ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ  ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/12/7
              2021 ᠣᠨ ᠤ 12 ᠰᠠᠷ᠎ᠠ ᠶᠢᠨ 5 ᠤ ᠡᠳᠦᠷ ᠤᠨ 22 ᠴᠠᠭ ᠪᠣᠯᠲᠠᠯ᠎ᠠ᠂ ᠪᠥᠬᠦ ᠤᠯᠤᠰ ᠲᠤ ᠦᠨᠳᠦᠷ ᠲᠡᠰ ᠤᠨ ᠲᠦᠭᠰᠢᠭᠦᠷᠢ ᠲᠠᠢ ᠭᠠᠵᠠᠷ ᠣᠷᠣᠨ ᠨᠡᠶᠢᠲᠡ 8 ᠪᠤᠯᠵᠡᠢ᠃ ᠡᠭᠦᠨ ᠳᠤ᠂ ᠥᠪᠥᠷ ᠮᠣᠩᠭᠤᠯ ᠤᠨ ᠬᠥᠯᠥᠨ ᠪᠣᠶᠢᠷ ᠬᠤᠲᠠ ᠳᠤ 7 ᠪᠤᠢ᠃ ᠳᠠᠷᠣᠢ᠄ ᠬᠥᠯᠥᠨ ᠪᠣᠶᠢᠷ ᠬᠤᠲᠠ ᠶᠢᠨ ᠮᠠᠨᠵᠤᠤᠷ ᠬᠤᠲᠠ ᠶᠢᠨ ᠳ᠋ᠦᠩ ᠱᠠᠨ ᠬᠡᠷᠡᠭ ᠡᠷᠬᠢᠯᠡᠬᠦ ᠭᠠᠵᠠᠷ ︵11 ᠰᠠᠷ᠎ᠠ ᠶᠢᠨ 29 ᠤ ᠡᠳᠦᠷ︶᠂ ᠬᠥᠯᠥᠨ ᠪᠣᠶᠢᠷ ᠬᠤᠲᠠ ᠶᠢᠨ ᠮᠠᠨᠵᠤᠤᠷ ᠬᠤᠲᠠ  ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ︵11 ᠰᠠᠷ᠎ᠠ ᠶᠢᠨ 30 ᠤ ᠡᠳᠦᠷ︶᠂ ᠬᠥᠯᠥᠨ ᠪᠣᠶᠢᠷ ᠬᠤᠲᠠ ᠶᠢᠨ ᠮᠠᠨᠵᠤᠤᠷ ᠬᠤᠲᠠ ᠶᠢᠨ ᠬᠤᠶᠢᠲᠤ ᠲᠣᠭᠤᠷᠢᠭ ᠤᠨ ᠬᠡᠷᠡᠭ ᠡᠷᠬᠢᠯᠡᠬᠦ ᠭᠠᠵᠠᠷ ︵11 ᠰᠠᠷ᠎ᠠ ᠶᠢᠨ 3 ᠤ ᠡᠳᠦᠷ︶᠂ ᠬᠥᠯᠥᠨ ᠪᠣᠶᠢᠷ ᠬᠤᠲᠠ ᠶᠢᠨ ᠮᠠᠨᠵᠤᠤᠷ ᠬᠤᠲᠠ ᠶᠢᠨ ᠰᠢᠩ ᠬᠤᠸᠠ ᠵᠡᠭᠡᠯᠢ ᠭᠤᠳᠤᠮᠵᠢ ︵12 ᠰᠠᠷ᠎ᠠ  ᠶᠢᠨ 1 ᠤ ᠡᠳᠦᠷ︶᠂ ᠬᠥᠯᠥᠨ ᠪᠣᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠭᠤᠷᠪᠠᠳᠤᠭᠠᠷ ᠵᠡᠭᠡᠯᠢ ᠭᠤᠳᠤᠮᠵᠢ ︵12 ᠰᠠᠷ᠎ᠠ ᠶᠢᠨ 1 ᠤ ᠡᠳᠦᠷ︶᠂ ᠬᠥᠯᠥᠨ ᠪᠣᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠳᠥᠷᠪᠡᠳᠦᠭᠡᠷ ᠵᠡᠭᠡᠯᠢ ᠭᠤᠳᠤᠮᠵᠢ ︵12 ᠰᠠᠷ᠎ᠠ ᠶᠢᠨ 1 ᠤ ᠡᠳᠦᠷ︶᠂ ᠬᠥᠯᠥᠨ ᠪᠣᠶᠢᠷ ᠬᠤᠲᠠ ᠶᠢᠨ ᠵᠠᠯᠠᠶᠢᠨᠠᠭᠤᠷ ᠲᠣᠭᠤᠷᠢᠭ ᠤᠨ ᠨᠢᠭᠡᠳᠦᠭᠡᠷ ᠵᠡᠭᠡᠯᠢ ᠭᠤᠳᠤᠮᠵᠢ ︵12 ᠰᠠᠷ᠎ᠠ ᠶᠢᠨ 4 ᠤ ᠡᠳᠦᠷ︶ ︵ᠰᠢᠨ᠎ᠡ︶ ᠪᠤᠯᠤᠨ᠎ᠠ᠃ 1 ᠨᠢ ᠶᠦᠨᠨᠠᠨ ᠮᠤᠵᠢ ᠶᠢᠨ ᠳ᠋ᠧ ᠬᠤᠩ ᠳ᠋ᠠᠶ ᠦᠨᠳᠦᠰᠦᠲᠡᠨ᠂ ᠵᠢᠩᠫᠦᠸᠧ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠯᠦᠩᠴᠤᠸᠠᠨ ᠰᠢᠶᠠᠨ ᠤ ᠵᠢᠩᠯᠢᠩ ᠪᠥᠸᠧ ᠵᠢᠶᠦ᠋ᠨ ᠤ ᠪᠠᠷᠢᠯᠭ᠎ᠠ ᠶᠢᠨ ᠭᠠᠵᠠᠷ ᠠᠴᠠ ᠤᠮᠠᠷᠠᠰᠢ᠂ ᠮᠧᠩ ᠸᠠᠨ ᠪᠠᠷᠢᠯᠭ᠎ᠠ ᠶᠢᠨ ᠭᠠᠵᠠᠷ ᠠᠴᠠ ᠪᠠᠷᠠᠭᠤᠨᠰᠢ᠂ ᠷᠧᠨ ᠾᠧ ᠡᠮᠨᠡᠯᠭᠡ ᠶᠢᠨ ᠬᠤᠷᠢᠶ᠎ᠠ ᠪᠠ ᠰᠢᠩ ᠶᠦᠨ ᠰᠠᠭᠤᠭᠠᠯᠢ ᠠᠷᠠᠳ ᠤᠨ ᠲᠣᠭᠤᠷᠢᠭ ᠠᠴᠠ ᠡᠮᠦᠨᠡᠰᠢ᠂ ᠮᠧᠩ ᠸᠠᠨ ᠡᠮᠦᠨ᠎ᠡ ᠵᠠᠮ ᠠᠴᠠ ᠵᠡᠭᠦᠨᠰᠢᠬᠢ ᠲᠣᠭᠤᠷᠢᠭ ᠪᠣᠯᠤᠨ᠎ᠠ᠃ ᠳᠤᠮᠳᠠ ᠲᠡᠰ ᠤᠨ ᠳᠦᠭᠰᠢᠭᠦᠷᠢ ᠲᠠᠢ ᠭᠠᠵᠠᠷ ᠣᠷᠣᠨ 33 ᠪᠤᠢ᠂ ᠡᠭᠦᠨ ᠳᠤ᠂ ᠶᠦᠨᠨᠠᠨ ᠮᠤᠵᠢ ᠶᠢᠨ ᠳ᠋ᠧ ᠬᠤᠩ ᠵᠧᠦ ᠶᠢᠨ ᠷᠦᠢ ᠯᠢ ᠬᠤᠳᠠ ᠳᠤ 1 ᠪᠠᠶᠢᠵᠤ᠂ ᠭᠤᠸᠠᠩᠳᠦ᠋ᠩ ᠮᠤᠵᠢ ᠶᠢᠨ ᠭᠤᠸᠠᠩᠵᠧᠦ ᠬᠤᠳᠠ ᠶᠢᠨ ᠪᠠᠢ ᠶᠦᠨ ᠲᠣᠭᠤᠷᠢᠭ ᠲᠤ 1 ᠪᠠᠶᠢᠵᠤ᠂ ᠱᠠᠩᠬᠠᠢ ᠬᠤᠳᠠ ᠳᠤ 4 ᠪᠠᠶᠢᠵᠤ᠂ ᠥᠪᠥᠷ ᠮᠣᠩᠭᠤᠯ ᠤᠨ ᠬᠥᠯᠥᠨ ᠪᠣᠶᠢᠷ ᠬᠤᠲᠠ ᠳᠤ 4 ᠪᠠᠶᠢᠵᠤ᠂ ᠲᠦᠩᠯᠢᠶᠣᠤ ᠬᠤᠲᠠ ᠳᠤ 1 ᠪᠠᠶᠢᠵᠤ᠂ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ 22 ᠪᠣᠶ᠃                ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠬᠢᠵᠢᠭ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠳᠡᠯᠭᠡᠷᠡᠬᠦ ᠲᠦᠭᠰᠢᠭᠦᠷᠢ ᠶᠢ ᠪᠠᠭᠤᠷᠠᠭᠤᠯᠵᠤ᠂ ᠮᠠᠨ ᠤ ᠬᠤᠰᠢᠭᠤᠨ ᠤ ᠬᠢᠵᠢᠭ ᠬᠠᠯᠳᠠᠪᠤᠷᠢᠯᠠᠨ ᠣᠷᠣᠵᠤ ᠢᠷᠡᠬᠦ ᠲᠦᠭᠰᠢᠭᠦᠷᠢ ᠶᠢ ᠰᠡᠷᠭᠡᠶᠢᠯᠡᠨ ᠠᠷᠭᠠᠴᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠮᠡᠳᠡᠭᠳᠡᠶ᠎ᠡ᠄               ᠨᠢᠭᠡ᠂ ᠡᠯ᠎ᠡ ᠰᠤᠮᠤ ᠪᠠᠯᠭᠠᠰᠤ ︵ᠲᠠᠯᠠᠪᠠᠶ︶᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠨᠢ ᠮᠠᠨᠵᠤᠤᠷ ᠬᠤᠲᠠ᠂ ᠬᠥᠯᠥᠨ ᠪᠣᠶᠢᠷ ᠬᠤᠲᠠ ︵ᠮᠠᠨᠵᠤᠤᠷ ᠬᠤᠲᠠ  ᠠᠴᠠ ᠪᠤᠰᠣᠳ︶ ᠶᠢᠨ ᠪᠤᠰᠤᠳ ᠬᠤᠰᠢᠭᠤ ᠰᠢᠶᠠᠨ ᠬᠤᠲᠠ ᠲᠣᠭᠤᠷᠢᠭ᠂ ᠬᠠᠷᠪᠢᠨ ᠬᠤᠲᠠ ᠪᠠ ᠲᠦᠩᠯᠢᠶᠣᠤ ᠬᠤᠲᠠ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠤᠨ ᠪᠠᠶᠢᠳᠠᠯ  ᠢ ᠤᠶᠢᠯᠠᠭᠠᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠮᠠᠨ ᠤ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠤᠨ ᠠᠶᠠᠯᠠᠭᠰᠠᠨ ᠵᠠᠮ ᠮᠥᠷ ᠨᠢ ᠣᠨᠣᠰᠢᠯᠠᠭᠳᠠᠭᠰᠠᠨ ᠡᠪᠡᠳᠴᠢᠲᠡᠨ ᠪᠠ ᠡᠪᠡᠳᠴᠢᠨ  ᠤ ᠢᠯᠡᠷᠡᠯ ᠥᠬᠡᠶ ᠬᠠᠯᠳᠠᠪᠤᠷᠢᠯᠠᠭᠰᠠᠳ ᠤᠨ ᠠᠶᠠᠯᠠᠭᠰᠠᠨ ᠵᠠᠮ ᠮᠥᠷ ᠲᠠᠢ ᠳᠠᠪᠬᠤᠴᠠᠭᠰᠠᠨ ᠡᠰᠡᠬᠦ ᠶᠢ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃               ᠬᠤᠶᠠᠷ᠂ ᠮᠠᠨᠵᠤᠤᠷ ᠬᠤᠲᠠ᠂ ᠬᠥᠯᠥᠨ ᠪᠣᠶᠢᠷ ᠬᠤᠲᠠ ︵ᠮᠠᠨᠵᠤᠤᠷ ᠬᠤᠲᠠ ᠠᠴᠠ ᠪᠤᠰᠣᠳ︶  ᠶᠢᠨ ᠪᠤᠰᠤᠳ ᠬᠤᠰᠢᠭᠤ ᠰᠢᠶᠠᠨ ᠬᠤᠲᠠ ᠲᠣᠭᠤᠷᠢᠭ᠂ ᠬᠠᠷᠪᠢᠨ ᠬᠤᠲᠠ ᠪᠠ ᠲᠦᠩᠯᠢᠶᠣᠤ ᠬᠤᠲᠠ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠶᠠᠪᠤᠵᠤ ᠰᠠᠭᠤᠵᠤ ᠥᠩᠭᠡᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠥᠪᠡᠷ ᠤᠨ ᠪᠠᠶᠢᠭ᠎ᠠ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠪᠠᠶᠢᠭᠤᠯᠭ᠎ᠠ ᠨᠢᠭᠡᠴᠡ᠂ ᠰᠠᠭᠤᠭᠰᠠᠨ ᠪᠠᠭᠤᠳᠠᠯ ᠳᠤ ᠪᠠᠨ ᠪᠠᠶᠢᠳᠠᠯ ᠢᠶᠠᠨ ᠮᠡᠳᠡᠭᠦᠯᠵᠦ᠂ ᠲᠤᠰᠠᠭᠠᠷᠯᠠᠯᠲᠠ᠂ ᠪᠥᠭᠡᠮ ᠬᠦᠴᠢᠯ ᠤᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠢᠨᠠᠯᠲᠠ ᠵᠡᠷᠭᠡ ᠠᠵᠢᠯ ᠳᠤ ᠢᠳᠡᠪᠬᠢᠲᠠᠢ ᠬᠠᠮᠵᠢᠯᠴᠠᠨ᠂ ᠬᠤᠳᠠᠯ ᠢᠶᠠᠷ ᠮᠡᠳᠡᠭᠦᠯᠬᠦ ᠪᠣᠶᠣ ᠨᠢᠭᠤᠭᠰᠠᠨ ᠠᠴᠠ ᠪᠣᠯᠵᠣ ᠨᠠᠵᠠᠭᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃               ᠭᠤᠷᠪᠠ᠂ ᠦᠨᠳᠦᠷ ᠲᠡᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ  ᠳᠤ ᠢᠷᠡᠭᠰᠡᠳ ᠲᠤ ᠴᠥᠮ ︽14 ᠡᠳᠦᠷ ᠨᠢᠭᠡᠳᠦᠯᠲᠡᠢ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠠᠪᠴᠤ᠂ ᠳᠤᠮᠳᠠ ᠳᠡᠰ ᠤᠨ ᠳᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠳ ᠲᠤ ᠴᠥᠮ ︽14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠠᠷᠭ᠎ᠠ ᠬᠡᠮᠵᠢᠶ᠎ᠡ ᠠᠪᠴᠤ᠂ ᠬᠡᠷ ᠲᠡᠭᠡᠨ ᠲᠤᠰᠠᠭᠠᠷᠯᠠᠬᠤ ᠨᠥᠬᠦᠴᠡᠯ ᠥᠬᠡᠶ ᠬᠥᠮᠦᠰ ᠢ ᠴᠥᠮ ᠨᠢᠭᠡᠳᠦᠯᠲᠡᠢ ᠲᠤᠰᠠᠭᠠᠷᠯᠠᠨ᠎ᠠ᠃ ᠳᠤᠮᠳᠠ ᠥᠨᠳᠥᠷ ᠳᠡᠰ ᠤᠨ ᠳᠦᠭᠰᠢᠭᠦᠷᠢ ᠲᠠᠢ ᠭᠠᠵᠠᠷ ᠣᠷᠣᠨ  ᠤ ᠪᠣᠰᠣᠳ ᠰᠢᠶᠠᠨ ᠲᠣᠭᠤᠷᠢᠭ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠰᠡᠨ ᠥᠬᠡᠶ ᠪᠣᠯ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠣᠶᠢᠷ᠎ᠠ ᠬᠠᠪᠢ ᠳᠠᠭᠠᠨ ᠰᠢᠯᠭᠠᠨ ᠪᠠᠶᠢᠴᠠᠭᠠᠯᠭᠠᠬᠤ ᠬᠡᠷᠡᠭᠳᠡᠢ᠃               ᠲᠦᠷᠪᠡ᠂ ᠬᠢᠵᠢᠭ ᠢ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠥᠷᠭᠡᠨ ᠣᠯᠠᠨ ᠰᠠᠭᠤᠭᠠᠯᠢ ᠠᠷᠠᠳ ᠬᠢᠵᠢᠭ ᠢ ᠰᠡᠷᠭᠡᠶᠢᠯᠡᠬᠦ ᠠᠵᠢᠯ ᠲᠠᠢ ᠢᠳᠡᠪᠬᠢᠲᠡᠶ ᠬᠠᠮᠵᠢᠯᠴᠠᠨ᠂ ᠮᠠᠨᠵᠤᠤᠷ ᠬᠤᠲᠠ᠂ ᠬᠥᠯᠥᠨ ᠪᠣᠶᠢᠷ ᠬᠤᠲᠠ ︵ᠮᠠᠨᠵᠤᠤᠷ ᠬᠤᠲᠠ ᠠᠴᠠ ᠪᠤᠰᠣᠳ︶ ᠶᠢᠨ ᠪᠤᠰᠤᠳ ᠬᠤᠰᠢᠭᠤ ᠰᠢᠶᠠᠨ ᠬᠤᠲᠠ ᠲᠣᠭᠤᠷᠢᠭ᠂ ᠬᠠᠷᠪᠢᠨ ᠬᠤᠲᠠ ᠪᠣᠯᠤᠨ ᠲᠦᠩᠯᠢᠶᠣᠤ ᠬᠤᠲᠠ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢᠶᠠᠷ ᠶᠠᠪᠤᠵᠤ ᠥᠩᠭᠡᠷᠡᠭᠰᠡᠨ ᠬᠦᠮᠦᠰ ᠢ ᠣᠯᠵᠤ ᠮᠡᠳᠡᠪᠡᠯ ᠴᠠᠭ ᠲᠤᠬᠠᠶ ᠳᠤᠨᠢ ᠬᠤᠰᠢᠭᠤ ᠬᠢᠵᠢᠭ ᠢ ᠰᠡᠷᠭᠡᠶᠢᠯᠡᠬᠦ ᠠᠵᠢᠯ ᠤᠨ ᠵᠢᠯᠣᠭᠤᠳᠬᠤ ᠬᠡᠯᠲᠡᠰ ᠲᠤ ᠮᠡᠳᠡᠭᠦᠯᠦᠭᠡᠷᠡᠢ᠂ ᠪᠢᠳᠡ ᠰᠦᠪᠡᠭᠴᠢ ᠬᠠᠩᠭᠠᠭᠰᠠᠨ ᠬᠥᠮᠦᠨ ᠤ ᠬᠠᠮᠢᠶ᠎ᠠ ᠪᠥᠬᠦᠶ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠪᠣᠯᠤᠨ᠎ᠠ᠂ ᠢᠯᠡᠴᠢᠯᠡᠨ ᠮᠡᠳᠡᠭᠦᠯᠬᠦ ᠤᠲᠠᠰᠤ᠄ 0479—4222545᠃               ᠲᠠᠪᠤ᠂ ᠥᠷᠭᠡᠨ ᠣᠯᠠᠨ ᠰᠠᠭᠤᠭᠠᠯᠢ ᠠᠷᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ᠂ ᠪᠣᠳᠠᠲᠠᠶ ᠪᠠᠶᠢᠳᠠᠯ ᠪᠠ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠩᠬᠠᠷᠴᠤ᠂ ᠦᠨᠡᠨ ᠪᠣᠳᠠᠲᠠᠶ ᠪᠥᠭᠡᠳ ᠪᠦᠲᠦᠮᠵᠢᠲᠡᠶ ᠬᠢᠵᠢᠭ  ᠤᠨ ᠪᠠᠶᠢᠳᠠᠯ ᠤᠨ ᠮᠡᠳᠡᠭᠡ ᠵᠠᠩᠭᠢ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠡᠵᠡᠮᠰᠢᠵᠦ᠂ ᠴᠤᠤᠷᠬᠠᠯ ᠢ ᠰᠣᠨᠣᠰᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠶᠠᠪᠤᠵᠤ ᠰᠠᠭᠤᠬᠤ ᠵᠢᠴᠢ ᠠᠵᠢᠯᠯᠠᠭ᠎ᠠ ᠪᠠᠨ ᠵᠣᠬᠢᠰᠲᠠᠶ ᠲᠣᠬᠢᠷᠠᠭᠤᠯᠵᠤ᠂ ᠭᠠᠳᠠᠭᠰᠢ ᠶᠠᠪᠤᠵᠤ ᠰᠠᠭᠤᠬᠤ ᠪᠠᠨ ᠠᠯᠢ ᠴᠢᠳᠠᠬᠤ ᠪᠠᠷ ᠪᠠᠭᠠᠰᠬᠠᠨ᠂ ᠤᠯᠤᠰ ᠠᠴᠠ ᠲᠣᠬᠢᠷᠠᠭᠤᠯᠤᠯᠲᠠ ᠬᠢᠭᠰᠡᠨ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠡᠶ ᠭᠠᠵᠠᠷ ᠣᠷᠣᠨ ᠳᠤ ᠣᠴᠢᠵᠤ ᠪᠣᠯᠬᠤ ᠥᠬᠡᠶ᠂ ᠦᠨᠡᠬᠡᠷ ᠶᠠᠪᠤᠵᠤ ᠰᠠᠭᠤᠬᠤ ᠱᠠᠭᠠᠷᠳᠠᠯᠭ᠎ᠠ ᠪᠣᠯ᠂ ᠣᠴᠢᠬᠤ ᠠᠴᠠ ᠪᠠᠨ ᠡᠮᠦᠨ᠎ᠡ ᠲᠤᠬᠠᠶ ᠶᠢᠨ ᠭᠠᠵᠠᠷ ᠤᠨ ᠬᠢᠵᠢᠭ ᠤᠨ ᠰᠡᠷᠭᠡᠶᠢᠯᠡᠯᠲᠡ᠂ ᠵᠠᠮ ᠬᠠᠷᠢᠯᠴᠠᠭᠠᠨ ᠤ ᠳᠣᠬᠠᠢ ᠮᠡᠳᠡᠭᠡ ᠵᠠᠩᠭᠢ ᠶᠢ ᠠᠩᠬᠠᠷᠴᠤ᠂ ᠬᠤᠪᠢ ᠬᠥᠮᠦᠨ ᠤ ᠰᠡᠷᠭᠡᠶᠢᠯᠡᠯᠲᠡ ᠪᠠᠨ ᠰᠠᠶᠢᠲᠤᠷ ᠬᠢᠬᠦ ᠬᠡᠷᠡᠭᠲᠡᠶ᠃ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠨᠡᠪᠲᠡᠷᠡᠭᠦᠯᠬᠦ᠂ ︽ᠨᠢᠭᠡ ᠮᠧᠲᠷ ᠤᠨ ᠵᠠᠢ︾ ᠶᠢ ᠪᠠᠲᠤᠯᠠᠬᠤ ᠵᠡᠷᠭᠡ ᠡᠷᠡᠭᠦᠯ ᠠᠮᠢᠳᠤᠷᠠᠯ ᠤᠨ ᠳᠠᠳᠬᠠᠯ ᠢ ᠦᠷᠭᠦᠯᠵᠢᠯᠡᠨ ᠪᠠᠲᠤᠯᠠᠵᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠬᠥᠮᠦᠨ ᠬᠠᠷ᠎ᠠ ᠣᠯᠠᠨ ᠪᠣᠶᠣ ᠰᠠᠯᠬᠢ ᠠᠭᠠᠷ ᠨᠡᠪᠲᠡᠷᠡᠬᠦ ᠥᠬᠡᠶ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠠᠴᠠ ᠵᠠᠶᠢᠯᠠᠰᠬᠢᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ  ᠠᠴᠠ ᠪᠠᠨ ᠸᠠᠺᠼᠢᠨ ᠲᠠᠷᠢᠭᠤᠯᠵᠤ᠂ ︽ᠲᠠᠷᠢᠯᠭ᠎ᠠ ᠲᠠᠷᠢᠭᠤᠯᠵᠤ ᠪᠣᠯᠬᠤ ᠨᠢ ᠪᠦᠬᠦᠨ ᠢᠶᠠᠷ ᠢᠶᠠᠨ ᠲᠠᠷᠢᠭᠤᠯᠬᠤ︾ ᠶᠢ ᠪᠡᠶᠡᠯᠡᠭᠦᠯᠵᠦ᠂ ᠨᠡᠶᠢᠲᠡ ᠶᠢᠨ ᠲᠠᠷᠬᠠᠯᠠᠭ᠎ᠠ ᠶᠢ ᠬᠠᠮᠲᠤ ᠪᠠᠷ ᠴᠣᠭᠴᠠᠯᠠᠬᠤ ᠬᠡᠷᠡᠭᠲᠡᠶ᠃         ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ  ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ                          2021 ᠣᠨ ᠤ 12 ᠰᠠᠷ᠎ᠠ ᠶᠢᠨ 6 ᠤ ᠡᠳᠦᠷ ᠣᠷᠠᠯᠢᠭ  ᠣᠶᠣᠨᠰᠡᠷᠭᠦᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号