ᠰᠢᠯᠦᠭᠤᠨ ᠬᠦᠭᠡ ᠬᠤᠰᠢᠭᠤᠨ ᠤ ᠠᠵᠢᠯᠳᠠᠨ ᠤ ᠬᠡᠤᠬᠡᠳ ᠤᠨ ᠴᠡᠴᠡᠷᠯᠢᠭ ᠬᠡᠤᠬᠡᠳ ᠤᠳ ᠲᠤ  ᠳᠤᠬᠯᠠᠭᠠᠮ ᠤᠨ ᠳᠤᠮᠳᠠ ᠠᠴᠠ ᠰᠤᠷᠤᠯᠴᠠᠬᠤ ᠤᠬᠢ ᠰᠠᠶᠢᠨ ᠤᠷᠴᠢᠨ ᠳᠤᠭᠤᠷᠢᠨ ᠬᠠᠨᠭ᠍ᠭᠠᠨ ᠦᠭᠴᠤ  ᠪᠠᠶᠢᠨ᠎ᠠ
ᠨᠡᠶᠢᠲᠡᠯᠡᠭᠰᠡᠨ ᠴᠠᠭ᠄
2021/2/20
  ᠱᠠᠩᠳᠤ ᠶᠢᠨ ᠮᠡᠳᠡᠭᠡ ︵ᠴᠢᠮᠡᠭᠡᠯᠡᠭᠴᠢ ᠤᠶᠤᠨᠰᠡᠴᠡᠡ ᠡᠩᠭᠡᠪᠠᠶᠠᠷ︶ ᠴᠠᠭᠠᠰᠤᠨ ᠤᠷᠠᠯᠠᠯ ᠤᠨ ᠤᠨᠴᠠᠯᠢᠬᠳᠤ ᠴᠡᠴᠡᠷᠯᠢᠭ ᠪᠤᠯᠤᠬᠰᠠᠨ ᠤ ᠬᠤᠪᠢ ᠳᠤ᠂ ᠰᠢᠯᠤᠭᠤᠨ ᠬᠦᠬᠡ ᠬᠤᠰᠢᠭᠤᠨ ᠤ ᠠᠵᠢᠯᠳᠠᠨ ᠤ ᠬᠡᠤᠬᠡᠳ ᠤᠨ ᠴᠡᠴᠡᠷᠯᠢᠭ ᠨᠢ ᠴᠠᠭᠠᠰᠤᠨ ᠤᠷᠠᠯᠠᠯ ᠤᠨ ᠰᠤᠷᠭᠠᠨ ᠬᠦᠮᠦᠵᠢᠯ ᠤᠨ ᠦᠨ᠎ᠠ ᠦᠷᠳᠡᠭ ᠢ ᠨᠡᠩ ᠳᠡᠯᠭᠡᠷᠡᠩᠬᠦᠢ ᠠᠭᠤᠳᠠᠯᠯᠠᠠ᠂ ᠰᠤᠷᠬᠤ ᠨᠠᠰᠤᠨ ᠠᠴᠠ ᠡᠮᠤᠨᠡᠬᠢ ᠬᠡᠤᠬᠡᠳ ᠤᠳ ᠲᠤ ᠳᠤᠬᠯᠠᠭᠠᠮ ᠤᠨ ᠳᠤᠮᠳᠠ ᠠᠴᠠ ᠰᠤᠷᠤᠯᠴᠠᠬᠤ ᠤᠬᠢ ᠰᠠᠶᠢᠨ ᠤᠷᠴᠢᠨ ᠳᠤᠭᠤᠷᠢᠨ ᠢ ᠬᠠᠨᠭ᠍ᠭᠠᠨ ᠦᠭᠴᠤ᠂ ᠪᠠᠭ᠎ᠠ ᠨᠠᠰᠤᠨ ᠤ ᠬᠡᠤᠬᠡᠳ ᠤᠨ ᠪᠡᠶ᠎ᠠ ᠰᠡᠳᠬᠢᠴᠡ ᠶᠢᠨ ᠡᠷᠡᠬᠦᠯ ᠮᠡᠨᠳᠤ ᠳᠤ ᠵᠤᠬᠢᠴᠠᠬᠰᠠᠨ᠂ ᠠᠷᠠᠳ ᠤᠯᠠᠨ ᠤ ᠬᠠᠨᠤᠮᠵᠢᠳᠡᠢ ᠴᠡᠴᠡᠷᠯᠢᠭ ᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃   1978 ᠤᠨ ᠳᠤ ᠪᠠᠶᠢᠭᠤᠯᠤᠬᠳᠠᠬᠰᠠᠨ ᠰᠢᠯᠤᠭᠤᠨ ᠬᠦᠬᠡ ᠬᠤᠰᠢᠭᠤᠨ ᠤ ᠠᠵᠢᠯᠳᠠᠨ ᠤ ᠬᠡᠤᠬᠡᠳ ᠤᠨ ᠴᠡᠴᠡᠷᠯᠢᠭ ᠪᠤᠯ ᠰᠢᠯᠦᠭᠤᠨ ᠬᠦᠬᠡ ᠬᠤᠰᠢᠭᠤᠨ ᠤ ᠬᠠᠮᠤᠬ ᠡᠷᠳᠡ ᠪᠠᠶᠢᠭᠤᠯᠤᠬᠳᠠᠬᠰᠠᠨ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠪᠤᠯᠬᠤ ᠶᠤᠮ᠃ 2019 ᠤᠨ ᠤ 9 ᠰᠠᠷ ᠎ᠠ ᠳᠤ᠂ ᠰᠢᠯᠦᠭᠤᠨ ᠬᠦᠬᠡ ᠬᠤᠰᠢᠭᠤᠨ ᠤ ᠠᠵᠢᠯᠳᠠᠨ ᠤ ᠬᠡᠤᠬᠡᠳ ᠤᠨ ᠴᠡᠴᠡᠷᠯᠢᠭ ᠦᠷᠭᠡᠳᠬᠡᠨ ᠪᠠᠶᠢᠭᠤᠯᠤᠬᠰᠠᠨ ᠰᠢᠨ᠎ᠠ ᠵᠢᠭᠠᠨ ᠰᠤᠷᠭᠠᠬᠤ ᠠᠰᠠᠷ ᠲᠤ ᠪᠠᠨ ᠨᠡᠬᠦᠨ ᠤᠷᠤᠵᠤ᠂ ᠪᠠᠭᠰᠢ ᠠᠵᠢᠯᠳᠠᠨ ᠤ ᠠᠵᠢᠯᠯᠠᠬᠤ ᠭᠡᠷ ᠪᠤᠯᠤᠨ 12 ᠠᠩᠭᠢ ᠶᠢᠨ ᠭᠡᠷ ᠠᠴᠠ ᠭᠠᠳᠠᠨ᠎ᠠ ᠳᠤᠬᠯᠠᠯᠳᠠ ᠶᠢᠨ ᠲᠢᠩᠬᠢᠮ᠂ ᠮᠤᠳᠤᠨ ᠤᠷᠠᠯᠠᠯ ᠤᠨ ᠦᠷᠤᠬᠡ᠂ ᠴᠠᠭᠠᠰᠤᠨ ᠤᠷᠠᠯᠠᠯ ᠤᠨ ᠦᠷᠤᠬᠡ᠂ ᠰᠢᠪᠠᠷ ᠤᠷᠠᠯᠠᠯ ᠤᠨ ᠦᠷᠤᠬᠡ᠂ ᠵᠢᠷᠤᠬ ᠤᠨ ᠦᠷᠤᠬᠡ᠂ ᠰᠢᠨᠵᠢᠯᠡᠬᠦ ᠤᠬᠠᠭᠠᠨ ᠤ ᠦᠷᠤᠬᠡ᠂ ᠳᠠᠮᠢᠷ ᠤᠨ ᠬᠦᠳᠡᠯᠬᠡᠬᠡᠨ ᠤ ᠦᠷᠤᠬᠡ ᠵᠡᠷᠭᠡ 9 ᠳᠤᠰᠬᠠᠢ ᠦᠷᠤᠬᠡ ᠲᠠᠢ ᠪᠤᠯᠵᠤ᠂ ᠡᠬᠦᠨ ᠳᠤ ᠪᠠᠨ ᠡᠯ᠎ᠠ ᠵᠦᠢᠯ ᠤᠨ ᠳᠤᠬᠯᠠᠭᠠᠮ ᠤᠨ ᠪᠠᠭᠠᠵᠢ ᠬᠡᠷᠡᠭᠰᠡᠯ᠂ ᠪᠡᠯᠡᠳᠬᠡᠯ ᠲᠦᠬᠦᠭᠡᠷᠤᠮᠵᠢ ᠶᠢ ᠢᠵᠢ ᠪᠦᠷᠢᠯᠳᠤᠬᠦᠯᠦᠨ᠂ ᠬᠡᠤᠬᠡᠳ ᠤᠳ ᠤᠨ ᠨᠠᠭᠠᠳᠴᠤ ᠳᠤᠬᠯᠠᠬᠤ ᠳᠤ ᠳᠤᠬᠢᠯᠢᠬ ᠳᠠᠭᠠᠯᠠᠮᠵᠢᠳᠡᠢ᠂ ᠴᠤ᠋ ᠰᠢᠨ᠎ᠠ ᠤᠷᠴᠢᠨ ᠬᠠᠨᠭ᠍ᠭᠠᠨ ᠦᠭᠭᠦᠭᠰᠡᠨ ᠪᠠᠶᠢᠨ᠎ᠠ᠃   ᠰᠢᠯᠦᠭᠤᠨ ᠬᠦᠬᠡ ᠬᠤᠰᠢᠭᠤᠨ ᠤ ᠠᠵᠢᠯᠳᠠᠨ ᠤ ᠬᠡᠤᠬᠡᠳ ᠤᠨ ᠴᠡᠴᠡᠷᠯᠢᠭ ᠤᠷᠢᠳ ᠬᠤᠵᠢᠳ ᠪᠦᠬᠦ ᠤᠷᠤᠨ᠂ ᠪᠦᠬᠦ ᠠᠶᠢᠮᠠᠭ ᠤᠨ ᠬᠡᠪᠴᠢᠶᠡᠨ ᠳᠤ ᠳᠡᠷᠢᠬᠦᠨ ᠤ ᠨᠢᠭᠡᠴᠢ᠂ ᠵᠢᠱᠢᠶᠡᠴᠢ ᠭᠡᠷ ᠤᠨ ᠠᠬᠠᠮᠠᠳ ᠤᠨ ᠰᠤᠷᠭᠠᠭᠤᠯᠢ᠂ ᠵᠢᠭᠠᠨ ᠰᠤᠷᠭᠠᠯᠳᠠ ᠶᠢᠨ ᠦᠷ᠎ᠠ ᠪᠦᠳᠤᠬᠡᠯ ᠳᠤᠪᠤᠶᠢᠮ᠎ᠠ ᠴᠡᠴᠡᠷᠯᠢᠭ᠂ ᠨᠠᠮ ᠤᠨ ᠪᠠᠶᠢᠭᠤᠯᠤᠯᠳᠠ ᠶᠢᠨ ᠠᠵᠢᠯ ᠤᠨ ᠰᠢᠯᠢᠳᠡᠭ ᠨᠢᠬᠡᠴᠢ ᠵᠡᠷᠭᠡ ᠤᠯᠠᠨ ᠰᠠᠶᠢᠬᠠᠨ ᠢᠷᠠᠭᠤ ᠠᠯᠳᠠᠷ ᠢ ᠬᠦᠷᠳᠡᠵᠤ ᠦᠡᠭᠭᠡᠷᠡᠭᠰᠡᠨ ᠶᠤᠮ᠃   2020 ᠤᠨ ᠤ 10 ᠰᠠᠷ᠎ᠠ ᠳᠤ ᠰᠢᠯᠦᠭᠤᠨ ᠬᠦᠬᠡ ᠬᠤᠰᠢᠭᠤᠨ ᠤ ᠠᠵᠢᠯᠳᠠᠨ ᠤ ᠬᠡᠤᠬᠡᠳ ᠤᠨ ᠴᠡᠴᠡᠷᠯᠢᠭ ᠤᠷᠴᠢᠨ ᠳᠤᠭᠤᠷᠢᠨ ᠤ ᠪᠠᠶᠢᠭᠤᠯᠤᠯᠳᠠ᠂ ᠬᠢᠴᠢᠶᠡᠯ ᠬᠦᠳᠤᠯᠪᠦᠷᠢ ᠵᠡᠷᠭᠡ ᠳᠠᠯ᠎ᠠ ᠪᠠᠷ ᠳᠡᠭᠡᠳᠤ ᠱᠠᠳᠤᠨ ᠤ ᠪᠠᠶᠢᠴᠠᠭᠠᠯᠳᠠ ᠳᠤ ᠬᠢᠷᠢ ᠳᠡᠩᠴᠡᠵᠤ᠂ ᠦᠪᠡᠷᠳᠡᠭᠡᠨ ᠵᠠᠰᠠᠬᠤ ᠤᠷᠤᠨ ᠤ ᠨᠢᠭᠡᠳᠤᠭᠡᠷ ᠲᠦᠷᠦᠯ ᠤᠨ ᠬᠦᠬᠡ ᠳᠡᠰ ᠤᠨ ᠴᠡᠴᠡᠷᠯᠢᠭ ᠢᠶᠠᠷ ᠦᠨᠡᠯᠡᠭᠳᠡᠵᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号