ᠠᠮᠵᠢᠯᠲᠤ
ᠨᠡᠶᠢᠲᠡᠯᠡᠭᠰᠡᠨ ᠴᠠᠭ᠄
2021/12/14
ᠠᠮᠵᠢᠯᠲᠤᠬᠤᠪᠢᠳᠠᠨ ᠬᠠᠮᠢᠶᠠᠷᠴᠤ ᠪᠠᠶᠢᠭ᠎ᠠ ᠠᠵᠢᠯ         ᠬᠤᠰᠢᠭᠤ ᠳᠠᠷᠤᠭ᠎ᠠ ᠶᠢ ᠬᠠᠮᠵᠢᠨ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ᠂ ᠪᠡᠶ᠎ᠡ ᠲᠠᠮᠢᠷ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠲᠠ ᠶᠢᠨ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠦᠪᠵᠢᠭᠦᠯᠦᠨ ᠬᠠᠷᠢᠭᠤᠴᠠᠨ᠎ᠠ᠃ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠬᠤᠪᠢᠳᠠᠨ ᠬᠠᠮᠢᠶᠠᠷᠴᠤ ᠪᠤᠢ᠃ᠠᠶᠢᠮᠠᠭ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ᠂ ᠬᠤᠰᠢᠭᠤ ᠣᠷᠣᠨ ᠰᠠᠭᠤᠴᠠ  ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠲᠥᠪ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠠᠢ ᠬᠠᠷᠢᠯᠴᠠᠬᠤ ᠠᠵᠢᠯ ᠢ ᠬᠠᠷᠢᠭᠤᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠬᠦᠯᠦᠨ᠎ᠡ᠃ᠲᠣᠪᠴᠢ ᠨᠠᠮᠲᠠᠷ        ᠠᠮᠵᠢᠯᠲᠤ᠂ ᠡᠷᠡᠭᠲᠡᠢ᠂ ᠮᠣᠩᠭᠤᠯ ᠦᠨᠳᠦᠰᠦᠲᠡᠨ᠂ 2007 ᠣᠨ ᠤ 4 ᠰᠠᠷ᠎ᠠ ᠳᠤ ᠳᠤᠮᠳᠠᠳᠤ ᠤᠯᠤᠰ  ᠤᠨ ᠡᠪ ᠬᠠᠮᠲᠤ ᠨᠠᠮ ᠳᠤ ᠡᠯᠰᠡᠭᠳᠡᠵᠦ᠂ 2004 ᠣᠨ ᠤ 9 ᠰᠠᠷ᠎ᠠ ᠳᠤ ᠠᠵᠢᠯ ᠳᠤ ᠣᠷᠤᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠣᠳᠣ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠥᠷᠭᠡᠨ ᠲᠠᠯ᠎ᠠ ᠪᠠᠯᠭᠠᠰᠤᠨ ᠤ ᠳᠡᠳ᠋ ᠳᠠᠷᠤᠭ᠎ᠠ ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠯᠪᠠᠨ ᠭᠡᠷ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠰᠠᠶᠢᠬᠠᠨ ᠥᠯᠵᠡᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠱᠦᠵᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ︵ᠵᠢᠩᠬᠢᠨᠢ ᠰᠠᠯᠠᠭᠠᠨ ᠳᠡᠰ︶᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ᠂ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠥᠩᠭᠡᠷᠡᠪᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号