ᠰᠤᠷᠭᠠᠨ ᠬᠥᠮᠦᠵᠢᠯ ᠤᠨ ᠶᠠᠮᠤᠨ ᠠᠴᠠ ᠬᠡᠤᠬᠡᠳ ᠴᠡᠴᠡᠷᠯᠢᠭ ᠲᠤ  ᠣᠷᠣᠬᠤ ᠳᠤ ᠡᠷᠬᠡᠪᠰᠢ ᠤᠷᠢᠳᠴᠢᠯᠠᠨ ᠰᠡᠷᠭᠡᠶᠢᠯᠡᠬᠦ ᠲᠠᠷᠢᠯᠭ᠎ᠠ  ᠬᠢᠯᠭᠡᠰᠡᠨ ᠦᠨᠡᠮᠯᠡᠯ ᠢ ᠪᠠᠶᠢᠴᠠᠭᠠᠨ ᠰᠢᠯᠭᠠᠬᠤ ᠬᠡᠷᠡᠭᠲᠡᠶ ᠭᠡᠵᠦ  ᠴᠢᠬᠤᠯᠠᠴᠢᠯᠠᠪᠠ
ᠨᠡᠶᠢᠲᠡᠯᠡᠭᠰᠡᠨ ᠴᠠᠭ᠄
2021/2/20
         ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 17᠎ ᠤ  ᠡᠳᠦᠷ ᠤᠨ  ᠮᠡᠳᠡᠭᠡ  ᠰᠤᠷᠪᠤᠯᠵᠢᠯᠠᠭᠴᠢ  ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠠᠬᠢ  ᠰᠤᠷᠬᠤ  ᠨᠠᠰᠤᠨ ᠤ ᠬᠡᠤᠬᠡᠳ ᠤᠨ  ᠸᠠᠺᠼᠢᠨ ᠤ  ᠲᠠᠷᠢᠯᠭ᠎ᠠ ᠶᠢᠨ  ᠨᠣᠷᠮ᠎ᠠ ᠶᠢ  ᠳᠡᠭᠡᠭᠰᠢᠯᠡᠭᠦᠯᠵᠦ᠂   ᠨᠠᠶᠢᠳᠠᠵᠤ   ᠰᠠᠭᠠᠲᠠᠭᠤᠯᠤᠨ   ᠬᠥᠮᠦᠵᠢᠭᠦᠯᠬᠦ ᠪᠠᠶᠢᠭᠤᠯᠤᠮᠵᠢ᠂ ᠬᠡᠤᠬᠡᠳ ᠤᠨ ᠴᠡᠴᠡᠷᠯᠢᠭ  ᠪᠠ  ᠰᠤᠷᠭᠠᠭᠤᠯᠢ ᠶᠢᠨ  ᠬᠠᠯᠳᠠᠪᠤᠷᠢᠲᠤ  ᠡᠪᠡᠳᠴᠢᠨ ᠢ  ᠰᠡᠷᠭᠡᠶᠢᠯᠡᠨ  ᠬᠢᠵᠠᠭᠠᠷᠯᠠᠬᠤ ᠠᠵᠢᠯ ᠢ ᠴᠢᠩᠭᠠᠳᠬᠠᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠬᠡᠤᠬᠡᠳ ᠴᠡᠴᠡᠷᠯᠢᠭ ᠲᠤ  ᠣᠷᠣᠬᠤ᠂  ᠰᠤᠷᠭᠠᠭᠤᠯᠢ ᠳᠤ  ᠣᠷᠣᠬᠤ  ᠦᠶ᠎ᠡ  ᠎ ᠶᠢᠨ  ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠯᠭᠡᠭᠰᠡᠨ ᠦᠨᠡᠮᠯᠡᠯ ᠢ  ᠪᠠᠶᠢᠴᠠᠭᠠᠨ  ᠰᠢᠯᠭᠠᠬᠤ  ᠠᠷᠭ᠎ᠠ︾᠎ ᠶᠢ  ᠳᠠᠷᠤᠮᠠᠯᠯᠠᠨ  ᠲᠠᠷᠬᠠᠭᠠᠵᠤ᠂  ᠬᠡᠤᠬᠡᠳ ᠴᠡᠴᠡᠷᠯᠢᠭ ᠲᠤ ᠣᠷᠣᠬᠤ᠂  ᠰᠤᠷᠭᠠᠭᠤᠯᠢ ᠳᠤ  ᠣᠷᠣᠬᠤ ᠳᠤ  ᠡᠷᠬᠡᠪᠰᠢ  ᠤᠷᠢᠳᠴᠢᠯᠠᠨ  ᠰᠡᠷᠭᠡᠶᠢᠯᠡᠬᠦ  ᠲᠠᠷᠢᠯᠭ᠎ᠠ  ᠬᠢᠯᠭᠡᠭᠰᠡᠨ ᠦᠨᠡᠮᠯᠡᠯ ᠢ ᠪᠠᠶᠢᠴᠠᠭᠠᠨ ᠰᠢᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃         ᠪᠠᠶᠢᠴᠠᠭᠠᠨ ᠰᠢᠯᠭᠠᠬᠤ ᠠᠷᠭ᠎ᠠ ᠳᠤ᠂ ᠣᠳᠣᠬᠢ ᠱᠠᠲᠤᠨ ᠳᠤ ᠪᠥᠬᠦ ᠤᠯᠤᠰ ᠤᠨ ᠪᠣᠶ ᠪᠥᠬᠦᠶ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ  ᠪᠠᠶᠢᠭᠤᠯᠤᠮᠵᠢ᠂  ᠬᠡᠤᠬᠡᠳ ᠤᠨ  ᠴᠡᠴᠡᠷᠯᠢᠭ  ᠪᠠ  ᠪᠠᠭ᠎ᠠ  ᠰᠤᠷᠭᠠᠭᠤᠯᠢ  ᠴᠥᠮ  ᠴᠡᠴᠡᠷᠯᠢᠭ ᠲᠤ  ᠣᠷᠣᠬᠤ᠂ ᠰᠤᠷᠭᠠᠭᠤᠯᠢ ᠳᠤ ᠣᠷᠣᠬᠤ ᠦᠶ᠎ᠠ ᠶᠢᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠯᠭᠡᠭᠰᠡᠨ  ᠦᠨᠡᠮᠯᠡᠯ ᠢ  ᠪᠠᠶᠢᠴᠠᠭᠠᠨ  ᠰᠢᠯᠭᠠᠬᠤ ᠠᠵᠢᠯ ᠢ ᠥᠷᠨᠢᠭᠦᠯᠬᠦ ᠬᠡᠷᠡᠭᠲᠡᠶ᠂ ᠪᠠᠶᠢᠴᠠᠭᠠᠨ ᠰᠢᠯᠭᠠᠬᠤ ᠡᠲᠡᠭᠡᠳ ᠨᠢ ᠰᠢᠨ᠎ᠡ ᠪᠠᠷ ᠴᠡᠴᠡᠷᠯᠢᠭ ᠲᠤ ᠣᠷᠣᠬᠤ᠂  ᠰᠤᠷᠭᠠᠭᠤᠯᠢ ᠳᠤ ᠣᠷᠣᠬᠤ᠂ ᠰᠤᠷᠭᠠᠭᠤᠯᠢ  ᠰᠢᠯᠵᠢᠬᠦ᠂  ᠠᠩᠭᠢ  ᠰᠢᠯᠵᠢᠬᠦ  ᠪᠣᠶ  ᠪᠥᠬᠦᠶ  ᠬᠡᠤᠬᠡᠳ  ᠪᠣᠯᠤᠨ᠎ᠠ᠃  ᠨᠠᠶᠢᠳᠠᠵᠤ  ᠰᠠᠭᠠᠲᠠᠭᠤᠯᠤᠨ ᠬᠥᠮᠦᠵᠢᠭᠦᠯᠬᠦ  ᠪᠠᠶᠢᠭᠤᠯᠤᠮᠵᠢ᠂  ᠬᠡᠤᠬᠡᠳ ᠤᠨ  ᠴᠡᠴᠡᠷᠯᠢᠭ  ᠪᠠ  ᠰᠤᠷᠭᠠᠭᠤᠯᠢ ᠨᠢ  ᠬᠡᠤᠬᠡᠳ  ᠴᠡᠴᠡᠷᠯᠢᠭ ᠲᠤ   ᠣᠷᠣᠬᠤ᠂ ᠰᠤᠷᠭᠠᠭᠤᠯᠢ ᠳᠤ ᠣᠷᠣᠬᠤ ᠦᠶᠡᠰ᠂ ᠡᠷᠬᠡᠪᠰᠢ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠵᠦ  ᠪᠠᠷᠠᠭᠰᠠᠨ  ᠪᠠᠶᠢᠳᠠᠯ ᠢ  ᠦᠨᠡᠯᠡᠨ ᠵᠢᠱᠢᠭᠰᠡᠨ ᠦᠷ᠎ᠡ ᠳ᠋ᠦᠩ ᠢ ᠪᠠᠶᠢᠴᠠᠭᠠᠨ ᠰᠢᠯᠭᠠᠬᠤ ᠶᠢᠨ ᠬᠠᠮᠲᠤ ᠸᠠᠺᠼᠢᠨ ᠨᠥᠬᠦᠵᠦ  ᠳᠠᠷᠢᠭᠤᠯᠬᠤ  ᠴᠢᠬᠤᠯᠠᠲᠠᠶ  ᠬᠡᠤᠬᠡᠳ ᠤᠨ ᠬᠢᠨᠠᠨ ᠬᠠᠮᠠᠭᠠᠯᠠᠭᠴᠢ ᠶᠢᠨ ᠲᠠᠷᠢᠯᠭ᠎ᠠ ᠳᠠᠷᠢᠭᠤᠯᠬᠤ  ᠨᠢᠭᠡᠴᠡ ᠳᠤ  ᠴᠠᠭ  ᠲᠤᠬᠠᠶ ᠳᠤᠨᠢ  ᠬᠦᠷᠴᠦ  ᠬᠡᠤᠬᠡᠳ ᠲᠡᠭᠡᠨ  ᠸᠠᠺᠼᠢᠨ ᠨᠥᠬᠦᠵᠦ ᠳᠠᠷᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠬᠡᠤᠬᠡᠳ  ᠴᠡᠴᠡᠷᠯᠢᠭ ᠲᠤ  ᠣᠷᠣᠬᠤ᠂  ᠰᠤᠷᠭᠠᠭᠤᠯᠢ ᠳᠤ  ᠣᠷᠣᠬᠤ ᠦᠶ᠎ᠠ ᠶᠢᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠯᠭᠡᠭᠰᠡᠨ ᠦᠨᠡᠮᠯᠡᠯ ᠢ ᠪᠠᠶᠢᠴᠠᠭᠠᠨ ᠰᠢᠯᠭᠠᠬᠤ  ᠠᠵᠢᠯ ᠢ  ᠡᠷᠬᠡᠪᠰᠢ  ᠰᠢᠨ᠎ᠡ ᠰᠣᠷᠣᠭᠴᠢ ᠰᠤᠷᠭᠠᠭᠤᠯᠢ ᠡᠬᠢᠯᠡᠭᠰᠡᠨ ᠤ ᠳᠠᠷᠠᠭ᠎ᠠ ᠪᠤᠶᠤ ᠬᠡᠤᠬᠡᠳ ᠰᠤᠷᠭᠠᠭᠤᠯᠢ ᠰᠢᠯᠵᠢᠬᠦ᠂ ᠠᠩᠭᠢ ᠰᠢᠯᠵᠢᠭᠰᠡᠨ 30 ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠶ ᠭᠡᠵᠦ ᠲᠤᠳᠤᠷᠬᠠᠢ ᠲᠤᠬᠳᠠᠭᠠᠪᠠ᠃         ᠡᠨᠡ ᠬᠦ ᠠᠷᠭ᠎ᠠ ᠶᠢ ᠦᠨᠳᠦᠰᠦᠯᠡᠪᠡᠯ᠂  ᠸᠠᠺᠼᠢᠨ  ᠨᠥᠬᠦᠵᠦ  ᠳᠠᠷᠢᠭᠤᠯᠬᠤ  ᠴᠢᠬᠤᠯᠠᠲᠠᠶ  ᠬᠡᠤᠬᠡᠳ ᠲᠤ  ᠸᠠᠺᠼᠢᠨ ᠨᠥᠬᠦᠵᠦ ᠲᠠᠷᠢᠬᠤ ᠠᠵᠢᠯ ᠢ ᠬᠡᠤᠬᠡᠳ ᠤᠨ ᠰᠠᠭᠤᠭ᠎ᠠ ᠭᠠᠵᠠᠷ ᠤᠨ ᠲᠠᠷᠢᠯᠭ᠎ᠠ ᠲᠠᠷᠢᠬᠤ ᠨᠢᠭᠡᠴᠡ ᠪᠤᠶᠤ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠪᠠᠶᠢᠭᠤᠯᠤᠮᠵᠢ᠂ ᠬᠡᠤᠬᠡᠳ ᠤᠨ ᠴᠡᠴᠡᠷᠯᠢᠭ᠂ ᠰᠤᠷᠭᠠᠭᠤᠯᠢ ᠶᠢᠨ ᠪᠠᠶᠢᠭ᠎ᠠ ᠭᠠᠵᠠᠷ ᠤᠨ ᠲᠠᠷᠢᠯᠭ᠎ᠠ ᠲᠠᠷᠢᠬᠤ  ᠨᠢᠭᠡᠴᠡ ᠬᠠᠷᠢᠭᠤᠴᠠᠨ᠎ᠠ᠂ ᠨᠥᠬᠦᠵᠦ ᠳᠠᠷᠢᠭᠤᠯᠤᠭᠰᠠᠨ ᠤ  ᠳᠠᠷᠠᠭ᠎ᠠ᠂  ᠲᠠᠷᠢᠯᠭ᠎ᠠ  ᠲᠠᠷᠢᠬᠰᠠᠨ  ᠨᠢᠭᠡᠴᠡ ᠨᠢ  ᠤᠷᠢᠳᠴᠢᠯᠠᠨ  ᠰᠡᠷᠭᠡᠶᠢᠯᠡᠬᠦ ᠲᠠᠷᠢᠯᠭ᠎ᠠ ᠲᠠᠷᠢᠬᠰᠠᠨ ᠦᠨᠡᠮᠯᠡᠯ ᠳᠡᠭᠡᠷ᠎ᠡ ᠴᠡᠴᠡᠷᠯᠢᠭ ᠲᠤ ᠣᠷᠣᠬᠤ᠂  ᠰᠤᠷᠭᠠᠭᠤᠯᠢ ᠳᠤ  ᠣᠷᠣᠬᠤ  ᠦᠶ᠎ᠠ ᠶᠢᠨ  ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢ ᠲᠠᠷᠢᠬᠰᠠᠨ ᠪᠠᠶᠢᠳᠠᠯ ᠢ ᠦᠨᠡᠯᠡᠨ ᠵᠢᠱᠢᠬᠦ ᠬᠠᠭᠤᠳᠠᠰᠤᠨ ᠳᠤ ᠨᠥᠬᠦᠵᠦ ᠲᠠᠷᠢᠬᠰᠠᠨ ᠮᠡᠳᠡᠭᠡ  ᠵᠠᠩᠭᠢ ᠶᠢ ᠲᠠᠭᠯᠠᠵᠤ᠂ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠪᠠᠶᠢᠭᠤᠯᠤᠮᠵᠢ᠂ ᠬᠡᠤᠬᠡᠳ ᠤᠨ ᠴᠡᠴᠡᠷᠯᠢᠭ ᠪᠠ ᠰᠤᠷᠭᠠᠭᠤᠯᠢ ᠳᠤ ᠲᠤᠰᠢᠶᠠᠨ ᠥᠭᠴᠦ ᠲᠣᠰ ᠵᠢᠯ ᠤᠨ 12 ᠰᠠᠷ᠎ᠠ ᠶᠢᠨ ᠡᠴᠦᠰ ᠠᠴᠠ ᠡᠮᠦᠨ᠎ᠡ ᠳᠠᠬᠢᠨᠲᠠ ᠪᠠᠶᠢᠴᠠᠭᠠᠨ ᠰᠢᠯᠭᠠᠬᠤ ᠬᠡᠷᠡᠭᠲᠡᠶ᠃    
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号