ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠮᠢᠳᠤᠯᠢᠭ ᠢᠶᠠᠷ ᠬᠢᠨᠠᠨ ᠬᠡᠮᠵᠢᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/10/29
ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠮᠢᠳᠤᠯᠢᠭ ᠢᠶᠠᠷ ᠬᠢᠨᠠᠨ ᠬᠡᠮᠵᠢᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ᠨᠢᠭᠡ᠄ ᠬᠢᠨᠠᠨ ᠬᠡᠮᠵᠢᠬᠦ ᠡᠲᠡᠭᠡᠳ ᠨᠢ ᠬᠡᠨ ᠪᠤᠢ︖         ᠬᠢᠨᠠᠨ ᠬᠡᠮᠵᠢᠬᠦ ᠡᠲᠡᠭᠡᠳ ᠨᠢ ᠪᠣᠯ ᠬᠦᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠡᠭᠦᠰᠦᠭᠰᠡᠨ ᠬᠦᠨᠳᠦ ᠨᠣᠴᠢᠲᠠᠶ ᠬᠦᠴᠢᠷᠳᠡᠯᠲᠡᠶ ᠡᠷᠦᠬᠡ ᠵᠡᠷᠭᠡ ᠭᠤᠷᠪᠠᠨ ᠲᠥᠷᠥᠯ ᠤᠨ ᠬᠦᠮᠦᠰ ᠪᠣᠯᠤᠨ᠎ᠠ᠃ ᠣᠨᠳᠣᠤ ᠭᠠᠵᠠᠷ ᠨᠡᠭᠦᠯᠭᠡᠬᠦ ᠵᠢᠴᠢ ᠢᠵᠢᠯ ᠠᠯᠬᠤᠮ ᠢᠶᠠᠷ ᠨᠡᠭᠦᠯᠭᠡᠬᠦ ᠠᠴᠠ ᠪᠣᠯᠵᠣ ᠨᠢᠭᠡᠨᠲᠡ ᠬᠤᠲᠠ ᠪᠠᠯᠭᠠᠰᠤᠨ ᠤ ᠡᠷᠦᠬᠡ ᠠᠮᠠ ᠶᠢᠨ ᠲᠠᠩᠰᠠ ᠲᠠᠢ ᠪᠣᠯᠣᠭᠰᠠᠳ ᠨᠢ ᠬᠡᠷᠪᠡ ᠱᠠᠭᠠᠷᠳᠠᠯᠭ᠎ᠠ ᠳᠤ ᠨᠡᠶᠢᠴᠡᠪᠡᠯ ᠮᠥᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠨ᠎ᠠ᠃ ︵ᠨᠢᠭᠡ︶ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠃ ᠬᠡᠳᠦᠶᠢᠪᠡᠷ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠠᠴᠠ ᠳᠠᠪᠠᠭᠰᠠᠨ ᠪᠣᠯᠪᠠᠴᠤ ᠡᠯ᠎ᠡ ᠲᠠᠯ᠎ᠠ ᠶᠢᠨ ᠬᠥᠭᠵᠢᠯᠲᠡ ᠶᠢᠨ ᠨᠥᠬᠦᠴᠡᠯ᠂ ᠢᠯᠠᠩᠭᠤᠶ᠎ᠠ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠲᠤᠬᠠᠶ ᠶᠢᠨ ᠭᠠᠵᠠᠷ ᠤᠨ ᠬᠢᠨᠠᠨ ᠬᠡᠮᠵᠢᠬᠦ ᠬᠡᠪᠴᠢᠶ᠎ᠡ ︵ᠬᠦᠳᠡᠭᠡ ᠲᠣᠰᠬᠤᠨ ᠤ ᠵᠢᠯ ᠪᠦᠷᠢ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠪᠠᠷᠢᠮᠵᠢᠶ᠎ᠠ᠂ ᠬᠥᠳᠡᠭᠡ ᠲᠣᠰᠬᠤᠨ ᠤ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠪᠣᠯᠤᠨ ᠪᠠᠷᠠᠭᠠᠨ ᠤ ᠦᠨ᠎ᠡ ᠶᠢᠨ ᠵᠢᠭᠠᠯᠲᠠ ᠲᠤᠭ᠎ᠠ ᠵᠡᠷᠭᠡ ᠬᠦᠴᠦᠨ ᠵᠦᠢᠯ  ᠳᠤ ᠲᠣᠬᠢᠷᠠᠭᠤᠯᠤᠯᠲᠠ ᠬᠢᠬᠦ ᠠᠴᠠ ᠳᠣᠣᠷ᠎ᠠ ᠪᠣᠶᠣ ᠲᠣᠭᠲᠠᠭᠤᠨ ᠪᠤᠰᠤ ᠪᠠᠶᠢᠵᠤ ᠳᠠᠬᠢᠨ ᠶᠠᠳᠠᠭᠤᠷᠠᠬᠤ ᠪᠣᠯᠣᠮᠵᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠵᠢᠭᠠᠵᠤ ᠪᠤᠶ᠃ ︵ᠬᠤᠶᠠᠷ︶ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ᠃ ᠬᠡᠳᠦᠶᠢᠪᠡᠷ ᠣᠳᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠲᠡᠳᠬᠦᠬᠦ ᠪᠠᠷᠢᠮᠵᠢᠶ᠎ᠠ ᠠᠴᠠ ᠳᠠᠪᠠᠭᠰᠠᠨ ᠪᠣᠯᠪᠠᠴᠤ ᠡᠯ᠎ᠡ ᠲᠠᠯ᠎ᠠ ᠶᠢᠨ ᠬᠥᠭᠵᠢᠯᠲᠡ ᠶᠢᠨ ᠨᠥᠬᠦᠴᠡᠯ᠂ ᠢᠯᠠᠩᠭᠤᠶ᠎ᠠ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ ᠲᠤᠬᠠᠶ ᠶᠢᠨ ᠭᠠᠵᠠᠷ ᠤᠨ ᠬᠢᠨᠠᠨ ᠬᠡᠮᠵᠢᠬᠦ ᠬᠡᠪᠴᠢᠶ᠎ᠡ ︵ᠬᠥᠳᠡᠭᠡ ᠲᠣᠰᠬᠤᠨ ᠤ ᠵᠢᠯ ᠪᠦᠷᠢ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠪᠠᠷᠢᠮᠵᠢᠶ᠎ᠠ᠂ ᠬᠥᠳᠡᠭᠡ ᠲᠣᠰᠬᠤᠨ ᠤ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠪᠣᠯᠤᠨ ᠪᠠᠷᠠᠭᠠᠨ ᠤ ᠦᠨ᠎ᠡ ᠶᠢᠨ ᠵᠢᠭᠠᠯᠲᠠ ᠲᠤᠭ᠎ᠠ ᠵᠡᠷᠭᠡ ᠬᠦᠴᠦᠨ ᠵᠦᠢᠯ  ᠳᠤ ᠲᠣᠬᠢᠷᠠᠭᠤᠯᠤᠯᠲᠠ ᠬᠢᠬᠦ ᠠᠴᠠ ᠳᠣᠣᠷ᠎ᠠ ᠪᠣᠶᠣ ᠲᠣᠭᠲᠠᠭᠤᠨ ᠪᠤᠰᠤ ᠪᠠᠶᠢᠵᠤ ᠶᠠᠳᠠᠭᠤᠷᠠᠬᠤ ᠪᠣᠯᠣᠮᠵᠢ ᠲᠠᠢ ᠡᠩ  ᠤᠨ ᠮᠠᠯᠴᠢᠨ ᠲᠠᠷᠢᠶᠠᠴᠢᠨ ᠡᠷᠦᠬᠡ ᠶᠢ ᠵᠢᠭᠠᠵᠤ ᠪᠤᠶ᠃ ︵ᠭᠤᠷᠪᠠ︶ ᠭᠡᠨᠡᠳᠲᠡ ᠡᠭᠦᠰᠦᠭᠰᠡᠨ ᠬᠦᠨᠳᠦ ᠨᠣᠴᠢᠲᠠᠶ ᠬᠦᠴᠢᠷᠳᠡᠯᠲᠡᠶ ᠡᠷᠦᠬᠡ᠃ ᠬᠡᠷ ᠪᠦᠯᠢ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠨᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠱᠤᠭᠤᠮ ᠠᠴᠠ ᠥᠨᠳᠥᠷ᠂ ᠭᠡᠪᠡᠴᠦ ᠡᠪᠡᠳᠴᠢᠨ᠂ ᠭᠠᠮᠰᠢᠭ ᠪᠣᠶᠣ ᠰᠠᠨᠠᠭᠠᠨ ᠳᠤ ᠥᠬᠡᠶ ᠠᠳᠡᠯ ᠵᠡᠷᠭᠡ ᠭᠡᠨᠡᠳᠲᠡ ᠶᠢᠨ ᠪᠠᠶᠢᠳᠠᠯ ᠠᠴᠠ ᠪᠣᠯᠵᠤ ᠵᠠᠶᠢᠯᠠᠰᠢ ᠥᠬᠡᠶ ᠵᠠᠷᠤᠯᠭ᠎ᠠ ᠨᠢ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠠᠴᠠ ᠨᠡᠯᠢᠶᠡᠳ ᠶᠡᠭᠡ ᠳᠠᠪᠠᠭᠰᠠᠨ ᠪᠤᠶᠤ ᠣᠷᠣᠯᠭ᠎ᠠ ᠨᠢ ᠶᠡᠭᠡ ᠪᠠᠷ ᠪᠠᠭᠠᠰᠤᠭᠰᠠᠨ ᠠᠴᠠ ᠪᠣᠯᠵᠣ᠂ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠵᠤ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠣᠷᠣᠰᠢᠵᠤ ᠪᠠᠶᠢᠭ᠎ᠠ ᠮᠠᠯᠴᠢᠨ ᠲᠠᠷᠢᠶᠠᠴᠢᠨ ᠡᠷᠦᠬᠡ ︵ᠶᠠᠳᠠᠭᠤ ᠠᠴᠠ ᠠᠩᠭᠢᠵᠢᠷᠠᠭᠠᠳᠤᠢ ᠡᠷᠦᠬᠡ︶ ᠪᠣᠶᠣ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠵᠢᠭᠠᠵᠤ ᠪᠣᠶ᠃ᠲᠠᠬᠢᠨ ᠶᠠᠳᠠᠭᠤᠷᠠᠬᠤ ᠪᠠ ᠶᠠᠳᠠᠭᠤᠷᠠᠭᠤᠯᠬᠤ ᠵᠦᠢᠯ ᠳᠤ ᠭᠤᠣᠯᠳᠠᠭᠤ ᠡᠪᠡᠳᠴᠢᠨ᠂ ᠰᠤᠷᠤᠯᠭ᠎ᠠ᠂ ᠵᠡᠮᠳᠡᠭ᠂ ᠪᠠᠶᠢᠭᠠᠯᠢ  ᠶᠢᠨ ᠭᠠᠮᠰᠢᠭ᠂ ᠰᠠᠨᠠᠭᠠᠨ ᠳᠤ ᠦᠭᠡᠢ ᠠᠳᠡᠯ᠂ ᠠᠵᠤ ᠦᠢᠯᠡᠰ ᠪᠣᠰᠬᠠᠵᠤ ᠢᠯᠠᠭᠳᠠᠭᠰᠠᠨ᠂ ᠠᠵᠢᠯ ᠠᠯᠳᠠᠬᠤ ᠪᠣᠶᠣ ᠠᠵᠢᠯ ᠤᠯᠬᠤ ᠳᠤ ᠬᠦᠴᠢᠷ᠂ ᠬᠥᠳᠡᠯᠮᠦᠷᠢ ᠬᠦᠴᠦᠨ ᠳᠤᠲᠠᠭᠳᠠᠬᠤ ᠵᠢᠴᠢ ᠪᠤᠰᠤᠳ ᠲᠠᠯ᠎ᠠ ᠪᠠᠭᠲᠠᠨ᠎ᠠ᠃ ᠡᠭᠦᠨ ᠳᠠᠬᠢ ︽ᠪᠠᠶᠢᠭᠠᠯᠢ ᠶᠢᠨ ᠭᠠᠮᠰᠢᠭ︾ ᠭᠡᠳᠡᠭ ᠨᠢ ᠭᠤᠣᠯᠳᠠᠭᠤ ᠦᠶᠡᠷ ᠤᠰᠤᠲᠤᠯ ᠤᠨ ᠭᠠᠮᠰᠢᠭ᠂ ᠭᠠᠵᠠᠷ ᠵᠦᠢ ᠶᠢᠨ ᠭᠠᠮᠰᠢᠭ᠂ ᠭᠠᠩ ᠭᠠᠩᠳᠠᠯ᠂ ᠠᠮᠢᠲᠠᠨ ᠤ ᠭᠠᠮᠰᠢᠭ ︵ᠬᠤᠷᠣᠬᠠᠢ ᠶᠢᠨ ᠭᠠᠮᠰᠢᠭ︶᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠵᠢᠴᠢ ᠪᠤᠰᠤᠳ ︵ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ᠂ ᠲᠠᠯᠠᠢ ᠲᠠᠩᠭᠢᠰ ᠤᠨ ᠭᠠᠮᠰᠢᠭ ᠵᠡᠷᠭᠡ︶ ᠭᠠᠮᠰᠢᠭ ᠢ ᠵᠢᠭᠠᠵᠤ ᠪᠤᠢ᠃ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠠᠮᠢᠳᠤᠯᠢᠭ ᠢᠶᠠᠷ ᠬᠢᠨᠠᠨ ᠬᠡᠮᠵᠢᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ᠬᠤᠶᠠᠷ᠄ ᠬᠢᠨᠠᠨ ᠬᠡᠮᠵᠢᠬᠦ ᠬᠡᠪᠴᠢᠶ᠎ᠡ ᠨᠢ ᠶᠠᠭᠤ ᠪᠤᠢ︖ᠳᠠᠬᠢᠨ ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠶᠢ ᠠᠷᠢᠯᠭᠠᠬᠤ ᠪᠠᠷ ᠤᠷᠢᠲᠠᠯ ᠪᠣᠯᠭᠠᠵᠤ᠂ ᠣᠷᠣᠯᠭ᠎ᠠ᠂ ᠵᠠᠷᠤᠯᠭ᠎ᠠ᠂ ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠵᠡᠷᠭᠡ 3 ᠲᠠᠯ᠎ᠠ ᠶᠢᠨ ᠪᠠᠶᠢᠳᠠᠯ ᠢ ᠶᠡᠷᠦᠩᠬᠡᠶᠢᠯᠡᠭᠡᠳ ᠪᠥᠬᠦ ᠠᠶᠢᠮᠠᠭ ᠤᠨ ᠬᠥᠳᠡᠭᠡ ᠲᠣᠰᠬᠤᠨ ᠤ ᠪᠠᠶᠢᠩᠭᠤ ᠶᠢᠨ ᠰᠠᠭᠤᠭ᠎ᠠ ᠬᠥᠮᠦᠨ ᠠᠮᠠ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠢᠴᠢ ᠢᠵᠢᠯ ᠠᠯᠬᠤᠮ ᠢᠶᠠᠷ ᠨᠡᠭᠦᠯᠭᠡᠨ ᠬᠤᠲᠠ ᠪᠠᠯᠭᠠᠰᠤᠨ ᠤ ᠡᠷᠦᠬᠡ ᠠᠮᠠ ᠲᠠᠢ ᠪᠣᠯᠭᠠᠭᠰᠠᠨ ᠬᠥᠮᠦᠨ ᠠᠮᠠ ᠶᠢᠨ ᠳᠣᠲᠣᠷ᠎ᠠ ᠠᠴᠠ ᠬᠢᠨᠠᠨ ᠬᠡᠮᠵᠢᠬᠦ ᠡᠲᠡᠭᠡᠳ ᠢ ᠢᠯᠭᠠᠨ ᠲᠠᠨᠢᠵᠤ᠂ ᠪᠠᠭᠲᠠᠭᠠᠪᠠᠰᠤ ᠵᠣᠬᠢᠬᠤ ᠶᠢ ᠨᠢ ᠪᠦᠬᠦᠨ ᠢ ᠪᠠᠭᠲᠠᠭᠠᠵᠤ᠂ ᠬᠡᠪᠴᠢᠶ᠎ᠡ ᠶᠢ ᠨᠢ ᠬᠢᠵᠠᠭᠠᠷᠯᠠᠬᠤ ᠥᠬᠡᠶ᠃1. ᠣᠷᠣᠯᠭ᠎ᠠ ᠶᠢᠨ ᠲᠠᠯ᠎ᠠ ᠪᠠᠷ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠱᠤᠭᠤᠮ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ  ᠶᠢᠨ ᠬᠤᠭᠤᠴᠠᠭᠠᠨ ᠳᠠᠬᠢ ᠤᠯᠤᠰ ᠤᠨ ᠶᠠᠳᠠᠭᠤ ᠶᠢ ᠲᠡᠳᠬᠦᠬᠦ ᠪᠠᠷᠢᠮᠵᠢᠶ᠎ᠠ ᠶᠢᠨ 1.5 ᠳᠠᠬᠢᠨ ︵6000 ᠲᠥᠭᠦᠷᠢᠭ︶ ᠢᠶᠠᠷ 2021 ᠣᠨ ᠤ ᠪᠥᠬᠦ ᠠᠶᠢᠮᠠᠭ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ  ᠶᠢᠨ ᠱᠤᠭᠤᠮ ᠪᠣᠯᠭᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠱᠤᠭᠤᠮ ᠳᠤ ᠵᠢᠯ ᠪᠦᠷᠢ  ᠶᠢᠨ ᠬᠠᠮᠢᠶ᠎ᠠ ᠪᠥᠬᠦᠶ ᠬᠦᠴᠦᠨ ᠵᠦᠶᠯ ᠢ ᠶᠡᠷᠦᠩᠬᠡᠶᠢᠯᠡᠨ ᠲᠣᠬᠢᠷᠠᠭᠤᠯᠤᠯᠲᠠ ᠬᠢᠳᠡᠭ᠃2. ᠵᠠᠷᠤᠯᠭ᠎ᠠ ᠶᠢᠨ ᠲᠠᠯ᠎ᠠ ᠪᠠᠷ᠃ ᠲᠣᠭᠲᠠᠭᠠᠯ ᠳᠤ ᠨᠡᠶᠢᠴᠡᠭᠦᠯᠦᠨ ᠥᠪᠡᠷᠲᠡᠭᠡᠨ ᠬᠠᠷᠢᠭᠤᠴᠠᠬᠤ ᠵᠠᠷᠤᠯᠭ᠎ᠠ ᠨᠢ ᠬᠡᠷ ᠪᠦᠯᠢ ᠶᠢᠨ ᠦᠨᠳᠦᠰᠦᠨ ᠠᠮᠢᠳᠤᠷᠠᠯ ᠢ ᠨᠥᠯᠥᠭᠡᠯᠡᠭᠰᠡᠨ ᠡᠰᠡᠬᠦ ᠪᠠᠷ ᠵᠠᠷᠤᠯᠭ᠎ᠠ ᠶᠢ ᠬᠢᠨᠠᠨ ᠬᠡᠮᠵᠢᠬᠦ ᠪᠠᠷᠢᠮᠵᠢᠶ᠎ᠠ ᠪᠣᠯᠭᠠᠨ᠎ᠠ᠃ ᠲᠣᠭᠲᠠᠭᠠᠯ ᠳᠤ ᠨᠡᠶᠢᠴᠡᠭᠰᠡᠨ ᠥᠪᠡᠷᠲᠡᠭᠡᠨ ᠬᠠᠷᠢᠭᠤᠴᠠᠬᠤ ᠵᠠᠷᠤᠯᠭ᠎ᠠ ᠭᠡᠳᠡᠭ ᠨᠢ ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠵᠠᠷᠤᠯᠭ᠎ᠠ ᠠᠴᠠ ᠭᠠᠳᠠᠨᠠᠬᠢ ᠡᠷᠬᠡᠪᠰᠢ ᠵᠠᠪᠠᠯ ᠵᠠᠷᠤᠬᠤ ᠴᠢᠬᠤᠯᠠᠲᠠᠢ ᠵᠠᠷᠤᠯᠭ᠎ᠠ ᠭᠡᠳᠡᠭ ᠢ ᠭᠡᠷᠡᠴᠢᠯᠡᠵᠦ ᠳᠡᠶᠢᠯᠬᠦ ᠵᠠᠷᠤᠯᠭ᠎ᠠ ᠶᠢ ᠵᠢᠭᠠᠵᠤ ᠪᠠᠶᠢᠨ᠎ᠠ᠃3. ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ ᠲᠦᠪᠰᠢᠨ ᠤ ᠲᠠᠯ᠎ᠠ ᠪᠠᠷ ︵1︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠄ ᠬᠡᠷ ᠪᠦᠯᠢ ᠶᠢᠨ ᠠᠵᠤ ᠠᠬᠤᠶ ᠶᠢᠨ ᠬᠦᠴᠢᠷᠳᠡᠯ ᠪᠤᠶᠤ ᠰᠤᠷᠭᠠᠭᠤᠯᠢ ᠡᠷᠭᠢᠯᠡᠬᠦ ᠨᠥᠬᠦᠴᠡᠯ ᠤᠨ ᠪᠠᠲᠤᠯᠠᠭ᠎ᠠ ᠭᠦᠶᠴᠡᠳ ᠥᠬᠡᠶ ᠠᠴᠠ ᠪᠣᠯᠵᠣ ᠰᠤᠷᠬᠤ ᠨᠠᠰᠤᠨ ᠤ ᠬᠡᠦᠬᠡᠳ ᠪᠠᠭᠠᠴᠤᠳ ᠰᠤᠷᠤᠯᠭ᠎ᠠ ᠠᠯᠳᠠᠭᠰᠠᠨ ᠪᠣᠶᠣ ᠰᠤᠷᠤᠯᠭ᠎ᠠ ᠪᠠᠨ ᠳᠣᠷᠭᠤᠨ ᠵᠣᠭᠰᠣᠭᠰᠠᠨ ᠮᠠᠯᠴᠢᠨ ᠲᠠᠷᠢᠶᠠᠴᠢᠨ ᠡᠷᠦᠬᠡ ︵ᠪᠡᠶ᠎ᠡ ᠮᠠᠬᠠᠪᠣᠳ ᠤᠨ ᠰᠢᠯᠲᠠᠭᠠᠨ ᠠᠴᠠ ᠪᠣᠯᠵᠣ ᠰᠤᠷᠤᠯᠴᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠨᠢ ᠡᠭᠦᠨ ᠳᠤ ᠪᠠᠭᠲᠠᠬᠤ ᠥᠬᠡᠶ︶᠃ ︵2︶ ᠦᠨᠳᠦᠰᠦᠨ ᠡᠮᠴᠢᠯᠡᠭᠡᠨ ᠤ ᠲᠠᠯ᠎ᠠ ᠪᠠᠷ᠄ ᠬᠤᠪᠢ ᠬᠥᠮᠦᠨ ᠤ ᠰᠢᠯᠲᠠᠭᠠᠨ ᠠᠴᠠ ᠪᠣᠯᠵᠣ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠲᠤᠰᠢᠶᠠᠭᠰᠠᠨ ᠥᠬᠡᠶ ᠮᠥᠷᠲᠡᠭᠡᠨ ᠡᠮᠴᠢᠯᠡᠭᠡᠨ ᠤ ᠵᠠᠷᠤᠯᠭ᠎ᠠ ᠨᠢ ᠨᠡᠯᠢᠶᠡᠳ ᠶᠡᠭᠡ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠪᠣᠯᠣᠮᠵᠢ ᠣᠷᠣᠰᠢᠵᠤ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠵᠢᠯ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ ᠨᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠯᠲᠡ ᠶᠢᠨ ᠱᠤᠭᠤᠮ ᠠᠴᠠ ᠳᠣᠤᠷ᠎ᠠ ᠪᠠᠶᠢᠭ᠎ᠠ ᠮᠠᠯᠴᠢᠨ ᠲᠠᠷᠢᠶᠠᠴᠢᠨ ᠡᠷᠦᠬᠡ  ︵ᠶᠠᠳᠠᠭᠤ ᠠᠴᠠ ᠠᠩᠭᠢᠵᠢᠷᠠᠭᠠᠳᠤᠢ ᠡᠷᠦᠭᠡ︶᠃ ︵3︶ ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ᠄ ᠴᠣᠷ ᠤᠨ ᠭᠠᠭᠴᠠ ᠣᠷᠣᠨ ᠰᠠᠭᠤᠴᠠ ᠨᠢ ᠪᠠᠶᠢᠭᠠᠯᠢ ᠶᠢᠨ ᠭᠠᠮᠰᠢᠭ ᠪᠤᠶᠤ ᠭᠡᠨᠡᠳᠲᠡ ᠶᠢᠨ ᠠᠳᠡᠯ ᠠᠴᠠ ᠪᠣᠯᠵᠣ ᠡᠪᠳᠡᠭᠳᠡᠭᠰᠡᠨ ᠪᠤᠶᠤ ᠨᠤᠷᠠᠬᠤ ᠠᠶᠤᠯᠲᠠᠶ ᠬᠡᠷ ᠪᠠᠶᠢᠰᠢᠩ ᠪᠣᠯᠤᠭᠰᠠᠨ ᠪᠥᠭᠡᠳ ᠥᠭᠡᠷᠡᠴᠢᠯᠡᠨ ᠪᠠᠶᠢᠭᠤᠯᠬᠤ ᠴᠢᠳᠠᠪᠤᠷᠢ ᠥᠬᠡᠶ ᠮᠠᠯᠴᠢᠨ ᠲᠠᠷᠢᠶᠠᠴᠢᠨ ᠡᠷᠦᠬᠡ᠃ ︵4︶ ᠤᠤᠭᠤᠬᠤ ᠤᠰᠤᠨ ᠤ ᠠᠮᠤᠷ ᠳᠥᠪᠰᠢᠨ ᠤ ᠲᠠᠯ᠎ᠠ ᠪᠠᠷ᠄ ᠤᠰᠤᠨ ᠤ ᠴᠢᠨᠠᠷ᠂ ᠤᠰᠤᠨ ᠤ ᠬᠡᠮᠵᠢᠶ᠎ᠡ᠂ ᠤᠰᠤ ᠲᠠᠲᠠᠬᠤ ᠳᠥᠭᠦᠮ ᠳᠥᠲᠡ ᠶᠢᠨ ᠬᠡᠮᠵᠢᠶ᠎ᠡ᠂ ᠤᠰᠤ ᠬᠠᠩᠭᠠᠬᠤ ᠪᠠᠲᠤᠯᠠᠭ᠎ᠠ ᠶᠢᠨ ᠨᠣᠷᠮ᠎ᠠ ᠨᠢ ᠤᠤᠭᠤᠬᠤ ᠤᠰᠤᠨ ᠤ ᠠᠮᠤᠷ ᠳᠥᠪᠰᠢᠨ ᠤ ᠪᠠᠷᠢᠮᠵᠢᠶ᠎ᠠ ᠳᠤ ᠬᠦᠷᠦᠭᠡᠳᠦᠶ ᠪᠥᠭᠡᠳ ᠥᠭᠡᠷᠡᠴᠢᠯᠡᠨ ᠪᠠᠶᠢᠭᠤᠯᠬᠤ ᠴᠢᠳᠠᠪᠤᠷᠢ ᠦᠭᠡᠶ ᠮᠠᠯᠴᠢᠨ ᠲᠠᠷᠢᠶᠠᠴᠢᠨ ᠡᠷᠦᠬᠡ᠃4. ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ ᠪᠣᠯᠬᠤ ᠦᠭᠡᠢ ᠪᠠᠶᠢᠳᠠᠯ᠃ ᠳᠣᠤᠷᠠᠬᠢ 8 ᠲᠥᠷᠥᠯ ᠤᠨ ᠪᠠᠶᠢᠳᠠᠯ  ᠢ ᠵᠠᠷᠴᠢᠮ ᠳᠡᠭᠡᠷ᠎ᠡ ᠪᠠᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ ᠥᠬᠡᠶ᠄ ︵1︶ ᠭᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠪᠤᠶᠤ ᠤᠯᠤᠰ ᠤᠨ ᠥᠮᠴᠢᠯᠡᠯᠲᠦ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠵᠢᠩᠬᠢᠨᠢ ᠠᠵᠢᠯᠲᠠᠨ ᠪᠠᠶᠢᠬᠤ ᠃ ᠦᠷ᠎ᠡ ᠬᠡᠦᠬᠡᠳ ᠨᠢ ᠠᠴᠢᠯᠠᠨ ᠲᠡᠵᠢᠭᠡᠬᠦ ᠴᠢᠳᠠᠪᠤᠷᠢ ᠲᠠᠢ ᠪᠤᠶᠤ ᠦᠷ᠎ᠡ ᠬᠡᠦᠬᠡᠳ ᠨᠢ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠪᠤᠶᠤ ᠤᠯᠤᠰ ᠤᠨ ᠥᠮᠴᠢᠯᠡᠯᠲᠦ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠳᠤ ᠵᠢᠩᠬᠢᠨᠢ ᠠᠵᠢᠯ ᠲᠠᠢ ᠪᠠᠶᠢᠵᠤ᠂ ᠡᠴᠢᠭᠡ ᠡᠭᠡ ᠪᠠᠨ ᠵᠣᠷᠢᠭᠤᠳᠠ ᠲᠤᠰᠠᠭᠠᠷ ᠡᠷᠦᠬᠡ ᠰᠠᠯᠭᠠᠵᠤ ᠲᠤᠰᠠᠭᠠᠷ ᠰᠠᠭᠤᠯᠭᠠᠭᠰᠠᠨ᠃ ︵2︶ ᠲᠠᠷᠢᠵᠤ ᠲᠡᠵᠢᠭᠡᠬᠦ ᠲᠣᠮᠣ ᠡᠷᠦᠬᠡ ᠪᠤᠶᠤ ᠭᠡᠷ ᠲᠤᠨᠢ ᠶᠡᠭᠡ ᠬᠡᠮᠵᠢᠶᠡᠨ ᠤ ᠬᠠᠳᠠᠭᠠᠯᠠᠮᠵᠢ ᠲᠠᠢ᠃ ︵3︶  ᠭᠡᠷ ᠲᠤ ᠨᠢ ᠪᠠᠷᠠᠭᠠᠨ ᠤ ᠲᠡᠷᠭᠡ᠂ ᠰᠠᠭᠤᠳᠠᠯ ᠤᠨ ᠮᠠᠰᠢᠨ᠂ ᠮᠢᠶᠠᠨᠪᠣᠤ ᠲᠡᠷᠭᠡ᠂ ᠬᠡᠭᠡᠷᠡᠯᠡᠭᠴᠢ ᠲᠡᠷᠭᠡ ᠵᠡᠷᠭᠡ ᠮᠠᠰᠢᠨᠲᠤ ᠲᠡᠷᠭᠡ᠂ ᠪᠠᠷᠢᠯᠭ᠎ᠠ ᠶᠢᠨ ᠲᠡᠷᠭᠡ᠂ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢᠨ ᠨᠢᠭᠡ ᠨᠢ ᠪᠠᠶᠢᠬᠤ᠃ ︵4︶ ᠬᠡᠷ ᠪᠦᠯᠢ ᠶᠢᠨ ᠪᠦᠷᠢᠯᠳᠦᠬᠦᠨ ᠨᠢ ᠬᠤᠰᠢᠭᠤ ᠰᠢᠶᠠᠨ ᠬᠤᠲᠠ ︵ᠲᠣᠭᠤᠷᠢᠭ︶ ᠪᠤᠶᠤ ᠰᠤᠮᠤ ᠰᠢᠶᠠᠩ ᠪᠠᠯᠭᠠᠰᠤᠨ ︵ᠲᠠᠷᠢᠶᠠᠯᠠᠩ ᠮᠠᠯᠵᠢᠯ ᠤᠨ ᠲᠠᠯᠠᠪᠠᠶ︶ ᠳᠤ ᠲᠠᠸᠠᠷ ᠤᠨ ᠬᠡᠷ ᠪᠠᠶᠢᠰᠢᠩ᠂ ᠬᠤᠳᠠᠯᠳᠤᠭ᠎ᠠ ᠳᠡᠯᠭᠡᠭᠦᠷ ᠬᠤᠳᠠᠯᠳᠤᠨ ᠠᠪᠤᠭᠰᠠᠨ᠂ ᠥᠪᠡᠰᠦᠪᠡᠨ ᠣᠷᠣᠨ ᠰᠠᠭᠤᠴᠠ ᠪᠠᠷᠢᠭᠰᠠᠨ ︵ᠴᠣᠷ ᠤᠨ ᠭᠠᠭᠴᠠ ᠣᠷᠣᠨ ᠰᠠᠭᠤᠴᠠ ᠪᠠᠭᠲᠠᠬᠤ ᠥᠬᠡᠶ︶᠃ ︵5︶ ᠭᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠳᠠᠩᠰᠠᠯᠠᠭᠤᠯᠤᠭᠰᠠᠨ ᠺᠣᠮᠫᠠᠨᠢ᠂ ᠵᠣᠴᠢᠳ ᠤᠨ ᠪᠠᠭᠤᠳᠠᠯ᠂ ᠦᠢᠯᠡᠳᠪᠦᠷᠢ᠂ ᠲᠠᠷᠢᠶᠠᠯᠠᠩ ᠤᠨ ᠲᠠᠯᠠᠪᠠᠢ ᠵᠡᠷᠭᠡ ᠲᠣᠮᠣ ᠬᠡᠯᠪᠡᠷᠢ ᠶᠢᠨ ᠠᠵᠤ ᠠᠬᠤᠢ ᠶᠢᠨ ᠪᠣᠳᠠᠲᠤ ᠴᠣᠭᠴᠠ ᠲᠠᠢ ᠪᠥᠭᠡᠳ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠬᠢᠯᠭᠡᠭᠰᠡᠨ᠃ ︵6︶ ᠪᠠᠷᠢᠯᠭ᠎ᠠ ᠶᠢ ᠨᠤᠷᠠᠭᠠᠨ ᠨᠡᠭᠦᠯᠭᠡᠬᠦ᠂ ᠭᠠᠵᠠᠷ ᠰᠢᠷᠣᠶ ᠶᠢ ᠲᠠᠲᠠᠪᠤᠷᠢᠯᠠᠨ ᠡᠵᠡᠯᠡᠬᠦ ᠵᠡᠷᠭᠡ ᠠᠴᠠ ᠪᠣᠯᠵᠣ ᠶᠡᠭᠡ ᠲᠣᠭᠠᠨ ᠤ ᠨᠥᠬᠦᠪᠥᠷᠢ ᠣᠯᠵᠤ᠂ ᠣᠷᠣᠯᠭ᠎ᠠ ᠨᠢ ᠲᠤᠬᠠᠶ ᠶᠢᠨ ᠭᠠᠵᠠᠷ ᠤᠨ ᠳᠤᠮᠳᠠᠴᠢ ᠬᠢᠷᠢ ᠲᠦᠪᠰᠢᠨ ᠠᠴᠠ ᠢᠯᠡᠳᠲᠡ ᠥᠨᠳᠥᠷ ᠪᠠᠶᠢᠬᠤ᠃ ︵7︶ ᠭᠡᠷ ᠪᠦᠯᠢ ᠶᠢᠨ ᠲᠣᠳᠤᠷᠠᠬᠢ ᠰᠤᠷᠤᠭᠴᠢᠳ ᠤᠨ ᠳᠣᠲᠣᠷ᠎ᠠ᠂ ᠥᠨᠳᠥᠷ ᠰᠦᠢᠳᠬᠡᠯ ᠢᠶᠠᠷ ᠰᠤᠷᠭᠠᠭᠤᠯᠢ ᠰᠣᠩᠭᠤᠨ ᠪᠢᠴᠢᠭ ᠦᠵᠡᠵᠦ ᠪᠠᠶᠢᠭ᠎ᠠ᠂ ᠥᠨᠳᠥᠷ ᠰᠦᠢᠳᠬᠡᠯ ᠢᠶᠠᠷ ᠬᠤᠪᠢ ᠶᠢᠨ ᠡᠷᠬᠢᠯᠡᠭᠰᠡᠨ ᠰᠤᠷᠭᠠᠭᠤᠯᠢ ᠳᠤ ᠰᠠᠭᠤᠵᠤ ᠪᠠᠶᠢᠭ᠎ᠠ ᠪᠤᠶᠤ ᠭᠠᠳᠠᠭᠠᠳᠤ ᠳᠤ ᠰᠤᠷᠤᠯᠴᠠᠵᠤ ᠪᠠᠶᠢᠭ᠎ᠠ ᠵᠡᠷᠭᠡ᠃ ︵8︶ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠨᠠᠮ ᠤᠨ ᠡᠭᠦᠷ ᠤᠨ ᠭᠡᠰᠢᠭᠦᠨ᠂ ᠡᠮᠡᠭᠲᠡᠶᠢᠴᠦᠳ  ᠤᠨ ᠬᠤᠯᠪᠤᠭᠠᠨ ᠤ ᠡᠷᠬᠢᠯᠡᠭᠴᠢ ᠵᠡᠷᠭᠡ ᠲᠣᠭᠲᠠᠮᠠᠯ ᠴᠠᠯᠢᠩ ᠪᠤᠶᠤ ᠨᠥᠬᠦᠪᠥᠷᠢ ᠠᠪᠴᠤ ᠪᠠᠶᠢᠭ᠎ᠠ᠃ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠮᠢᠳᠤᠯᠢᠭ ᠬᠢᠨᠠᠨ ᠬᠡᠮᠵᠢᠯᠲᠡ ᠶᠢᠨ ᠲᠥᠷᠥ ᠶᠢᠨ ᠪᠣᠳᠣᠯᠭ᠎ᠠ ᠶᠢᠨ ᠳᠤᠬᠠᠢ ᠠᠰᠠᠭᠤᠯᠲᠠ ᠬᠠᠷᠢᠭᠤᠯᠲᠠ ᠭᠤᠷᠪᠠ᠄ ᠬᠢᠨᠠᠨ ᠬᠡᠮᠵᠢᠬᠦ ᠠᠷᠭ᠎ᠠ ᠮᠠᠶ᠋ᠢᠭ ᠨᠢ ᠶᠠᠮᠠᠷ ᠪᠤᠢ︖           ᠮᠠᠯᠴᠢᠨ ᠲᠠᠷᠢᠶᠠᠴᠢᠨ ᠡᠷᠦᠬᠡ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠦᠨᠳᠦᠰᠦᠨ ᠱᠠᠲᠤᠨ ᠤ ᠺᠠᠳ᠋ᠷ ᠠᠴᠠ ᠰᠢᠯᠭᠠᠨ ᠪᠠᠶᠢᠴᠠᠭᠠᠬᠤ᠂ ᠰᠠᠯᠠᠭ᠎ᠠ ᠮᠥᠴᠢᠷ ᠠᠴᠠ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠨᠡᠶᠢᠭᠡᠮ ᠠᠴᠠ ᠬᠢᠨᠠᠯᠲᠠ ᠲᠠᠯᠪᠢᠵᠤ ᠢᠯᠡᠷᠡᠭᠦᠯᠬᠦ ᠶᠢ ᠤᠶᠠᠯᠳᠤᠭᠤᠯᠤᠭᠰᠠᠨ ᠠᠷᠭ᠎ᠠ ᠮᠠᠶ᠋ᠢᠭ ᠢ ᠠᠪᠴᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ᠢ ᠥᠷᠨᠢᠭᠦᠯᠦᠨ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠲᠠᠢ ᠡᠷᠦᠬᠡ᠂ ᠶᠠᠳᠠᠭᠤᠷᠠᠭᠤᠯᠬᠤ ᠬᠦᠴᠦᠨ ᠵᠦᠶᠯ᠂ ᠶᠠᠳᠠᠭᠤᠷᠠᠬᠤ ᠪᠣᠯᠣᠮᠵᠢ ᠲᠠᠢ ᠡᠲᠡᠭᠡᠳ ᠢ ᠴᠠᠭ ᠲᠤᠬᠠᠶ ᠳᠤᠨᠢ ᠪᠠᠶᠢᠴᠠᠭᠠᠨ ᠢᠯᠡᠷᠡᠭᠦᠯᠦᠨ᠎ᠡ᠃ ︵ᠨᠢᠭᠡ︶ ᠮᠠᠯᠴᠢᠨ ᠲᠠᠷᠢᠶᠠᠴᠢᠨ ᠡᠷᠦᠬᠡ ᠥᠪᠡᠷ ᠲᠡᠭᠡᠨ ᠮᠡᠳᠡᠭᠦᠯᠬᠦ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ  ᠶᠢ ᠴᠢᠩᠭᠠᠳᠬᠠᠨ᠂ ᠮᠠᠯᠴᠢᠨ ᠲᠠᠷᠢᠶᠠᠴᠢᠨ ᠡᠷᠦᠬᠡ ᠳᠣᠣᠷᠠᠬᠢ 3 ᠵᠦᠢᠯ ᠤᠨ ᠬᠡᠯᠪᠡᠷᠢ ᠪᠠᠷ ᠥᠪᠡᠷᠲᠡᠭᠡᠨ ᠭᠤᠶᠣᠴᠢᠯᠠᠨ ᠮᠡᠳᠡᠭᠦᠯᠵᠦ ᠪᠣᠯᠤᠨ᠎ᠠ᠃1. ᠶᠠᠳᠠᠭᠤ ᠠᠴᠠ ᠠᠩᠭᠢᠵᠢᠷᠠᠭᠰᠠᠨ ᠡᠷᠦᠬᠡ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠭᠠᠷ ᠤᠲᠠᠰᠤᠨ  ᠤ APP ᠶᠢ ᠬᠡᠷᠡᠭᠯᠡᠵᠦ ᠭᠤᠶᠤᠴᠢᠯᠠᠨ ᠮᠡᠳᠡᠭᠦᠯᠵᠦ ᠪᠣᠯᠤᠨ᠎ᠠ᠃2. ᠮᠠᠯᠴᠢᠨ ᠲᠠᠷᠢᠶᠠᠴᠢᠨ ᠡᠷᠦᠬᠡ ︽12317 ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠠᠪᠯᠠᠭ᠎ᠠ ᠶᠢᠨ ᠤᠲᠠᠰᠤ︾ ᠳᠤ ᠤᠲᠠᠰᠤᠳᠠᠵᠤ ᠭᠤᠶᠤᠴᠢᠯᠠᠨ ᠮᠡᠳᠡᠭᠦᠯᠵᠦ ᠪᠣᠯᠤᠨ᠎ᠠ᠃3. ᠮᠠᠯᠴᠢᠨ ᠲᠠᠷᠢᠶᠠᠴᠢᠨ ᠡᠷᠦᠬᠡ ᠪᠠᠶᠢᠭ᠎ᠠ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠳᠠᠭᠠᠨ ᠰᠢᠭᠤᠳ ᠮᠡᠳᠡᠭᠦᠯᠵᠦ ᠪᠣᠯᠤᠨ᠎ᠠ᠃ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ ᠴᠢᠳᠠᠬᠤ ᠦᠭᠡᠢ ᠮᠠᠯᠴᠢᠨ ᠲᠠᠷᠢᠶᠠᠴᠢᠨ ᠡᠷᠦᠬᠡ ᠨᠢ ᠪᠤᠰᠤᠳ ᠬᠥᠮᠦᠨ ᠳᠤ ᠨᠠᠶᠢᠳᠠᠵᠤ᠂ ᠣᠷᠣᠯᠠᠨ ᠭᠤᠶᠤᠴᠢᠯᠠᠨ ᠮᠡᠳᠡᠭᠦᠯᠵᠦ ᠪᠣᠯᠤᠨ᠎ᠠ᠃ᠮᠠᠯᠴᠢᠨ ᠲᠠᠷᠢᠶᠠᠴᠢᠨ ᠡᠷᠦᠬᠡ ᠶᠢᠨ ᠮᠡᠳᠡᠭᠦᠯᠦᠭᠰᠡᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ᠂ ᠭᠠᠴᠠᠭ᠎ᠠ ᠲᠣᠰᠬᠤᠨ ᠨᠢ 5 ᠠᠵᠢᠯᠯᠠᠬᠤ ᠡᠳᠦᠷ ᠤᠨ ᠳᠣᠲᠣᠷ᠎ᠠ ᠡᠷᠦᠬᠡ ᠳᠤ ᠬᠦᠷᠴᠦ ᠬᠢᠨᠠᠨ ᠪᠠᠶᠢᠴᠠᠭᠠᠬᠤ ᠶᠢᠨ ᠬᠠᠮᠲᠤ ᠰᠤᠮᠤ ᠰᠢᠶᠠᠩ ᠪᠠᠯᠭᠠᠰᠤ ︵ᠲᠠᠷᠢᠶᠠᠯᠠᠩ ᠮᠠᠯᠵᠢᠯ ᠤᠨ ᠲᠠᠯᠠᠪᠠᠶ︶᠂ ᠬᠤᠰᠢᠭᠤ ᠰᠢᠶᠠᠨ ᠬᠤᠲᠠ ︵ᠲᠣᠭᠤᠷᠢᠭ ︶ ᠳᠤ ᠬᠢᠨᠠᠨ ᠪᠠᠶᠢᠴᠠᠭᠠᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ᠃ ︵ᠬᠤᠶᠠᠷ︶ ᠦᠨᠳᠦᠰᠦᠨ ᠱᠠᠲᠤᠨ ᠤ ᠺᠠᠳ᠋ᠷ ᠠᠴᠠ ᠰᠢᠯᠭᠠᠨ ᠪᠠᠶᠢᠴᠠᠭᠠᠬᠤ᠃ ᠨᠢᠭᠡᠳᠦᠯᠲᠡᠢ ᠪᠠᠶᠢᠴᠠᠭᠠᠬᠤ ᠪᠠ ᠡᠳᠦᠷ ᠲᠤᠲᠤᠮ ᠤᠨ ᠬᠢᠨᠠᠨ ᠡᠵᠡᠮᠳᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠶᠢ ᠴᠠᠭ ᠲᠤᠬᠠᠶ ᠳᠤᠨᠢ ᠣᠯᠵᠤ ᠢᠯᠡᠷᠡᠭᠦᠯᠦᠨ᠎ᠡ᠃ ᠲᠦᠷᠢᠮ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠭᠠᠴᠠᠭ᠎ᠠ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ᠂ ᠬᠤᠯᠪᠤᠭ᠎ᠠ ᠪᠠᠷᠢᠭᠴᠢ᠂ ᠬᠥᠳᠡᠭᠡ ᠲᠣᠰᠬᠤᠨ ᠮᠠᠯᠵᠢᠬᠤ ᠣᠷᠣᠨ ᠤ ᠡᠮᠴᠢ ᠵᠡᠷᠭᠡ ᠦᠨᠳᠦᠰᠦᠨ ᠱᠠᠲᠤᠨ ᠤ ᠬᠦᠴᠦᠨ  ᠳᠤ ᠲᠦᠰᠢᠭᠯᠡᠨ᠂ ᠡᠳᠦᠷ ᠲᠤᠲᠤᠮ ᠤᠨ ᠠᠵᠢᠯ ᠲᠠᠢ ᠤᠶᠠᠯᠳᠤᠭᠤᠯᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠣᠶ ᠪᠥᠬᠦᠶ ᠪᠠᠶᠢᠩᠭᠤ ᠶᠢᠨ ᠰᠠᠭᠤᠭ᠎ᠠ ᠮᠠᠯᠴᠢᠨ ᠲᠠᠷᠢᠶᠠᠴᠢᠨ ᠡᠷᠦᠬᠡ ᠶᠢ ᠰᠢᠯᠭᠠᠨ ᠪᠠᠶᠢᠴᠠᠭᠠᠵᠤ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠣᠯᠣᠮᠵᠢ ᠶᠢ ᠪᠠᠶᠢᠩᠭᠤ ᠶᠢᠨ ᠴᠢᠨᠠᠷᠲᠠᠶ ᠪᠠᠶᠢᠴᠠᠭᠠᠵᠤ᠂ ᠨᠥᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠡᠷᠦᠬᠡ ᠶᠢ ᠬᠢᠨᠠᠨ ᠬᠡᠮᠵᠢᠬᠦ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠬᠤ ᠬᠡᠷᠡᠭᠲᠡᠶ᠃ ︵ᠭᠤᠷᠪᠠ︶ ᠰᠠᠯᠠᠭ᠎ᠠ ᠮᠥᠴᠢᠷ ᠠᠴᠠ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ᠃ ᠠᠶᠢᠮᠠᠭ᠂ ᠬᠤᠰᠢᠭᠤ ᠬᠤᠶᠠᠷ ᠱᠠᠲᠤᠨ ᠳᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠩᠭᠤ ᠶᠢᠨ ᠴᠢᠨᠠᠷᠲᠠᠶ ᠬᠢᠨᠠᠨ ᠬᠡᠮᠵᠢᠬᠦ ᠰᠠᠯᠠᠭ᠎ᠠ ᠮᠥᠴᠢᠷ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠰᠢᠭᠰᠢᠨ ᠪᠠᠶᠢᠴᠠᠭᠠᠬᠤ᠂ ᠨᠢᠭᠡᠳᠦᠯᠲᠡᠢ ᠲᠤᠰᠢᠶᠠᠨ ᠰᠢᠶᠳᠪᠦᠷᠢᠯᠡᠭᠦᠯᠬᠦ᠂ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ᠂ ᠦᠷ᠎ᠡ ᠳ᠋ᠦᠩ ᠢ ᠬᠠᠷᠢᠭᠤ ᠲᠤᠰᠬᠠᠬᠤ᠂ ᠮᠥᠷᠳᠡᠨ ᠬᠠᠷᠠᠵᠤ ᠭᠦᠶᠴᠡᠳᠬᠡᠬᠦ︾ ᠠᠯᠬᠤᠮ ᠳᠠᠷᠠᠭᠠᠯᠠᠯ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠬᠦᠯᠵᠦ᠂ ᠰᠤᠮᠤ ᠰᠢᠶᠠᠩ ᠪᠠᠯᠭᠠᠰᠤ ︵ᠲᠠᠷᠢᠶᠠᠯᠠᠩ ᠮᠠᠯᠵᠢᠯ ᠤᠨ ᠲᠠᠯᠠᠪᠠᠶ︶᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠳᠤ ᠬᠠᠷᠢᠭᠤ ᠲᠤᠰᠬᠠᠵᠤ ᠬᠢᠨᠠᠨ ᠬᠠᠷᠭᠤᠭᠤᠯᠤᠨ᠎ᠠ᠃ ︵ᠳᠥᠷᠪᠡ︶ ᠨᠡᠶᠢᠭᠡᠮ ᠠᠴᠠ ᠬᠢᠨᠠᠯᠲᠠ ᠲᠠᠯᠪᠢᠵᠤ ᠣᠯᠵᠤ ᠮᠡᠳᠡᠬᠦ᠃ ᠨᠡᠶᠢᠭᠡᠮ ᠠᠴᠠ ᠬᠢᠨᠠᠯᠲᠠ ᠲᠠᠯᠪᠢᠵᠤ ᠢᠯᠡᠷᠡᠭᠦᠯᠬᠦ ᠠᠷᠭ᠎ᠠ ᠵᠠᠮ ᠢ ᠥᠷᠭᠡᠳᠬᠡᠨ᠂ ᠰᠦᠯᠵᠢᠶᠡᠨ ᠤ ᠲᠠᠪᠴᠠᠩ᠂ ᠵᠠᠭᠤᠴᠢᠯᠠᠭᠤᠷ ᠤᠨ ᠲᠤᠰᠬᠠᠯ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠵᠦ᠂ ᠵᠣᠬᠢᠶᠠᠨ ᠪᠠᠶᠢᠭᠤᠯᠬᠤ ᠺᠠᠳ᠋ᠷᠴᠤᠳ ᠬᠠᠮᠢᠶ᠎ᠠ ᠪᠦᠬᠦᠢ ᠪᠠᠶᠢᠳᠠᠯ ᠢ ᠬᠢᠨᠠᠨ ᠬᠠᠷᠭᠤᠭᠤᠯᠵᠤ ᠨᠡᠶᠢᠭᠡᠮ ᠤᠨ ᠠᠩᠬᠠᠷᠤᠯ ᠳᠤ ᠬᠠᠷᠢᠭᠤ ᠲᠤᠰᠬᠠᠯ ᠥᠭᠭᠦᠨ᠎ᠡ᠃ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号