ᠰᠢᠯᠤᠭᠤᠨ ᠬᠥᠬᠡ ᠬᠤᠰᠢᠭᠤᠨ ᠤ  ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠧᠩ ᠵᠢᠶᠠᠨ ᠵᠢᠶᠦ᠋ᠨ ᠢᠳᠡᠭᠡᠨ ᠪᠠ ᠡᠮ ᠲᠠᠩ ᠤᠨ ᠠᠮᠤᠷ ᠲᠦᠪᠰᠢᠨ ᠤ ᠠᠵᠢᠯ ᠳᠤ ᠳᠣᠰᠬᠠᠢ ᠪᠠᠶᠢᠴᠠᠭᠠᠯᠳᠠ‌‍ᠬᠢᠪᠡ
ᠨᠡᠶᠢᠲᠡᠯᠡᠭᠰᠡᠨ ᠴᠠᠭ᠄
2021/1/5
              ᠢᠳᠡᠭᠡᠨ ᠪᠠ ᠡᠮ ᠲᠠᠩ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠢ ᠪᠠᠶᠢᠩᠭᠤ ᠶᠢᠨ ᠴᠢᠨᠠᠷᠳᠠᠢ ᠰᠡᠷᠭᠡᠶᠢᠯᠡᠨ ᠬᠤᠷᠢᠭᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠯᠠᠳᠠ 12 ᠰᠠᠷ᠎ᠠ ᠶᠢᠨ 31᠎ ᠤ ᠡᠳᠦᠷ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠹᠧᠩ ᠵᠢᠶᠠᠨ ᠵᠢᠶᠦ᠋ᠨ ᠠᠵᠢᠯᠯᠠᠬᠤ ᠳᠣᠭᠤᠶᠢᠯᠠᠩ ᠳᠠᠭᠠᠭᠤᠯᠤᠨ ᠱᠠᠩᠳᠤ ᠪᠠᠯᠭᠠᠰᠤᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠎ ᠤᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠵᠢᠴᠢ ᠠᠮᠢᠳᠤᠷᠠᠯ ᠤᠨ ᠬᠡᠷᠡᠭᠯᠡᠭᠡᠨ ᠤ ᠵᠦᠶᠯ ᠤᠨ ᠬᠠᠩᠭᠠᠯᠭ᠎ᠠ ᠶᠢᠨ ᠪᠠᠶᠢᠳᠠᠯ ᠢ ᠪᠠᠶᠢᠴᠠᠭᠠᠨ ᠵᠢᠯᠣᠭᠤᠳᠴᠤ᠂ ᠬᠢᠵᠢᠭ ᠢ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠎ ᠶᠢ ᠤᠯᠠᠮ ᠴᠢᠩᠭᠠᠳᠬᠠᠵᠤ᠂ ᠬᠥᠯᠳᠡᠭᠦᠦ ᠢᠳᠡᠭᠡᠨ ᠢᠶᠠᠷ ᠬᠢᠵᠢᠭ ᠬᠠᠯᠳᠠᠪᠤᠷᠢᠯᠠᠨ ᠲᠠᠷᠬᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠲᠤᠬᠠᠶ ᠴᠢᠬᠤᠯᠠᠴᠢᠯᠠᠨ ᠪᠠᠶᠢᠷᠢᠯᠠᠭᠤᠯᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶᠠᠨ ᠤ ᠬᠠᠷᠢᠭᠤᠴᠠᠯᠭᠠᠲᠠᠨ ᠪᠠᠷ᠎ᠠ ᠪᠤᠯᠵᠠᠭᠠᠪᠠ᠃             ᠪᠠᠶᠢᠴᠠᠭᠠᠯᠳᠠ ᠶᠢᠨ ᠳᠣᠭᠤᠶᠢᠯᠠᠩ ᠤᠨ ᠬᠢᠨ ᠢᠳᠡᠭᠡᠨ ᠤᠮᠳᠠᠭᠠᠨ ᠤ ᠠᠵᠤ ᠠᠬᠤᠶᠢᠯᠠᠯ ᠳᠤ ᠢᠳᠡᠭᠡᠨ ᠤ ᠦᠶᠯᠡᠳᠪᠦᠷᠢᠯᠡᠯ᠂ ᠭᠦᠶᠯᠭᠡᠭᠡ᠂ ᠢᠳᠡᠭᠡᠨ ᠤᠮᠳᠠᠭᠠᠨ ᠤ ᠲᠠᠯ᠎ᠠ ᠪᠠᠷ ᠬᠢ ᠠᠮᠤᠷ ᠲᠦᠪᠰᠢᠨ ᠤ ᠠᠵᠢᠯ ᠢ ᠭᠤᠤᠯᠳᠠᠯᠭ᠎ᠠ ᠲᠠᠢ ᠪᠠᠶᠢᠴᠠᠭᠠᠭᠰᠠᠨ ᠪᠥᠭᠡᠳ ᠭᠠᠳᠠᠭᠠᠳᠤ ᠠᠴᠠ ᠬᠥᠯᠳᠡᠭᠦᠦ ᠢᠳᠡᠭᠡᠨ  ᠣᠷᠣᠭᠤᠯᠤᠭᠰᠠᠨ ᠭᠡᠷᠡᠴᠢ ᠪᠠᠷᠢᠮᠲᠠ᠂ ᠪᠣᠭᠤᠮᠲᠠ ᠶᠢᠨ ᠰᠢᠯᠭᠠᠨ ᠪᠠᠶᠢᠴᠠᠭᠠᠯᠳᠠ ᠪᠠ ᠬᠢᠵᠢᠭ ᠪᠠᠶᠢᠴᠠᠭᠠᠭᠰᠠᠨ ᠭᠡᠷᠡᠴᠢ ᠪᠠᠷᠢᠮᠲᠠ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠪᠠᠷᠢᠮᠲᠠ ᠶᠢᠨ ᠪᠠᠶᠢᠳᠠᠯ ᠢ ᠨᠠᠷᠢᠨ ᠪᠠᠶᠢᠴᠠᠭᠠᠪᠠ᠃ ᠡᠳ᠋ᠰᠢᠭᠦᠯᠬᠦ ᠶᠠᠪᠤᠴᠠ᠂ ᠠᠶᠠᠭ᠎ᠠ ᠰᠠᠪᠠ ᠠᠷᠢᠭᠤᠳᠬᠠᠬᠤ᠂ ᠲᠦᠭᠦᠬᠡᠶ ᠪᠠ ᠪᠤᠯᠭᠤᠭᠰᠠᠨ ᠢᠳᠡᠭᠡᠨ ᠢ ᠰᠠᠯᠭᠠᠨ ᠬᠠᠳᠠᠭᠠᠯᠠᠵᠤ ᠪᠠᠶᠢᠭ᠎ᠠ ᠨᠢ ᠢᠳᠡᠭᠡᠨ ᠤᠮᠳᠠᠭᠠᠨ ᠤ  ᠳᠥᠷᠢᠮᠵᠢᠯ ᠳᠤ ᠨᠡᠶᠢᠴᠡᠬᠦ ᠦᠭᠡᠢ ᠶᠢ ᠨᠢ ᠳᠣᠭᠳᠠᠭᠰᠠᠨ ᠬᠤᠭᠤᠴᠠᠭᠠᠳᠠᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠡᠭᠦᠨ ᠤ ᠬᠠᠮᠲᠤ᠂ ᠤᠯᠠᠮᠵᠢᠯᠠᠯᠲᠤ ᠴᠠᠭᠠᠨ ᠢᠳᠡᠭᠡᠨ ᠡᠳ᠋ᠰᠢᠭᠦᠯᠬᠦ ᠭᠠᠵᠠᠷ ᠤᠨ ᠠᠷᠢᠭᠤᠨ ᠴᠡᠪᠡᠷ᠂ ᠡᠳ᠋ᠰᠢᠭᠦᠯᠬᠦ ᠶᠠᠪᠤᠴᠠ᠂ ᠣᠷᠣᠭᠤᠯᠣᠭᠰᠠᠨ ᠰᠦ ᠶᠢ ᠪᠠᠶᠢᠴᠠᠭᠠᠨ ᠰᠢᠯᠭᠠᠵᠤ ᠪᠠᠶᠢᠭ᠎ᠠ ᠪᠠᠶᠢᠳᠠᠯ ᠢ ᠪᠠᠶᠢᠴᠠᠭᠠᠪᠠ᠃             ᠡᠮ ᠤᠨ ᠳᠡᠯᠭᠡᠭᠦᠷ ᠲᠤ᠂ ᠪᠠᠶᠢᠴᠠᠭᠠᠬᠤ ᠳᠤᠭᠤᠶᠢᠯᠠᠩ ᠤᠨ ᠬᠢᠨ ᠡᠮ ᠤᠨ ᠵᠦᠢᠯ ᠤᠨ ᠢᠷᠡᠯᠲᠡ᠂ ᠺᠣᠮᠫᠢᠦ᠋ᠲ᠋ᠧᠷ ᠤᠨ ᠬᠠᠮᠢᠶᠠᠷᠤᠯᠲᠠ ᠶᠢᠨ ᠰᠢᠰᠲ᠋ᠧᠮ᠂ ᠬᠥᠮᠥᠷᠭᠡ ᠶᠢᠨ ᠳᠤᠯᠠᠭᠠᠨ ᠪᠠ ᠴᠢᠭᠢᠭ ᠤᠨ ᠬᠡᠮᠵᠢᠶᠡᠨ ᠤ ᠬᠠᠮᠢᠶᠠᠷᠤᠯᠲᠠ᠂ ᠮᠡᠷᠭᠡᠵᠢᠯ ᠤᠨ ᠡᠮᠴᠢ ᠶᠢᠨ ᠦᠶᠯᠡᠴᠢᠯᠡᠭᠡ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠮ ᠤᠨ ᠵᠦᠶᠯ  ᠪᠠ ᠪᠠᠭᠠᠵᠢ ᠬᠡᠷᠡᠭᠰᠡᠯ ᠣᠷᠣᠭᠤᠯᠬᠤ ᠠᠷᠭ᠎ᠠ ᠵᠠᠮ᠂ ᠡᠵᠡᠩᠨᠡᠯᠲᠡ ᠬᠡᠷᠡᠭᠯᠡᠯᠲᠡ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃             ᠬᠡᠲᠦ ᠳᠡᠯᠭᠡᠭᠦᠷ ᠲᠤ ᠲᠡᠳᠡ ᠵᠠᠬ᠎ᠠ ᠳᠡᠯᠭᠡᠭᠦᠷ ᠤᠨ ᠬᠠᠩᠭᠠᠯᠭ᠎ᠠ᠂ ᠡᠳ᠋ ᠪᠣᠳᠠᠰ ᠤᠨ ᠨᠥᠭᠡᠴᠡ᠂ ᠲᠠᠸᠠᠷ ᠤᠨ ᠦᠨ᠎ᠡ ᠬᠠᠩᠰᠢ᠂ ᠬᠡᠲᠦ ᠳᠡᠯᠭᠡᠭᠦᠷ ᠤᠨ ᠡᠵᠡᠩᠨᠡᠯᠲᠡ ᠪᠣᠯᠤᠨ ᠬᠢᠵᠢᠭ ᠢ ᠰᠡᠷᠭᠡᠶᠢᠯᠡᠨ ᠬᠤᠷᠢᠭᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠬᠡᠲᠦ ᠳᠡᠯᠭᠡᠭᠦᠷ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠬᠠᠮᠠᠭᠠᠯᠠᠬᠤ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ ᠂ ᠬᠥᠮᠦᠰ ᠤᠨ ᠣᠷᠣᠵᠤ ᠭᠠᠷᠬᠤ ᠶᠢ ᠬᠠᠮᠢᠶᠠᠷᠬᠤ᠂ ᠪᠡᠶ᠎ᠡ ᠶᠢᠨ ᠳᠣᠯᠠᠭᠠᠨ ᠢ ᠬᠡᠮᠵᠢᠬᠦ ᠵᠢᠴᠢ ᠴᠡᠪᠡᠷᠯᠡᠨ ᠠᠷᠢᠭᠤᠳᠬᠠᠬᠤ ᠵᠡᠷᠭᠡ ᠠᠵᠢᠯ ᠢ ᠴᠢᠩᠭᠠᠳᠬᠠᠵᠤ᠂ ᠬᠢᠵᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃             ᠹᠧᠩ ᠵᠢᠶᠠᠨ ᠵᠢᠶᠦ᠋ᠨ ᠠᠴᠠ᠂ ᠬᠥᠯᠳᠡᠭᠦᠦ ᠢᠳᠡᠭᠡᠨ ᠤ ᠬᠢᠨᠠᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠰᠡᠷᠡᠮᠵᠢ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠬᠥᠯᠳᠡᠭᠦᠦ ᠢᠳᠡᠭᠡᠨ ᠪᠣᠯ ᠣᠳᠣᠬᠠᠨ ᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠭᠤᠣᠯᠳᠠᠯᠭ᠎ᠠ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠬᠥᠯᠳᠡᠭᠦᠦ ᠢᠳᠡᠭᠡᠨ ᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠣᠳᠣᠬᠠᠨ ᠤ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠬᠠᠮᠢᠶᠠᠷᠤᠯᠳᠠ ᠪᠠᠨ ᠶᠠᠭᠠᠬᠢᠭᠰᠠᠨ ᠴᠦ ᠰᠤᠯᠠᠷᠠᠭᠤᠯᠵᠤ ᠪᠣᠯᠬᠤ ᠦᠭᠡᠢ᠃ ︽ᠬᠦᠮᠦᠰ ᠤᠨ ᠬᠤᠭᠤᠷᠤᠨᠳᠣᠬᠢ ᠬᠠᠯᠳᠠᠪᠤᠷᠢᠯᠠᠯ︾ ᠪᠣᠯᠤᠨ ︽ᠪᠣᠳᠠᠰ ᠤᠨ ᠬᠠᠯᠳᠠᠪᠤᠷᠢᠯᠠᠯ︾᠎ ᠢ ᠰᠠᠶᠢᠳᠣᠷ ᠰᠡᠷᠬᠡᠶᠢᠯᠡᠬᠦ ᠬᠡᠷᠡᠭᠳᠡᠢ᠃ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠭᠠᠳᠠᠭᠠᠳᠤ ᠠᠴᠠ ᠣᠷᠣᠭᠤᠯᠬᠤ ᠬᠥᠯᠳᠡᠭᠦᠦ ᠢᠳᠡᠭᠡᠨ ᠤ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠵᠤ᠂ ᠬᠥᠯᠳᠡᠭᠦᠦ ᠬᠥᠮᠥᠷᠭᠡ ᠶᠢ ᠨᠢᠭᠡᠳ ᠨᠢᠭᠡ ᠪᠠᠷ ᠪᠠᠶᠢᠴᠠᠭᠠᠵᠤ᠂ ᠠᠵᠢᠯ ᠢᠶᠠᠨ ᠨᠠᠷᠢᠯᠢᠭᠵᠢᠭᠤᠯᠵᠤ᠂ ᠭᠠᠳᠠᠭᠠᠳᠤ ᠠᠴᠠ ᠣᠷᠣᠭᠤᠯᠬᠤ ᠬᠥᠯᠳᠡᠭᠦᠦ ᠢᠳᠡᠭᠡᠨ ᠤ ᠬᠠᠮᠢᠶᠠᠷᠤᠯᠳᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠠᠵᠤ ᠠᠬᠤᠶᠢᠯᠠᠯ ᠨᠢ ᠳᠠᠩᠰᠠᠯᠠᠨ ᠬᠠᠮᠢᠶᠠᠷᠬᠤ ᠪᠠᠨ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠯᠳᠡᠭᠦᠦ ᠢᠳᠡᠭᠡᠨ ᠤ ᠢᠷᠡᠯᠲᠡ ᠶᠢ ᠮᠥᠷᠳᠡᠵᠦ ᠪᠣᠯᠬᠤ᠂ ᠪᠤᠷᠤᠯᠠᠭᠤᠯᠭ᠎ᠠ ᠶᠢᠨ ᠵᠠᠮ ᠢ ᠪᠠᠶᠢᠴᠠᠭᠠᠵᠤ ᠣᠯᠬᠤ ᠶᠢ ᠪᠠᠳᠣᠯᠠᠬᠤ ᠬᠡᠷᠡᠭᠳᠡᠢ ᠭᠡᠵᠦ ᠴᠢᠬᠤᠯᠠᠴᠢᠯᠠᠪᠠ᠃   ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号