶᠯᠡᠳᠪᠦᠷᠢ ᠶᠢᠨ ᠨᠡᠮᠡᠭᠳᠡᠯ ᠥᠷᠲᠡᠭ 26 . 4 ᠳ᠋ᠦᠩᠰᠢᠭᠤᠷ ᠲᠥᠭᠦᠷᠢᠭ ᠲᠤ ᠬᠦᠷᠴᠦ᠂ 0.4 %᠎ ᠪᠠᠷ ᠨᠡᠮᠡᠭᠳᠡᠪᠡ︶᠃ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 19 . 3 ᠳ᠋ᠦᠩᠰᠢᠭᠤᠷ ᠲᠥᠭᠦᠷᠢᠭ ᠲᠤ ᠬᠦᠷᠴᠦ᠂ 3.9 %᠎ ᠪᠠᠷ ᠪᠠᠭᠤᠷᠠᠪᠠ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 17 . 5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠲᠥᠯᠥᠪᠯᠡᠭᠡ ᠶᠢᠨ 103 %᠎ ᠶᠢ ᠪᠡᠶᠡᠯᠡᠭᠦᠯᠵᠦ᠂ 10 . 83 %᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 12 ᠳ᠋ᠦᠩᠰᠢᠭᠤᠷ ᠲᠥᠭᠦᠷᠢᠭ ᠲᠤ ᠬᠦᠷᠴᠦ᠂ 27.1 %᠎ ᠪᠠᠷ ᠪᠠᠭᠤᠷᠠᠪᠠ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ 2 . 665 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 14 . 4 %᠎ ᠪᠠᠷ ᠪᠠᠭᠤᠷᠠᠪᠠ᠃ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠠᠬᠤᠶᠢᠴᠠ ᠣᠷᠣᠯᠭ᠎ᠠ 41134 ᠲᠥᠭᠦᠷᠢᠭ ᠲᠤ ᠬᠦᠷᠴᠦ᠂ 3 . 2 %᠎ ᠢᠶᠠᠷ ᠨᠡᠮᠡᠭᠳᠡᠪᠡ᠃  ᠬᠦᠳᠡᠭᠡ ᠳᠣᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠠᠬᠤᠶᠢᠴᠠ ᠣᠷᠣᠯᠭ᠎ᠠ 21136 ᠲᠥᠭᠦᠷᠢᠭ ᠲᠤ ᠬᠦᠷᠴᠦ᠂ 8 . 5 %᠎ ᠪᠠᠷ ᠨᠡᠮᠡᠭᠳᠡᠪᠡ᠃ ︽ᠭᠤᠷᠪᠠᠨ ᠶᠡᠭᠡ ᠰᠢᠪᠳᠣᠯᠣᠯᠳᠠ ᠶᠢᠨ ᠢᠨᠵᠧᠨᠧᠷᠢᠩ︾᠎ ᠤᠨ ᠢᠯᠠᠯᠲᠠ ᠶᠢ ᠲᠡᠮᠡᠴᠡᠬᠦ ᠡᠷᠴᠢᠮ ᠢᠶᠠᠨ ᠨᠡᠮᠡᠭᠳᠡᠭᠦᠯᠵᠦ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠲᠣᠭᠲᠠᠭᠤᠨ ᠤ ᠳᠤᠮᠳᠠ ᠤᠷᠤᠭᠰᠢᠯᠠᠪᠠ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠠᠯ᠎ᠠ ᠪᠠᠷ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ ᠠᠪᠴᠠᠭᠠᠨ ᠤ ᠵᠣᠭᠤᠰ ᠢ ᠴᠠᠶᠢᠷᠠᠭᠤᠯᠬᠤ ᠣᠨ ᠤ ᠡᠭᠦᠷᠭᠡ ᠪᠠᠨ 111.83 % ᠎ ᠪᠠᠷ ᠪᠡᠶᠡᠯᠡᠭᠦᠯᠪᠡ᠃ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ᠂ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠪᠠᠶᠢᠴᠠᠭᠠᠬᠤ ᠵᠢᠴᠢ ︽ᠳᠠᠬᠢᠨ ᠪᠠᠶᠢᠴᠠᠭᠠᠵᠤ ᠦᠵᠡᠬᠦ︾ ᠠᠵᠢᠯ ᠢ ᠥᠷᠨᠢᠭᠦᠯᠵᠦ᠂ 10 ᠲᠠᠯ᠎ᠠ ᠶᠢᠨ 921 ᠵᠦᠢᠯ ᠤᠨ ᠪᠣᠳᠠᠲᠠᠢ ᠠᠰᠠᠭᠤᠳᠠᠯ ᠢ ᠢᠯᠡᠷᠡᠭᠦᠯᠵᠦ᠂ ᠪᠦᠬᠦᠨ ᠢ ᠴᠡᠭᠴᠡᠯᠡᠨ ᠰᠠᠶᠢᠵᠢᠷᠠᠭᠤᠯᠪᠠ᠃ 63 ᠶᠠᠳᠠᠭᠤ ᠶᠢ ᠲᠡᠳᠬᠦᠬᠦ ᠲᠥᠷᠦᠯ ᠵᠦᠢᠯ ᠢ ᠲᠥᠰᠦᠪᠯᠡᠨ ᠬᠡᠷᠡᠭᠵᠢᠭᠦᠯᠵᠦ᠂ 4710 ᠲᠦᠮᠡᠨ ᠲᠥᠭᠦᠷᠢᠭ ᠤᠨ ᠪᠡᠯᠡ ᠣᠷᠣᠭᠤᠯᠤᠨ᠂ ᠣᠳᠣ ᠨᠢᠭᠡᠨᠲᠡ 56 ᠲᠥᠷᠥᠯ ᠵᠦᠢᠯ ᠢ ᠳᠠᠭᠤᠰᠬᠠᠪᠠ᠃ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 809 ᠶᠠᠳᠠᠭᠤ ᠬᠦᠴᠢᠷᠳᠡᠯᠳᠡᠢ ᠡᠷᠦᠬᠡ 3696 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ᠣᠯᠵᠤ᠂ 7 ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠳᠤ 2530 ᠲᠦᠮᠡᠨ ᠲᠥᠭᠦᠷᠢᠭ ᠤᠨ ᠵᠢᠭᠡᠯᠡᠯᠭᠡ ᠣᠯᠭᠤᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠱᠠᠲᠤᠨ ᠤ ᠱᠠᠭᠠᠷᠳᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ︽ᠳᠠᠬᠢᠨ ᠪᠠᠶᠢᠴᠠᠭᠠᠵᠤ ᠦᠵᠡᠬᠦ︾ ᠵᠢᠴᠢ ᠨᠤᠲᠤᠭ ᠪᠡᠯᠴᠢᠭᠡᠷ ᠎ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠢ ᠱᠠᠭᠠᠷᠳᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠨᠤᠷᠮ᠎ᠠ 100 %᠎ ᠳᠤ ᠬᠦᠷᠪᠡ᠃ ᠴᠠᠭ ᠪᠦᠷᠢ 10 ᠲᠣᠨ ᠠᠭᠤᠷᠰᠢᠭᠤᠯᠬᠤ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ 4 ᠵᠢᠵᠢᠭ ᠭᠦᠸᠧᠯᠦ ᠶᠢ ᠨᠤᠷᠠᠭᠠᠵᠤ᠂ 26 ᠲᠣᠰᠣ ᠨᠡᠮᠡᠬᠦ ᠥᠷᠲᠡᠭᠡᠨ ᠤ ᠭᠠᠵᠠᠷ ᠳᠣᠤᠷᠠᠬᠢ ᠲᠣᠰᠣᠨ ᠰᠠᠪᠠ ᠶᠢᠨ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ ᠴᠥᠮ 100 %᠎ ᠳᠤ ᠬᠥᠷᠪᠡ᠃             ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠬᠦᠴᠦᠨ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ  ᠳᠡᠭᠡᠭᠰᠢᠯᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠰᠠᠶᠢᠵᠢᠷᠠᠪᠠ᠃ ︽ᠬᠤᠨᠢ ᠶᠢ ᠴᠥᠬᠡᠳᠬᠡᠵᠦ᠂ ᠦᠬᠡᠷ  ᠮᠠᠯᠵᠢᠬᠤ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ ᠬᠡᠯᠬᠢᠶᠡᠵᠢᠯ ᠢ ᠠᠩᠬ᠎ᠠ ᠠᠯᠬᠤᠮ ᠬᠡᠪᠴᠢᠶᠡᠵᠢᠭᠦᠯᠵᠦ᠂ ᠪᠦᠬᠦ ᠬᠤᠰᠢᠭᠤᠨ ᠎ ᠤ ᠮᠠᠯ ᠤᠨ ᠶᠡᠷᠦᠩᠬᠡᠢ ᠲᠤᠭ᠎ᠠ 61.62ᠲᠦᠮᠡᠨ ᠲᠣᠯᠣᠭᠠᠢ ᠳᠤ ᠬᠦᠷᠴᠦ᠂ ᠡᠭᠦᠨ ᠳᠤ ᠦᠬᠡᠷ 30.44 ᠲᠦᠮᠡᠨ ᠲᠣᠯᠣᠭᠠᠢ ᠳᠤ ᠬᠦᠷᠴᠡᠢ᠃ ᠮᠢᠬᠠᠨ ᠤ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ ᠬᠠᠷᠢᠴᠠᠯ 96 %᠎ ᠳᠤ ᠬᠦᠷᠴᠦ ᠂ 27.18 ᠲᠦᠮᠡᠨ ᠲᠣᠯᠣᠭᠠᠢ ᠶᠢ ᠪᠤᠷᠤᠯᠠᠭᠤᠯᠵᠤ᠂ 34260 ᠲᠦᠮᠡᠨ ᠺᠢᠯᠣᠭ᠍ᠷᠠᠮ ᠡᠪᠡᠰᠦ ᠬᠠᠳᠤᠵᠤ ᠨᠥᠭᠡᠴᠡᠯᠡᠪᠡ᠃ ᠪᠦᠬᠦ ᠬᠤᠰᠢᠭᠤᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ 224 ᠰᠠᠭᠤᠷᠢ ᠬᠡᠭᠡᠯᠲᠦᠭᠦᠯᠭᠡ ᠶᠢᠨ ᠥᠷᠲᠡᠭᠡ ᠪᠠᠶᠢᠭᠤᠯᠤᠨ᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠤᠨ ᠬᠤᠶᠠᠳᠤᠭᠠᠷ ᠦᠶ᠎ᠡ ᠠᠴᠠ ᠳᠡᠭᠡᠭᠰᠢᠬᠢ ᠰᠢᠮᠧᠨ᠋ᠲ᠋ᠧᠷ ᠦᠨᠢᠶ᠎ᠡ 3551 ᠲᠣᠯᠣᠭᠠᠢ ᠳᠤ ᠬᠦᠷᠴᠦ᠂ 2165 ᠲᠣᠯᠣᠭᠠᠢ ᠮᠢᠬᠠᠨ ᠤ ᠦᠬᠡᠷ ᠣᠷᠣᠭᠤᠯᠪᠠ᠃ 2020 ᠣᠨ ᠤ ᠪᠦᠬᠦ ᠬᠤᠰᠢᠭᠤᠨ ᠤ ︽ᠠᠩᠬᠠᠳᠤᠭᠠᠷ ᠬᠤᠭᠤᠴᠠᠭᠠᠨ ᠤ ᠰᠢᠯᠢᠳᠡᠭ ᠡᠭᠦᠯᠳᠡᠷ ᠤᠨ ᠦᠬᠡᠷ ᠤᠨ ᠠᠳᠠᠯᠢᠳᠬᠠᠯ ᠤᠨ ᠨᠠᠶᠢᠷ︾ ᠵᠢᠴᠢ ᠪᠦᠬᠦ ᠠᠶᠢᠮᠠᠭ ᠤᠨ ᠰᠢᠯᠢᠳᠡᠭ ᠡᠭᠦᠯᠳᠡᠷ ᠤᠨ ᠮᠠᠯ ᠤᠨ ᠠᠳᠠᠯᠢᠳᠬᠠᠯ᠂ ᠦᠵᠡᠭᠦᠯᠦᠯᠭᠡ᠂ ᠰᠣᠯᠢᠯᠴᠠᠭᠠᠨ ᠤ ᠨᠠᠶᠢᠷ ᠢ ᠠᠮᠵᠢᠯᠲᠠ ᠲᠠᠢ ᠡᠷᠬᠢᠯᠡᠪᠡ᠃ ᠲᠠᠷᠢᠮᠠᠯ ᠤᠨ ᠦᠢᠯᠡᠰ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠦᠬᠦ ᠬᠤᠰᠢᠭᠤᠨ ᠤ ᠲᠠᠷᠢᠮᠠᠯ ᠤᠨ ᠶᠡᠷᠦᠩᠬᠡᠢ ᠲᠠᠯᠠᠪᠠᠢ 35 . 88 ᠲᠦᠮᠡᠨ ᠮᠦ ᠪᠠᠶᠢᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ 5 . 89 ᠲᠦᠮᠡᠨ ᠲᠣᠨ ᠳᠤ ᠬᠦᠷᠪᠡ᠃ ᠠᠵᠤ ᠦᠶᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠳᠣᠭᠲᠠᠭᠤᠨ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ 14 ᠠᠵᠤ ᠦᠶᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠠᠵᠢᠯ ᠢᠶᠠᠨ ᠰᠡᠷᠭᠦᠭᠡᠵᠦ᠂ 49 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠳᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0 . 7 %᠎ ᠪᠠᠷ ᠪᠠᠭᠤᠷᠠᠪᠠ᠃ ᠠᠵᠤ ᠦᠶᠯᠡᠳᠪᠦᠷᠢ ᠶᠢᠨ ᠲᠥᠷᠦᠯ ᠵᠦᠢᠯ ᠨᠢ ᠠᠵᠤ ᠦᠶᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠪᠦᠲᠦᠮᠵᠢᠲᠡᠢ ᠳᠠᠶᠢᠴᠢᠯᠠᠵᠤ᠂ 23 ᠠᠵᠤ ᠦᠶᠯᠡᠳᠪᠦᠷᠢ ᠶᠢᠨ ᠲᠥᠷᠦᠯ ᠵᠦᠢᠯ ᠢ ᠬᠡᠷᠡᠭᠵᠢᠭᠦᠯᠵᠦ᠂ ᠵᠢᠯ ᠳᠤ 4 . 9 ᠳ᠋ᠦᠩᠰᠢᠭᠤᠷ ᠲᠥᠭᠦᠷᠢᠭ ᠤᠨ ᠠᠵᠤ ᠦᠶᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 172 %᠎ ᠪᠠᠷ ᠨᠡᠮᠡᠭᠳᠡᠵᠡᠢ᠃ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠢᠨ᠎ᠡ ᠮᠠᠲ᠋ᠧᠷᠢᠶᠠᠯ ᠵᠡᠷᠭᠡ ᠲᠠᠢ ᠬᠤᠯᠪᠤᠭᠳᠠᠭᠰᠠᠨ 14 ᠠᠵᠤ ᠦᠶᠯᠡᠳᠪᠦᠷᠢ ᠶᠢᠨ ᠲᠥᠷᠥᠯ ᠵᠦᠢᠯ ᠢ ᠳᠠᠩᠰᠠᠯᠠᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠰᠠᠭᠤᠷᠢ ᠶᠢ ᠤᠯᠠᠮ ᠪᠠᠬᠢᠵᠢᠭᠦᠯᠪᠡ᠃ ᠰᠣᠶᠣᠯ ᠵᠢᠭᠤᠯᠴᠢᠯᠠᠯ ᠢ ᠣᠶᠠᠯᠳᠣᠭᠤᠯᠤᠨ ᠬᠥᠭᠵᠢᠭᠦᠯᠬᠦ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠵᠢᠭᠤᠯᠴᠢᠯᠠᠯ ᠤᠨ ᠳᠦᠷᠢᠮᠵᠢᠭᠰᠡᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠠᠯ᠎ᠠ ᠨᠤᠲᠤᠭ ᠤᠨ ᠵᠢᠭᠤᠯᠴᠢᠯᠠᠯ ᠤᠨ ᠣᠷᠴᠢᠨ ᠲᠣᠭᠤᠷᠢᠨ ᠤ ᠠᠰᠠᠭᠤᠳᠠᠯ ᠵᠡᠷᠭᠡ ᠲᠤᠰᠬᠠᠢ ᠲᠥᠷᠥᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 130 ᠡᠷᠦᠬᠡ ᠮᠠᠯᠴᠢᠨ ᠠᠶᠢᠯ ᠵᠢᠭᠤᠯᠴᠢᠯᠠᠯ ᠤᠨ ᠭᠠᠵᠠᠷ ᠤᠨ ᠡᠭᠦᠳᠡ ᠶᠢ ᠬᠠᠭᠠᠯᠭᠠᠵᠤ᠂ ᠮᠠᠯᠴᠢᠨ ᠠᠶᠢᠯ ᠵᠢᠭᠤᠯᠴᠢᠯᠠᠯ ᠤᠨ ᠭᠠᠵᠠᠷ 41%᠎ ᠪᠠᠷ ᠪᠠᠭᠠᠰᠪᠠ᠃ ᠥᠪᠥᠷ ᠮᠣᠩᠭᠤᠯ ᠤᠨ ᠶᠤᠸᠠᠨ ᠤ ᠳᠡᠭᠡᠳᠦ ᠨᠡᠶᠢᠰᠯᠡᠯ ︽ᠭᠦᠶᠦᠭᠴᠢ︾ ᠤᠷᠤᠯᠳᠤᠭᠠᠨ᠂ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ︾ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ 2020 ᠣᠨ ᠎ ᠳᠤ᠂ ᠵᠢᠭᠤᠯᠴᠢᠯᠠᠭᠰᠠᠳ ᠤᠨ ᠳᠤᠭ᠎ᠠ 20 ᠲᠥᠮᠡ ᠳᠤ ᠬᠦᠷᠴᠦ᠂ 1.5 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠴᠠᠬᠢᠮ ᠬᠤᠳᠠᠯᠳᠤᠭ᠎ᠠ ᠦᠳᠲᠡᠷ ᠲᠦᠷᠭᠡᠨ ᠬᠥᠭᠵᠢᠵᠦ᠂ ᠭᠦᠢᠯᠭᠡᠭᠡ ᠶᠢ ᠪᠦᠬᠦ ᠬᠤᠰᠢᠭᠤᠨ ᠤ ᠬᠡᠪᠴᠢᠶᠡᠨ ᠳᠤ ᠪᠦᠷᠬᠦᠭᠦᠯᠵᠦ᠂ ᠰᠦᠯᠵᠢᠶᠡᠨ ᠤ ᠪᠣᠷᠣᠯᠠᠭᠤᠯᠭ᠎ᠠ 5599 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14 . 13 %᠎ ᠪᠠᠷ ᠨᠡᠮᠡᠭᠳᠡᠪᠡ᠃             ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠷᠢᠮᠵᠢᠶᠠᠵᠢᠭᠰᠠᠨ ᠮᠢᠬᠠᠨ ᠤ ᠦᠬᠡᠷ ᠲᠡᠵᠢᠭᠡᠬᠦ ᠲᠥᠬᠦᠭᠡᠷᠦᠮᠵᠢ ( ᠪᠠᠷᠢᠮᠵᠢᠶᠠᠵᠢᠭᠰᠠᠨ ᠲᠡᠵᠢᠭᠡᠬᠦ ᠣᠩᠭᠤᠴᠠ᠂ ᠬᠢᠵᠢᠭ ᠰᠡᠷᠭᠡᠶᠢᠯᠡᠬᠦ ᠵᠢᠶᠠᠰᠠ᠂ ᠬᠦᠵᠦᠭᠦᠨ ᠳᠥᠩᠭᠡ )᠎ ᠶᠢ ᠲᠣᠬᠢᠷᠠᠭᠤᠯᠤᠨ᠂ 45 ᠡᠷᠦᠬᠡ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠎ ᠶᠢᠨ ᠳᠤᠲᠠᠭᠳᠠᠯ ᠢ ᠨᠥᠬᠦᠪᠥᠷᠢᠯᠡᠵᠦ᠂ ᠨᠡᠶᠢᠲᠡ 3334 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠠᠮ ᠳᠡᠪᠢᠰᠬᠦ᠂ ᠵᠠᠮ ᠵᠠᠰᠠᠬᠤ ᠵᠢᠴᠢ ᠨᠣᠭᠤᠭᠠᠷᠠᠭᠤᠯᠬᠤ᠂ ᠪᠣᠬᠢᠷᠲᠤᠯ ᠭᠠᠳᠠᠭᠰᠢᠯᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠪᠡ᠃ ᠶᠡᠷᠦᠩᠬᠡᠢ ᠪᠡᠯᠡ ᠣᠷᠣᠭᠤᠯᠤᠯᠲᠠ ᠨᠢ 1.55 ᠳ᠋ᠦᠩᠰᠢᠭᠤᠷ ᠲᠥᠭᠦᠷᠢᠭ ᠤᠨ ᠱᠠᠩᠳᠤ ᠴᠠᠬᠢᠯᠭᠠᠨ ᠦᠢᠯᠡᠳᠪᠦᠷᠢ ᠠᠴᠠ ᠲᠣᠯᠠᠭᠠᠯᠠᠭ᠎ᠠ ᠬᠠᠩᠭᠠᠬᠤ ᠢᠨᠵᠧᠨᠧᠷᠢᠩ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠳᠤᠯᠠᠭᠠᠯᠠᠭ᠎ᠠ ᠬᠠᠩᠭᠠᠬᠤ ᠲᠠᠯᠠᠪᠠᠢ ᠨᠢ 284 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠥᠷᠭᠡᠨ ᠣᠯᠠᠨ ᠰᠠᠭᠤᠭᠠᠯᠢ ᠠᠷᠠᠳ ᠤᠨ ᠳᠤᠯᠠᠭᠠᠬᠠᠨ ᠡᠪᠦᠯᠵᠢᠬᠦ ᠶᠢ ᠪᠠᠲᠤᠯᠠᠪᠠ᠃ ᠵᠠᠮ ᠤᠨ ᠲᠣᠤᠷ ᠤᠨ ᠪᠥᠲᠥᠭᠡᠨ ᠪᠠᠶᠢᠭᠤᠯᠤᠯᠲᠠ ᠎ ᠶᠢᠨ ᠡᠭᠦᠷᠭᠡ ᠶᠢ ᠴᠢᠨᠠᠷᠯᠢᠭ ᠪᠡᠶᠡᠯᠡᠭᠦᠯᠵᠦ᠂ ᠨᠡᠶᠢᠲᠡ 3335.9 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠶᠤᠸᠠᠨ ᠤ ᠳᠡᠭᠡᠳᠦ ᠨᠡᠶᠢᠰᠯᠡᠯ— ᠬᠡᠶᠢᠪᠤᠩ ᠭᠤᠣᠯ—ᠱᠠᠩᠳᠤ ᠨᠠᠭᠤᠷ ᠤᠨ ᠬᠤᠭᠤᠷᠤᠨᠳᠦ ᠵᠢᠭᠤᠯᠴᠢᠯᠠᠯ ᠤᠨ ᠵᠠᠰᠠᠮᠠᠯ ᠵᠠᠮ 30 ᠺᠢᠯᠣᠮᠧᠲᠷ ᠳᠡᠪᠢᠰᠴᠦ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ 9.3 ᠺᠢᠯᠣᠮᠧᠲᠷ ᠵᠠᠰᠠᠮᠠᠯ ᠵᠠᠮ ᠢ ᠨᠡᠪᠲᠡᠷᠡᠭᠦᠯᠵᠦ᠂ ᠠᠷᠠᠴᠢᠯᠠᠨ ᠬᠠᠮᠠᠭᠠᠯᠠᠬᠤ ᠢᠨᠵᠧᠨᠧᠷᠢᠩ ᠢ 33.734 ᠺᠢᠯᠣᠮᠧᠲᠷ᠂ ᠵᠠᠰᠠᠮᠠᠯ ᠵᠠᠮ ᠎ ᠤᠨ ᠠᠮᠤᠷ ᠳᠥᠪᠰᠢᠨ ᠤ ᠢᠨᠵᠧᠨᠧᠷᠢᠩ ᠢ 1116.012 ᠺᠢᠯᠣᠮᠧᠲᠷ ᠬᠡᠷᠡᠭᠵᠢᠭᠦᠯᠵᠦ᠂ ︽ᠵᠠᠮ ᠤᠨ ᠳᠠᠷᠤᠭ᠎ᠠ ᠎ ᠶᠢᠨ ᠲᠦᠷᠢᠮ︾᠎ ᠤᠨ ᠢᠯᠡ ᠨᠡᠶᠢᠲᠡᠯᠡᠬᠦ ᠫᠠᠶᠢᠰᠠ ᠵᠡᠷᠭᠡ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠪᠡ᠃ ᠤᠰᠤ ᠤᠮᠳᠠ ᠶᠢᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠳᠡᠭᠡᠳᠦ ᠱᠠᠲᠤᠨ ᠤ ᠤᠰᠤ ᠤᠮᠳᠠᠨ ᠤ ᠠᠮᠤᠷ ᠲᠦᠪᠰᠢᠨ ᠤ ᠲᠤᠰᠬᠠᠢ ᠲᠥᠷᠥᠯ ᠤᠨ ᠪᠡᠯᠡ ᠮᠥᠩᠭᠦ 118 ᠲᠦᠮᠡᠨ ᠲᠥᠭᠦᠷᠢᠭ ᠢ ᠡᠷᠡᠮᠡᠯᠵᠡᠯᠡᠨ ᠣᠯᠵᠤ᠂ 16 ᠰᠠᠤᠷᠢ ᠭᠦᠨ ᠬᠤᠳᠳᠤᠭ ᠮᠠᠯᠲᠠᠨ᠂ 17 ᠰᠠᠭᠤᠷᠢ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠵᠤ᠂ 413 ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠲᠠᠷᠬᠠᠭᠠᠵᠤ᠂ 34 ᠭᠠᠴᠠᠭ᠎ᠠ ᠲᠣᠰᠬᠤᠨ ᠤ 1941 ᠡᠷᠦᠬᠡ ᠶᠢᠨ 4899 ᠬᠥᠮᠦᠨ ᠠᠮᠠ ᠶᠢᠨ ᠤᠰᠤ ᠤᠮᠳᠠᠨ ᠤ ᠠᠮᠤᠷ ᠲᠦᠪᠰᠢᠨ ᠤ ᠠᠰᠠᠭᠤᠳᠠᠯ ᠪᠠ ᠤᠰᠤ ᠤᠮᠳᠠᠨ ᠤ ᠬᠦᠴᠢᠷᠳᠡᠯ ᠎ ᠢ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ ᠠᠰᠢᠭᠯᠠᠨ 108 ᠬᠡᠷ ᠪᠦᠯᠢ ᠳᠤ ᠤᠰᠤ ᠴᠡᠪᠡᠷᠰᠢᠭᠦᠯᠬᠦ ᠮᠠᠰᠢᠨ ᠤᠭᠰᠠᠷᠠᠵᠤ᠂ 115 ᠰᠠᠤᠷᠢ ᠤᠰᠤᠨ ᠰᠤᠷᠪᠤᠯᠵᠢ ᠎ ᠶᠢᠨ ᠬᠤᠳᠳᠤᠭ ᠢ ᠰᠢᠨ᠎ᠡ ᠪᠠᠷ ᠪᠠᠶᠢᠭᠤᠯᠵᠤ᠂ 215 ᠡᠷᠦᠬᠡ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠰᠤᠨ ᠤ ᠠᠰᠠᠭᠤᠳᠠᠯ ᠢ ᠰᠢᠶᠳᠪᠦᠷᠢᠯᠡᠪᠡ᠃ ᠬᠠᠪᠢᠷᠭ᠎ᠠ ᠪᠠᠯᠭᠠᠰᠤᠨ ᠤ 15 ᠲᠣᠰᠬᠤᠨ ᠤ ᠨᠢᠭᠡᠳᠦᠯᠲᠡᠢ ᠤᠰᠤ ᠬᠠᠩᠭᠠᠬᠤ ᠬᠤᠭᠤᠯᠠᠢ᠂ ᠬᠤᠳᠳᠤᠭ ᠢ ᠰᠣᠯᠢᠵᠤ ᠵᠠᠰᠠᠨ᠂ 1064 ᠡᠷᠦᠬᠡ ᠶᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃             ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠤᠯᠠᠮ ᠲᠡᠭᠦᠯᠳᠡᠷᠵᠢᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠣᠭᠲᠠᠭᠤᠨ ᠢᠶᠠᠷ ᠳᠡᠭᠡᠭᠰᠢᠯᠡᠬᠦᠯᠪᠡ᠃ ᠰᠤᠷᠭᠠᠭᠤᠯᠢ ᠶᠢᠨ ᠳᠠᠷᠤᠭ᠎ᠠ᠂ ᠪᠠᠭᠰᠢ᠂ ᠵᠢᠭᠠᠨ ᠰᠤᠳᠤᠯᠬᠤ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠭᠠᠨ ᠰᠤᠷᠭᠠᠬᠤ ᠴᠢᠳᠠᠪᠤᠷᠢ᠂ ᠠᠵᠢᠯ ᠮᠡᠷᠭᠡᠵᠢᠯ ᠤᠨ ᠬᠡᠪ ᠪᠣᠯᠪᠠᠰᠤᠷᠠᠯ᠂ ᠠᠵᠢᠯ ᠤᠨ ᠰᠠᠬᠢᠯᠭ᠎ᠠ ᠪᠠᠲᠤ ᠶᠢ ᠳᠡᠭᠡᠭᠰᠢᠯᠡᠬᠦᠯᠦᠨ᠂ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠎ ᠢ ᠳᠡᠭᠡᠭᠰᠢᠯᠡᠭᠦᠯᠬᠦ ᠬᠤᠶᠠᠳᠤᠭᠠᠷ ᠬᠤᠭᠤᠴᠠᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ᠂ ᠤᠯᠤᠰ ᠤᠨ ᠬᠤᠤᠰ ᠬᠡᠯᠡᠨ ᠤ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠠᠬᠢᠭᠤᠯᠪᠠ᠃ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠮᠣᠩᠭᠤᠯ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠢᠴᠢ ᠬᠤᠭᠤᠯᠠᠨ ᠭᠡᠷ᠂ ᠬᠤᠶᠠᠳᠤᠭᠠᠷ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠪᠠ ᠥᠭᠡᠯᠦᠨ ᠬᠡᠦᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠢᠨ ᠰᠢᠨ ᠵᠢᠶᠠ ᠶᠤᠸᠠᠨ ᠲᠣᠭᠤᠷᠢᠭ ᠤᠨ ᠬᠡᠦᠬᠡᠳ ᠤᠨ ᠴᠡᠴᠡᠷᠯᠢᠭ ᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠴᠡᠴᠡᠷᠯᠢᠭ ᠢᠶᠠᠷ ᠲᠣᠭᠲᠠᠭᠠᠬᠤ ᠪᠠ ᠵᠢᠦᠢ ᠯᠢ ᠲᠣᠭᠤᠷᠢᠭ ᠤᠨ ᠬᠡᠦᠬᠡᠳ ᠤᠨ ᠴᠡᠴᠡᠷᠯᠢᠭ ᠢ ᠬᠤᠳᠠᠯᠳᠤᠨ ᠠᠪᠬᠤ ᠠᠵᠢᠯ ᠢ ᠪᠡᠶᠡᠯᠡᠭᠦᠯᠪᠡ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠰᠤᠷᠭᠠᠭᠤᠯᠢ ᠶᠢᠨ ᠭᠠᠳᠠᠨᠠᠬᠢ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠵᠤ᠂ ︽ᠰᠤᠷᠭᠠᠨ ᠬᠥᠮᠦᠵᠢᠯ ᠤᠨ ᠰᠢᠰᠲ᠋ᠧᠮ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾᠎ ᠢ ᠲᠣᠭᠲᠠᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠵᠢᠴᠢ ︽ᠰᠤᠷᠤᠭᠴᠢ ᠳᠤ ᠵᠣᠷᠢᠭᠤᠯᠤᠭᠰᠠᠨ ᠠᠮᠠᠷᠠᠵᠤ ᠬᠤᠭᠤᠯᠠᠯᠠᠬᠤ ᠭᠠᠵᠠᠷ︾᠎ ᠢ ᠪᠥᠬᠦ ᠲᠠᠯ᠎ᠠ ᠪᠠᠷ ᠴᠡᠭᠴᠡᠯᠡᠨ ᠵᠠᠰᠠᠪᠠ᠃ 2020 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠮᠣᠩᠭᠤᠯ ᠎ ᠢᠶᠠᠷ ᠬᠢᠴᠢᠶᠡᠯᠯᠡᠬᠦ ᠰᠣᠷᠣᠭᠴᠢ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 88.19 %᠎ ᠳᠤ ᠬᠦᠷᠴᠦ᠂ 2019 ᠣᠨ ᠤ ᠬᠢ ᠠᠴᠠ 5.49 ᠵᠠᠭᠤᠨ ᠤ ᠬᠤᠪᠢ ᠳᠡᠭᠡᠭᠰᠢᠯᠡᠵᠦ᠂ ᠬᠢᠲᠠᠳ ᠢᠶᠠᠷ ᠬᠢᠴᠢᠶᠡᠯᠯᠡᠬᠦ ᠰᠣᠷᠣᠭᠴᠢ ᠎ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 44 %᠎ ᠳᠤ ᠬᠦᠷᠴᠦ᠂ 2019 ᠣᠨ ᠤ ᠬᠢ ᠠᠴᠠ 24.7 ᠵᠠᠭᠤᠨ ᠤ ᠬᠤᠪᠢ ᠳᠡᠭᠡᠭᠰᠢᠯᠡᠵᠡᠶ᠃ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠪᠡ᠃ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠠᠮᠲᠤᠷᠠᠨ ᠬᠤᠷᠢᠭᠯᠠᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠎ ᠢᠶᠠᠷ ᠢᠶᠠᠨ ᠬᠤᠷᠢᠭᠯᠠᠬᠤ᠂ ᠰᠡᠷᠭᠡᠶᠢᠯᠡᠨ ᠬᠤᠷᠢᠭᠯᠠᠵᠤ ᠤᠳᠤᠷᠢᠳᠤᠨ ᠵᠢᠯᠣᠭᠤᠳᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠢ ᠲᠣᠬᠢᠲᠠᠢ ᠠᠷᠭᠠᠴᠠᠵᠤ᠂ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠪᠠ᠃ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠲᠡᠭᠦᠯᠳᠡᠷᠵᠢᠭᠦᠯᠵᠦ᠂ ᠬᠤᠰᠢᠭᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠨᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠲᠠᠢ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠱᠠᠲᠤ ᠬᠤᠪᠢᠶᠠᠨ ᠣᠨᠣᠰᠢᠯᠠᠬᠤ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠶᠢ ᠠᠩᠬ᠎ᠠ ᠠᠯᠬᠤᠮ ᠪᠡᠶᠡᠯᠡᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠳᠤ 36457 ᠬᠥᠮᠦᠨ ᠳᠤ ᠣᠷᠤᠵᠤ᠂ ᠬᠤᠰᠢᠭᠤ ᠡᠮᠨᠡᠯᠭᠡ ᠶᠢᠨ ᠬᠤᠷᠢᠶ᠎ᠠ ᠪᠣᠯᠤᠨ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ( 301 ᠡᠮᠨᠡᠯᠭᠡ ᠶᠢᠨ ᠬᠤᠷᠢᠶ᠎ᠠ )᠂ ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶ᠎ᠠ᠂ ᠴᠢᠭᠤᠯᠤᠯᠲᠤ ᠬᠠᠭᠠᠯᠭ᠎ᠠ ᠶᠢᠨ 251 ᠡᠮᠨᠡᠯᠭᠡ ᠎ ᠶᠢᠨ ᠬᠤᠷᠢᠶ᠎ᠠ ᠲᠠᠢ ᠬᠠᠮᠵᠢᠯᠴᠠᠬᠤ ᠬᠠᠷᠢᠴᠠᠭ᠎ᠠ ᠪᠠᠨ ᠪᠠᠬᠢᠵᠢᠭᠦᠯᠵᠦ᠂ ᠵᠢᠯ ᠤᠨ ᠳᠣᠲᠣᠷ᠎ᠠ 301 ᠡᠮᠨᠡᠯᠭᠡ ᠶᠢᠨ ᠬᠤᠷᠢᠶ᠎ᠠ ᠲᠠᠢ 29 ᠡᠪᠡᠳᠴᠢᠨ ᠤ ᠵᠢᠱᠢᠶ᠎ᠠ ᠶᠢ ᠬᠠᠮᠲᠤᠷᠠᠨ ᠣᠨᠤᠰᠢᠯᠠᠪᠠ᠃ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠮᠣᠩᠭᠤᠯ ᠬᠢᠲᠠᠳ ᠡᠮᠨᠡᠯᠭᠡ ᠶᠢᠨ ᠭᠠᠵᠠᠷ 7᠎ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠨᠴᠠᠯᠢᠭ ᠪᠦᠬᠦᠢ ᠭᠤᠣᠯᠳᠠᠯᠭ᠎ᠠ ᠲᠠᠢ ᠲᠤᠰᠬᠠᠶ ᠰᠠᠯᠠᠭ᠎ᠠ 1᠎ ᠶᠢ ᠡᠭᠦᠳᠦᠨ ᠪᠠᠶᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠮᠣᠩᠭᠤᠯ ᠬᠢᠲᠠᠳ ᠡᠮᠨᠡᠯᠭᠡ ᠶᠢᠨ ᠰᠠᠯᠠᠭ᠎ᠠ ᠲᠠᠢ ᠪᠣᠯᠭᠠᠬᠤ ᠶᠢ ᠪᠠᠶᠠᠯᠠᠭᠦᠯᠪᠠ᠃ ᠠᠵᠢᠯ ᠣᠯᠭᠤᠨ ᠠᠳᠠᠯ ᠦᠢᠯᠡᠰ ᠴᠣᠭᠴᠠᠯᠠᠬᠤ ᠶᠢ ᠶᠡᠬᠡᠪᠡᠷ ᠳᠡᠮᠵᠢᠪᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ ᠂ ᠦᠨᠳᠦᠰᠦᠲᠡᠨ ᠤ ᠬᠤᠪᠴᠠᠰᠤ ᠬᠤᠨᠠᠷ ᠵᠢᠷᠤᠵᠤ ᠲᠥᠯᠥᠪᠯᠡᠬᠦ᠂ ᠳᠤᠮᠳᠠᠳᠤ ᠮᠠᠶ᠋ᠢᠭ ᠤᠨ ᠭᠤᠯᠢᠷ ᠢᠳᠡᠭᠡᠨ ᠬᠢᠬᠦ ᠮᠡᠷᠭᠡᠵᠢᠯ ᠤᠨ ᠪᠣᠯᠪᠠᠰᠤᠷᠠᠯ ᠢ 5 ᠬᠤᠭᠤᠴᠠᠭ᠎ᠠ ᠡᠷᠬᠢᠯᠡᠵᠦ᠂ 400 ᠬᠥᠮᠦᠨ ᠣᠷᠤᠯᠴᠠᠪᠠ᠃ ᠦᠢᠯᠡᠰ ᠪᠣᠰᠬᠠᠬᠤ ᠶᠢ ᠳᠡᠮᠵᠢᠬᠦ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 90 ᠬᠥᠮᠦᠨ ᠳᠤ ᠦᠢᠯᠡᠰ ᠪᠣᠰᠬᠠᠬᠤ ᠪᠣᠯᠪᠠᠰᠤᠷᠠᠯ ᠬᠦᠷᠲᠡᠭᠡᠵᠦ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ 1000 ᠲᠦᠮᠡᠨ ᠲᠥᠭᠦᠷᠢᠭ ᠪᠠᠭᠤᠯᠭᠠᠪᠠ᠃ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 15 ᠡᠷᠦᠬᠡ ᠠᠵᠤ ᠠᠬᠤᠶᠢᠯᠠᠯ ᠳᠤ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ 19.54 ᠲᠦᠮᠡᠨ ᠲᠥᠭᠦᠷᠢᠭ ᠪᠠᠭᠤᠯᠭᠠᠪᠠ᠃ ᠵᠢᠯ ᠤᠨ ᠳᠣᠲᠣᠷ᠎ᠠ ᠨᠡᠶᠢᠲᠡ 8125 ᠠᠵᠢᠯ ᠤᠨ ᠪᠠᠶᠢᠷᠢ ᠴᠤᠭᠯᠠᠭᠤᠯᠵᠤ᠂ ᠬᠤᠲᠠ ᠪᠠᠯᠭᠠᠰᠤᠨ ᠤ 673 ᠬᠥᠮᠦᠨ ᠳᠤ ᠰᠢᠨ᠎ᠡ ᠪᠠᠷ ᠠᠵᠢᠯ ᠣᠯᠭᠤᠵᠤ᠂ 7293 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢ 2.07 %᠎ ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠨᠡᠶᠢᠭᠡᠮ ᠤᠨ ᠳᠠᠭᠠᠳᠬᠠᠯ ᠎ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠠᠵᠢᠯ ᠎ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠥᠮᠦᠨ ᠤ ᠲᠤᠭ᠎ᠠ ᠲᠣᠰ ᠲᠣᠰ 5385᠂ 35440᠂ 7010᠂ 60954 ᠬᠥᠮᠦᠨ ᠳᠤ ᠬᠥᠷᠪᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠴᠥᠮ ᠰᠦᠯᠵᠢᠶᠡᠨ ᠳᠡᠭᠡᠷ᠎ᠡ ᠰᠢᠰᠲ᠋ᠧᠮ ᠲᠠᠢ ᠲᠠᠷᠬᠠᠭᠠᠬᠤ᠂ ᠰᠦᠯᠵᠢᠶᠡᠨ ᠳᠡᠭᠡᠷ᠎ᠡ ᠪᠠᠲᠤᠯᠭᠠᠵᠢᠭᠤᠯᠬᠤ ᠶᠢ ᠪᠡᠶᠡᠯᠡᠭᠦᠯᠪᠡ᠃ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠨᠡᠶᠢᠲᠡ 1899 ᠲᠦᠮᠡᠨ ᠲᠥᠭᠦᠷᠢᠭ ᠤᠨ ᠪᠡᠯᠡ ᠣᠷᠣᠭᠤᠯᠵᠤ᠂ 12 ᠰᠠᠭᠤᠷᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠪᠣᠷᠣ ᠭᠡᠷ ᠤᠨ ᠲᠤᠭᠤᠷᠢᠭ ᠤᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 1᠎ ᠶᠢ ᠬᠡᠷᠡᠭᠵᠢᠭᠦᠯᠦᠨ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠎ ᠶᠢᠨ ᠲᠥᠷᠥᠯ ᠵᠦᠢᠯ 2᠎ ᠶᠢ ᠬᠡᠷᠡᠭᠵᠢᠭᠦᠯᠪᠡ᠃ ᠬᠤᠭ ᠨᠣᠪᠰᠢ ᠳᠠᠮᠵᠢᠭᠤᠯᠬᠤ ᠥᠷᠲᠡᠭᠡ 2᠂ ᠲᠦᠷᠭᠡᠨ ᠠᠭᠤᠷᠰᠢᠭᠤᠯᠬᠤ ᠬᠡᠯᠪᠡᠷᠢ ᠶᠢᠨ ᠠᠭᠤᠷᠬᠠᠶᠢᠵᠢᠭᠤᠯᠬᠤ ᠵᠤᠤᠬ᠎ᠠ 14᠎ ᠶᠢ ᠪᠠᠶᠢᠭᠤᠯᠵᠤ᠂ ︽ᠡᠷᠦᠬᠡ ᠠᠴᠠ ᠴᠤᠭᠯᠠᠭᠤᠯᠬᠤ᠂ ᠭᠠᠴᠠᠭ᠎ᠠ ᠲᠣᠰᠬᠤᠨ ᠠᠴᠠ ᠰᠢᠯᠵᠢᠭᠦᠯᠦᠨ ᠲᠡᠭᠡᠭᠡᠪᠦᠷᠢᠯᠡᠬᠦ᠂ ᠰᠤᠮᠤ ᠪᠠᠯᠭᠠᠰᠤ ᠠᠴᠠ ᠰᠢᠶᠳᠪᠦᠷᠢᠯᠡᠬᠦ ︾ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠥᠬᠦᠷᠵᠢᠭᠦᠯᠦᠨ ᠪᠠᠶᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠨᠡᠶᠢᠲᠡ 1500 ᠲᠣᠨ᠂ ᠬᠦᠳᠡᠭᠡ ᠲᠣᠰᠬᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ 18000 ᠲᠣᠨ ᠴᠡᠪᠡᠷᠯᠡᠨ ᠲᠡᠭᠡᠭᠡᠪᠤᠷᠢᠯᠡᠪᠡ᠃ 1444 ᠵᠣᠷᠯᠣᠩ ᠢ ᠥᠭᠡᠷᠡᠴᠢᠯᠡᠨ᠂ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 26.03 %᠎ ᠳᠤ ᠬᠥᠷᠪᠡ᠃ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠶᠠᠪᠤᠭᠳᠠᠭᠤᠯᠪᠠ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠶᠡᠬᠡᠪᠡᠷ ᠴᠢᠩᠭᠠᠳᠬᠠᠨ᠂ ᠢᠳᠡᠭᠡᠨ ᠤ ᠠᠶᠤᠯᠬᠦᠢ ᠪᠠᠶᠢᠳᠠᠯ ᠳᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠎ ᠤᠨ ᠬᠥᠭᠵᠢᠯᠲᠡ ᠶᠢ ᠲᠦᠯᠬᠢᠨ ᠠᠬᠢᠭᠤᠯᠪᠠ᠃             ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠲᠤᠰ ᠪᠡᠶ᠎ᠡ ᠎ ᠶᠢᠨ ᠪᠠᠶᠢᠭᠤᠯᠤᠯᠲᠠ ᠴᠢᠩᠭᠠᠷᠠᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠪᠠ᠃ ᠲᠥᠪ ᠤᠨ ᠨᠠᠶᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠳᠥᠷᠢᠮ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾᠎ ᠢ ᠴᠡᠭᠴᠡᠯᠡᠨ ᠵᠠᠰᠠᠪᠠ᠃ ᠠᠵᠢᠯᠴᠢ ᠠᠷᠪᠢᠴᠢ ᠪᠠᠷ ᠠᠵᠢᠯᠯᠠᠵᠤ ᠠᠮᠢᠳᠤᠷᠠᠬᠤ ᠶᠢ ᠰᠤᠷᠲᠠᠯᠴᠢᠯᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠢ ᠴᠢᠩᠭ᠎ᠠ ᠬᠢᠵᠠᠭᠠᠷᠯᠠᠪᠠ᠃ ᠠᠷᠠᠳ ᠤᠨ ᠲᠥᠯᠥᠭᠡᠯᠡᠭᠴᠢᠳ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠎ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠭᠦᠢᠴᠡᠳᠬᠡᠵᠦ᠂ 107 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠯ ᠰᠠᠨᠠᠭᠤᠯᠭ᠎ᠠ᠂ 105 ᠬᠤᠪᠢ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠪᠡ᠃ ᠳᠣᠲᠣᠭᠠᠳᠤ ᠶᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠠᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠪᠠ᠃ ᠠᠶᠢᠮᠠᠭ ᠤᠨ ᠳᠣᠲᠣᠷ᠎ᠠ ᠪᠠᠨ ᠬᠠᠮᠤᠭ ᠤᠨ ᠲᠡᠷᠢᠭᠦᠨ ᠳᠤ ᠬᠤᠶᠠᠷ ᠲᠤᠰᠢᠶᠠᠯ ᠤᠨ ᠳᠠᠷᠠᠭᠠᠯᠠᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ︽ᠴᠢᠬᠤᠯᠠ ᠰᠠᠯᠠᠭ᠎ᠠ ᠮᠥᠴᠢᠷ ᠰᠠᠷᠡᠮᠵᠢ ᠰᠠᠶᠢᠲᠠᠢ ᠪᠠᠶᠢᠬᠤ︾᠎ ᠪᠠᠷ ᠰᠡᠳᠦᠪᠯᠡᠨ᠂ 19 ᠳᠣᠲᠣᠭᠠᠳᠤ ᠪᠠᠶᠢᠭᠤᠯᠤᠮᠵᠢ ᠶᠢ ᠴᠣᠮᠬᠠᠳᠬᠠᠭᠠᠳ 13 ᠪᠣᠯᠭᠠᠵᠤ᠂ ᠪᠦᠬᠦ ᠬᠤᠰᠢᠭᠤᠨ ᠤ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠬᠦᠴᠦᠨ 26.7 %᠎ ᠪᠠᠷ ᠨᠡᠮᠡᠭᠳᠡᠵᠦ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠬᠦᠴᠦᠨ ᠢ ᠦᠨᠡᠨᠬᠦ ᠴᠢᠩᠭᠠᠳᠬᠠᠪᠠ᠃ ᠣᠢ ᠰᠢᠭᠤᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠴᠠᠭᠳᠠᠭ᠎ᠠ ᠶᠢ ᠬᠠᠯᠠᠮᠵᠢᠯᠠᠬᠤ ᠢᠨᠵᠧᠨᠧᠷᠢᠩ ᠢ ᠭᠦᠨᠵᠡᠭᠡᠢ ᠲᠤᠤᠱᠯᠠᠭᠤᠯᠤᠨ᠂ 5 ᠨᠡᠷ᠎ᠡ ᠠᠷᠠᠳ ᠤᠨ ᠴᠠᠭᠳᠠᠭ᠎ᠠ ᠳᠤ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠲᠡᠮᠳᠡᠭᠯᠡᠵᠦ᠂ 45 ᠨᠡᠷ᠎ᠡ ᠠᠷᠠᠳ ( ᠲᠤᠰᠠᠯᠠᠭᠴᠢ )᠎ ᠤᠨ ᠴᠠᠭᠳᠠᠭ᠎ᠠ ᠨᠢ ᠠᠶᠢᠮᠠᠭ᠂ ᠬᠤᠰᠢᠭᠤ ᠬᠤᠶᠠᠷ ᠱᠠᠲᠤᠨ ᠤ ᠬᠥᠬᠢᠭᠦᠯᠦᠯ ᠰᠠᠶᠢᠰᠢᠶᠠᠯ ᠢ ᠬᠦᠷᠲᠡᠪᠡ᠃ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠪᠦᠬᠦ ᠬᠤᠰᠢᠭᠤᠨ ᠤ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠥᠪᠡᠷ ᠢ ᠪᠠᠨ ᠪᠠᠶᠢᠴᠠᠭᠠᠬᠤ ᠠᠵᠢᠯ ᠢ ᠥᠷᠨᠢᠭᠦᠯᠵᠦ᠂ ᠳᠦᠷᠢᠮᠵᠢᠭᠰᠡᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠨ ᠡᠮᠬᠢᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠦᠷᠭᠦᠯᠵᠢᠯᠡᠨ ᠴᠢᠩᠭᠠᠳᠬᠠᠪᠠ᠃ ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠳᠦᠷᠢᠮ ᠢ ᠵᠢᠷᠤᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠎ ᠳᠤ 11 ᠰᠠᠯᠠᠭ᠎ᠠ ᠮᠥᠴᠢᠷ ᠢ ᠣᠷᠤᠭᠤᠯᠵᠤ᠂ 27 ᠦᠢᠯᠡᠴᠢᠯᠡᠭᠡᠨ ᠤ ᠴᠣᠩᠬᠤ ᠭᠠᠷᠭᠠᠨ᠂ ᠲᠢᠩᠬᠢᠮ ᠳᠤ ᠭᠦᠢᠴᠡᠳᠭᠡᠬᠦ ᠵᠦᠢᠯᠡᠰ 107 ᠪᠠᠶᠢᠵᠤ᠂ ᠵᠢᠯ ᠤᠨ ᠳᠣᠲᠣᠷ᠎ᠠ ᠬᠦᠯᠢᠶᠡᠨ ᠠᠪᠴᠤ ᠭᠦᠢᠴᠡᠳᠭᠡᠭᠰᠡᠨ ᠡᠯ᠎ᠡ ᠲᠥᠷᠥᠯ ᠎ ᠤᠨ ᠬᠢᠨᠠᠨ ᠵᠥᠪᠰᠢᠶᠡᠷᠡᠬᠦ ᠵᠦᠢᠯᠡᠰ 179620 ᠪᠠᠶᠢᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ 100 %᠎ ᠳᠤ ᠬᠦᠷᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠵᠤ᠂ ᠬᠤᠰᠢᠭᠤ ᠵᠠᠰᠠᠭ ᠎ ᠤᠨ ᠣᠷᠳᠣᠨ ᠤ ᠰᠦᠯᠵᠢᠶ᠎ᠡ ᠪᠠᠷ ᠳᠠᠮᠵᠢᠭᠤᠯᠤᠨ ᠡᠯ᠎ᠡ ᠲᠥᠷᠥᠯ ᠤᠨ ᠮᠡᠳᠡᠭᠡ ᠵᠠᠩᠭᠢ ᠶᠢ 3202 ᠵᠤᠷᠪᠤᠰ ᠨᠡᠶᠢᠲᠡᠯᠡᠵᠦ᠂ ᠣᠯᠠᠨ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠤᠶᠤ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠴᠠᠭ ᠲᠤᠬᠠᠶ ᠳᠤᠨᠢ 139 ᠤᠳᠠᠭ᠎ᠠ ᠬᠠᠷᠢᠭᠤ ᠥᠭᠪᠡ᠃ ᠳᠠᠩᠰᠠᠯᠠᠬᠤ ᠠᠯᠬᠤᠮ ᠳᠠᠷᠠᠭᠠᠯᠠᠯ ᠢ ᠴᠣᠮᠬᠠᠳᠬᠠᠨ᠂ ᠬᠦᠷᠦᠩᠭᠡ ᠳᠠᠩᠰᠠᠯᠠᠭᠤᠯᠬᠤ᠂ ᠦᠨᠡᠮᠯᠡᠯ ᠠᠪᠬᠤ᠂ ᠰᠦᠢᠳᠭᠡᠯ ᠲᠤᠰᠢᠶᠠᠬᠤ᠂ ᠪᠠᠲᠤᠯᠭᠠᠵᠢᠭᠤᠯᠬᠤ ᠵᠡᠷᠭᠡ ᠠᠵᠢᠯ ᠵᠢᠴᠢ ᠤᠷᠢᠳᠠᠪᠠᠷ ᠡᠵᠡᠩᠨᠡᠯᠲᠡ ᠶᠢᠨ ᠦᠨᠡᠮᠯᠡᠯ ᠠᠪᠴᠤ ᠳᠠᠷᠠᠭ᠎ᠠ ᠨᠢ ᠵᠥᠪᠰᠢᠶᠡᠷᠡᠯ ᠎ ᠤᠨ ᠦᠨᠡᠮᠯᠡᠯ ᠠᠪᠬᠤ ᠪᠠ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠵᠤ᠂ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠢ ᠨᠡᠶᠢᠲᠡ 9540 ᠭᠠᠷᠤᠢ ᠬᠤᠪᠢ ᠲᠠᠷᠬᠠᠭᠠᠪᠠ᠃   ᠣᠷᠠᠯᠢᠭ ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号