| ᠠᠭᠠᠷ ᠤᠨ ᠳᠤᠯᠠᠭᠠᠨ ᠲᠠᠰᠤᠷᠠᠯᠲᠠ ᠥᠬᠡᠶ ᠳᠣᠷᠣᠭᠰᠢᠯᠠᠬᠤ ᠶᠢ ᠳᠠᠭᠠᠯᠳᠤᠨ᠂ ᠲᠦᠭᠡᠭᠡᠯ ᠤᠰᠤᠨ | ᠤ ᠬᠤᠭᠤᠯᠠᠶ᠂ ᠤᠰᠤᠨ ᠬᠡᠮᠵᠢᠭᠦᠷ ᠤᠨ ᠬᠥᠯᠳᠡᠬᠦ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠤᠰᠤ ᠬᠡᠷᠡᠭᠯᠡᠬᠦ | ᠡᠷᠦᠬᠡ ᠶᠢᠨ ᠬᠡᠪ ᠤᠨ ᠪᠠᠶᠢᠳᠠᠯ ᠢᠶᠠᠷ ᠤᠰᠤ ᠬᠡᠷᠡᠭᠯᠡᠬᠦ ᠶᠢ ᠪᠠᠲᠤᠯᠠᠵᠤ᠂ ᠤᠰᠤᠨ ᠬᠤᠭᠤᠯᠠᠶ᠂ ᠤᠰᠤᠨ ᠬᠡᠮᠵᠢᠭᠦᠷ | ᠤᠨ ᠬᠥᠯᠳᠡᠵᠦ ᠬᠠᠭᠠᠷᠠᠭᠰᠠᠨ ᠠᠴᠠ ᠤᠰᠤ ᠭᠤᠭᠤᠵᠢᠨ ᠬᠡᠷ ᠪᠠᠶᠢᠰᠢᠩ ᠳᠤ ᠬᠤᠬᠢᠷᠠᠯ ᠤᠴᠠᠷᠠᠭᠤᠯᠬᠤ ᠠᠴᠠ | ᠵᠠᠶᠢᠯᠠᠰᠬᠢᠵᠤ᠂ ᠢᠯᠠᠩᠭᠤᠶ᠎ᠠ ᠰᠥᠨᠢ ᠪᠠ ᠥᠷ ᠢᠶᠠᠷ ᠬᠡᠷ ᠤᠨ ᠳᠣᠳᠣᠨ᠎ᠠ ᠭᠠᠳᠠᠨᠠᠬᠢ ᠬᠤᠭᠤᠯᠠᠶ᠂ ᠤᠰᠤᠨ ᠬᠡᠮᠵᠢᠭᠦᠷ | ᠬᠥᠯᠳᠡᠵᠦ ᠬᠠᠭᠠᠷᠠᠬᠤ ᠦᠵᠡᠭᠳᠡᠯ ᠠᠮᠠᠷᠬᠠᠨ ᠡᠭᠦᠰᠳᠡᠭ ᠲᠤᠯᠠᠳᠠ᠂ ᠰᠢᠯᠤᠭᠤᠨ ᠬᠥᠬᠡ ᠬᠤᠰᠢᠭᠤᠨ ᠤ ᠱᠠᠩᠳᠤ | ᠤᠰᠤ ᠬᠠᠩᠭᠠᠨ ᠭᠠᠳᠠᠭᠰᠢᠯᠠᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠥᠷᠭᠡᠨ ᠤᠯᠠᠨ | ᠬᠡᠷᠡᠭᠯᠡᠭᠴᠢᠳ ᠲᠤ ᠭᠡᠷ ᠤᠨ ᠤᠰᠤ ᠬᠠᠩᠭᠠᠬᠤ ᠲᠥᠬᠦᠭᠡᠷᠦᠮᠵᠢ ᠶᠢᠨ ᠢᠶᠠᠨ ᠬᠥᠯᠳᠡᠬᠦ ᠠᠴᠠ ᠰᠡᠷᠭᠡᠶᠢᠯᠡᠬᠦ ᠠᠵᠢᠯ ᠢ | ᠤᠷᠢᠳᠴᠢᠯᠠᠨ ᠬᠢᠬᠦ ᠶᠢ ᠰᠠᠨᠠᠭᠤᠯᠵᠤ ᠪᠤᠢ᠃ ᠣᠳᠣ ᠬᠡᠷᠡᠭᠯᠡᠭᠴᠢᠳ ᠲᠤ ᠤᠰᠤ ᠬᠠᠩᠭᠠᠬᠤ ᠲᠥᠬᠦᠭᠡᠷᠦᠮᠵᠢ ᠶᠢᠨ | ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠮᠡᠳᠡᠭᠳᠡᠶ᠎ᠡ᠄ | ᠨᠢᠭᠡ᠂ ᠪᠠᠶᠢᠰᠢᠩ ᠭᠡᠷ ᠲᠤ ᠰᠠᠭᠤᠭ᠎ᠠ ᠬᠡᠷᠡᠭᠯᠡᠭᠴᠢᠳ | ᠪᠠᠶᠢᠰᠢᠩ ᠭᠡᠷ ᠤᠨ ᠬᠡᠷᠡᠭᠯᠡᠭᠴᠢᠳ ᠨᠢ ᠭᠡᠷ ᠤᠨ ᠡᠳᠦᠷ ᠲᠤᠲᠤᠮ ᠤᠨ ᠳᠤᠯᠠᠭᠠᠯᠠᠭ᠎ᠠ ᠶᠢ | ᠪᠠᠲᠤᠯᠠᠵᠤ᠂ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠲᠡᠭ ᠠᠴᠠ ᠳᠡᠭᠡᠭᠰᠢ 10 ᠭᠷᠠᠳᠦ᠋ᠰ ᠠᠴᠠ ᠦᠨᠳᠦᠷ | ᠪᠠᠶᠢᠯᠭᠠᠬᠤ ᠬᠡᠷᠡᠭᠲᠡᠶ᠃ ᠭᠡᠷ ᠲᠡᠭᠡᠨ ᠦᠷᠭᠦᠯᠵᠢ ᠬᠦᠮᠦᠨ ᠲᠠᠢ ᠪᠣᠯ ᠤᠰᠤᠨ ᠴᠣᠷᠭᠤ ᠵᠢᠴᠢ ᠤᠰᠤ ᠬᠠᠩᠭᠠᠬᠤ | ᠬᠤᠭᠤᠯᠠᠶ ᠶᠢᠨ ᠪᠠᠶᠢᠳᠠᠯ ᠢ ᠴᠠᠭ ᠢᠮᠠᠭᠲᠠ ᠠᠵᠢᠭᠯᠠᠬᠤ ᠬᠡᠷᠡᠭᠲᠡᠶ᠃ ᠬᠡᠷᠪᠡ ᠦᠷᠭᠦᠯᠵᠢ ᠬᠦᠮᠦᠨ ᠦᠭᠡᠢ ᠪᠣᠯ | ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠬᠥᠪᠥᠩ ᠣᠯᠣᠰᠣᠨ ᠨᠡᠬᠡᠮᠡᠯ᠂ ᠰᠦᠯᠢᠶᠣᠣ ᠬᠥᠭᠡᠰᠦ ᠪᠠᠷ | ᠤᠰᠤᠨ ᠴᠣᠷᠭᠤ᠂ ᠤᠰᠤᠨ ᠤ ᠬᠡᠮᠵᠢᠭᠦᠷ᠂ ᠨᠡᠭᠡᠯᠡᠬᠡᠶ ᠵᠡᠷᠭᠡ ᠲᠦᠭᠦᠭᠡᠷᠦᠮᠵᠢ ᠪᠠᠨ ᠪᠣᠭᠤᠵᠤ᠂ ᠤᠰᠤ ᠬᠠᠩᠭᠠᠬᠤ | ᠲᠦᠭᠦᠭᠡᠷᠦᠮᠵᠢ ᠶᠢᠨ ᠬᠥᠯᠳᠡᠬᠦ ᠠᠴᠠ ᠰᠡᠷᠭᠡᠶᠢᠯᠡᠬᠦ ᠬᠡᠷᠡᠭᠲᠡᠶ᠃ | ᠬᠤᠶᠠᠷ᠂ ᠠᠰᠠᠷ ᠲᠤ ᠰᠠᠭᠤᠭ᠎ᠠ ᠬᠡᠷᠡᠭᠯᠡᠭᠴᠢᠳ | 1 . ᠠᠰᠠᠷ ᠲᠤ ᠰᠠᠭᠤᠭ᠎ᠠ ᠬᠡᠷᠡᠭᠯᠡᠭᠴᠢᠳ ᠨᠢ ᠠᠰᠠᠷ ᠤᠨ ᠭᠤᠳᠣᠮᠵᠢᠨ ᠳᠠᠬᠢ ᠤᠰᠤᠨ ᠤ | ᠬᠡᠮᠵᠢᠭᠦᠷ ᠵᠡᠷᠭᠡ ᠲᠥᠬᠦᠭᠡᠷᠦᠮᠵᠢ ᠶᠢ ᠬᠥᠯᠳᠡᠬᠦ ᠠᠴᠠ ᠰᠡᠷᠭᠡᠶᠢᠯᠡᠵᠦ᠂ ᠠᠰᠠᠷ ᠤᠨ ᠡᠷᠬᠢᠨ ᠲᠣᠭᠤᠷᠢᠨ ᠤ ᠤᠰᠤᠨ | ᠬᠤᠭᠤᠯᠠᠢ ᠶᠢᠨ ᠬᠤᠳᠳᠤᠭ ᠤᠨ ᠲᠠᠭᠯᠠᠭ᠎ᠠ ᠨᠢ ᠴᠢᠩᠭ᠎ᠠ ᠪᠠᠶᠢᠬᠤ ᠡᠰᠡᠬᠦ ᠶᠢ ᠪᠠᠶᠢᠴᠠᠭᠠᠵᠤ᠂ ᠢᠯᠠᠩᠭᠤᠶ᠎ᠠ ᠨᠢᠭᠡᠳᠦᠭᠡᠷ | ᠂ ᠬᠤᠶᠠᠳᠤᠭᠠᠷ᠂ ᠭᠤᠷᠪᠠᠳᠤᠭᠠᠷ ᠳᠠᠪᠬᠤᠷ ᠲᠤ ᠰᠠᠭᠤᠭ᠎ᠠ ᠬᠡᠷᠡᠭᠯᠡᠭᠴᠢᠳ ᠨᠢ ᠭᠠᠷ ᠤᠨ ᠠᠶ᠎ᠠ ᠪᠠᠷ ᠠᠰᠠᠷ ᠤᠨ | ᠡᠭᠦᠳᠡ ᠪᠠᠨ ᠬᠠᠭᠠᠵᠤ᠂ ᠠᠰᠠᠷ ᠤᠨ ᠭᠤᠳᠤᠮᠵᠢᠨ ᠳᠠᠬᠢ ᠳᠤᠯᠠᠭᠠᠨ ᠤ ᠬᠡᠮᠵᠢᠶ᠎ᠡ ᠶᠢ ᠲᠡᠭ ᠠᠴᠠ ᠳᠡᠭᠡᠭᠰᠢ ᠪᠠᠶᠢᠬᠤ | ᠶᠢ ᠪᠠᠲᠤᠯᠠᠬᠤ ᠬᠡᠷᠡᠭᠲᠡᠶ᠃ ᠬᠡᠷᠪᠡ ᠠᠰᠠᠷ ᠤᠨ ᠭᠤᠳᠤᠮᠵᠢᠨ ᠤ ᠳᠤᠯᠠᠭᠠᠨ ᠤ ᠬᠡᠮᠵᠢᠶ᠎ᠡ ᠳᠣᠤᠷ᠎ᠠ ᠪᠠᠶᠢᠪᠠᠯ | ᠬᠡᠷᠡᠭᠯᠡᠭᠴᠢᠳ ᠥᠪᠡᠷᠳᠡᠭᠡᠨ ᠤᠰᠤ ᠬᠠᠩᠭᠠᠬᠤ ᠲᠦᠭᠦᠭᠡᠷᠦᠮᠵᠢ ᠶᠢᠨ ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ | ᠠᠪᠬᠤ ᠬᠡᠷᠡᠭᠲᠡᠶ᠃ 2᠂ ᠭᠠᠳᠠᠭᠠᠯᠠᠬᠤ ᠰᠠᠭᠤᠯᠠᠭ᠎ᠠ ᠤᠰᠤ ᠭᠤᠭᠤᠵᠢᠬᠤ ᠨᠢ ᠮᠠᠰᠢ ᠨᠢᠭᠤᠴᠠᠬᠠᠢ ᠮᠥᠷᠳᠡᠭᠡᠨ | ᠠᠮᠠᠷᠬᠠᠨ ᠮᠡᠳᠡᠭᠳᠡᠬᠦ ᠦᠭᠡᠢ ᠪᠠᠶᠢᠵᠤ᠂ ᠶᠡᠷᠦ ᠳᠡᠭᠡᠨ ᠭᠠᠳᠠᠭᠠᠯᠠᠬᠤ ᠰᠠᠭᠤᠯᠠᠭ᠎ᠠ ᠶᠢᠨ ᠤᠰᠤ ᠭᠤᠭᠤᠵᠢᠭᠤᠯᠬᠤ | ᠭᠤᠤᠷᠰᠤ ᠪᠠᠷ ᠳᠠᠮᠵᠢᠨ ᠣᠷᠣᠰᠳᠠᠭ ᠳᠣᠯᠠᠳᠠ ᠭᠠᠳᠠᠨ᠎ᠠ ᠲᠠᠯ᠎ᠠ ᠠᠴᠠ ᠨᠢ ᠣᠯᠵᠤ ᠮᠡᠳᠡᠬᠦ ᠳᠤ ᠬᠦᠴᠢᠷᠳᠡᠢ ᠪᠠᠶᠢᠳᠠᠭ᠃ | ᠬᠡᠷᠡᠭᠯᠡᠭᠴᠢᠳ ᠭᠠᠳᠠᠭᠠᠯᠠᠬᠤ ᠰᠠᠭᠤᠯᠠᠭ᠎ᠠ ᠠᠴᠠ ᠤᠰᠤ ᠭᠤᠭᠤᠵᠢᠵᠣ ᠪᠠᠶᠢᠭ᠎ᠠ ᠡᠰᠡᠬᠦ ᠶᠢ ᠴᠠᠭ ᠢᠮᠠᠭᠲᠠ ᠠᠩᠬᠠᠷᠴᠤ | ᠂ ᠬᠦᠨᠳᠦ ᠬᠤᠬᠢᠷᠠᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃ | ᠭᠤᠷᠪᠠ᠂ ᠪᠣᠷᠣ ᠭᠡᠷ ᠤᠨ ᠲᠣᠭᠤᠷᠢᠭ ᠤᠨ ᠬᠡᠷᠡᠭᠯᠡᠭᠴᠢᠳ | ᠨᠤᠷᠠᠭᠠᠨ ᠨᠡᠭᠦᠯᠭᠡᠬᠦ ᠪᠠᠷ ᠪᠠᠶᠢᠭ᠎ᠠ ᠬᠦᠮᠦᠨ ᠦᠭᠡᠢ ᠭᠡᠷ ᠪᠠᠶᠢᠰᠢᠩ ᠤᠨ ᠤᠰᠤ ᠬᠠᠩᠭᠠᠬᠤ | ᠲᠥᠬᠦᠭᠡᠷᠦᠮᠵᠢ ᠶᠢ ᠴᠠᠭ ᠲᠤᠬᠠᠢ ᠳᠤᠨᠢ ᠬᠠᠭᠠᠵᠤ᠂ ᠤᠰᠤᠨ ᠤ ᠡᠬᠢ ᠰᠤᠷᠪᠤᠯᠵᠢ ᠶᠢ ᠲᠠᠰᠤᠯᠬᠤ ᠶᠢᠨ ᠬᠠᠮᠲᠤ | ᠦᠷᠭᠦᠯᠵᠢ ᠲᠣᠭᠤᠷᠢᠨ ᠪᠠᠶᠢᠴᠠᠭᠠᠵᠤ᠂ ᠤᠰᠤ ᠭᠤᠭᠤᠵᠢᠵᠤ ᠠᠵᠤ ᠠᠬᠤᠢ ᠶᠢᠨ ᠬᠤᠬᠢᠷᠠᠯ ᠤᠴᠠᠷᠠᠭᠤᠯᠬᠤ ᠠᠴᠠ | ᠰᠡᠷᠭᠡᠶᠢᠯᠡᠬᠦ ᠬᠡᠷᠡᠭᠳᠡᠢ᠃ | ᠳᠥᠷᠪᠡ᠂ ᠬᠥᠯᠳᠡᠬᠦ ᠠᠴᠠ ᠰᠡᠷᠭᠡᠶᠢᠯᠡᠬᠦ ᠠᠷᠭ᠎ᠠ ᠬᠡᠮᠵᠢᠶ᠎ᠡ | 1 . ᠣᠰᠣᠨ ᠤ ᠬᠡᠮᠵᠢᠭᠦᠷ ᠢ ᠬᠥᠯᠳᠡᠬᠦ ᠠᠴᠠ ᠰᠡᠷᠭᠡᠶᠢᠯᠡᠬᠦ᠄ ᠭᠡᠷ ᠳᠣᠲᠣᠷᠠᠬᠢ ᠣᠰᠣᠨ ᠤ | ᠬᠡᠮᠵᠢᠭᠦᠷ ᠢ ᠬᠥᠪᠥᠩ ᠣᠯᠣᠰᠣᠨ ᠨᠡᠬᠡᠮᠡᠯ᠂ ᠰᠦᠯᠢᠶᠣᠣ ᠬᠥᠭᠡᠰᠦ ᠵᠡᠷᠭᠡ ᠮᠠᠲ᠋ᠧᠷᠢᠶᠠᠯ ᠢᠶᠠᠷ ᠪᠤᠭᠤᠵᠤ ᠪᠤᠯᠤᠨ᠎ᠠ᠃ | ᠭᠡᠷ ᠤᠨ ᠭᠠᠳᠠᠨᠠᠬᠢ ᠤᠰᠤᠨ ᠬᠡᠮᠵᠢᠭᠦᠷ ᠤᠨ ᠬᠤᠳᠳᠤᠭ ᠢ ᠮᠤᠳᠣᠨ ᠦᠷᠦᠪᠳᠡᠰᠦ ᠪᠤᠶᠤ ᠬᠠᠭᠤᠴᠢᠨ ᠬᠤᠪᠴᠠᠰᠤ | ᠬᠤᠨᠠᠷ ᠢᠶᠠᠷ ᠪᠦᠲᠡᠭᠡᠬᠦ ᠶᠢᠨ ᠬᠠᠮᠲᠤ ᠬᠤᠳᠳᠤᠭ ᠤᠨ ᠠᠮᠠᠰᠠᠷ ᠢ ᠰᠠᠶᠢᠲᠤᠷ ᠪᠦᠲᠡᠭᠡᠬᠦ ᠬᠡᠷᠡᠭᠲᠡᠶ᠃ | 2 . ᠣᠰᠣᠨ ᠬᠤᠭᠤᠯᠠᠶ ᠶᠢᠨ ᠬᠥᠯᠳᠡᠬᠦ ᠠᠴᠠ ᠰᠡᠷᠭᠡᠶᠢᠯᠡᠬᠦ᠄ ᠢᠯᠡ ᠪᠠᠶᠢᠭ᠎ᠠ ᠣᠰᠣᠨ ᠬᠤᠭᠤᠯᠠᠶ | ᠂ ᠤᠰᠤᠨ ᠤ ᠬᠡᠮᠵᠢᠭᠦᠷ᠂ ᠣᠰᠣᠨ ᠬᠤᠭᠤᠯᠠᠢ ᠶᠢᠨ ᠬᠤᠳᠳᠤᠭ ᠤᠨ ᠬᠠᠪᠬᠠᠭᠠᠰᠤ ᠶᠢ ᠬᠥᠪᠥᠩ ᠪᠥᠰ᠂ ᠡᠪᠡᠰᠦᠨ | ᠳᠡᠭᠡᠰᠦ ᠵᠡᠷᠭᠡ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠢᠶᠠᠷ ᠤᠶᠠᠵᠤ᠂ ᠳᠠᠬᠢᠨ ᠰᠦᠯᠢᠶᠣᠣ ᠪᠦᠷᠬᠦᠪᠴᠢ ︵ᠤᠭᠤᠲᠠ | ︶ ᠪᠠᠷ ᠨᠢᠭᠲᠠ ᠪᠢᠲᠡᠭᠦᠮᠵᠢᠯᠡᠵᠦ ᠪᠣᠯᠤᠨ᠎ᠠ᠃ | 3 . ᠬᠠᠬᠢᠷ ᠬᠦᠢᠲᠡᠨ ᠦᠶᠡᠰ ᠠᠪᠬᠤ᠄ ᠥᠪᠡᠷ ᠤᠨ ᠡᠭᠦᠳᠡ ᠴᠣᠩᠬᠤ ᠪᠠᠨ ᠰᠠᠶᠢᠲᠤᠷ ᠬᠠᠭᠠᠬᠤ | ᠶᠢᠨ ᠬᠠᠮᠲᠤ ᠭᠠᠷ ᠤᠨ ᠠᠶ᠎ᠠ ᠪᠠᠷ ᠠᠰᠠᠷ ᠤᠨ ᠡᠭᠦᠳᠡ ᠪᠣᠯᠤᠨ ᠠᠰᠠᠷ ᠤᠨ ᠭᠤᠳᠤᠮᠵᠢᠨ ᠳᠠᠬᠢ ᠴᠣᠩᠬᠤ ᠶᠢ ᠬᠠᠭᠠᠵᠤ | ᠂ ᠭᠡᠷ ᠳᠣᠲᠣᠷᠠᠬᠢ ᠪᠠ ᠠᠰᠠᠷ ᠤᠨ ᠭᠤᠳᠤᠮᠵᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠠᠯᠢ ᠴᠢᠳᠠᠬᠤ ᠪᠠᠷ | ᠬᠠᠮᠠᠭᠠᠯᠠᠨ᠎ᠠ᠃ | ᠲᠠᠪᠤ᠂ ᠤᠰᠤ ᠬᠠᠩᠭᠠᠬᠤ ᠲᠥᠬᠦᠭᠡᠷᠦᠮᠵᠢ ᠬᠥᠯᠳᠡᠭᠰᠡᠨ ᠪᠠᠶᠢᠪᠠᠯ ᠬᠡᠷᠬᠢᠨ ᠰᠢᠢᠳᠪᠦᠷᠢᠯᠡᠬᠦ ᠪᠤᠢ | ᠬᠡᠷᠪᠡ ᠬᠡᠷᠡᠭᠯᠡᠭᠴᠢᠳ ᠤᠨ ᠤᠰᠤᠨ ᠬᠤᠭᠤᠯᠠᠶ ᠬᠥᠯᠳᠡᠭᠰᠡᠨ ᠪᠠᠶᠢᠪᠠᠯ ᠳᠣᠣᠷᠠᠬᠢ ᠠᠷᠭ᠎ᠠ | ᠬᠡᠮᠵᠢᠶ᠎ᠡ ᠶᠢ ᠠᠪᠴᠤ ᠪᠣᠯᠤᠨ᠎ᠠ᠃ | 1᠂ ᠬᠡᠷᠪᠡ ᠣᠰᠣᠨ ᠬᠤᠭᠤᠯᠠᠢ᠂ ᠤᠰᠤᠨ ᠤ ᠬᠡᠮᠵᠢᠭᠦᠷ ᠬᠥᠯᠳᠡᠪᠡᠯ᠂ ᠤᠷᠢᠳ ᠢᠶᠠᠷ ᠬᠠᠯᠠᠭᠤᠨ ᠠᠯᠴᠢᠭᠤᠷ ᠢᠶᠠᠷ | ᠪᠣᠭᠤᠬᠤ ᠪᠤᠶᠤ ᠪᠦᠯᠢᠶᠡᠨ ᠤᠰᠤ ᠬᠢᠵᠦ ᠭᠡᠰᠬᠡᠵᠦ ᠪᠣᠯᠤᠨ᠎ᠠ᠃ ᠶᠠᠭᠠᠬᠢᠭᠰᠠᠨ ᠴᠤ ᠰᠦᠷᠴᠢᠭᠦᠷ ᠳ᠋ᠧᠩ ᠪᠤᠶᠤ ᠢᠯᠡ | ᠭᠠᠯ ᠢᠶᠠᠷ ᠰᠢᠭᠤᠳ ᠬᠠᠭᠰᠠᠭᠠᠬᠤ ᠪᠤᠶᠤ ᠪᠤᠴᠠᠯᠤᠭᠰᠠᠨ ᠤᠰᠤ ᠪᠠᠷ ᠬᠠᠯᠠᠭᠠᠵᠤ ᠪᠣᠯᠬᠤ ᠦᠭᠡᠢ᠃ ᠣᠰᠣᠨ | ᠬᠤᠭᠤᠯᠠᠢ ᠪᠤᠶᠤ ᠤᠰᠤᠨ ᠤ ᠬᠡᠮᠵᠢᠭᠦᠷ ᠳᠡᠯᠪᠡᠷᠡᠬᠦ ᠠᠴᠠ ᠵᠠᠶᠢᠯᠠᠰᠬᠢᠬᠦ ᠬᠡᠷᠡᠭᠲᠡᠢ᠃ ︵ᠠᠩᠬᠠᠷᠬᠤ ᠨᠢ᠄ ᠤᠰᠤᠨ ᠤ | ᠬᠡᠮᠵᠢᠭᠦᠷ ᠪᠤᠶᠤ ᠤᠰᠤᠨ ᠬᠤᠭᠤᠯᠠᠶ ᠶᠢ ᠪᠦᠯᠢᠶᠡᠨ ᠤᠰᠤ ᠪᠠᠷ ᠭᠡᠰᠬᠡᠬᠦ ᠳᠡᠭᠡᠨ ᠠᠰᠠᠷ ᠤᠨ ᠭᠤᠳᠤᠮᠵᠢᠨ ᠤ ᠱᠠᠯᠠ | ᠳᠡᠭᠡᠷ᠎ᠡ ᠤᠰᠤ ᠭᠤᠭᠤᠵᠢᠭᠤᠯᠬᠤ ᠠᠴᠠ ᠵᠠᠶᠢᠯᠠᠰᠬᠢᠬᠦ ᠬᠡᠷᠡᠭᠳᠡᠢ᠃ ᠬᠡᠷᠪᠡ ᠭᠤᠭᠤᠵᠢᠭᠤᠯᠤᠭᠰᠠᠨ ᠪᠣᠯ ᠴᠠᠭ ᠲᠤᠬᠠᠶ | ᠳᠤᠨᠢ ᠵᠦᠯᠭᠦᠨ᠂ ᠬᠠᠯᠲᠤᠷᠢᠵᠤ ᠠᠴᠠ ᠰᠡᠷᠭᠡᠶᠢᠯᠡᠬᠦ ᠬᠡᠷᠡᠭᠳᠡᠢ︶ | 2 . ᠬᠡᠷᠪᠡ ᠤᠰᠤᠨ ᠬᠤᠭᠤᠯᠠᠶ᠂ ᠤᠰᠤᠨ ᠬᠡᠮᠵᠢᠭᠦᠷ ᠬᠥᠯᠳᠡᠭᠰᠡᠨ ᠤ ᠳᠠᠷᠠᠭ᠎ᠠ᠂ ᠴᠠᠬᠢᠯᠭᠠᠨ ᠤᠳᠠᠰᠣ ᠪᠠᠷ ᠭᠡᠰᠬᠡᠬᠦ | ᠦᠶᠡᠰ᠂ ᠤᠰᠤ ᠴᠠᠬᠢᠯᠭᠠᠨ ᠤ ᠳᠣᠰᠬᠠᠢ ᠠᠵᠢᠯᠲᠠᠨ ᠢᠶᠠᠷ ᠬᠢᠯᠭᠡᠬᠦ ᠶᠢᠨ ᠬᠠᠮᠳᠣ ᠴᠠᠬᠢᠯᠭᠠᠨ ᠬᠡᠷᠡᠭᠯᠡᠬᠦ ᠠᠮᠤᠷ | ᠲᠦᠪᠰᠢᠨ ᠢ ᠠᠩᠬᠠᠷᠴᠤ᠂ ᠤᠰᠤᠨ ᠬᠤᠭᠤᠯᠠᠶ᠂ ᠤᠰᠤᠨ ᠬᠡᠮᠵᠢᠭᠦᠷ ᠭᠡᠰᠬᠡᠭᠰᠡᠨ ᠤ ᠳᠠᠷᠠᠭ᠎ᠠ ᠴᠠᠬᠢᠯᠭᠠᠨ | ᠤᠳᠠᠰᠣ ᠪᠠᠨ ᠴᠠᠭ ᠳᠣᠬᠠᠢ ᠳᠤᠨᠢ ᠰᠠᠯᠭᠠᠵᠤ᠂ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ | 3 . ᠤᠰᠤᠨ ᠤ ᠬᠡᠮᠵᠢᠭᠦᠷ ᠬᠥᠯᠳᠡᠵᠦ ᠠᠶᠠᠨᠳᠠᠭᠠᠨ ᠭᠡᠰᠬᠦ ᠶᠢᠨ ᠠᠷᠭ᠎ᠠ ᠥᠬᠡᠶ ᠦᠶ᠎ᠡ ᠳᠤ᠂ ᠬᠡᠷᠡᠭᠯᠡᠭᠴᠢᠳ ᠤᠰᠤ | ᠬᠠᠩᠭᠠᠨ ᠭᠠᠳᠠᠭᠰᠢᠯᠠᠭᠤᠯᠬᠤ ᠺᠣᠮᠫᠠᠨᠢ ᠶᠢᠨ ᠰᠡᠯᠪᠢᠨ ᠵᠠᠰᠠᠬᠤ ᠠᠵᠢᠯᠲᠠᠨ ᠲᠠᠢ ᠴᠠᠭ ᠲᠤᠬᠠᠶ ᠳᠤᠨᠢ ᠬᠠᠷᠢᠯᠴᠠᠵᠤ᠂ | ᠤᠰᠤᠨ ᠤ ᠬᠡᠮᠵᠢᠭᠦᠷ ᠢ ᠰᠣᠯᠢᠬᠤ ᠪᠠᠷ ᠭᠤᠶᠤᠴᠢᠯᠠᠨ᠎ᠠ᠃ ᠬᠥᠯᠳᠡᠵᠦ ᠡᠪᠳᠡᠷᠡᠭᠰᠡᠨ ᠤᠰᠤᠨ ᠤ ᠬᠡᠮᠵᠢᠭᠦᠷ ᠢ | ᠰᠣᠯᠢᠬᠤ ᠵᠠᠷᠤᠳᠠᠯ ᠢ ᠬᠡᠷᠡᠭᠯᠡᠭᠴᠢᠳ ᠥᠪᠡᠰᠦᠪᠡᠨ ᠡᠭᠦᠷᠭᠡᠯᠡᠨ᠎ᠡ᠃ ᠬᠡᠷᠡᠭᠯᠡᠭᠴᠢᠳ ᠥᠪᠡᠷ ᠤᠨ ᠤᠰᠤᠨ ᠬᠡᠮᠵᠢᠭᠦᠷ | ᠤᠨ ᠬᠤᠭᠤᠯᠠᠶ ᠪᠠᠨ ᠲᠣᠬᠢᠲᠠᠶ ᠬᠠᠮᠢᠶᠠᠷᠬᠤ ᠬᠡᠷᠭᠡᠳᠡᠢ᠃ ᠤᠰᠤᠨ ᠬᠡᠮᠵᠢᠭᠦᠷ ᠬᠥᠯᠳᠡᠵᠦ ᠬᠠᠭᠠᠷᠠᠭᠠᠳ ᠤᠰᠤ | ᠭᠤᠭᠤᠵᠢᠬᠤ ᠬᠡᠷᠡᠭ ᠶᠠᠪᠤᠳᠠᠯ ᠭᠠᠷᠪᠠᠯ᠂ ᠬᠡᠷᠡᠭᠯᠡᠭᠴᠢᠳ ᠥᠪᠡᠷ ᠢᠶᠠᠨ ᠡᠭᠦᠷᠭᠡᠯᠡᠬᠦ ᠬᠡᠷᠡᠭᠲᠡᠶ᠃ ᠥᠷᠭᠡᠨ ᠣᠯᠠᠨ | ᠬᠡᠷᠡᠭᠯᠡᠭᠴᠢᠳ ᠤᠰᠤᠨ ᠤ ᠬᠡᠮᠵᠢᠭᠦᠷ᠂ ᠤᠰᠤᠨ ᠬᠤᠭᠤᠯᠠᠶ ᠬᠥᠯᠳᠡᠵᠦ ᠬᠠᠭᠠᠷᠠᠭᠰᠠᠨ ᠢ ᠣᠯᠵᠤ ᠮᠡᠳᠡᠪᠡᠯ᠂ ᠤᠰᠤ | ᠬᠠᠩᠭᠠᠨ ᠭᠠᠳᠠᠭᠰᠢᠯᠠᠭᠤᠯᠬᠤ ᠺᠣᠮᠫᠠᠨᠢ ᠶᠢᠨ ᠦᠶᠯᠡᠴᠢᠯᠡᠭᠡᠨ ᠤ ᠤᠳᠠᠰᠣᠨ ᠳᠤ ᠴᠠᠭ ᠲᠤᠬᠠᠶ ᠳᠤᠨᠢ ᠤᠲᠠᠰᠤᠳᠠᠭᠠᠷᠠᠶ᠄ | 4231253 / 4231250 | ᠣᠶᠣᠨᠰᠡᠷᠭᠦᠯᠡᠩ ᠣᠷᠴᠢᠭᠤᠯᠵᠤ᠂ ᠮᠦᠳᠡᠭ ᠬᠢᠨᠡᠪᠡ |