| ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ᠂ ᠣᠳᠣᠬᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠯᠠᠳᠠ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠤᠨ ︽ᠶᠡᠭᠡ | ᠪᠠᠶᠢᠴᠠᠭᠠᠯᠲᠠ᠂ ᠶᠡᠭᠡ ᠬᠠᠶᠢᠯᠲᠠ᠂ ᠶᠡᠭᠡ ᠴᠡᠭᠴᠡᠯᠡᠯᠲᠡ︾ ᠶᠢᠨ ᠲᠤᠰᠬᠠᠶ ᠳᠤᠭᠤᠶᠢᠯᠠᠩ ᠨᠢ ᠰᠢᠯᠤᠭᠤᠨ ᠬᠥᠬᠡ | ᠬᠤᠰᠢᠭᠤᠨ ᠳᠤ ᠢᠷᠡᠵᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠠᠵᠢᠯᠯᠠᠭ᠎ᠠ | ᠥᠷᠨᠢᠬᠦᠯᠬᠦ ᠪᠠᠷ ᠪᠣᠯᠪᠠ᠃ ᠡᠳᠦᠭᠡ ᠬᠠᠮᠢᠶ᠎ᠠ ᠪᠦᠬᠦᠢ ᠵᠦᠢᠯᠡᠰ ᠢ ᠵᠠᠷᠯᠠᠨ ᠮᠡᠳᠡᠭᠳᠡᠶ᠎ᠡ᠄ | ᠨᠢᠭᠡ᠂ ᠠᠵᠢᠯᠯᠠᠭ᠎ᠠ ᠥᠷᠨᠢᠬᠦᠯᠬᠦ ᠴᠠᠭ | ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ | ᠠᠵᠢᠯᠯᠠᠬᠤ ᠳᠤᠭᠤᠶᠢᠯᠠᠩ ᠨᠢ 2021 ᠣᠨ ᠤ 10 ᠰᠠᠷ᠎ᠠ ᠶᠢᠨ 12 ᠠᠴᠠ 10 ᠰᠠᠷ᠎ᠠ ᠶᠢᠨ 21 ᠤ ᠡᠳᠦᠷ | ᠪᠣᠯᠲᠠᠯ᠎ᠠ ᠨᠡᠶᠢᠲᠡ 10 ᠡᠳᠦᠷ ᠠᠵᠢᠯᠯᠠᠬᠤ ᠪᠣᠯᠤᠨ᠎ᠠ᠃ | ᠬᠤᠶᠠᠷ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠶᠳᠪᠦᠷᠢᠯᠡᠬᠦ ᠬᠡᠪᠴᠢᠶ᠎ᠡ | ᠠᠵᠢᠯᠯᠠᠬᠤ ᠳᠤᠭᠤᠶᠢᠯᠠᠩ ᠨᠢ ᠠᠵᠢᠯ ᠤᠨ ᠬᠤᠭᠤᠴᠠᠭᠠᠨ ᠳᠤ ᠠᠮᠢ ᠠᠬᠤᠶ ᠣᠷᠴᠢᠨ | ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠬᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ | ᠭᠥᠯᠢᠶᠡᠨ ᠠᠪᠴᠤ ᠰᠢᠶᠳᠪᠦᠷᠢᠯᠡᠨ᠎ᠡ᠃ | ᠭᠤᠷᠪᠠ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ | ᠢᠯᠡᠴᠢᠯᠡᠨ ᠮᠡᠳᠡᠭᠦᠯᠬᠦ ᠤᠲᠠᠰᠤ᠄ 0479—8239813 | ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30—12᠄ 00᠂ ᠦᠳᠡ ᠶᠢᠨ | ᠬᠤᠶᠢᠨᠠᠬᠢ 14᠄ 30—17᠄ 00᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | 2021 ᠣᠨ ᠤ 10 ᠰᠠᠷ᠎ᠠ ᠶᠢᠨ 12 | | | ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ | | | | | | | | |