2021 ᠣᠨ ᠳᠤ ᠭᠤᠷᠪᠠᠨ ᠬᠢᠴᠢᠶᠡᠯ ᠲᠦᠷᠦᠯ ᠤᠨ ᠨᠢᠭᠡᠳᠦᠯᠳᠡᠢ ᠨᠠᠶᠢᠷᠠᠭᠤᠯᠤᠬᠰᠠᠨ ᠵᠢᠭᠠᠬᠤ | ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠭᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ | ᠰᠤᠷᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠭᠦ ᠶᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ | ᠰᠤᠷᠭᠠᠨ ᠬᠦᠮᠦᠵᠢᠯ ᠤᠨ ᠲᠢᠩᠬᠢᠮ ᠠᠴᠠ ᠤᠢᠢᠷ᠎ᠠ ᠳᠤ ᠪᠠᠭᠰᠢ ᠨᠠᠷ ᠤᠨ ᠪᠤᠯᠪᠠᠰᠤᠷᠠᠯ᠂ ᠪᠠᠭᠰᠢ ᠶᠢᠨ ᠬᠦᠴᠦᠨ ᠤ | ᠲᠤᠬᠢᠷᠠᠭᠤᠯᠤᠯᠳᠠ᠂ ᠬᠡᠤᠭᠡᠳ ᠤᠨ ᠴᠡᠴᠡᠷᠯᠢᠭ ᠤᠨ ᠰᠤᠷᠭᠠᠨ ᠬᠦᠮᠦᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ | ᠬᠦᠮᠦᠵᠢᠯ ᠢ ᠵᠤᠯᠭᠠᠭᠤᠯᠬᠤ᠂ ᠵᠢᠭᠠᠬᠤ ᠶᠢ ᠰᠤᠳᠤᠯᠬᠤ ᠪᠠ ᠵᠢᠭᠠᠬᠤ ᠳᠤ ᠬᠠᠪᠰᠤᠷᠭᠠᠬᠤ ᠵᠡᠷᠭᠡ ᠲᠤᠰᠬᠠᠢ ᠲᠦᠰᠦᠯ ᠢ | ᠲᠤᠬᠳᠠᠭᠠᠵᠤ᠂ ᠡᠯ᠎ᠠ ᠵᠦᠢᠯ ᠤᠨ ᠪᠡᠯᠡᠳᠭᠡᠯ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ | ᠨᠢᠳᠦᠨᠤᠨ ᠤ 12 ᠳ᠋ᠤᠭᠠᠷ ᠰᠠᠷ᠎ᠠ ᠠᠴᠠ ᠡᠬᠢᠯᠡᠨ᠂ ᠪᠦᠬᠦ ᠤᠷᠤᠨ ᠤ ᠰᠤᠷᠭᠠᠨ ᠬᠦᠮᠦᠵᠢᠯ ᠤᠨ | ᠰᠢᠰᠲ᠋ᠧᠮ ᠤᠨ ᠦᠷᠭᠡᠨ ᠤᠯᠠᠨ ᠺᠠᠳ᠋ᠷ᠂ ᠪᠠᠭᠰᠢ ᠠᠵᠢᠯᠳᠠᠨ ᠠᠵᠢᠯᠴᠢᠨ ᠳᠤ ᠪᠦᠬᠦᠨ ᠢ ᠪᠤᠯᠪᠠᠰᠤᠷᠠᠭᠤᠯᠬᠤ ᠠᠵᠢᠯ | ᠦᠷᠨᠢᠭᠦᠯᠵᠤ᠂ ᠦᠨᠳᠦᠰᠦᠳᠡᠨ ᠤ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠯᠳᠡ ᠶᠢ | ᠰᠤᠷᠤᠯᠴᠠᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠦᠨᠡᠨ ᠬᠦ ᠪᠠᠬᠢᠵᠢᠭᠦᠯᠦᠨ᠂ | ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠡᠶᠢᠳᠡᠪᠦᠷᠢᠵᠢᠭᠤᠯᠬᠤ ᠦᠵᠡᠯ | ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠪᠠ᠃ ᠪᠠᠭᠰᠢ ᠶᠢᠨ ᠬᠦᠴᠦᠨ ᠢ ᠪᠠᠳᠤᠯᠠᠬᠤ | ᠲᠠᠯ᠎ᠠ ᠪᠠᠷ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠷᠤᠨ ᠲᠤᠭ᠎ᠠ᠂ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ ᠲᠠᠢ ᠬᠠᠮᠳᠤᠷᠠᠨ | ᠠᠵᠢᠯ ᠤᠨ ᠲᠦᠰᠦᠯ ᠢ ᠰᠤᠳᠤᠯᠤᠨ ᠲᠤᠬᠳᠠᠭᠠᠵᠤ᠂ ᠰᠤᠷᠭᠠᠭᠤᠯᠢ ᠶᠢᠨ ᠲᠤᠳᠤᠭᠠᠳᠤ ᠳᠤ ᠨᠢ ᠲᠤᠬᠢᠷᠠᠭᠤᠯᠬᠤ᠂ | ᠰᠤᠷᠭᠠᠭᠤᠯᠢ ᠶᠢᠨ ᠬᠤᠭᠤᠷᠤᠨᠳᠤ ᠪᠠᠨ ᠰᠤᠯᠢᠯᠴᠠᠬᠤ᠂ ︽ᠠᠯᠪᠠᠨ ᠵᠠᠷᠤᠳᠠᠯ ᠢᠶᠠᠷ ᠰᠤᠷᠤᠯᠴᠠᠬᠰᠠᠨ ᠪᠠᠭᠰᠢ ᠶᠢᠨ ᠰᠤᠷᠭᠠᠭᠤᠯᠢ | ᠲᠡᠭᠦᠰᠦᠭᠰᠡᠨ ᠤᠶᠤᠳᠠᠳ︾ ᠢ ᠤᠷᠢᠵᠤ ᠡᠯᠰᠡᠭᠦ᠂ ︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢ ᠤᠷᠢᠵᠤ ᠡᠯᠰᠡᠭᠦ᠂ | ᠢᠯᠡ ᠪᠠᠷ ᠤᠷᠢᠵᠤ ᠡᠯᠰᠡᠭᠦ ᠵᠡᠷᠭᠡ ᠠᠷᠭ᠎ᠠ ᠮᠠᠶᠢᠭ ᠢᠶᠠᠷ ᠲᠤᠳᠠᠬᠳᠠᠵᠤ ᠪᠠᠶᠢᠬᠰᠠᠨ 1022 ᠪᠠᠭᠰᠢ ᠶᠢᠨ ᠤᠷᠤᠨ ᠲᠤᠭ᠎ᠠ ᠶᠢ | ᠨᠦᠬᠦᠪᠦᠷᠢᠯᠡᠪᠡ᠃ ᠡᠭᠦᠨ ᠳᠤ᠂ ᠦᠪᠡᠷᠳᠡᠭᠡᠨ ᠵᠠᠰᠠᠬᠤ ᠤᠷᠤᠨ ᠤ ︽ᠤᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ︾ | ᠪᠠᠷ ᠨᠢᠭᠡᠨᠳᠡ 298 ᠪᠠᠭᠰᠢ ᠶᠢ ᠡᠯᠰᠡᠵᠤ᠂ ᠴᠦᠮ ᠭᠤᠷᠪᠠᠨ ᠬᠢᠴᠢᠶᠡᠯ ᠲᠦᠷᠦᠯ ᠤᠨ ᠪᠠᠭᠰᠢ ᠶᠢᠨ ᠡᠩᠨᠡᠭᠡᠨ ᠤ ᠤᠷᠤᠨ | ᠲᠤᠭ᠎ᠠ ᠶᠢ ᠨᠦᠬᠦᠪᠦᠷᠢᠯᠡᠵᠤ᠂ ᠡᠨᠡ ᠵᠢᠯ ᠤᠨ ᠬᠠᠪᠤᠷ ᠤᠨ ᠤᠯᠠᠷᠢᠯ ᠢᠶᠠᠷ ᠠᠵᠢᠯ ᠤᠨ ᠪᠠᠶᠢᠷᠢᠨ ᠳᠤ ᠭᠠᠷᠭᠠᠨ᠎ᠠ᠃ ᠡᠯ᠎ᠠ | ᠠᠶᠢᠮᠠᠭ ᠬᠤᠳᠠ ᠶᠢᠨ ᠪᠠᠭᠰᠢ ᠡᠯᠰᠡᠭᠦ ᠠᠵᠢᠯ ᠶᠠᠭ ᠡᠮᠬᠢ ᠵᠢᠷᠤᠮ ᠲᠠᠢ ᠶᠠᠪᠤᠬᠳᠠᠵᠤ ᠪᠤᠢ᠃ ᠡᠭᠦᠨ ᠤ ᠬᠠᠮᠳᠤ᠂ ᠴᠢᠨᠠᠷ | ᠰᠠᠶᠢᠳᠠᠢ ᠡᠩ ᠤᠨ ᠰᠤᠷᠭᠠᠭᠤᠯᠢ ᠬᠢᠭᠡᠳ ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠵᠤ ᠪᠠᠶᠢᠭ᠎ᠠ | ᠰᠤᠷᠭᠠᠭᠤᠯᠢ ᠨᠤᠭᠤᠳ ᠬᠤᠤᠰᠯᠠᠯ ᠪᠤᠯᠵᠤ ᠬᠠᠪᠰᠤᠷᠤᠨ ᠲᠡᠳᠭᠦᠭᠦ ᠪᠠ ᠬᠠᠷᠢᠯᠴᠠᠨ ᠲᠤᠮᠢᠯᠠᠨ ᠬᠠᠮᠳᠤ ᠪᠠᠷ ᠪᠠᠶᠢᠭᠤᠯᠬᠤ ᠶᠢ | ᠦᠷᠨᠢᠭᠦᠯᠵᠤ᠂ ᠤᠷᠤᠨ ᠤ ᠲᠤᠳᠤᠷᠠᠬᠢ ᠪᠠᠭᠰᠢ ᠶᠢᠨ ᠰᠤᠷᠭᠠᠭᠤᠯᠢ ᠨᠤᠭᠤᠳ ᠢ ᠵᠤᠬᠢᠶᠠᠨ ᠪᠠᠶᠢᠭᠤᠯᠵᠤ ᠰᠤᠷᠭᠠᠨ | ᠬᠦᠮᠦᠵᠢᠯ ᠤᠨ ᠦᠢᠯᠡᠰ ᠢ ᠲᠡᠮᠵᠢᠭᠦ ᠪᠦᠯᠬᠦᠮ ᠪᠠᠶᠢᠭᠤᠯᠵᠤ᠂ ᠤᠢᠢᠷ᠎ᠠ ᠬᠠᠪᠢ ᠳᠠᠬᠢ ᠤᠯᠤᠰ ᠤᠨ ᠨᠡᠶᠢᠳᠡᠮ ᠬᠡᠷᠡᠭᠯᠡᠭᠦ ᠦᠭᠡ | ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠰᠠᠭᠤᠷᠢ ᠪᠠᠷ ᠪᠠᠷᠤᠬᠳᠠᠢ ᠪᠠᠶᠢᠭ᠎ᠠ ᠭᠠᠵᠠᠷ | ᠤᠷᠤᠨ ᠪᠠ ᠰᠤᠷᠭᠠᠭᠤᠯᠢ ᠨᠤᠭᠤᠳ ᠤᠨ ᠴᠡᠭ ᠲᠤ ᠠᠵᠢᠯᠯᠠᠵᠤ ᠲᠠᠭᠠᠭᠠᠴᠢᠯᠠᠨ ᠬᠠᠷᠢᠭᠤᠴᠠᠬᠤ ᠶᠢ ᠦᠷᠨᠢᠭᠦᠯᠦᠨ᠎ᠡ᠃ ᠪᠠᠭᠰᠢ | ᠨᠠᠷ ᠢ ᠪᠤᠯᠪᠠᠰᠤᠷᠠᠭᠤᠯᠬᠤ ᠲᠠᠯ᠎ᠠ ᠪᠠᠷ᠂ ᠰᠤᠷᠭᠠᠨ ᠬᠦᠮᠦᠵᠢᠯ ᠤᠨ ᠶᠠᠮᠤᠨ ᠤ ᠲᠡᠮᠵᠢᠯᠭᠡ ᠶᠢ ᠴᠢᠷᠮᠠᠶᠢᠨ ᠤᠯᠵᠤ᠂ ᠤᠷᠤᠨ ᠤ | ᠲᠤᠳᠤᠷ᠎ᠠ ᠭᠠᠳᠠᠨᠠᠬᠢ ᠪᠠᠭᠰᠢ ᠶᠢᠨ ᠮᠡᠷᠭᠡᠵᠢᠯ ᠤᠨ 20 ᠶᠡᠭᠡ ᠲᠡᠭᠡᠳᠦ ᠰᠤᠷᠭᠠᠭᠤᠯᠢ ᠶᠢ ᠵᠤᠬᠢᠶᠠᠨ ᠪᠠᠶᠢᠭᠤᠯᠵᠤ ᠪᠠᠶᠢᠭᠠᠳ | ᠡᠨᠡ ᠵᠢᠯ ᠤᠨ 1 ᠳ᠋ᠤᠭᠡᠷ ᠰᠠᠷ᠎ᠠ ᠶᠢᠨ ᠲᠤᠮᠳᠠᠴᠢ ᠠᠴᠠ ᠡᠬᠢᠯᠡᠵᠤ᠂ ᠵᠡᠭᠦᠨ ᠲᠤᠮᠳᠠ ᠪᠠᠷᠠᠭᠤᠨ ᠭᠤᠷᠪᠠᠨ ᠬᠡᠰᠡᠭ ᠤᠷᠤᠨ | ᠬᠤᠪᠢᠶᠠᠭᠠᠳ ᠪᠦᠬᠦ ᠤᠷᠤᠨ ᠤ ᠦᠨᠳᠦᠰᠦᠳᠡᠨ ᠨᠦᠭᠦᠳ ᠤᠨ ᠲᠤᠮᠳᠠᠳᠤ ᠪᠠᠭ᠎ᠠ ᠰᠤᠷᠭᠠᠭᠤᠯᠢ ᠶᠢᠨ ᠤᠳᠤ ᠶᠢᠨ ᠪᠠᠶᠢᠭ᠎ᠠ | ᠭᠤᠷᠪᠠᠨ ᠬᠢᠴᠢᠶᠡᠯ ᠲᠦᠷᠦᠯ ᠤᠨ ᠪᠠᠭᠰᠢ ᠶᠢ ᠪᠦᠯᠦᠭ ᠲᠦᠷᠦᠯ ᠬᠤᠪᠢᠶᠠᠨ ᠠᠩᠬᠢᠯᠠᠵᠤ ᠪᠤᠯᠪᠠᠰᠤᠷᠠᠭᠤᠯᠤᠨ᠎ᠠ᠃ ᠡᠭᠦᠨ ᠤ | ᠬᠠᠮᠳᠤ᠂ ︽ᠵᠢᠱᠢᠶ᠎ᠠ ᠦᠵᠡᠭᠦᠯᠭᠦ ᠴᠢᠨᠠᠷᠳᠠᠢ ᠰᠢᠯᠭᠠᠷᠠᠬᠰᠠᠨ ᠪᠠᠭᠰᠢ︾ ᠶᠢᠨ ᠪᠤᠯᠪᠠᠰᠤᠷᠠᠯ᠂ ᠭᠤᠤᠯᠯᠠᠬᠴᠢ ᠠᠩᠬᠢ ᠶᠢᠨ | ᠡᠷᠬᠢᠯᠡᠭᠴᠢ ᠪᠠᠭᠰᠢ ᠶᠢᠨ ᠪᠤᠯᠪᠠᠰᠤᠷᠠᠯ᠂ ᠭᠤᠷᠪᠠᠨ ᠬᠢᠴᠢᠶᠡᠯ ᠲᠦᠷᠦᠯ ᠤᠨ ︽ᠤᠨᠴᠠᠭᠠᠢ ᠠᠵᠢᠯ ᠤᠨ ᠪᠠᠶᠢᠷᠢ ᠶᠢᠨ ᠪᠠᠭᠰᠢ︾ | ᠶᠢᠨ ᠪᠤᠯᠪᠠᠰᠤᠷᠠᠯ ᠵᠡᠷᠭᠡ ᠶᠢ ᠦᠷᠨᠢᠭᠦᠯᠦᠨ᠎ᠡ᠃ ᠵᠢᠭᠠᠨ ᠰᠤᠳᠤᠯᠤᠯᠳᠠ ᠶᠢᠨ ᠵᠢᠭᠠᠨ ᠵᠢᠯᠤᠭᠤᠳᠬᠤ ᠲᠠᠯ᠎ᠠ ᠪᠠᠷ᠂ ᠭᠤᠷᠪᠠᠨ | ᠱᠠᠳᠤᠨ ᠤ ᠵᠢᠭᠠᠨ ᠰᠤᠳᠤᠯᠤᠯᠳᠠ ᠶᠢᠨ ᠵᠢᠭᠠᠨ ᠵᠢᠯᠤᠭᠤᠳᠬᠤ ᠲᠤᠬᠳᠠᠴᠠ ᠶᠢ ᠪᠠᠶᠢᠭᠤᠯᠵᠤ᠂ ᠪᠠᠭ᠎ᠠ ᠰᠤᠷᠭᠠᠭᠤᠯᠢ ᠠᠴᠠ | ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠭᠦ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠠᠴᠠ ᠦᠨᠳᠦᠷ | ᠵᠡᠷᠬᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠳᠠᠯ᠎ᠠ ᠶᠢᠨ ᠵᠢᠭᠠᠨ ᠰᠤᠷᠭᠠᠯᠳᠠ ᠶᠢ ᠨᠢ ᠵᠤᠯᠭᠠᠭᠤᠯᠬᠤ ᠠᠵᠢᠯ ᠤᠨ | ᠵᠢᠯᠤᠭᠤᠳᠬᠤ ᠲᠦᠰᠦᠯ ᠢ ᠰᠤᠳᠤᠯᠤᠨ ᠳᠤᠭᠳᠠᠭᠠᠵᠤ᠂ ᠠᠷᠠᠳ ᠤᠨ ᠰᠤᠷᠭᠠᠨ ᠬᠦᠮᠦᠵᠢᠯ ᠤᠨ ᠬᠡᠪᠯᠡᠯ ᠤᠨ ᠬᠤᠷᠢᠶ᠎ᠠ | ᠵᠡᠷᠬᠡ ᠲᠠᠢ ᠬᠠᠮᠳᠤᠷᠠᠨ᠂ ᠬᠡᠦᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠪᠠ ᠪᠠᠭ᠎ᠠ ᠰᠤᠷᠭᠠᠭᠤᠯᠢ ᠶᠢᠨ ᠰᠤᠷᠭᠠᠨ | ᠬᠦᠮᠦᠵᠢᠯ ᠢ ᠵᠤᠯᠭᠠᠭᠤᠯᠬᠤ ᠨᠡᠶᠢᠳᠡᠯᠢᠭ ᠬᠡᠯᠡ ᠰᠤᠷᠬᠤ ᠳᠡᠪᠳᠡᠷ᠂ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ | ᠪᠠᠶᠢᠭ᠎ᠠ ᠰᠤᠷᠭᠠᠭᠤᠯᠢ ᠶᠢᠨ ᠬᠤᠶᠠᠳᠤᠭᠠᠷ ᠣᠨ ᠠᠴᠠ ᠨᠠᠢᠮᠠᠳᠤᠭᠠᠷ ᠣᠨ ᠬᠦᠷᠳᠡᠯᠡᠬᠢ ︽ᠬᠢᠳᠠᠳ ᠬᠡᠯᠡ︾ ᠶᠢᠨ ᠨᠡᠮᠡᠯᠳᠡ | ᠤᠩᠰᠢᠬᠤ ᠪᠢᠴᠢᠭ ᠵᠢᠴᠢ ᠡᠷᠳᠡᠨ ᠤ ᠰᠢᠯᠦᠭ ᠳᠠᠭᠤᠯᠠᠯ ᠤᠨ ᠤᠩᠰᠢᠬᠤ ᠪᠢᠴᠢᠭ ᠢ ᠨᠠᠶᠢᠷᠠᠭᠤᠯᠤᠨ ᠪᠢᠴᠢᠵᠦ᠂ ᠪᠠᠭ᠎ᠠ | ᠰᠤᠷᠭᠠᠭᠤᠯᠢ ᠶᠢᠨ ᠨᠢᠬᠡᠳᠦᠬᠡᠷ ᠣᠨ ᠠᠴᠠ ᠵᠢᠷᠭᠤᠳᠤᠭᠠᠷ ᠣᠨ ᠳᠤ ᠬᠡᠷᠡᠭᠯᠡᠬᠦ ᠨᠢᠬᠡᠳᠦᠯᠳᠡᠢ ᠨᠠᠶᠢᠷᠠᠭᠤᠯᠤᠭᠰᠠᠨ ︽ᠬᠡᠯᠡ | ᠪᠢᠴᠢᠭ︾ ᠤᠨ 12 ᠳᠡᠪᠳᠡᠷ ᠤᠨ ᠬᠦᠨᠳᠤ ᠦᠬᠡᠰ ᠤᠨ ᠮᠤᠩᠭᠤᠯ ᠬᠢᠳᠠᠳ ᠬᠤᠤᠰ ᠬᠡᠯᠡᠨ ᠤ ᠬᠠᠷᠢᠴᠠᠭᠤᠯᠤᠨ | ᠤᠷᠴᠢᠭᠤᠯᠤᠭᠰᠠᠨ ᠤᠩᠰᠢᠬᠤ ᠪᠢᠴᠢᠭ ᠢ ᠨᠢᠬᠡᠳᠦᠯᠳᠡᠢ ᠨᠠᠶᠢᠷᠠᠭᠤᠯᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭ᠎ᠠ ᠪᠤᠯᠬᠤ ᠳᠤ ᠡᠳᠡᠬᠡᠷ ᠨᠤᠮ ᠪᠢᠴᠢᠭ ᠢ ᠪᠡᠯᠡᠬᠡᠨ ᠪᠤᠯᠭᠠᠭᠰᠠᠨ ᠪᠠᠶᠢᠬᠤ ᠶᠢ ᠦᠨᠡᠨ ᠬᠦ ᠪᠠᠳᠤᠯᠠᠨ᠎ᠠ᠃ | ᠰᠦᠯᠵᠢᠶ᠎ᠠ ᠪᠠᠷ ᠰᠤᠷᠤᠯᠴᠠᠬᠤ ᠡᠬᠢ ᠪᠠᠶᠠᠯᠢᠭ ᠤᠨ ᠳᠠᠪᠴᠠᠩ ᠪᠠ ᠨᠡᠶᠢᠳᠡᠯᠢᠭ ᠬᠡᠯᠡᠨ ᠤ ᠪᠤᠯᠪᠠᠰᠤᠷᠠᠯ ᠢ ᠳᠡᠬᠡᠭᠰᠢᠯᠡᠬᠦᠯᠬᠦ | ᠳᠠᠪᠴᠠᠩ ᠢ ᠰᠤᠳᠤᠯᠤᠨ ᠨᠡᠬᠡᠬᠡᠵᠦ᠂ ᠪᠠᠭᠰᠢ ᠰᠤᠷᠤᠭᠴᠢᠳ ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠡᠬᠦᠯᠡᠨ | ᠳᠠᠪᠴᠠᠩ᠂ ᠮᠤᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠠ ᠪᠠ ᠭᠠᠷ ᠤᠳᠠᠰᠤᠨ ᠤ ᠬᠡᠷᠡᠭᠯᠡᠭᠴᠢ ᠶᠢᠨ ᠦᠢᠯᠡᠴᠢᠯᠡᠬᠦ | ᠦᠵᠦᠬᠦᠷ ᠢᠶᠠᠷ ᠳᠠᠮᠵᠢᠭᠤᠯᠤᠨ ᠬᠡᠷᠡᠭᠯᠡᠵᠦ ᠪᠤᠯᠬᠤ ᠪᠤᠯᠭᠠᠨ᠎ᠠ᠃ | ᠭᠤᠷᠪᠠᠨ ᠬᠢᠴᠢᠶᠡᠯ ᠲᠦᠷᠦᠯ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ | ᠳᠠᠯ᠎ᠠ ᠪᠠᠷ ᠬᠢ ᠨᠡᠶᠢᠳᠡᠯᠢᠭ ᠴᠢᠨᠠᠷᠳᠠᠢ ᠠᠰᠠᠭᠤᠳᠠᠯ ᠤᠨ ᠰᠤᠳᠤᠯᠭᠠᠨ ᠤ ᠰᠡᠳᠦᠪ ᠤᠨ ᠬᠦᠮᠦᠷᠬᠡ ᠶᠢ ᠪᠠᠶᠢᠭᠤᠯᠵᠤ᠂ ᠰᠡᠳᠦᠪ ᠢ | ᠰᠢᠪᠳᠤᠯᠵᠤ ᠰᠢᠢᠳᠪᠦᠷᠢᠯᠡᠬᠦ ᠠᠵᠢᠯ ᠢ ᠦᠷᠨᠢᠬᠦᠯᠦᠨ᠎ᠡ᠃ ᠤᠢᠢᠯᠠᠭᠠᠭᠰᠠᠨ ᠢᠶᠠᠷ᠂ ᠦᠪᠡᠷᠳᠡᠬᠡᠨ ᠵᠠᠰᠬᠠᠤ ᠤᠷᠤᠨ ᠠᠴᠠ ᠡᠯ᠎ᠠ | ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠭᠤᠷᠪᠠᠨ ᠬᠢᠴᠢᠶᠡᠯ ᠲᠦᠷᠦᠯ ᠤᠨ ᠨᠢᠬᠡᠳᠦᠯᠳᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠳᠡᠯᠬᠡᠷᠡᠬᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ | ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠪᠠᠨ ᠴᠢᠩᠭᠠᠳᠬᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠬᠡ | ᠪᠤᠯᠭᠠᠵᠤ᠂ ᠡᠳᠦᠷ ᠳᠤᠳᠤᠮ ᠤᠨ ᠴᠢᠬᠤᠯᠠ ᠵᠦᠪᠯᠡᠬᠦ ᠵᠦᠢᠯ ᠳᠤ ᠪᠠᠨ ᠤᠷᠤᠭᠤᠯᠵᠤ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠠ ᠶᠢ ᠨᠠᠷᠢᠯᠢᠭᠵᠢᠭᠤᠯᠵᠤ᠂ ᠪᠠᠭᠰᠢ | ᠨᠠᠷ ᠤᠨ ᠪᠠᠳᠤᠯᠠᠭ᠎ᠠ᠂ ᠪᠠᠭᠰᠢ ᠨᠠᠷ ᠤᠨ ᠪᠤᠯᠪᠠᠰᠤᠷᠠᠯ᠂ ᠵᠢᠭᠠᠬᠤ ᠮᠠᠲ᠋ᠧᠷᠢᠶᠠᠯ ᠤᠨ ᠪᠠᠳᠤᠯᠠᠭ᠎ᠠ᠂ ᠬᠢᠴᠢᠶᠡᠯ ᠤᠨ ᠵᠢᠭᠠᠨ | ᠰᠤᠷᠭᠠᠯᠳᠠ ᠵᠡᠷᠬᠡ ᠡᠯ᠎ᠠ ᠵᠦᠢᠯ ᠤᠨ ᠠᠵᠢᠯ ᠢ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ | ᠡᠬᠢᠯᠡᠬᠦ ᠠᠴᠠ ᠡᠮᠦᠨ᠎ᠡ ᠬᠦᠢᠴᠡᠳ ᠰᠠᠶᠢᠨ ᠪᠡᠯᠡᠳᠬᠡᠭᠰᠡᠨ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠵᠦ ᠱᠠᠭᠠᠷᠳᠠᠪᠠ᠃ | | | |