ᠰᠢᠯᠢ ᠶᠢᠨ ᠭᠤᠤᠯ ᠠᠶᠢᠮᠠᠭ ᠤᠨ ᠨᠡᠭᠡᠭᠡᠯᠲᠡ ᠶᠢᠨ ᠣᠷᠣᠨ ᠤ ᠵᠢᠱᠢᠶ᠎ᠡ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠤᠨ ᠵᠢᠯᠣᠭᠤᠳᠬᠤ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2021/12/20
                ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂     ︽ᠰᠢᠯᠢ ᠶᠢᠨ ᠭᠤᠣᠯ ᠠᠶᠢᠮᠠᠭ ᠤᠨ ᠨᠡᠭᠡᠭᠡᠯᠲᠡ ᠶᠢᠨ ᠣᠷᠣᠨ ᠤ ᠵᠢᠱᠢᠶ᠎ᠡ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠥᠰᠦᠯ︾ ᠤᠨ ᠲᠣᠬᠢᠷᠠᠭᠤᠯᠤᠯᠲᠠ ᠶᠣᠰᠣᠭᠠᠷ᠂ ᠠᠶᠢᠮᠠᠭ ᠤᠨ ᠭᠤᠷᠪᠠᠳᠤᠭᠠᠷ ᠪᠠᠶᠢᠴᠠᠭᠠᠨ ᠵᠢᠯᠣᠭᠤᠳᠬᠤ ᠳᠤᠭᠤᠶᠢᠯᠠᠩ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠨ ᠨᠡᠭᠡᠭᠡᠯᠲᠡ ᠶᠢᠨ ᠣᠷᠣᠨ ︵ᠠᠵᠤ ᠦᠢᠯᠡᠰ ᠤᠨ ᠬᠦᠷᠢᠶᠡᠯᠡᠩ︶ ᠤ ᠵᠢᠱᠢᠶ᠎ᠡ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠪᠠᠶᠢᠴᠠᠭᠠᠨ ᠵᠢᠯᠣᠭᠤᠳᠬᠤ ᠪᠠᠷ ᠪᠣᠯᠪᠠ᠃  ᠪᠠᠶᠢᠴᠠᠭᠠᠯᠲᠠ ᠶᠢᠨ ᠪᠣᠳᠠᠲᠠᠶ ᠠᠭᠤᠯᠭ᠎ᠠ ᠳᠤ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠰᠢᠬᠢ ᠨᠡᠭᠡᠭᠡᠯᠲᠡ ᠶᠢᠨ ᠣᠷᠣᠨ ︵ᠠᠵᠤ ᠦᠶᠯᠡᠰ ᠤᠨ ᠬᠦᠷᠢᠶᠡᠯᠡᠩ︶ ᠤ ᠭᠠᠵᠠᠷ ᠰᠢᠷᠣᠶ ᠶᠢᠨ ᠬᠠᠮᠢᠶᠠᠷᠤᠯᠲᠠ᠂ ᠪᠠᠯᠠ ᠮᠥᠩᠭᠦ ᠶᠢᠨ ᠬᠠᠮᠢᠶᠠᠷᠤᠯᠲᠠ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠠᠵᠢᠯᠲᠠᠨ ᠤ ᠬᠡᠷᠡᠭᠯᠡᠯᠲᠡ᠂ ᠬᠠᠮᠢᠶᠠᠷᠤᠯᠲᠠ ᠶᠢᠨ ᠪᠠᠶᠢᠭᠤᠯᠤᠯ᠂ ᠠᠷᠠᠯᠵᠢᠶ᠎ᠠ ᠡᠷᠬᠢᠯᠡᠬᠦ ᠣᠷᠴᠢᠨ ᠨᠥᠬᠦᠴᠡᠯ ᠵᠡᠷᠭᠡ 6 ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠠᠭᠲᠠᠭᠠᠨ᠎ᠠ᠃ ᠪᠠᠶᠢᠴᠠᠭᠠᠨ ᠵᠢᠯᠣᠭᠤᠳᠬᠤ ᠴᠠᠭ ᠨᠢ 12 ᠰᠠᠷ᠎ᠠ  ᠶᠢᠨ 16 ᠠᠴᠠ 18 ᠪᠣᠯᠲᠠᠯ᠎ᠠ᠃ ᠪᠠᠶᠢᠴᠠᠭᠠᠨ ᠵᠢᠯᠣᠭᠤᠳᠬᠤ ᠳᠤᠭᠤᠶᠢᠯᠠᠩ ᠨᠢ ᠭᠤᠣᠯᠳᠠᠭᠤ ᠳᠡᠭᠡᠷ᠎ᠡ ᠳᠤᠷᠠᠳᠤᠭᠰᠠᠨ ᠠᠭᠤᠯᠭ᠎ᠠ ᠶᠢᠨ ᠲᠠᠯ᠎ᠠ ᠪᠠᠷ ᠢᠯᠡᠴᠢᠯᠡᠨ ᠮᠡᠳᠡᠭᠦᠯᠦᠭᠰᠡᠨ ᠵᠦᠢᠯ ᠢ ᠬᠦᠯᠢᠶᠡᠨ ᠠᠪᠴᠤ ᠰᠢᠶᠳᠪᠦᠷᠢᠯᠡᠨ᠎ᠡ ᠂ ᠪᠠᠶᠢᠴᠠᠭᠠᠨ ᠵᠢᠯᠣᠭᠤᠳᠬᠤ ᠠᠵᠢᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ ᠪᠤᠰᠤᠳ ᠠᠰᠠᠭᠤᠳᠠᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠦᠭᠡᠷᠡᠢ᠃ᠠᠶᠢᠮᠠᠭ ᠤᠨ ᠭᠤᠷᠪᠠᠳᠤᠭᠠᠷ ᠪᠠᠶᠢᠴᠠᠭᠠᠨ ᠵᠢᠯᠣᠭᠤᠳᠬᠤ ᠳᠤᠭᠤᠶᠢᠯᠠᠩ ᠤᠨ ᠬᠠᠷᠢᠯᠴᠠᠬᠤ ᠳ᠋ᠤᠭᠠᠷ᠄ᠭᠠᠷ ᠤᠲᠠᠰᠤ᠄ 17504796525ᠢᠮᠧᠯ᠄ 58790491 @ qq . comᠠᠵᠢᠯᠯᠠᠬᠤ ᠭᠠᠵᠠᠷ᠄ ᠰᠢᠯᠤᠭᠤᠨ ᠬᠥᠬᠡ ᠬᠤᠰᠢᠭᠤᠨ ᠤ ᠨᠠᠮ ᠵᠠᠰᠠᠭ ᠤᠨ ᠠᠯᠪᠠᠨ ᠠᠰᠠᠷ ᠤᠨ 234 ᠬᠤᠷᠠᠯ ᠤᠨ ᠭᠡᠷ ᠥᠷᠭᠡᠨ ᠣᠯᠠᠨ ᠺᠠᠳ᠋ᠷ ᠣᠯᠠᠨ ᠲᠦᠮᠡᠨ ᠠᠶᠢᠮᠠᠭ ᠤᠨ ᠪᠠᠶᠢᠴᠠᠭᠠᠨ ᠵᠢᠯᠤᠭᠤᠳᠬᠤ ᠳᠤᠭᠤᠶᠢᠯᠠᠩ ᠳᠤ ᠬᠢᠨᠠᠯᠲᠠ ᠲᠠᠯᠪᠢᠵᠤ᠂ ᠰᠠᠨᠠᠯ ᠰᠠᠨᠠᠭᠤᠯᠭ᠎ᠠ ᠳᠤᠷᠠᠳᠬᠤ ᠶᠢ ᠨᠠᠶᠢᠳᠠᠵᠤ ᠪᠠᠶᠢᠨ᠎ᠠ᠃                        2021 ᠣᠨ ᠤ 12 ᠰᠠᠷ᠎ᠠ ᠶᠢᠨ 15  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号