ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠮᠡᠳᠡᠭᠳᠡᠯ
ᠨᠡᠶᠢᠲᠡᠯᠡᠭᠰᠡᠨ ᠴᠠᠭ᠄
2021/11/30
          2021 ᠣᠨ ᠤ 11 ᠰᠠᠷ᠎ᠠ ᠶᠢᠨ 27 ᠠᠴᠠ 28 ᠤ ᠬᠤᠭᠤᠷᠤᠨᠳᠤ᠂ ᠮᠠᠨᠵᠤᠤᠷ ᠬᠤᠲᠠ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠵᠠᠯᠭᠠᠭ᠎ᠠ ᠪᠠᠷ ᠬᠢᠵᠢᠭ ᠢᠯᠡᠷᠡᠵᠡᠢ᠃ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠬᠤᠷᠢᠭᠯᠠᠵᠤ᠂ ᠳᠣᠲᠣᠭᠠᠳᠤ ᠳᠠᠭᠠᠨ ᠬᠢᠵᠢᠭ ᠡᠭᠦᠰᠬᠦ ᠶᠢ ᠰᠡᠷᠭᠡᠶᠢᠯᠡᠬᠦ︾ ᠠᠵᠢᠯ ᠢ ᠰᠠᠶᠢᠲᠤᠷ ᠬᠢᠵᠦ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠬᠠᠯᠳᠠᠪᠤᠷᠢᠯᠠᠬᠤ ᠪᠣᠯᠣᠮᠵᠢ ᠶᠢ ᠪᠦᠲᠦᠮᠵᠢᠲᠡᠶ ᠬᠢᠵᠠᠭᠠᠷᠯᠠᠬᠤ ᠪᠠ ᠪᠠᠭᠤᠷᠠᠭᠤᠯᠬᠤ ᠶᠢᠨ ᠲᠤᠯᠠᠳᠠ᠂ ᠣᠲᠣ ᠬᠠᠮᠢᠶ᠎ᠠ ᠪᠥᠬᠦᠶ ᠵᠦᠶᠯᠡᠰ ᠢ ᠮᠡᠳᠡᠭᠳᠡᠶ᠎ᠡ᠄           ᠨᠢᠭᠡ᠂ ᠬᠠᠷᠢᠭᠤᠴᠠᠯᠭ᠎ᠠ ᠶᠢ ᠴᠢᠩᠭᠠᠷᠠᠭᠤᠯᠤᠨ᠂ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ 11 ᠰᠠᠷ᠎ᠠ ᠶᠢᠨ 13 ᠠᠴᠠ ᠨᠠᠰᠢ ᠮᠠᠨᠵᠤᠤᠷ ᠬᠤᠲᠠ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠲᠤ ᠣᠴᠢᠵᠤ ᠥᠩᠭᠡᠷᠡᠭᠰᠡᠨ ᠪᠤᠶᠤ ᠣᠨᠣᠰᠢᠯᠠᠭᠳᠠᠭᠰᠠᠨ ᠡᠪᠡᠳᠴᠢᠲᠡᠨ ᠲᠠᠢ ᠵᠠᠮ ᠲᠠᠭᠠᠷᠠᠭᠰᠠᠨ ᠬᠥᠮᠦᠰ ᠪᠠᠶᠢᠪᠠᠯ᠂ ᠲᠡᠷᠡ ᠳᠠᠷᠤᠶ ᠳᠠᠭᠠᠨ ᠮᠠᠨ ᠤ ᠬᠤᠰᠢᠭᠤᠨ ᠤ ᠬᠢᠵᠢᠭ ᠢ ᠰᠡᠷᠭᠡᠶᠢᠯᠡᠬᠦ ᠵᠢᠯᠣᠭᠤᠳᠬᠤ ᠬᠡᠯᠲᠡᠰ᠂ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠪᠤᠶᠤ ᠥᠪᠡᠷ ᠤᠨ ᠰᠤᠮᠤ ᠪᠠᠯᠭᠠᠰᠤ ︵ᠲᠠᠯᠠᠪᠠᠶ︶ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ᠂ ᠦᠨᠳᠦᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠰᠢᠯᠢ ᠶᠢᠨ ᠭᠤᠤᠯ ᠠᠶᠢᠮᠠᠭ ᠲᠤ ᠢᠷᠡᠭᠰᠡᠨ ᠬᠦᠮᠦᠰ ᠲᠤ ᠴᠥᠮ ︽14 ᠡᠳᠦᠷ ᠨᠢᠭᠡᠳᠦᠯᠲᠡᠢ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠶᠢ ᠬᠡᠷᠡᠭᠵᠢᠬᠦᠯᠵᠦ᠂ ᠳᠤᠮᠳᠠ ᠳᠡᠰ ᠤᠨ ᠬᠢᠵᠢᠭ ᠤᠨ ᠳᠥᠭᠰᠢᠭᠦᠷᠢᠲᠦ ᠭᠠᠵᠠᠷ ᠣᠷᠣᠨ ᠠᠴᠠ ᠰᠢᠯᠢ ᠶᠢᠨ ᠭᠤᠤᠯ ᠠᠶᠢᠮᠠᠭ ᠲᠤ ᠢᠷᠡᠭᠰᠡᠨ ᠬᠥᠮᠦᠰ ᠲᠤ ᠴᠥᠮ ︽14 ᠬᠤᠨᠤᠭ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠶᠢ ᠬᠡᠷᠡᠭᠵᠢᠬᠦᠯᠦᠨ᠎ᠡ᠂ ᠬᠡᠷ  ᠲᠡᠭᠡᠨ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠡᠳᠦᠶ ᠬᠥᠮᠦᠰ ᠢ ᠴᠥᠮ ᠨᠢᠭᠡᠳᠦᠯᠲᠡᠢ ᠲᠤᠰᠠᠭᠠᠷᠯᠠᠨ᠎ᠠ᠃ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠤ ᠰᠢᠶᠠᠨ ᠲᠣᠭᠤᠷᠢᠭ ᠠᠴᠠ ᠪᠣᠰᠣᠳ ᠭᠠᠵᠠᠷ ᠤᠨ ᠮᠠᠨ ᠤ ᠬᠤᠰᠢᠭᠤᠨ ᠳᠤ ᠢᠷᠡᠭᠰᠡᠨ ᠬᠥᠮᠦᠰ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠂ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠥᠬᠡᠶ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠣᠶᠢᠷ᠎ᠠ ᠬᠠᠪᠢ ᠳᠠᠭᠠᠨ ᠪᠠᠶᠢᠴᠠᠭᠠᠯᠭᠠᠬᠤ ᠬᠡᠷᠡᠭᠲᠡᠶ᠃           11 ᠰᠠᠷ᠎ᠠ ᠶᠢᠨ 11 ᠠᠴᠠ ᠨᠠᠰᠢ ᠱᠠᠩᠬᠠᠢ ᠬᠤᠳᠠ᠂ 11 ᠰᠠᠷ᠎ᠠ ᠶᠢᠨ 21 ᠠᠴᠠ ᠨᠠᠰᠢ ᠰᠢᠦ᠋ᠢᠵᠸᠤ ᠬᠤᠳᠠ᠂ 11 ᠰᠠᠷ᠎ᠠ ᠶᠢᠨ 22 ᠠᠴᠠ ᠨᠠᠰᠢ ᠬᠠᠩᠵᠧᠦ ᠬᠤᠳᠠ ᠠᠴᠠ ᠢᠷᠡᠭᠰᠡᠨ ᠬᠦᠮᠦᠰ ᠳᠠᠷᠤᠶᠢᠬᠠᠨ ᠥᠪᠡᠷ ᠤᠨ ᠪᠠᠶᠢᠭ᠎ᠠ ᠰᠢᠶᠠᠩ ᠪᠠᠯᠭᠠᠰᠤ᠂  ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ ᠪᠠᠶᠢᠭᠤᠯᠭ᠎ᠠ ᠨᠢᠭᠡᠴᠡ ︵ᠪᠤᠶᠤ ᠰᠠᠭᠤᠭᠰᠠᠨ ᠵᠣᠴᠢᠳ ᠤᠨ ᠪᠠᠭᠤᠳᠠᠯ︶ ᠳᠤ ᠪᠠᠨ ᠮᠡᠳᠡᠭᠦᠯᠬᠦ ᠶᠢᠨ ᠬᠠᠮᠲᠤ ᠬᠢᠵᠢᠭ ᠤᠨ ᠪᠠᠶᠢᠴᠠᠭᠠᠯᠲᠠ ᠲᠤᠰᠠᠭᠠᠷᠯᠠᠯᠲᠠ ᠳᠤ ᠢᠳᠡᠪᠬᠢᠲᠡᠢ ᠬᠠᠮᠵᠢᠯᠴᠠᠬᠤ ᠬᠡᠷᠡᠭᠳᠡᠢ᠃           ᠬᠤᠶᠠᠷ᠂ ᠡᠷᠡᠭᠦᠯ ᠮᠡᠨᠳᠦ ᠶᠢᠨ ᠪᠠᠶᠢᠳᠠᠯ ᠢᠶᠠᠨ ᠠᠩᠬᠠᠷᠬᠤ ᠬᠡᠷᠡᠭᠳᠡᠢ᠃ ᠬᠤᠪᠢ ᠬᠥᠮᠦᠨ ᠪᠠ ᠬᠡᠷ ᠤᠨ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠲᠤᠭᠤᠯᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠠᠮᠠᠪᠴᠢ ᠵᠡᠭᠦᠵᠦ ᠣᠶᠢᠷ᠎ᠠ ᠬᠠᠪᠢ ᠶᠢᠨ ᠡᠭᠦᠳᠡᠨ ᠡᠮᠨᠡᠯᠭᠡ ᠪᠤᠶᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠠᠶᠢᠴᠠᠭᠠᠯᠭᠠᠨ ᠡᠮᠨᠡᠭᠦᠯᠬᠦ ᠶᠢᠨ ᠬᠠᠮᠲᠤ᠂ ᠬᠤᠪᠢ ᠬᠥᠮᠦᠨ ᠤ ᠶᠠᠪᠤᠵᠤ ᠰᠠᠭᠤᠭᠰᠠᠨ ᠤᠯᠠ ᠮᠥᠷ᠂ ᠣᠴᠢᠵᠤ ᠥᠩᠭᠡᠷᠡᠭᠰᠡᠨ ᠭᠠᠵᠠᠷ ᠪᠠ ᠣᠶᠢᠷᠠᠲᠤᠭᠰᠠᠨ ᠶᠠᠭᠤᠮ᠎ᠠ ᠬᠡᠤᠮ᠎ᠠ ᠪᠠᠨ ᠦᠨᠡᠨ ᠮᠥᠨ ᠢᠶᠠᠷ ᠨᠢ ᠮᠡᠳᠡᠭᠦᠯᠵᠦ᠂ ᠡᠪᠡᠳᠴᠢᠨ ᠦᠵᠡᠭᠦᠯᠬᠦ ᠵᠠᠮ ᠵᠠᠭᠤᠷ᠎ᠠ ᠪᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠶᠢᠨ ᠬᠠᠮᠲᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃           ᠭᠤᠷᠪᠠ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠠᠮᠠᠪᠴᠢ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠦᠭᠦᠭᠡᠷᠦᠮᠵᠢ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠪᠠᠶᠢᠭ᠎ᠠ ᠦᠶᠡᠰ︶ ᠪᠠᠨ ᠰᠢᠨᠵᠢᠯᠡᠬᠦ ᠤᠬᠠᠭᠠᠨᠴᠢ ᠪᠠᠷ ᠵᠡᠭᠦᠵᠦ᠂ 1 ᠮᠧᠲᠷ ᠠᠴᠠ ᠳᠡᠭᠡᠭᠰᠢᠬᠢ ᠵᠠᠶ ᠶᠢ ᠪᠠᠲᠤᠯᠠᠬᠤ ᠶᠢ ᠠᠩᠬᠠᠷᠬᠤ ᠬᠡᠷᠡᠭᠲᠡᠶ᠃ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠠᠷᠢᠭᠤᠳᠬᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠠᠮᠠᠪᠴᠢ ᠵᠡᠭᠦᠬᠦ᠂ ᠨᠡᠶᠢᠲᠡ ᠶᠢᠨ ᠰᠠᠪᠬ᠎ᠠ ᠬᠡᠷᠡᠭᠯᠡᠬᠦ᠂ ᠲᠤᠰᠠᠭᠠᠷ ᠬᠤᠭᠤᠯᠠᠯᠠᠬᠤ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠪᠠᠷᠢᠮᠲᠠᠯᠠᠵᠤ᠂ ᠬᠤᠷᠠᠨ ᠴᠤᠭᠯᠠᠷᠠᠬᠤ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠬᠡᠷᠡᠭᠳᠡᠢ᠃           ᠳᠥᠷᠪᠡ᠂ ᠳᠠᠷᠬᠠᠯᠠᠭ᠎ᠠ ᠶᠢ ᠰᠠᠶᠢᠵᠢᠷᠠᠭᠤᠯᠬᠤ ᠬᠡᠷᠡᠭᠳᠡᠢ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ  ᠢ ᠲᠠᠷᠢᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠬᠠᠮᠤᠭ ᠤᠨ ᠪᠦᠲᠦᠮᠵᠢᠲᠡᠢ ᠠᠷᠭ᠎ᠠ ᠪᠠᠷᠢᠯ ᠪᠣᠯᠤᠨ᠎ᠠ᠃ ᠥᠷᠭᠡᠨ ᠣᠯᠠᠨ ᠰᠠᠭᠤᠭᠠᠯᠢ ᠠᠷᠠᠳ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢ ᠳᠠᠭᠠᠵᠤ᠂ ᠭᠤᠷᠪᠠᠳᠤᠭᠠᠷ ᠵᠡᠭᠦᠦ ᠪᠣᠯᠤᠨ 3 —11 ᠨᠠᠰᠤᠨ ᠤ ᠬᠡᠦᠬᠡᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠠᠵᠢᠯ ᠢ ᠢᠳᠡᠪᠬᠢᠳᠠᠢ ᠳᠡᠮᠵᠢᠨ᠂ ᠥᠪᠡᠷ ᠤᠨ ᠡᠷᠡᠭᠦᠯ ᠮᠡᠨᠳᠦ ᠪᠠᠨ ᠬᠠᠮᠠᠭᠠᠯᠠᠵᠤ᠂ ᠬᠠᠯᠳᠠᠪᠤᠷᠢᠯᠠᠯ ᠪᠠ ᠡᠪᠡᠳᠴᠢᠨ ᠡᠭᠦᠰᠬᠦ ᠲᠦᠭᠰᠢᠭᠦᠷᠢ ᠶᠢ ᠪᠠᠭᠤᠷᠠᠭᠤᠯᠵᠤ᠂ ᠣᠯᠠᠨ ᠨᠡᠶᠢᠲᠡ ᠶᠢᠨ ᠳᠠᠷᠬᠠᠯᠠᠭ᠎ᠠ ᠶᠢ ᠰᠠᠶᠢᠵᠢᠷᠠᠭᠤᠯᠬᠤ ᠪᠠᠷ ᠬᠠᠮᠳᠣ ᠳᠠᠭᠠᠨ ᠴᠢᠷᠮᠠᠶᠢᠵᠠᠭᠠᠶ᠎ᠠ᠃           ᠲᠠᠪᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠬᠡᠷᠡᠭᠲᠡᠶ᠃ ᠥᠷᠭᠡᠨ ᠤᠯᠠᠨ ᠰᠠᠭᠤᠭᠠᠯᠢ ᠠᠷᠠᠳ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠡᠰ ᠤᠨ ᠲᠦᠭᠰᠢᠭᠦᠷᠢ ᠲᠠᠢ ᠭᠠᠵᠠᠷ ᠣᠷᠣᠨ  ᠤ ᠰᠢᠦᠳᠠᠨ᠂ ᠲᠦᠷᠭᠡᠨ ᠬᠦᠷᠭᠡᠯᠲᠡ ᠪᠣᠯᠤᠨ ᠭᠠᠳᠠᠭᠠᠳᠤ ᠠᠴᠠ ᠣᠷᠣᠭᠤᠯᠤᠭᠰᠠᠨ ᠬᠥᠯᠳᠡᠭᠦᠦ ᠢᠳᠡᠭᠡᠨ ᠠᠴᠠ ᠰᠢᠨ᠎ᠡ ᠲᠢᠲᠢᠮᠯᠢᠭ ᠸᠢᠷᠦ᠋ᠰ ᠬᠠᠯᠳᠠᠪᠤᠷᠢᠯᠠᠬᠤ ᠠᠴᠠ ᠰᠡᠷᠭᠡᠶᠢᠯᠡᠵᠦ᠂ ᠠᠷᠢᠭᠤᠳᠬᠠᠬᠤ ᠪᠠ ᠬᠤᠪᠢ ᠬᠥᠮᠦᠨ ᠤ ᠬᠠᠮᠠᠭᠠᠯᠠᠯᠳᠠ ᠪᠠᠨ ᠰᠠᠶᠢᠲᠤᠷ ᠬᠢᠬᠦ ᠬᠡᠷᠡᠭᠲᠡᠢ᠃ ᠰᠦᠯᠵᠢᠶᠡᠨ ᠳᠡᠭᠡᠷ᠎ᠡ ᠠᠴᠠ ᠢᠷᠡᠯᠳᠡ ᠨᠢ ᠳᠣᠳᠣᠷᠬᠠᠢ ᠦᠭᠡᠢ ᠪᠤᠶᠤ ᠪᠥᠭᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠠᠷ ᠤᠨ ᠭᠡᠷᠡᠴᠢ ᠦᠭᠡᠢ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢ ᠪᠢᠳᠡᠬᠡᠢ ᠠᠪᠤᠭᠠᠷᠠᠢ᠃ ᠰᠢᠦᠳᠠᠨ᠂ ᠲᠦᠷᠭᠡᠨ ᠬᠦᠷᠭᠡᠯᠲᠡ ᠶᠢᠨ ᠬᠤᠯᠪᠣᠭᠳᠠᠯ ᠪᠦᠬᠦᠢ ᠠᠵᠢᠯᠲᠠᠨ ᠪᠠ ᠭᠠᠳᠠᠭᠠᠳᠤ ᠠᠴᠠ ᠬᠥᠯᠳᠡᠭᠦᠦ ᠢᠳᠡᠭᠡᠨ ᠣᠷᠣᠭᠤᠯᠵᠤ ᠪᠠᠶᠢᠭ᠎ᠠ ᠬᠥᠮᠦᠰ᠂ ᠠᠷᠢᠭᠤᠳᠬᠠᠨ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠨ᠂ ᠡᠳ᠋ ᠪᠠᠷᠠᠭ᠎ᠠ ᠶᠢ ᠬᠤᠷᠢᠶᠠᠵᠤ ᠵᠥᠭᠡᠭᠡᠪᠦᠷᠢᠯᠡᠬᠦ ᠲᠠᠯᠠᠪᠤᠷ ᠢ ᠠᠷᠢᠭᠤᠳᠬᠠᠬᠤ᠂ ᠰᠠᠯᠬᠢ ᠨᠡᠪᠲᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠬᠢᠯᠢ ᠶᠢᠨ ᠳᠣᠲᠣᠷ᠎ᠠ ᠬᠠᠯᠳᠠᠪᠤᠷᠢᠯᠠᠨ ᠲᠠᠷᠬᠠᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠶ᠃           ᠵᠢᠷᠭᠤᠭ᠎ᠠ᠂ ᠬᠤᠪᠢ ᠬᠥᠮᠦᠨ ᠤ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠮᠡᠳᠡᠭᠦᠯᠬᠦ ᠦᠭᠡᠢ᠂ ᠬᠤᠳᠠᠯ ᠢᠶᠠᠷ ᠮᠡᠳᠡᠭᠦᠯᠬᠦ ᠪᠤᠶᠤ ᠳᠥᠷᠢᠮ ᠳᠣᠭᠳᠠᠭᠠᠯ ᠶᠤᠰᠣᠭᠠᠷ ᠰᠡᠷᠭᠡᠶᠢᠯᠡᠨ ᠬᠤᠷᠢᠭᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠦᠭᠡᠢ ᠠᠴᠠ ᠰᠢᠨ᠎ᠡ ᠳᠢᠲᠢᠮᠯᠢᠭ ᠠᠭᠤᠰᠬᠢᠨ ᠥᠷᠪᠢᠰᠦᠯ ᠬᠠᠯᠳᠠᠪᠤᠷᠢᠯᠠᠬᠤ ᠲᠦᠭᠰᠢᠭᠦᠷᠢ ᠪᠤᠶᠤ ᠪᠤᠰᠣᠳ ᠬᠥᠨᠳᠦ ᠨᠤᠴᠢᠳᠠᠢ ᠦᠷ᠎ᠡ ᠳ᠋ᠦᠩ ᠢ ᠡᠭᠦᠰᠬᠡᠭᠰᠡᠨ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ  ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠳᠬᠡᠵᠦ᠂ ᠬᠦᠨᠳᠦ ᠨᠣᠴᠢᠲᠠᠶ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ᠰᠢᠯᠤᠭᠤᠨ ᠬᠦᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ  ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ2021 ᠣᠨ ᠤ 11 ᠰᠠᠷ᠎ᠠ ᠶᠢᠨ 29 ᠤ ᠡᠳᠦᠷ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号