ᠨᠠᠷᠠᠲᠤ ᠰᠤᠮᠤ ᠮᠠᠯᠴᠢᠳ ᠲᠤ ᠵᠣᠷᠢᠭᠤᠯᠤᠭᠰᠠᠨ ᠮᠡᠷᠭᠡᠵᠢᠯ ᠤᠨ ᠰᠤᠷᠭᠠᠯᠲᠠ ᠡᠷᠬᠢᠯᠡᠪᠡ
ᠨᠡᠶᠢᠲᠡᠯᠡᠭᠰᠡᠨ ᠴᠠᠭ᠄
2021/10/27
             ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠮᠠᠯ ᠠᠵᠤ ᠠᠬᠤᠶ ᠶᠢᠨ ᠬᠠᠩᠭᠠᠯᠭ᠎ᠠ ᠶᠢᠨ ᠪᠦᠳᠦᠴᠡ ᠶᠢ ᠰᠢᠨᠡᠴᠢᠯᠡᠨ᠂ ᠮᠠᠯᠴᠢᠨ ᠲᠦᠮᠡᠨ ᠤ ᠦᠵᠡᠯᠲᠡ ᠲᠠᠨᠢᠯᠲᠠ ᠪᠠ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠠᠷ ᠢᠳᠡᠪᠬᠢᠲᠡᠶ ᠬᠥᠲᠥᠯᠥᠨ ᠵᠢᠯᠣᠭᠤᠳᠴᠤ᠂ ᠥᠨᠳᠥᠷ ᠪᠦᠲᠦᠮᠵᠢᠲᠡᠶ᠂ ᠠᠮᠢ ᠠᠬᠤᠶ ᠶᠢ ᠬᠠᠮᠠᠭᠠᠯᠠᠭᠰᠠᠨ᠂ ᠣᠳᠣᠬᠢᠴᠢᠯᠠᠭᠰᠠᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠨᠠᠷᠠᠲᠤ ᠰᠤᠮᠤᠨ ᠤ ᠮᠠᠯ ᠠᠵᠤ ᠠᠬᠤᠶ ᠶᠢ ᠬᠦᠭᠵᠢᠬᠦᠯᠬᠦ ᠶᠢᠨ ᠲᠤᠯᠠᠳᠠ᠂ 10 ᠰᠠᠷ᠎ᠠ ᠶᠢᠨ 21 ᠠᠴᠠ 23 ᠪᠣᠯᠲᠠᠯ᠎ᠠ᠂ ᠨᠠᠷᠠᠲᠤ ᠰᠤᠮᠤ ᠨᠢ ᠮᠠᠯᠴᠢᠳ ᠲᠤ ᠵᠣᠷᠢᠭᠤᠯᠤᠭᠰᠠᠨ ᠮᠡᠷᠭᠡᠵᠢᠯ ᠤᠨ ᠰᠤᠷᠭᠠᠯᠲᠠ ᠡᠷᠬᠢᠯᠡᠪᠡ᠃ ᠪᠥᠬᠦ ᠰᠣᠮᠣᠨ ᠤ ᠭᠤᠣᠯᠳᠠᠯᠭᠠᠲᠤ ᠰᠦᠷᠦᠭ ᠤᠨ ᠡᠷᠦᠬᠡ᠂ ᠬᠡᠷ ᠪᠦᠯᠢ ᠶᠢᠨ ᠮᠠᠯᠵᠢᠯ ᠤᠨ ᠲᠠᠯᠠᠪᠠᠶ᠂ ᠦᠬᠡᠷ ᠤᠨ ᠭᠠᠷ ᠬᠡᠭᠡᠯᠲᠦᠭᠦᠯᠭᠡ ᠶᠢᠨ ᠠᠵᠢᠯ ᠬᠢᠵᠦ ᠪᠠᠶᠢᠭ᠎ᠠ ᠪᠣᠯᠪᠠᠴᠤ ᠴᠢᠳᠠᠪᠤᠷᠢ ᠶᠢᠨ ᠲᠠᠯ᠎ᠠ ᠪᠠᠷ ᠳᠡᠭᠡᠭᠰᠢᠯᠡᠭᠦᠯᠬᠦ ᠴᠢᠬᠤᠯᠠᠲᠠᠶ ᠬᠦᠮᠦᠰ ᠵᠢᠴᠢ ᠰᠣᠮᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠥᠭᠡᠮᠡᠯᠵᠢᠬᠦᠯᠬᠦ ᠲᠥᠪ ᠤᠨ ᠠᠵᠢᠯᠲᠠᠳ ᠵᠡᠷᠭᠡ 100 ᠭᠠᠷᠤᠶ ᠬᠥᠮᠦᠨ ᠰᠤᠷᠭᠠᠯᠲᠠ ᠳᠤ ᠣᠷᠣᠯᠴᠠᠪᠠ᠃              ᠲᠣᠰ ᠤᠳᠠᠭᠠᠨ ᠤ ᠰᠤᠷᠭᠠᠯᠲᠠ ᠶᠢ ᠮᠣᠩᠭᠤᠯ ᠬᠢᠲᠠᠳ 2 ᠠᠩᠭᠢ ᠬᠤᠪᠢᠶᠠᠨ ᠵᠡᠷᠭᠡᠪᠡᠷ ᠡᠷᠬᠢᠯᠡᠵᠦ ᠂ ᠣᠨᠣᠯ ᠤᠨ ᠬᠢᠴᠢᠶᠡᠯ᠂ ᠳᠠᠳᠤᠯᠭ᠎ᠠ ᠶᠢᠨ ᠬᠢᠴᠢᠶᠡᠯ ᠪᠠ ᠠᠵᠢᠭᠯᠠᠯᠲᠠ ᠰᠤᠳᠤᠯᠭ᠎ᠠ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠪᠠ᠃ ᠰᠤᠷᠭᠠᠯᠲᠠ ᠳᠤ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ  ᠶᠢᠨ ᠫᠷᠤᠹᠧᠰᠰᠤᠷ ᠮᠡᠨᠳᠦᠪᠠᠶᠠᠷ᠂ ᠬᠤᠰᠢᠭᠤ ᠮᠠᠯ ᠠᠵᠤ ᠠᠬᠤᠶ ᠶᠢᠨ ᠠᠵᠢᠯ ᠤᠨ ᠥᠷᠲᠡᠭᠡᠨ ᠤ ᠮᠠᠯ ᠠᠵᠤ ᠠᠬᠤᠶ  ᠶᠢᠨ ᠠᠬᠠᠯᠠᠭᠴᠢ ᠮᠡᠷᠭᠡᠵᠢᠯᠲᠡᠨ ᠾᠥᠸᠧ ᠶᠢᠨ ᠮᠢᠩ ᠨᠠᠷ ᠢ ᠲᠤᠰᠬᠠᠶᠢᠯᠠᠨ ᠤᠷᠢᠵᠤ ᠬᠢᠴᠢᠶᠡᠯ ᠣᠷᠣᠭᠤᠯᠪᠠ᠃ ᠬᠤᠶᠠᠷ ᠪᠠᠭᠰᠢ ᠠᠴᠠ ᠣᠳᠣᠬᠢᠴᠢᠯᠠᠭᠰᠠᠨ ᠮᠠᠯ ᠠᠵᠤ ᠠᠬᠤᠶ ᠶᠢᠨ ᠲᠣᠭᠤᠷᠢᠨ ᠳᠤ᠂ ᠮᠢᠬᠠᠨ ᠤ ᠦᠬᠡᠷ ᠲᠤ ᠬᠡᠭᠡᠯᠳᠦᠭᠦᠯᠬᠡ ᠬᠢᠬᠦ᠂ ᠠᠷᠠᠴᠢᠯᠠᠨ ᠮᠠᠯᠵᠢᠬᠤ ᠪᠠ ᠬᠢᠵᠢᠭ ᠭᠡᠮ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠣᠯᠠᠨ ᠳᠤ ᠣᠨᠣᠯ ᠤᠨ ᠬᠢᠴᠢᠶᠡᠯ ᠣᠷᠣᠪᠠ᠃  ᠳᠠᠳᠤᠯᠭ᠎ᠠ ᠶᠢᠨ ᠬᠢᠴᠢᠶᠡᠯ ᠳᠤ᠂ ᠦᠬᠡᠷ ᠲᠤ ᠬᠡᠭᠡᠯᠳᠥᠭᠦᠯᠭᠡ ᠬᠢᠬᠦ᠂ ᠦᠬᠡᠷ ᠢ ᠠᠷᠠᠴᠢᠯᠠᠨ ᠳᠣᠳᠤᠮᠳᠠᠬᠤ᠂ ᠲᠣᠨᠤᠭ ᠳᠥᠬᠦᠭᠡᠷᠦᠮᠵᠢ ᠶᠢ ᠠᠷᠢᠭᠤᠳᠬᠠᠬᠤ᠂ ᠦᠨᠢᠶᠡᠨ ᠤ ᠣᠷᠤᠭ᠎ᠠ ᠣᠷᠣᠬᠤ ᠶᠢ ᠬᠢᠨᠠᠨ ᠲᠣᠭᠲᠠᠭᠠᠬᠤ᠂ ᠢᠴᠡᠭᠡᠯ ᠦᠷ᠎ᠡ ᠶᠢ ᠭᠡᠰᠬᠡᠬᠦ᠂ ᠰᠢᠯᠤᠭᠤᠨ ᠭᠡᠳᠡᠰᠦ ᠪᠠᠷ ᠭᠡᠬᠡᠯᠳᠦᠭᠦᠯᠬᠦ ᠵᠡᠷᠭᠡ ᠠᠷᠭ᠎ᠠ ᠮᠡᠷᠭᠡᠵᠢᠯ ᠠᠴᠠ ᠡᠬᠢᠯᠡᠭᠡᠳ ᠥᠪᠡᠷ ᠤᠨ ᠣᠯᠠᠨ ᠵᠢᠯ ᠤᠨ ᠳᠤᠷᠰᠢᠯᠭ᠎ᠠ ᠪᠠᠷ ᠢᠶᠠᠨ ᠦᠢᠯᠡᠳᠦᠯᠭᠡᠵᠢᠬᠦᠯᠦᠨ ᠬᠢᠴᠢᠶᠡᠯᠯᠡᠭᠰᠡᠨ ᠤ ᠬᠠᠮᠲᠤ ᠲᠡᠳᠡᠨ ᠤ ᠪᠣᠳᠠᠲᠠᠶ ᠠᠵᠢᠯᠯᠠᠭᠠᠨ  ᠳᠤ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ  ᠶᠢ ᠴᠠᠭ ᠲᠤᠬᠠᠶ ᠳᠤᠨᠢ ᠵᠠᠯᠠᠷᠠᠭᠤᠯᠪᠠ᠃ ᠬᠦᠮᠦᠨ ᠨᠢᠭᠡᠪᠦᠷᠢ ᠳᠤ ᠴᠥᠮ ᠦᠬᠡᠷ ᠤᠨ ᠭᠠᠷ ᠬᠡᠭᠡᠯᠲᠦᠭᠦᠯᠭᠡ ᠶᠢᠨ ᠮᠡᠷᠭᠡᠵᠢᠯ ᠢ ᠨᠡᠯᠢᠶᠡᠳ ᠰᠠᠶᠢᠨ ᠡᠵᠡᠮᠰᠢᠬᠦᠯᠬᠦ ᠶᠢᠨ ᠲᠤᠯᠠᠳᠠ᠂ ᠰᠣᠮᠣᠨ ᠠᠴᠠ 2 ᠦᠬᠡᠷ ᠪᠡᠯᠡᠳᠬᠡᠵᠦ᠂ ᠬᠤᠰᠢᠭᠤ ᠮᠠᠯ ᠠᠵᠤ ᠠᠬᠤᠶ ᠶᠢᠨ ᠠᠵᠢᠯ ᠤᠨ ᠥᠷᠲᠡᠭᠡᠨ ᠠᠴᠠ ᠰᠢᠩᠭᠡᠨ ᠠᠽᠣᠲ ᠰᠠᠪᠠ᠂ ᠮᠢᠺᠷᠣᠰᠺᠣᠫ᠂ ᠨᠠᠷᠢᠨ ᠭᠤᠤᠷᠰᠤ  ᠶᠢᠨ ᠢᠴᠡᠭᠡᠯ ᠦᠷ᠎ᠡ ᠵᠢᠴᠢ ᠦᠷ᠎ᠡ ᠳᠠᠮᠵᠢᠭᠤᠯᠬᠤ ᠫᠤᠤ ᠵᠡᠷᠭᠡ ᠳᠠᠳᠤᠯᠭ᠎ᠠ ᠶᠢᠨ ᠪᠠᠭᠠᠵᠢ ᠬᠡᠷᠡᠭᠰᠡᠯ ᠢ ᠦᠨ᠎ᠡ ᠲᠥᠯᠥᠪᠦᠷᠢ ᠥᠬᠡᠶ ᠪᠠᠷ ᠬᠠᠩᠭᠠᠪᠠ᠃
             ᠰᠤᠷᠭᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠤᠯᠠᠳᠠ᠂ 10 ᠰᠠᠷ᠎ᠠ ᠶᠢᠨ 23 ᠤ ᠡᠳᠦᠷ᠂ ᠨᠠᠷᠠᠲᠤ ᠰᠣᠮᠣ ᠨᠢ ᠰᠤᠷᠭᠠᠯᠲᠠ ᠳᠤ ᠣᠷᠤᠯᠴᠠᠭᠰᠠᠨ ᠬᠦᠮᠦᠰ ᠢ ᠵᠣᠬᠢᠶᠠᠨ ᠪᠠᠶᠢᠭᠤᠯᠵᠤ ᠠᠵᠢᠭᠯᠠᠯᠲᠠ ᠰᠤᠳᠤᠯᠭ᠎ᠠ ᠬᠢᠯᠭᠡᠨ ᠪᠤᠳᠠᠲᠠᠢ ᠦᠢᠯᠡᠳᠦᠯᠭᠡ ᠳᠤ ᠣᠷᠤᠯᠴᠠᠭᠤᠯᠪᠠ᠃ ᠲᠡᠳᠡᠨᠡᠷ ᠨᠠᠷᠠᠲᠤ ᠰᠣᠮᠣᠨ ᠤ ᠭᠤᠭᠤᠰᠤᠲᠠᠢ ᠭᠠᠴᠠᠭᠠᠨ ᠤ ᠭᠤᠣᠯᠳᠠᠯᠭᠠᠲᠤ ᠰᠦᠷᠦᠭ ᠮᠠᠯᠵᠢᠬᠤ ᠡᠷᠦᠬᠡ ᠬᠠᠰᠪᠠᠭᠠᠲᠤᠷ᠂ ᠪᠥᠬᠡ᠂ ᠰᠠᠩ ᠤᠨ ᠳᠠᠯᠠᠢ ᠪᠠᠯᠭᠠᠰᠤᠨ  ᠤ ᠡᠩᠬᠡᠪᠤᠯᠠᠭ ᠭᠠᠴᠠᠭᠠᠨ ᠤ ᠠᠪᠠᠷᠢᠮᠢᠳ᠂ ᠰᠠᠷᠠᠭᠤᠯᠲᠠᠯ᠎ᠠ ᠭᠠᠴᠠᠭᠠᠨ ᠤ ᠱᠦᠨ ᠲᠧᠩ ᠲᠡᠵᠢᠭᠡᠨ ᠪᠣᠶᠢᠵᠢᠭᠤᠯᠬᠤ ᠲᠤᠰᠬᠠᠢ ᠬᠤᠷᠰᠢᠶᠠᠵᠢᠯ᠂ ᠲᠠᠭᠠᠨᠠᠲᠤ ᠭᠠᠴᠠᠭᠠᠨ ᠤ ᠶᠦᠩ ᠱᠧᠩ ᠲᠡᠵᠢᠭᠡᠨ ᠪᠣᠶᠢᠵᠢᠭᠤᠯᠬᠤ ᠲᠤᠰᠬᠠᠢ ᠬᠤᠷᠰᠢᠶᠠᠵᠢᠯ ᠵᠡᠷᠭᠡ ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠴᠡᠭ ᠲᠤ ᠰᠤᠳᠤᠯᠭ᠎ᠠ ᠬᠢᠵᠦ᠂ ᠪᠤᠳᠠᠲᠠᠢ ᠲᠤᠷᠰᠢᠯᠭ᠎ᠠ ᠬᠤᠷᠠᠮᠳᠤᠭᠤᠯᠵᠠᠢ᠃ ᠠᠵᠢᠭᠯᠠᠨ ᠰᠤᠷᠤᠯᠴᠠᠬᠤ ᠶᠠᠪᠤᠴᠠ ᠳᠤ᠂ ᠲᠡᠷᠢᠭᠦᠨ ᠤ ᠲᠡᠵᠢᠭᠡᠨ ᠪᠣᠶᠢᠵᠢᠭᠤᠯᠬᠤ ᠮᠡᠷᠭᠡᠵᠢᠯ ᠪᠠ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠨᠢᠳᠦ ᠪᠠᠷ ᠢᠶᠠᠨ ᠦᠵᠡᠵᠦ᠂ ᠮᠢᠬᠠᠨ ᠤ ᠦᠬᠡᠷ ᠢ ᠣᠳᠣᠬᠢᠴᠢᠯᠠᠬᠤ᠂ ᠪᠠᠷᠢᠮᠵᠢᠶᠠᠵᠢᠭᠤᠯᠤᠨ ᠮᠠᠯᠵᠢᠬᠤ ᠪᠠ ᠥᠨᠳᠥᠷ ᠪᠦᠲᠦᠮᠵᠢᠲᠡᠶ ᠮᠠᠯᠵᠢᠬᠤ ᠮᠡᠷᠭᠡᠵᠢᠯ ᠤᠨ ᠲᠠᠯ᠎ᠠ ᠪᠠᠷ ᠢᠯᠡᠭᠦᠦ ᠭᠦᠨᠵᠡᠭᠡᠢ ᠣᠶᠢᠯᠠᠭᠠᠯᠲᠠ ᠲᠠᠢ ᠪᠣᠯᠵᠠᠢ᠃              ᠲᠤᠰ ᠤᠳᠠᠭᠠᠨ ᠤ ᠰᠤᠷᠭᠠᠯᠲᠠ ᠶᠢᠨ ᠠᠵᠢᠯᠯᠠᠭ᠎ᠠ ᠨᠢ ᠲᠡᠳᠡᠨ ᠳᠤ ᠭᠦᠨ ᠰᠡᠩᠬᠡᠷᠡᠭᠦᠯᠦᠯ ᠣᠯᠭᠤᠵᠤ᠂ ᠮᠠᠰᠢ ᠶᠡᠭᠡ ᠣᠯᠣᠯᠲᠠ ᠲᠠᠢ ᠪᠣᠯᠣᠭᠰᠠᠨ ᠪᠠᠶᠢᠨ᠎ᠠ᠃ ᠶᠠᠭᠤᠨ ᠤ ᠤᠷᠢᠳ ᠣᠷᠤᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠭᠦᠶᠴᠡᠳ ᠲᠠᠨᠢᠵᠠᠢ᠂ ᠵᠢᠱᠢᠶᠡᠯᠡᠪᠡᠯ ᠦᠵᠡᠯᠲᠡ ᠲᠠᠨᠢᠯᠲᠠ ᠪᠠ ᠡᠵᠡᠩᠨᠡᠯᠲᠡ ᠶᠢᠨ ᠣᠶᠢᠯᠠᠭᠠᠭᠳᠠᠬᠤᠨ ᠬᠤᠴᠣᠷᠤᠩᠭᠤᠶ᠂ ᠮᠢᠬᠠᠨ ᠤ ᠦᠬᠡᠷ ᠤᠨ ᠰᠠᠶᠢᠨ ᠡᠭᠦᠯᠳᠡᠷ ᠤᠨ ᠨᠣᠷᠮ᠎ᠠ ᠪᠠ ᠦᠷᠡᠵᠢᠯᠲᠡ ᠶᠢᠨ ᠨᠣᠷᠮ᠎ᠠ ᠳᠣᠤᠷ᠎ᠠ᠂ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠪᠦᠷᠬᠦᠴᠡ ᠢᠪᠴᠤᠤ᠂ ᠮᠠᠯ ᠠᠵᠤ ᠠᠬᠤᠢ ᠶᠢᠨ ᠰᠠᠭᠤᠷᠢ ᠳᠦᠬᠦᠭᠡᠷᠦᠮᠵᠢ ᠪᠠᠭᠤᠷᠠᠶ ᠵᠡᠷᠭᠡ ᠠᠰᠠᠭᠤᠳᠠᠯ ᠪᠠᠨ ᠣᠯᠵᠤ ᠲᠠᠨᠢᠭᠰᠠᠨ ᠪᠠᠶᠢᠨ᠎ᠠ᠃ ᠲᠡᠳᠡ ᠬᠡᠯᠡᠬᠦ ᠳᠡᠭᠡᠨ ᠬᠤᠶᠢᠰᠢᠳᠠ ᠶᠢᠨ ᠦᠶᠯᠡᠳᠪᠦᠷᠢᠯᠡᠯ ᠠᠮᠢᠳᠤᠷᠠᠯ ᠳᠤᠮᠳᠠ ᠪᠠᠨ ᠨᠢᠭᠡ ᠳᠤ᠂ ᠥᠪᠡᠷ ᠤᠨ ᠠᠵᠤ ᠦᠶᠯᠡᠰ ᠢᠶᠠᠨ ᠬᠥᠭᠵᠢᠭᠦᠯᠬᠦ ᠳᠤ ᠠᠮᠢ ᠠᠬᠤᠶ ᠶᠢᠨ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠪᠠᠯ ᠰᠠᠶ᠋ᠢ ᠦᠷᠭᠦᠯᠵᠢᠯᠡᠨ ᠬᠥᠭᠵᠢᠭᠦᠯᠵᠦ ᠴᠢᠳᠠᠨ᠎ᠠ᠃ ᠬᠤᠶᠠᠷ ᠲᠤ᠂ ᠲᠡᠷᠢᠭᠦᠨ ᠤ ᠲᠡᠵᠢᠭᠡᠨ ᠪᠣᠶᠢᠵᠢᠭᠤᠯᠬᠤ ᠮᠡᠷᠭᠡᠵᠢᠯ ᠢ ᠰᠤᠷᠤᠯᠴᠠᠵᠤ᠂ ᠵᠥᠷᠢᠶ᠎ᠡ ᠪᠠᠨ ᠡᠷᠢᠵᠦ᠂ ᠦᠵᠡᠯᠲᠡ ᠪᠠᠨ ᠰᠢᠨᠡᠳᠭᠡᠨ᠂ ᠥᠪᠡᠷ ᠤᠨ ᠠᠵᠤ ᠦᠶᠯᠡᠰ ᠢᠶᠠᠨ ᠲᠠᠰᠤᠷᠠᠯᠲᠠ ᠤᠢᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃ ᠭᠤᠷᠪᠠ ᠳᠤ᠂ ᠥᠪᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠡᠳᠬᠢᠮᠵᠢ ᠪᠠᠨ ᠰᠢᠨᠡᠴᠢᠯᠡᠨ᠂ ᠥᠨᠳᠥᠷ ᠪᠦᠲᠦᠮᠵᠢᠲᠡᠶ᠂ ᠪᠣᠬᠢᠷᠲᠤᠯ ᠥᠬᠡᠶ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠰᠢᠨ᠎ᠡ ᠵᠠᠮ ᠢᠶᠠᠷ ᠵᠠᠮᠨᠠᠪᠠᠯ ᠰᠠᠶ᠋ᠢ ᠭᠠᠷᠤᠯᠲᠠ ᠪᠠᠨ ᠨᠡᠮᠡᠭᠳᠡᠭᠦᠯᠵᠦ᠂ ᠦᠷ᠎ᠡ ᠠᠰᠢᠭ ᠢᠶᠠᠨ ᠳᠡᠭᠡᠭᠰᠢᠯᠡᠬᠦᠯᠦᠨ᠂ ᠣᠷᠣᠯᠭ᠎ᠠ ᠪᠠᠨ ᠨᠡᠮᠡᠭᠳᠡᠭᠦᠯᠵᠦ ᠴᠢᠳᠠᠨ᠎ᠠ ᠭᠡᠴᠡᠭᠡᠵᠦ ᠪᠠᠶᠢᠪᠠ᠃              ᠲᠤᠰ ᠤᠳᠠᠭᠠᠨ ᠤ ᠰᠤᠷᠭᠠᠯᠲᠠ ᠨᠢ ᠪᠣᠯᠪᠠᠰᠤᠷᠠᠯ ᠬᠦᠷᠲᠡᠭᠰᠡᠨ ᠮᠠᠯᠴᠢᠳ ᠤᠨ ᠦᠵᠡᠯ ᠰᠠᠨᠠᠭ᠎ᠠ ᠣᠶᠢᠯᠠᠭᠠᠭᠳᠠᠬᠤᠨ ᠪᠠ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠡᠷᠴᠢ ᠵᠣᠷᠢᠭ ᠢ ᠬᠥᠪᠴᠢᠯᠡᠭᠰᠡᠨ  ᠢᠶᠠᠷ ᠪᠠᠷᠠᠬᠤ ᠥᠬᠡᠶ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠲᠠᠯ᠎ᠠ ᠪᠠᠷ ᠬᠢ ᠲᠠᠨᠢᠯᠲᠠ ᠶᠢ ᠨᠢ ᠴᠤ ᠳᠡᠭᠡᠭᠰᠢᠯᠡᠬᠦᠯᠵᠦ ᠴᠢᠳᠠᠵᠠᠢ᠃ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号