ᠭᠠᠩᠪᠦ᠋ᠬᠡ
ᠨᠡᠶᠢᠲᠡᠯᠡᠭᠰᠡᠨ ᠴᠠᠭ᠄
2021/12/14
ᠬᠤᠪᠢᠳᠠᠨ ᠬᠠᠮᠢᠶᠠᠷᠴᠤ ᠪᠠᠶᠢᠭ᠎ᠠ ᠠᠵᠢᠯ      ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠪᠠ ᠤᠯᠤᠰ ᠲᠦᠷᠦ ᠶᠢᠨ ᠵᠥᠪᠯᠡᠯᠭᠡᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃ᠲᠣᠪᠴᠢ ᠨᠠᠮᠲᠠᠷ      ᠭᠠᠩᠪᠦ᠋ᠬᠡ᠂ ᠡᠷᠡᠭᠲᠡᠶ᠂ ᠮᠣᠩᠭᠤᠯ ᠦᠨᠳᠦᠰᠦᠲᠡᠨ᠂ 1993 ᠣᠨ ᠤ 7 ᠰᠠᠷ᠎ᠠ ᠳᠤ ᠳᠤᠮᠳᠠᠳᠤ ᠤᠯᠤᠰ  ᠤᠨ ᠡᠪ ᠬᠠᠮᠲᠤ ᠨᠠᠮ ᠳᠤ ᠡᠯᠰᠡᠭᠳᠡᠵᠦ᠂ 1990 ᠣᠨ ᠤ 9 ᠰᠠᠷ᠎ᠠ ᠳᠤ ᠠᠵᠢᠯ ᠳᠤ ᠣᠷᠤᠵᠠᠢ᠂ ᠵᠠᠬᠢᠳᠠᠯ ᠢᠶᠠᠷ ᠰᠤᠷᠤᠯᠴᠠᠬᠤ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠦᠬᠡ ᠬᠤᠰᠢᠭᠤᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠤᠰᠢᠭᠤᠨ ᠤ ᠤᠤᠯ ᠤᠨ ᠬᠠᠩᠬᠠᠯ ᠰᠤᠮᠤᠨ ᠤ ᠵᠠᠰᠠᠭ ᠤᠨ ᠣᠷᠳᠣᠨ ᠤ ᠺᠠᠳ᠋ᠷ ︵ᠡᠨᠡ ᠬᠤᠭᠤᠴᠠᠭᠠᠨ ᠳᠤ᠄ 1993 . 09—1996 . 07 ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮᠨᠡᠯᠭᠡ ᠶᠢᠨ ᠳᠡᠭᠡᠳᠦ ᠰᠤᠷᠭᠠᠭᠤᠯᠢ ᠳᠤ ᠮᠣᠩᠭᠤᠯ ᠡᠮᠨᠡᠯᠭᠡ ᠶᠢᠨ ᠲᠤᠰᠬᠠᠢ ᠮᠡᠷᠭᠡᠵᠢᠯ ᠢᠶᠠᠷ ᠠᠵᠢᠯ ᠠᠴᠠ ᠪᠠᠨ ᠰᠠᠯᠵᠤ ᠰᠤᠷᠤᠯᠴᠠᠪᠠ︶᠂ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠦᠬᠡ ᠬᠤᠰᠢᠭᠤᠨ ᠤ ᠤᠤᠯ ᠤᠨ ᠬᠠᠩᠬᠠᠯ ᠰᠤᠮᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠤᠰᠢᠭᠤᠨ ᠤ ᠤᠤᠯ ᠤᠨ ᠬᠠᠩᠬᠠᠯ ᠰᠤᠮᠤᠨ ᠤ ᠨᠠᠮ ᠤᠨ ᠬᠤᠷᠢᠶᠠᠨ ᠤ ᠱᠦᠵᠢ ︵ᠡᠨᠡ ᠬᠤᠭᠤᠴᠠᠭᠠᠨ ᠳᠤ᠄ 1998 . 09—2000 . 12 ᠥᠪᠥᠷ ᠮᠣᠩᠭᠤᠯ ᠤᠨ ᠨᠠᠮ ᠤᠨ ᠰᠤᠷᠭᠠᠭᠤᠯᠢ ᠳᠤ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢᠶᠠᠷ ᠰᠤᠷᠤᠯᠴᠠᠪᠠ︶ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠤᠰᠢᠭᠤᠨ ᠤ ᠤᠤᠯ ᠤᠨ ᠤᠷᠳᠤ ᠰᠤᠮᠤᠨ ᠤ ᠨᠠᠮ ᠤᠨ ᠬᠤᠷᠢᠶᠠᠨ ᠤ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠦᠬᠡ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠤ ᠦᠩᠭᠡᠷᠡᠪᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号