| | ᠤᠯᠤᠰ ᠤᠨ ᠲᠡᠷᠢᠭᠦᠯᠡᠭᠴᠢ ᠰᠢ ᠶᠢᠨ ᠫᠢᠩ 30 ᠤ ᠡᠳᠦᠷ ᠪᠡᠭᠡᠵᠢᠩ ᠳᠤ ᠸᠢᠳᠢᠣ᠋ ᠬᠡᠯᠪᠡᠷᠢ ᠪᠠᠷ ᠬᠤᠷᠢᠨ | ᠤᠯᠤᠰ ᠤᠨ ᠪᠥᠯᠥᠭᠯᠡᠯ ᠤᠨ ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠲᠦᠷᠦᠭᠦᠴᠦᠳ ᠤᠨ | ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | | 10 ᠰᠠᠷ᠎ᠠ ᠶᠢᠨ 30 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ | ᠬᠡᠯᠪᠡᠷᠢ ᠪᠠᠷ ᠬᠤᠷᠢᠨ ᠤᠯᠤᠰ ᠤᠨ ᠪᠥᠯᠥᠭᠯᠡᠯ ᠤᠨ ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ | ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤᠨ ᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ | | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠳᠡᠷᠯᠡᠪᠡ | ᠰᠢ ᠶᠢᠨ ᠫᠢᠩ᠂ ᠣᠳᠣᠬᠠᠨ ᠳᠤ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ | ᠲᠠᠬᠢᠨ ᠳᠠᠪᠲᠠᠨ ᠡᠭᠦᠰᠴᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠡᠪᠡᠷᠡᠭ᠂ ᠠᠭᠤᠷ ᠠᠮᠢᠰᠬᠤᠯ ᠤᠨ | ᠬᠤᠪᠢᠷᠠᠯᠲᠠ ᠶᠢᠨ ᠥᠷᠢᠰᠥᠯᠳᠦᠭᠡᠨ ᠳᠣᠪᠣᠶᠢᠮ᠎ᠠ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠤᠯᠠᠨ ᠭᠠᠷᠴᠤ | ᠪᠠᠶᠢᠨ᠎ᠠ᠃ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠡᠷᠢᠨ ᠵᠠᠭᠤᠨ ᠤ | ᠬᠢᠵᠢᠭ ᠤᠨ ᠪᠠᠶᠢᠳᠠᠯ ᠤᠨ ᠡᠮᠦᠨ᠎ᠡ᠂ ᠬᠤᠷᠢᠨ ᠤᠯᠤᠰ ᠤᠨ ᠪᠥᠯᠥᠭᠯᠡᠯ ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭᠠᠨ ᠤ ᠭᠤᠣᠯ ᠶᠠᠷᠢᠶᠠᠨ ᠤ ᠲᠠᠪᠴᠠᠩ ᠪᠣᠯᠣᠭᠰᠠᠨ ᠤ ᠬᠤᠪᠢ ᠳᠤ ᠡᠭᠦᠷᠭᠡᠯᠡᠪᠡᠰᠦ ᠵᠣᠬᠢᠬᠤ | ᠬᠠᠷᠢᠭᠤᠴᠠᠯᠭ᠎ᠠ ᠪᠠᠨ ᠡᠭᠦᠷᠭᠡᠯᠡᠵᠦ᠂ ᠬᠥᠮᠦᠨ ᠲᠦᠷᠦᠯᠬᠢᠲᠡᠨ ᠤ ᠢᠷᠡᠭᠡᠳᠦᠢ᠂ ᠠᠷᠠᠳ ᠲᠦᠮᠡᠨ ᠤ ᠪᠤᠶᠠᠨ | ᠵᠢᠷᠭᠠᠯ ᠤᠨ ᠲᠥᠯᠥᠭᠡ ᠨᠡᠭᠡᠭᠡᠯᠲᠡᠲᠦ ᠪᠠᠭᠲᠠᠭᠠᠮᠵᠢᠲᠠᠢ᠂ ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠢ | ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠥᠮᠦᠨ ᠲᠦᠷᠦᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ 5 ᠳᠠᠯ᠎ᠠ ᠶᠢᠨ ᠰᠠᠨᠠᠭᠤᠯᠭ᠎ᠠ ᠳᠤᠷᠠᠳᠴᠠᠢ᠃ | ᠨᠢᠭᠡᠳᠦᠭᠡᠷ ᠲᠤ᠂ ᠪᠦᠯᠬᠦᠮᠳᠡᠨ ᠬᠠᠮᠲᠤᠷᠠᠯᠴᠠᠵᠤ᠂ ᠭᠠᠷ ᠬᠤᠯᠪᠣᠯᠴᠠᠨ ᠬᠢᠵᠢᠭ ᠲᠠᠢ ᠲᠡᠮᠡᠴᠡᠶ᠎ᠡ᠃ ᠳᠡᠯᠡᠬᠡᠢ | ᠨᠡᠶᠢᠭᠡᠮ ᠢᠶᠠᠷ ᠢᠶᠠᠨ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠨᠵᠢᠯᠡᠬᠦ ᠤᠬᠠᠭᠠᠨᠴᠢ ᠣᠪᠣᠷ ᠢᠶᠠᠷ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠶᠢᠨ ᠬᠠᠮᠲᠤ ᠢᠯᠠᠨ ᠳᠠᠪᠠᠵᠤ᠂ | ᠰᠡᠷᠭᠡᠶᠢᠯᠡᠨ ᠡᠵᠡᠮᠳᠡᠬᠦ᠂ ᠣᠨᠣᠰᠢᠯᠠᠨ ᠡᠮᠨᠡᠬᠦ ᠠᠷᠭ᠎ᠠ ᠪᠠᠷᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠦᠨᠳᠦ | ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠᠨ | ᠳᠡᠭᠡᠭᠰᠢᠯᠡᠭᠦᠯᠪᠡᠯ ᠵᠣᠬᠢᠨ᠎ᠠ᠃ ᠬᠤᠷᠢᠨ ᠤᠯᠤᠰ ᠤᠨ ᠪᠥᠯᠥᠭᠯᠡᠯ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ᠂ ᠡᠬᠢ | ᠪᠠᠶᠠᠯᠢᠭ ᠢ ᠳᠠᠶᠢᠴᠢᠯᠠᠬᠤ᠂ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠬᠦᠳᠦᠯᠦᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠪᠠᠯ ᠵᠣᠬᠢᠨ᠎ᠠ᠃ | ᠪᠢ ᠳᠤᠷᠠᠲᠠᠶ᠎ᠠ ᠪᠥᠬᠦ ᠪᠦᠮᠪᠦᠷᠴᠡᠭ ᠤᠨ ᠸᠠᠺᠼᠢᠨ ᠤ ᠬᠠᠮᠲᠤᠷᠠᠯᠴᠠᠭᠠᠨ ᠤ ᠠᠵᠢᠯᠯᠠᠭ᠎ᠠ ᠶᠢᠨ | ᠰᠠᠨᠠᠭᠠᠴᠢᠯᠠᠭ᠎ᠠ ᠶᠢ ᠤᠯᠠᠮ ᠴᠢᠨᠠᠬᠰᠢᠳᠠ ᠳᠤᠷᠠᠳᠤᠨ᠎ᠠ᠄ ᠨᠢᠭᠡ ᠳᠤ᠂ ᠸᠠᠺᠼᠢᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ | ᠤᠯᠤᠰ ᠤᠳ ᠲᠠᠢ ᠬᠠᠮᠲᠤᠷᠠᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠳᠡᠮᠵᠢᠶ᠎ᠠ᠃ ᠬᠤᠶᠠᠷ ᠲᠤ᠂ ᠡᠷᠬᠡ | ᠲᠡᠭᠰᠢ᠂ ᠲᠥᠪ ᠭᠤᠣᠯᠴᠢ ᠶᠢ ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠲᠤ ᠸᠠᠺᠼᠢᠨ ᠬᠠᠩᠭᠠᠬᠤ | ᠡᠷᠴᠢᠮ ᠢᠶᠠᠨ ᠴᠢᠩᠭᠠᠷᠠᠭᠤᠯᠵᠤ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ | ᠳᠤᠷᠠᠳᠤᠭᠰᠠᠨ 2022 ᠣᠨ ᠤ ᠪᠥᠬᠦ ᠪᠦᠮᠪᠦᠷᠴᠡᠭ ᠤᠨ ᠲᠠᠷᠢᠯᠭ᠎ᠠ ᠲᠠᠷᠢᠬᠤ ᠬᠠᠷᠠᠯᠲᠠ ᠶᠢ ᠨᠠᠶᠢᠳᠠᠪᠤᠷᠢᠵᠢᠭᠤᠯᠤᠶ᠎ᠠ᠃ | ᠭᠤᠷᠪᠠ ᠳᠤ᠂ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠸᠠᠺᠼᠢᠨ ᠤ ᠮᠡᠳᠡᠯᠭᠡ ᠶᠢᠨ | ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠤᠨ ᠲᠤᠬᠠᠶ ᠡᠷᠲᠡᠬᠡᠨ ᠲᠣᠭᠲᠠᠭᠠᠯ ᠭᠠᠷᠭᠠᠬᠤ ᠶᠢ ᠳᠡᠮᠵᠢᠵᠦ᠂ | ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠤᠳ ᠲᠤ ᠮᠡᠷᠭᠡᠵᠢᠯ ᠢᠶᠠᠨ ᠰᠢᠯᠵᠢᠭᠦᠯᠦᠨ ᠥᠭᠬᠦ ᠶᠢ | ᠵᠣᠷᠢᠭᠵᠢᠭᠤᠯᠤᠶ᠎ᠠ᠃ ᠳᠥᠷᠪᠡ ᠳᠤ᠂ ᠬᠢᠯᠢ ᠠᠯᠤᠰᠯᠠᠭᠰᠠᠨ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ | ᠸᠠᠺᠼᠢᠨ ᠵᠢᠴᠢ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠠᠷᠠᠯᠵᠢᠶᠠᠨ ᠤ ᠰᠠᠭᠠᠳ ᠥᠬᠡᠶ ᠨᠡᠪᠲᠡᠷᠡᠬᠦ ᠶᠢ | ᠪᠠᠲᠤᠯᠠᠶᠡ᠃ ᠲᠠᠪᠤ ᠳᠤ᠂ ᠡᠯ᠎ᠡ ᠵᠦᠢᠯ ᠤᠨ ᠸᠠᠺᠼᠢᠨ ᠳᠤ ᠡᠷᠬᠡ ᠲᠡᠭᠰᠢ ᠪᠠᠷ ᠬᠠᠨᠳᠤᠵᠤ᠂ ᠳᠡᠯᠡᠬᠡᠢ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠸᠠᠺᠼᠢᠨ ᠢ ᠪᠠᠴᠢᠮ ᠬᠡᠷᠡᠭᠯᠡᠬᠦ ᠨᠠᠷᠢᠨ ᠳᠠᠩᠰᠠ ᠪᠠᠷ ᠦᠨᠳᠦᠰᠦᠯᠡᠯ | ᠪᠣᠯᠭᠠᠵᠤ ᠸᠠᠺᠼᠢᠨ ᠢ ᠬᠠᠷᠢᠯᠴᠠᠨ ᠮᠡᠳᠡᠷᠡᠬᠦ ᠶᠢ ᠠᠬᠢᠭᠤᠯᠤᠶ᠎ᠡ᠃ ᠵᠢᠷᠭᠤᠭ᠎ᠠ ᠳᠤ᠂ ᠪᠥᠬᠦ ᠪᠦᠮᠪᠦᠷᠴᠡᠭ ᠤᠨ | ᠸᠠᠺᠼᠢᠨ ᠤ ᠬᠠᠮᠲᠤᠷᠠᠯᠴᠠᠭ᠎ᠠ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠣᠯᠬᠤ ᠳᠤ ᠮᠥᠩᠭᠦᠨ | ᠭᠦᠢᠯᠭᠡᠭᠡᠨ ᠤ ᠳᠡᠮᠵᠢᠯᠭᠡ ᠬᠠᠩᠭᠠᠶᠡ᠃ | ᠣᠳᠣᠬᠠᠨ ᠳᠤ᠂ ᠳᠤᠮᠳᠠᠳᠤ ᠤᠯᠤᠰ ᠨᠢᠭᠡᠨᠲᠡ 100 ᠭᠠᠷᠤᠶ ᠤᠯᠤᠰ ᠪᠠ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠳᠤ 16 ᠳ᠋ᠦᠩᠰᠢᠭᠤᠷ ᠭᠠᠷᠤᠶ ᠸᠠᠺᠼᠢᠨ ᠬᠠᠩᠭᠠᠵᠤ᠂ ᠡᠨᠡ ᠵᠢᠯ ᠳᠤ ᠭᠠᠳᠠᠭᠠᠳᠤ ᠳᠤ 20 | ᠳ᠋ᠦᠩᠰᠢᠭᠤᠷ ᠭᠠᠷᠤᠶ ᠸᠠᠺᠼᠢᠨ ᠬᠠᠩᠭᠠᠬᠤ ᠪᠣᠯᠤᠨ᠎ᠠ᠃ ᠳᠤᠮᠳᠠᠳᠤ ᠤᠯᠤᠰ ᠶᠠᠭ 16 ᠤᠯᠤᠰ ᠯᠤᠭ᠎ᠠ ᠸᠠᠺᠼᠢᠨ ᠤ | ᠬᠠᠮᠲᠤᠷᠠᠭᠰᠠᠨ ᠦᠢᠯᠡᠳᠪᠦᠷᠢᠯᠡᠯ ᠥᠷᠨᠢᠭᠦᠯᠵᠦ᠂ 30 ᠤᠯᠤᠰ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨ | ᠸᠠᠺᠼᠢᠨ ᠤ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠭᠠᠷᠭᠠᠵᠤ ᠪᠠᠶᠢᠨ᠎ᠠ᠃ ᠳᠤᠮᠳᠠᠳᠤ | ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠭᠠᠷ ᠬᠤᠯᠪᠣᠯᠴᠠᠨ ᠴᠢᠷᠮᠠᠶᠢᠵᠤ ᠪᠠᠶᠢᠭᠠᠳ ᠸᠠᠺᠼᠢᠨ ᠤ ᠬᠥᠭᠵᠢᠵᠦ | ᠪᠠᠶᠢᠭ᠎ᠠ ᠤᠯᠤᠰ ᠲᠠᠬᠢ ᠪᠣᠯᠤᠮᠵᠢᠲᠤ ᠴᠢᠨᠠᠷ ᠪᠣᠯᠤᠨ ᠡᠭᠦᠷᠭᠡᠯᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠪᠥᠬᠦ | ᠪᠦᠮᠪᠦᠷᠴᠡᠭ ᠤᠨ ᠸᠠᠺᠼᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ | ᠦᠵᠡᠭᠦᠯᠦᠨ᠎ᠡ᠃ | ᠬᠤᠶᠠᠳᠤᠭᠠᠷ ᠲᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠰᠡᠷᠭᠦᠯᠲᠡ ᠶᠢ ᠠᠬᠢᠭᠤᠯᠤᠶ᠎ᠠ᠃ ᠬᠤᠷᠸ᠎ᠠ ᠠᠵᠤ | ᠠᠬᠤᠢ ᠶᠢᠨ ᠲᠥᠷᠥ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠤᠳᠤᠯᠭ᠎ᠠ ᠶᠢᠨ | ᠦᠷᠭᠦᠯᠵᠢᠯᠡᠬᠦᠶᠢᠴᠡ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠪᠠᠯ ᠵᠣᠬᠢᠨ᠎ᠠ᠃ ᠭᠤᠣᠯ | ᠪᠣᠯᠬᠤ ᠠᠵᠤ ᠠᠬᠤᠢ ᠶᠢᠨ ᠴᠣᠭᠴᠠ ᠬᠠᠷᠢᠭᠤᠴᠠᠯᠭ᠎ᠠ ᠲᠠᠢ ᠬᠤᠷᠸ᠎ᠠ ᠠᠵᠤ ᠠᠬᠤᠢ ᠶᠢᠨ ᠲᠥᠷᠥ ᠶᠢᠨ ᠪᠤᠳᠤᠯᠭ᠎ᠠ | ᠠᠪᠴᠤ᠂ ᠬᠥᠭᠵᠢᠵᠦ ᠪᠠᠶᠢᠭ᠎ᠠ ᠤᠯᠤᠰ ᠤᠳ ᠲᠤ ᠨᠠᠵᠠᠭᠠᠢ ᠨᠥᠯᠥᠭᠡ ᠦᠵᠡᠭᠦᠯᠬᠦ ᠠᠴᠠ ᠵᠠᠶᠢᠯᠠᠰᠭᠢᠵᠦ᠂ ᠤᠯᠠᠨ | ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠰᠢᠰᠲ᠋ᠧᠮ ᠤᠨ ᠲᠣᠭᠲᠠᠭᠤᠨ ᠠᠵᠢᠯᠯᠠᠭᠠᠨ ᠢ ᠬᠠᠮᠠᠭᠠᠯᠠᠶ᠎ᠠ᠃ | ᠡᠭᠦᠨ ᠤ ᠵᠡᠷᠭᠡ ᠪᠠᠷ ᠠᠯᠤᠰ ᠬᠡᠲᠦ ᠶᠢ ᠪᠣᠳᠣᠯᠬᠢᠯᠠᠨ᠂ ᠪᠦᠬᠦ ᠪᠦᠮᠪᠦᠷᠴᠡᠭ ᠤᠨ ᠠᠵᠤ ᠠᠬᠤᠢ ᠶᠢᠨ | ᠵᠠᠰᠠᠯᠲᠠ ᠶᠢᠨ ᠰᠢᠰᠲ᠋ᠧᠮ ᠪᠣᠯᠤᠨ ᠳᠦᠷᠢᠮ ᠢ ᠲᠡᠭᠦᠯᠳᠡᠷᠵᠢᠭᠦᠯᠵᠦ᠂ ᠤᠯᠠᠨ ᠤᠯᠤᠰ ᠤᠨ ᠠᠵᠤ ᠠᠬᠤᠢ ᠶᠢᠨ | ᠪᠠᠶᠢᠷᠢᠰᠢᠯ ᠤᠨ ᠬᠤᠪᠢᠷᠠᠯᠲᠠ ᠶᠢ ᠦᠨᠡᠨ ᠬᠦ ᠲᠤᠰᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠦᠭᠡ ᠬᠡᠯᠡᠬᠦ | ᠡᠷᠬᠡ ᠶᠢ ᠳᠡᠭᠡᠭᠰᠢᠯᠡᠭᠦᠯᠪᠡᠯ ᠵᠣᠬᠢᠨ᠎ᠠ᠃ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ | ᠪᠠᠶᠢᠭᠤᠯᠤᠯᠲᠠ ᠠᠴᠠ ᠣᠨᠴᠠᠭᠠᠶ ᠵᠣᠭᠤᠰ ᠭᠠᠷᠭᠠᠨ ᠠᠪᠬᠤ ᠡᠷᠬᠡ ᠨᠡᠮᠡᠵᠦ ᠣᠯᠭᠤᠬᠤ ᠶᠢ ᠳᠤᠮᠳᠠᠳᠤ ᠤᠯᠤᠰ | ᠪᠠᠶᠠᠷᠯᠠᠨ ᠤᠭᠲᠤᠵᠤ᠂ ᠬᠢᠵᠢᠭ ᠤᠨ ᠪᠠᠶᠢᠳᠠᠯ ᠳᠤ ᠬᠦᠨᠳᠦ ᠨᠣᠴᠢᠲᠠᠶ ᠨᠥᠯᠥᠭᠡᠯᠡᠭᠳᠡᠭᠰᠡᠨ ᠣᠷᠣᠯᠭ᠎ᠠ ᠲᠤᠤᠷ᠎ᠠ | ᠤᠯᠤᠰ ᠲᠤ ᠳᠤᠷᠠᠲᠠᠶ᠎ᠠ ᠰᠢᠯᠵᠢᠭᠦᠯᠦᠨ ᠵᠢᠭᠡᠯᠡᠭᠦᠯᠵᠦ ᠥᠭᠭᠦᠨ᠎ᠡ᠃ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ | ᠠᠷᠠᠯᠵᠢᠶᠠᠨ ᠤ ᠪᠠᠶᠢᠭᠤᠯᠤᠮᠵᠢ ᠶᠢ ᠬᠠᠮᠠᠭᠠᠯᠠᠵᠤ᠂ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ | ᠪᠠᠶᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠡᠷᠬᠡ ᠠᠰᠢᠭ ᠪᠣᠯᠤᠨ ᠬᠥᠭᠵᠢᠯᠲᠡ ᠶᠢᠨ ᠣᠷᠣᠨ ᠵᠠᠢ ᠶᠢ | ᠪᠠᠲᠤᠯᠠᠪᠠᠯ ᠵᠣᠬᠢᠨ᠎ᠠ᠃ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠳᠠᠷᠤᠢ ᠲᠦᠷᠭᠡᠨ | ᠰᠡᠷᠭᠦᠭᠡᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ | ᠪᠠᠶᠢᠲᠠᠯ ᠢ ᠬᠠᠮᠠᠭᠠᠯᠠᠪᠠᠯ ᠵᠤᠬᠢᠨ᠎ᠠ᠃ ᠳᠤᠮᠳᠠᠳᠤ ᠤᠯᠤᠰ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ | ᠬᠡᠯᠬᠢᠶ᠎ᠠ ᠶᠢᠨ ᠤᠶᠠᠨ ᠬᠠᠳᠠᠨ ᠴᠢᠨᠠᠷ ᠪᠣᠯᠤᠨ ᠲᠣᠭᠲᠠᠭᠤᠨ ᠤ ᠲᠤᠬᠠᠢ ᠤᠯᠠᠨ ᠤᠯᠤᠰ ᠤᠨ ᠶᠠᠷᠢᠶᠠᠨ ᠤ ᠲᠠᠪᠴᠠᠩ ᠢ | ᠡᠷᠬᠢᠯᠡᠬᠦ ᠶᠢ ᠰᠠᠨᠠᠭᠠᠴᠢᠯᠠᠵᠤ᠂ ᠬᠤᠷᠢᠨ ᠤᠯᠤᠰ ᠤᠨ ᠪᠥᠯᠥᠭᠯᠡᠯ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ | ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠴᠢᠨᠠᠷ | ᠰᠠᠶᠢᠲᠠᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠨᠠᠩ ᠣᠯᠠᠨ ᠡᠯᠪᠡᠭ ᠦᠷ᠎ᠡ ᠪᠦᠲᠦᠭᠡᠯ ᠣᠯᠬᠤ ᠶᠢ | ᠠᠬᠢᠭᠤᠯᠤᠨ᠎ᠠ᠃ | ᠭᠤᠷᠪᠠᠳᠤᠭᠠᠷ ᠲᠤ᠂ ᠲᠦᠭᠡᠮᠡᠯ ᠬᠠᠷᠠᠭᠠᠯᠵᠠᠯ ᠠᠭᠤᠳᠠᠮ ᠪᠠᠭᠲᠠᠭᠠᠮᠵᠢᠲᠠᠢ ᠪᠠᠶᠢᠵᠥ᠂ ᠬᠠᠮᠲᠤ ᠪᠠᠷ ᠬᠥᠭᠵᠢᠶ᠎ᠡ᠃ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠦᠬᠦ ᠪᠦᠮᠪᠦᠷᠴᠡᠭ ᠤᠨ ᠬᠥᠭᠵᠢᠯᠲᠡ ᠶᠢᠨ ᠲᠥᠪ | ᠭᠤᠣᠯᠴᠢ ᠴᠢᠨᠠᠷ᠂ ᠪᠦᠳᠦᠮᠵᠢᠳᠤ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠵᠦ᠂ ᠶᠠᠮᠠᠷᠪᠠ ᠤᠯᠤᠰ ᠢ ᠴᠦ | ᠡᠩᠨᠡᠭᠡ ᠠᠴᠠ ᠬᠤᠴᠣᠷᠭᠠᠬᠤ ᠦᠭᠡᠢ ᠪᠠᠷ ᠴᠢᠷᠮᠠᠶᠢᠪᠠᠯ ᠵᠣᠬᠢᠨ᠎ᠠ᠃ ᠬᠤᠷᠢᠨ ᠤᠯᠤᠰ ᠤᠨ ᠪᠥᠯᠥᠭᠯᠡᠯ ᠬᠥᠭᠵᠢᠯᠲᠡ ᠶᠢ | ᠬᠤᠷᠸ᠎ᠠ ᠲᠥᠷᠥ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢᠨ ᠳᠣᠪᠣᠶᠢᠮ᠎ᠠ ᠪᠠᠶᠢᠷᠢᠨ ᠳᠤ ᠲᠠᠯᠪᠢᠵᠤ᠂ ᠠᠹᠷᠢᠺᠠ ᠲᠢᠪ | ᠪᠣᠯᠤᠨ ᠬᠠᠮᠤᠭ ᠤᠨ ᠬᠥᠭᠵᠢᠭᠡᠳᠦᠢ ᠤᠯᠤᠰ ᠤᠨ ᠠᠵᠤ ᠦᠢᠯᠡᠳᠪᠦᠷᠢᠵᠢᠯᠲᠡ ᠶᠢ ᠪᠡᠶᠡᠯᠡᠭᠦᠯᠬᠦ ᠶᠢ ᠳᠡᠮᠵᠢᠬᠦ | ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠪᠠᠯ ᠵᠣᠬᠢᠨ᠎ᠠ᠃ ᠬᠥᠭᠵᠢᠭᠰᠡᠨ ᠠᠵᠤ ᠠᠬᠤᠢ ᠶᠢᠨ ᠴᠣᠭᠴᠠ ᠠᠯᠪᠠᠨ ᠤ | ᠲᠠᠯ᠎ᠠ ᠶᠢᠨ ᠬᠥᠭᠵᠢᠯᠲᠡ ᠶᠢᠨ ᠲᠤᠰᠠᠯᠠᠮᠵᠢ ᠦᠵᠡᠭᠦᠯᠬᠦ ᠠᠮᠠᠯᠠᠯᠲᠠ ᠪᠠᠨ ᠭᠦᠢᠴᠡᠳᠭᠡᠵᠦ᠂ ᠬᠥᠭᠵᠢᠵᠦ ᠪᠠᠶᠢᠭ᠎ᠠ | ᠤᠯᠤᠰ ᠲᠤ ᠨᠡᠩ ᠤᠯᠠᠨ ᠡᠬᠢ ᠪᠠᠶᠠᠯᠢᠭ ᠬᠠᠩᠭᠠᠪᠠᠯ ᠵᠤᠬᠢᠨ᠎ᠠ᠃ ᠮᠢᠨᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠳᠤ ᠰᠠᠨᠠᠭᠠᠴᠢᠯᠠᠭᠰᠠᠨ ᠪᠦᠬᠦ ᠪᠦᠮᠪᠦᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠬᠤᠷᠢᠨ ᠤᠯᠤᠰ ᠤᠨ | ᠪᠥᠯᠥᠭᠯᠡᠯ ᠤᠨ ᠪᠦᠬᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠬᠤ ᠵᠣᠷᠢᠯᠲᠠ ᠪᠠ ᠭᠤᠣᠯᠳᠠᠯᠭᠠᠳᠦ ᠴᠢᠭᠯᠡᠯ ᠲᠠᠢ | ᠳᠡᠭᠡᠳᠦ ᠬᠡᠮᠵᠢᠶ᠎ᠠ ᠪᠠᠷ ᠨᠡᠶᠢᠴᠡᠵᠦ ᠨᠡᠶᠢᠴᠡᠭᠡ ᠶᠤᠮ᠃ ᠡᠯ᠎ᠡ ᠤᠯᠤᠰ ᠤᠨ ᠢᠳᠡᠪᠬᠢᠲᠡᠢ ᠣᠷᠣᠯᠴᠠᠬᠤ ᠶᠢ ᠪᠠᠶᠠᠷᠯᠠᠨ | ᠤᠭᠲᠤᠵᠤ ᠪᠠᠶᠢᠨ᠎ᠠ᠃ | ᠳᠥᠷᠪᠡᠳᠦᠭᠡᠷ ᠲᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠥᠳᠡᠯᠭᠡᠬᠦ ᠬᠦᠴᠦᠨ ᠢ | ᠠᠭᠤᠳᠠᠯᠤᠶ᠎ᠠ᠃ ᠬᠤᠷᠢᠨ ᠤᠯᠤᠰ ᠤᠨ ᠪᠥᠯᠥᠭᠯᠡᠯ ᠬᠦᠴᠦ ᠪᠠᠨ ᠬᠠᠮᠲᠤᠳᠬᠠᠵᠤ ᠰᠢᠨ᠎ᠡ ᠶᠢ ᠡᠭᠦᠳᠬᠦ ᠨᠡᠮᠡᠭᠳᠡᠯ ᠤᠨ | ᠲᠠᠯᠳᠠ ᠬᠦᠴᠦᠨ ᠢ ᠢᠯᠡᠷᠡᠭᠦᠯᠵᠦ᠂ ᠭᠦᠢᠴᠡᠳ ᠣᠷᠣᠯᠴᠠᠬᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠤᠯᠬᠤ | ᠰᠠᠭᠤᠷᠢᠨ ᠳᠡᠭᠡᠷ᠎ᠡ ᠲᠦᠷᠢᠮ ᠲᠣᠭᠲᠠᠭᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠳᠤ | ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠶ᠎ᠠ᠃ ᠵᠣᠷᠢᠭᠤᠳᠠ ᠵᠢᠵᠢᠭ ᠪᠦᠯᠬᠦᠮ ᠪᠠᠶᠢᠭᠤᠯᠬᠤ᠂ ᠴᠢᠨᠠᠭᠰᠢᠯᠠᠪᠠᠯ | ᠦᠵᠡᠯ ᠤᠬᠠᠮᠰᠠᠷ ᠤᠨ ᠬᠡᠯᠪᠡᠷᠢ ᠪᠠᠷ ᠵᠠᠭᠠᠭ ᠱᠤᠭᠤᠮ ᠲᠣᠭᠲᠠᠭᠠᠬᠤ ᠨᠢ ᠵᠥᠪᠬᠡᠨ ᠵᠠᠪᠰᠠᠷᠳᠠᠯ ᠭᠠᠷᠭᠠᠵᠤ᠂ ᠬᠠᠷᠰᠢ | ᠰᠠᠭᠠᠳ ᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠤᠣᠷ ᠬᠥᠨᠥᠭᠡᠯ | ᠲᠠᠢ ᠠᠴᠠ ᠪᠢᠰᠢ ᠠᠰᠢᠭ ᠦᠭᠡᠢ ᠶᠤᠮ᠃ | ᠲᠣᠭᠠᠴᠢᠯᠠᠭᠰᠠᠨ ᠴᠠᠭ ᠦᠶ᠎ᠡ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠰᠢᠨ᠎ᠡ ᠬᠡᠯᠪᠡᠷᠢ ᠶᠢᠨ | ᠲᠣᠭᠠᠴᠢᠯᠠᠭᠰᠠᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠲᠣᠭᠠᠴᠢᠯᠠᠭᠰᠠᠨ | ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠥᠭᠵᠢᠵᠦ | ᠪᠠᠶᠢᠭ᠎ᠠ ᠤᠯᠤᠰ ᠤᠳ ᠢ ᠬᠠᠪᠰᠤᠷᠤᠨ ︽ᠲᠣᠭᠠᠴᠢᠯᠠᠯᠲᠠ ᠶᠢᠨ ᠵᠠᠪᠰᠡᠷ ᠵᠠᠭᠠᠭ︾ ᠢ ᠠᠷᠢᠯᠭᠠᠶ᠎ᠠ᠃ ᠳᠤᠮᠳᠠᠳᠤ ᠤᠯᠤᠰ | ᠨᠢᠭᠡᠨᠲᠡ ︽ᠪᠦᠬᠦ ᠪᠥᠮᠪᠥᠷᠴᠡᠭ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠠᠨᠠᠭᠠᠴᠢᠯᠠᠭ᠎ᠠ︾ ᠶᠢ ᠳᠤᠷᠠᠳᠪᠠ᠂ | ᠪᠢᠳᠡ ᠡᠯ᠎ᠡ ᠲᠠᠯ᠎ᠠ ᠶᠢᠨ ᠬᠢᠨ ᠤ ᠬᠦᠰᠡᠯ ᠰᠠᠨᠠᠭ᠎ᠠ ᠶᠢ ᠲᠤᠰᠬᠠᠬᠤ᠂ ᠡᠯ᠎ᠡ ᠲᠠᠯ᠎ᠠ ᠶᠢᠨ ᠬᠢᠨ ᠤ ᠠᠰᠢᠭ ᠲᠤᠰᠠ ᠶᠢ | ᠬᠦᠨᠳᠦᠳᠭᠡᠬᠦ ᠲᠣᠭᠠᠴᠢᠯᠠᠭᠰᠠᠨ ᠵᠠᠰᠠᠯᠲᠠ ᠶᠢᠨ ᠤᠯᠠᠨ ᠤᠯᠤᠰ ᠤᠨ ᠲᠦᠷᠢᠮ ᠢ ᠬᠠᠮᠲᠤ ᠪᠠᠷ ᠰᠤᠳᠤᠯᠤᠨ | ᠲᠣᠭᠲᠠᠭᠠᠵᠤ᠂ ᠨᠡᠭᠡᠭᠡᠯᠲᠡᠲᠡᠢ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠦᠭᠡᠢ ᠲᠣᠭᠠᠴᠢᠯᠠᠭᠰᠠᠨ | ᠬᠥᠭᠵᠢᠯᠲᠡ ᠶᠢᠨ ᠣᠷᠴᠢᠨ ᠨᠥᠬᠦᠴᠡᠯ ᠢ ᠢᠳᠡᠪᠬᠢᠲᠡᠢ ᠪᠤᠢ ᠪᠣᠯᠭᠠᠵᠤ ᠪᠣᠯᠤᠨ᠎ᠠ᠃ ᠳᠤᠮᠳᠠᠳᠤ ᠤᠯᠤᠰ | ᠲᠣᠭᠠᠴᠢᠯᠠᠭᠰᠠᠨ ᠠᠵᠤ ᠠᠬᠤᠶ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽ᠲᠣᠭᠠᠴᠢᠯᠠᠭᠰᠠᠨ ᠠᠵᠤ ᠠᠬᠤᠶ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ | ᠣᠷᠣᠯᠴᠠᠬᠤ ᠭᠤᠶᠤᠴᠢᠯᠠᠯ ᠭᠠᠷᠭᠠᠬᠤ ᠪᠠᠷ ᠨᠢᠭᠡᠨᠲᠡ ᠲᠣᠭᠲᠠᠵᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ | ᠬᠦᠴᠦ ᠪᠠᠨ ᠬᠠᠮᠲᠤᠳᠬᠠᠨ ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠪᠥᠭᠡᠳ ᠡᠮᠬᠢ ᠵᠢᠷᠤᠮ ᠲᠠᠢ | ᠬᠥᠭᠵᠢᠯᠲᠡ ᠶᠢ ᠠᠬᠢᠭᠤᠯᠤᠨ᠎ᠠ᠃ | ᠲᠠᠪᠤᠳᠤᠭᠠᠷ ᠲᠤ᠂ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ᠂ ᠪᠣᠬᠢᠷᠲᠤᠯ ᠦᠭᠡᠢ ᠬᠦᠭᠵᠢᠯᠳᠡ ᠶᠢ | ᠥᠨᠢᠳᠡ ᠡᠷᠬᠢᠮᠯᠠᠶᠡ᠃ ᠬᠤᠷᠢᠨ ᠤᠯᠤᠰ ᠤᠨ ᠪᠥᠯᠥᠭᠯᠡᠯ ᠠᠳᠠᠯᠢ ᠪᠤᠯᠪᠠᠴᠤ ᠢᠯᠭᠠᠭ᠎ᠠ ᠲᠠᠢ ᠪᠠᠶᠢᠬᠤ | ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ | ᠫᠠᠷᠢᠰ ᠤᠨ ᠬᠡᠯᠡᠯᠴᠡᠭᠡᠷ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ | ᠶᠢᠨ ᠬᠤᠷᠢᠨ ᠵᠢᠷᠭᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠪᠣᠯᠤᠨ ︽ᠠᠮᠢᠳᠤ ᠪᠣᠳᠠᠰ ᠤᠨ | ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ | ᠶᠡᠭᠡ ᠬᠤᠷᠠᠯ ᠠᠮᠵᠢᠯᠲᠠ ᠣᠯᠬᠤ ᠶᠢ ᠳᠡᠮᠵᠢᠪᠡᠯ ᠵᠣᠬᠢᠨ᠎ᠠ᠃ ᠬᠥᠭᠵᠢᠭᠰᠡᠨ ᠤᠯᠤᠰ ᠤᠳ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠰᠠᠭᠤᠳᠠᠯ ᠤᠨ ᠲᠠᠯ᠎ᠠ ᠪᠠᠷ ᠦᠯᠢᠭᠡᠷ ᠳᠠᠭᠤᠷᠢᠶᠠᠯ ᠦᠵᠡᠭᠦᠯᠵᠦ᠂ | ᠬᠥᠭᠵᠢᠵᠦ ᠪᠠᠶᠢᠭ᠎ᠠ ᠤᠯᠤᠰ ᠤᠳ ᠤᠨ ᠣᠨᠴᠠᠭᠠᠢ ᠬᠦᠴᠢᠷᠳᠡᠯ ᠪᠠ ᠠᠩᠬᠠᠷᠤᠯ ᠢ ᠭᠦᠢᠴᠡᠳ ᠬᠠᠷᠠᠭᠠᠯᠵᠠᠨ᠂ ᠠᠭᠤᠷ | ᠠᠮᠢᠰᠬᠤᠯ ᠤᠨ ᠪᠡᠯᠡ ᠮᠦᠩᠭᠦ ᠴᠤᠭᠯᠠᠭᠤᠯᠬᠤ ᠠᠮᠠᠯᠠᠯᠲᠠ ᠪᠠᠨ ᠨᠠᠶᠢᠳᠠᠪᠤᠷᠢᠵᠢᠭᠤᠯᠬᠤ ᠶᠢᠨ ᠬᠠᠮᠲᠤ ᠮᠡᠷᠭᠡᠵᠢᠯ᠂ | ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠶ᠎ᠠ᠃ | ᠳᠤᠮᠳᠠᠳᠤ ᠤᠯᠤᠰ ᠢᠮᠠᠭᠲᠠ ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ | ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠤ ᠠᠬᠤᠢ ᠶᠢᠨ ᠪᠣᠬᠢᠷᠲᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠠᠵᠢᠯᠯᠠᠭ᠎ᠠ ᠶᠢᠨ ᠡᠷᠴᠢᠮ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ ᠪᠠᠶᠢᠨ᠎ᠠ᠃ ᠳᠤᠮᠳᠠᠳᠤ ᠤᠯᠤᠰ | 2030 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ | 2060 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠪᠢᠳᠡ ᠠᠮᠠᠯᠠᠯᠲᠠ ᠪᠠᠨ ᠪᠡᠶᠡᠯᠡᠭᠦᠯᠵᠦ᠂ ᠡᠯ᠎ᠡ ᠤᠯᠤᠰ ᠲᠠᠢ ᠭᠠᠷ ᠬᠤᠯᠪᠣᠯᠴᠠᠨ ᠪᠣᠬᠢᠷᠲᠤᠯ ᠦᠭᠡᠢ᠂ ᠪᠠᠭ᠎ᠠ | ᠨᠡᠭᠦᠷᠡᠰᠦᠲᠥ᠋ᠷᠥᠭᠴᠢᠳᠤ᠂ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠨ᠎ᠠ᠃ | ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠦᠬᠡᠨ ᠳᠤ᠄ ︽ᠦᠨᠡᠨᠴᠢ ᠢᠲᠡᠭᠡᠮᠵᠢᠲᠡᠶ ᠬᠥᠮᠦᠨ | ᠳᠡᠯᠡᠬᠡᠢ ᠳ᠋ᠠᠬᠢᠨ ᠤ ᠬᠦᠷᠢᠶᠡᠯᠡᠯ ᠢ ᠤᠯᠤᠮᠤᠢ︾ ᠬᠡᠵᠥ ᠪᠠᠶᠢᠳᠠᠭ᠃ ᠳᠠᠷᠤᠶ ᠦᠨᠡᠨᠴᠢ ᠢᠲᠡᠭᠡᠮᠵᠢ ᠪᠣᠯ ᠳᠡᠯᠡᠬᠡᠶ ᠳ᠋ᠠᠬᠢᠨ | ᠲᠠᠢ ᠨᠠᠶᠢᠵᠠᠯᠠᠬᠤ ᠶᠢᠨ ᠦᠨᠳᠦᠰᠦ ᠮᠥᠨ᠃ ᠳᠤᠮᠳᠠᠳᠤ ᠤᠯᠤᠰ ᠭᠠᠳᠠᠭᠰᠢ ᠨᠡᠭᠡᠭᠡᠯᠲᠡ ᠬᠢᠬᠦ ᠤᠯᠤᠰ ᠤᠨ | ᠦᠨᠳᠦᠰᠦᠨ ᠪᠣᠳᠣᠯᠭ᠎ᠠ ᠶᠢ ᠪᠠᠷᠢᠮᠲᠠᠯᠠᠨ᠂ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠪᠠ | ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠵᠢᠮ᠎ᠠ ᠶᠤᠰᠤ᠂ ᠲᠦᠷᠢᠮ ᠲᠤᠭᠳᠠᠭᠠᠯ᠂ | ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠬᠦᠴᠦᠯᠡᠨ ᠠᠬᠢᠭᠤᠯᠵᠤ᠂ | ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠴᠤᠭᠴᠠᠯᠠᠵᠤ᠂ ᠳᠤᠮᠳᠠᠳᠤ ᠭᠠᠳᠠᠭᠠᠳᠤ ᠶᠢᠨ ᠠᠵᠤ ᠠᠬᠤᠶᠢᠯᠠᠯ ᠳᠤ ᠡᠷᠭᠡ ᠲᠡᠭᠰᠢ ᠲᠥᠪ ᠭᠤᠤᠯᠴᠢ | ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠩᠭᠠᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠡᠯ᠎ᠡ ᠤᠯᠤᠰ ᠲᠤ | ᠨᠡᠩ ᠤᠯᠠᠨ ᠰᠢᠨ᠎ᠡ ᠠᠵᠠ ᠲᠣᠬᠢᠶᠠᠯ ᠣᠯᠭᠤᠵᠤ᠂ ᠳᠡᠯᠡᠬᠡᠢ ᠶᠢᠨ ᠠᠵᠤ ᠠᠬᠤᠢ ᠳᠤ ᠨᠡᠩ ᠤᠯᠠᠨ ᠰᠢᠨ᠎ᠡ ᠬᠥᠳᠡᠯᠭᠡᠬᠦ | ᠡᠨᠧᠷᠭᠢ ᠨᠡᠮᠡᠷᠢᠯᠡᠬᠦ ᠶᠢ ᠪᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠡᠴᠦᠰ ᠲᠤ᠂ ᠬᠥᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ | ᠪᠠᠶᠢᠭᠤᠯᠬᠤ ᠳᠤ ᠳᠡᠯᠡᠬᠡᠢ ᠶᠢᠨ ᠡᠯ᠎ᠡ ᠤᠯᠤᠰ ᠤᠨ ᠴᠥᠬᠦᠷᠡᠰᠢ ᠦᠭᠡᠢ ᠴᠢᠷᠮᠠᠶᠢᠯᠭ᠎ᠠ ᠱᠠᠭᠠᠷᠳᠠᠭᠳᠠᠨ᠎ᠠ᠃ ᠬᠤᠯᠠ | ᠬᠡᠮᠡᠨ ᠪᠦᠦ ᠴᠦᠬᠦ ᠶᠠᠪᠤᠪᠠᠰᠤ ᠬᠦᠷᠦᠮᠦᠢ᠃ ᠪᠢᠳᠡ ᠪᠦᠯᠬᠦᠮᠳᠡᠵᠡᠭᠡᠵᠦ᠂ ᠬᠢᠵᠢᠭ ᠤᠨ ᠪᠠᠶᠢᠳᠠᠯ ᠤᠨ ᠬᠦᠳᠡᠩ ᠮᠠᠨᠠᠨ ᠢ | ᠡᠷᠲᠡᠬᠡᠨ ᠰᠠᠷᠨᠢᠭᠤᠯᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠣᠯᠴᠠᠨ ᠬᠠᠮᠲᠤ ᠪᠠᠷ ᠪᠠᠶᠢᠭᠤᠯᠤᠶ᠎ᠠ | ᠭᠡᠵᠦ ᠴᠢᠬᠤᠯᠠᠴᠢᠯᠠᠪᠠ᠃ | ᠲᠦᠷᠦᠭᠦᠴᠦᠳ ᠤᠨ ᠬᠤᠷᠠᠯ ᠢ ᠬᠤᠷᠢᠨ ᠤᠯᠤᠰ ᠤᠨ ᠪᠥᠯᠥᠭᠯᠡᠯ ᠤᠨ ᠲᠡᠷᠢᠭᠦᠯᠡᠭᠴᠢ ᠤᠯᠤᠰ ᠢᠲ᠋ᠠᠯᠢ ᠶᠢᠨ | ᠶᠡᠷᠦᠩᠬᠡᠶ ᠰᠠᠶᠢᠳ ᠳ᠋ᠧᠯᠠᠵᠢ ᠡᠷᠭᠢᠯᠡᠪᠡ᠃ ᠬᠤᠷᠢᠨ ᠤᠯᠤᠰ ᠤᠨ ᠪᠥᠯᠥᠭᠯᠡᠯ ᠤᠨ ᠪᠦᠷᠢᠯᠳᠦᠬᠦᠨ ᠤᠳᠤᠷᠢᠳᠬᠤ | ᠬᠥᠮᠦᠰ᠂ ᠵᠣᠴᠢᠨ ᠤᠯᠤᠰ ᠤᠨ ᠤᠳᠤᠷᠢᠳᠬᠤ ᠬᠥᠮᠦᠰ ᠵᠢᠴᠢ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ | ᠤᠶᠠᠯᠳᠤᠭᠤᠯᠬᠤ ᠬᠡᠯᠪᠡᠷᠢ ᠪᠠᠷ ᠬᠤᠷᠠᠯ ᠳᠤ ᠣᠷᠣᠯᠴᠠᠪᠠ᠃ | ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ | ᠲᠡᠷᠢᠭᠦᠯᠡᠭᠴᠢ ᠰᠢ ᠶᠢᠨ ᠫᠢᠩ ᠤᠨ ᠣᠨᠴᠠ ᠲᠥᠯᠥᠭᠡᠯᠡᠭᠴᠢ ᠶᠢᠨ ᠬᠤᠪᠢ ᠪᠠᠷ ᠢᠲ᠋ᠠᠯᠢ ᠶᠢᠨ ᠲᠤᠬᠠᠢ ᠶᠢᠨ ᠲᠠᠯᠠᠪᠠᠢ ᠳᠤ | ᠬᠤᠷᠠᠯ ᠳᠤ ᠣᠷᠣᠯᠴᠠᠪᠠ᠃ |