ᠲᠣᠮᠳᠠᠳᠣ ᠣᠯᠤᠰ ᠤᠨ ᠡᠪ ᠬᠠᠮᠳᠣ ᠨᠠᠮ ᠤᠨ ᠲᠣᠪᠴᠢ ᠲᠡᠣᠬᠡ | ︵1921-2021︶ 21-25 | 21. ᠭᠤᠸᠠᠩᠵᠧᠦ ᠰᠢᠶᠠᠩᠭᠠᠩ ᠤᠨ ᠶᠡᠭᠡ ᠠᠵᠢᠯ ᠬᠠᠶᠠᠯᠲᠠ | 1925 ᠣᠨ ᠤ 6 ᠰᠠᠷ᠎ᠠ ᠶᠢᠨ 19 ᠳᠤ᠂ ᠱᠠᠩᠬᠠᠢ ᠶᠢᠨ ᠠᠷᠠᠳ ᠲᠦᠮᠡᠨ ᠤ ᠲᠠᠪᠤᠨ ᠰᠠᠷ᠎ᠠ ᠶᠢᠨ ᠭᠤᠴᠢᠨ ᠤ | ᠡᠵᠡᠷᠬᠡᠭ ᠲᠦᠷᠢᠮᠡᠭᠡᠶᠢᠳᠡᠨ ᠢ ᠡᠰᠡᠷᠭᠦᠴᠡᠬᠦ ᠡᠭᠡ ᠣᠷᠣᠨᠴᠢ ᠬᠥᠳᠡᠯᠭᠡᠭᠡᠨ ᠢ ᠳᠡᠮᠵᠢᠬᠦ ᠶᠢᠨ ᠲᠥᠯᠥᠭᠡ᠂ ᠭᠤᠸᠠᠩᠵᠧᠦ | ᠪᠣᠯᠤᠨ ᠰᠢᠶᠠᠩᠭᠠᠩ ᠳᠤ ᠯᠤᠲᠤ ᠶᠡᠭᠡ ᠬᠡᠪᠴᠢᠶᠡᠨ ᠤ ᠠᠵᠢᠯ ᠬᠠᠶᠠᠯᠲᠠ ᠡᠭᠦᠰᠪᠡ᠃ ᠲᠤᠰ ᠤᠳᠠᠭ᠎ᠠ ᠶᠢᠨ ᠠᠵᠢᠯ | ᠬᠠᠶᠠᠯᠲᠠ ᠶᠢ ᠡᠪ ᠬᠠᠮᠲᠤ ᠨᠠᠮ ᠤᠨ ᠭᠡᠰᠢᠭᠦᠨ ᠳ᠋ᠧᠩ ᠵᠦᠩ ᠰᠢᠶᠠ ᠵᠢᠴᠢ ᠰᠤ᠋ ᠵᠤᠤ ᠵᠧᠩ ᠤᠳᠤᠷᠢᠳᠴᠤ᠂ 1 ᠵᠢᠯ | ᠤᠨ ᠭᠠᠳᠠᠨ᠎ᠠ 4 ᠰᠠᠷ᠎ᠠ ᠦᠷᠭᠦᠯᠵᠢᠯᠡᠨ᠂ ᠳᠡᠯᠡᠬᠡᠢ ᠶᠢᠨ ᠠᠵᠢᠯᠴᠢᠨ ᠤ ᠬᠥᠳᠡᠯᠭᠡᠭᠡᠨ ᠤ ᠲᠡᠦᠬᠡᠨ ᠳᠡᠭᠡᠷᠡᠬᠢ ᠬᠠᠮᠤᠭ | ᠤᠨ ᠤᠷᠳᠤ ᠬᠤᠭᠤᠴᠠᠭᠠᠨ ᠤ ᠠᠵᠢᠯ ᠬᠠᠶᠠᠯᠲᠠ ᠶᠢᠨ ᠨᠢᠭᠡ ᠪᠣᠯᠵᠠᠢ᠃ ᠭᠤᠸᠠᠩᠵᠸᠦ ᠰᠢᠶᠠᠩᠭᠠᠩ ᠤᠨ ᠶᠡᠭᠡ ᠠᠵᠢᠯ | ᠬᠠᠶᠠᠯᠲᠠ ᠨᠢ ᠤᠯᠤᠰ ᠲᠥᠷᠥ ᠪᠠ ᠠᠵᠤ ᠠᠬᠤᠶ ᠶᠢᠨ ᠲᠠᠯ᠎ᠠ ᠪᠠᠷ ᠠᠩᠭ᠍ᠯᠢ ᠶᠢᠨ ᠡᠵᠡᠷᠬᠡᠭ ᠲᠦᠷᠢᠮᠡᠬᠡᠶᠢᠲᠡᠨ ᠳᠤ | ᠬᠦᠨᠳᠦ ᠴᠣᠬᠢᠯᠲᠠ ᠥᠭᠴᠦ᠂ ᠭᠤᠸᠠᠩᠳᠦ᠋ᠩ ᠤᠨ ᠬᠤᠪᠢᠰᠬᠠᠯ ᠤᠨ ᠰᠠᠭᠤᠷᠢᠨ ᠭᠠᠵᠠᠷ ᠢ ᠪᠠᠬᠢᠵᠢᠭᠦᠯᠬᠦ ᠪᠠ | ᠤᠮᠠᠷᠠᠰᠢ ᠳᠠᠶᠢᠯᠠᠬᠤ ᠳᠠᠶᠢᠨ ᠢ ᠪᠡᠯᠡᠳᠬᠡᠬᠦ ᠳᠤ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ | 22. ︽ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠶᠢᠨ ᠲᠤᠬᠠᠢ ᠵᠠᠳᠠᠯᠤᠯᠲᠠ︾ ᠶᠢ | ᠨᠡᠶᠢᠲᠡᠯᠡᠭᠰᠡᠨ ᠨᠢ | ᠮᠠᠤ ᠽᠧ ᠳ᠋ᠦᠩ ︽ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠶᠢᠨ ᠲᠤᠬᠠᠢ ᠵᠠᠳᠠᠯᠤᠯᠲᠠ︾ | ᠳᠠᠭᠠᠨ ᠮᠠᠷᠺᠰ ᠤᠨ ᠦᠵᠡᠯ ᠤᠨ ᠠᠩᠬᠢ ᠳᠠᠪᠬᠤᠷᠭ᠎ᠠ ᠶᠢᠨ ᠵᠠᠳᠠᠯᠤᠯᠲᠠ ᠶᠢᠨ ᠠᠷᠭ᠎ᠠ ᠪᠠᠷ ᠳᠤᠮᠳᠠᠳᠤ ᠤᠯᠤᠰ ᠤᠨ | ᠨᠡᠶᠢᠭᠡᠮ ᠤᠨ ᠡᠯ᠎ᠡ ᠠᠩᠬᠢ ᠳᠠᠪᠬᠤᠷᠭ᠎ᠠ ᠳᠤ ᠵᠠᠳᠠᠯᠤᠯᠲᠠ ᠬᠢᠵᠦ᠂ ᠳᠤᠮᠳᠠᠳᠤ ᠤᠯᠤᠰ ᠤᠨ ᠬᠤᠪᠢᠰᠬᠠᠯ ᠤᠨ | ᠳᠠᠶᠢᠰᠤᠨ ᠪᠠ ᠠᠨᠳᠠ ᠶᠢ ᠢᠯᠭᠠᠨ ᠲᠠᠨᠢᠵᠤ᠂ ᠲᠤᠬᠠᠶ ᠶᠢᠨ ᠦᠶ᠎ᠡ ᠶᠢᠨ ᠨᠠᠮ ᠤᠨ ᠳᠣᠲᠣᠭᠠᠳᠤ ᠶᠢᠨ ᠵᠥᠪ | ᠵᠣᠷᠢᠯᠲᠠ ᠶᠢ ᠲᠥᠪᠯᠡᠷᠡᠭᠦᠯᠦᠨ᠂ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠲᠤᠬᠠᠶ | ᠦᠨᠳᠦᠰᠦᠨ ᠦᠵᠡᠯ ᠰᠠᠨᠠᠭ᠎ᠠ ᠶᠢ ᠠᠩᠬ᠎ᠠ ᠠᠯᠬᠤᠮ ᠳᠤᠷᠠᠳᠴᠤ᠂ ᠨᠠᠮ ᠤᠨ ᠳᠤᠮᠳᠠᠳᠤ ᠤᠯᠤᠰ ᠤᠨ ᠰᠢᠨ᠎ᠡ | ᠠᠷᠠᠳᠴᠢᠯᠠᠭᠰᠠᠨ ᠬᠤᠪᠢᠰᠬᠠᠯ ᠢ ᠤᠳᠤᠷᠢᠳᠬᠤ ᠦᠢᠯᠡᠳᠦᠯᠭᠡ ᠳᠤ ᠤᠨᠤᠯ ᠤᠨ ᠵᠢᠯᠤᠭᠤᠳᠤᠯᠭ᠎ᠠ ᠬᠠᠩᠭᠠᠵᠠᠶ᠃ ᠡᠨᠡ | ᠨᠢ ᠮᠠᠤ ᠽᠧ ᠳ᠋ᠦᠩ ᠤᠨ ᠦᠵᠡᠯ ᠰᠠᠨᠠᠭᠠᠨ ᠤ ᠰᠣᠶᠣᠭᠠᠯᠠᠯ ᠢ ᠬᠠᠷᠠᠭᠤᠯᠵᠤ ᠪᠠᠶᠢᠨ᠎ᠠ᠃ | 23. ᠵᠦᠩ ᠱᠠᠨ ᠬᠥᠯᠭᠡ ᠣᠩᠭᠤᠴᠠᠨ ᠤ ᠬᠡᠷᠡᠭ | ᠪᠠᠰᠠ ︽ᠭᠤᠷᠪᠠᠨ ᠰᠠᠷ᠎ᠠ ᠶᠢᠨ ᠬᠤᠷᠢᠨ ᠤ ᠬᠡᠷᠡᠭ︾ ᠭᠡᠳᠡᠭ᠃ 1926 ᠣᠨ ᠤ 3 ᠰᠠᠷ᠎ᠠ ᠶᠢᠨ 20 ᠤ ᠡᠳᠦᠷ | ᠵᠢᠶᠠᠩ ᠵᠢᠶᠧ ᠱᠢ ᠴᠡᠷᠢᠭ ᠳᠠᠶᠢᠴᠢᠯᠠᠨ ᠴᠢᠩᠭ᠎ᠠ ᠰᠡᠷᠭᠡᠶᠢᠯᠡᠯᠲᠡ ᠬᠢᠬᠦ ᠪᠠᠷ ᠲᠤᠩᠬᠠᠭᠯᠠᠵᠤ᠂ ᠭᠤᠸᠠᠩᠵᠧᠦ ᠶᠢᠨ | ᠳᠣᠲᠣᠭᠠᠳᠤ ᠭᠠᠳᠠᠭᠠᠳᠤ ᠶᠢᠨ ᠵᠠᠮ ᠬᠠᠷᠢᠯᠴᠠᠭ᠎ᠠ ᠶᠢ ᠲᠡᠰᠦᠯᠵᠡᠶ᠃ ᠯᠢ ᡁᠢ ᠯᠦᠩ ᠢ ᠪᠠᠷᠢᠪᠴᠢᠯᠠᠨ᠂ ᠵᠥᠩ ᠱᠠᠨ | ᠣᠩᠭᠤᠴᠠ ᠪᠣᠯᠤᠨ ᠪᠤᠰᠤᠳ ᠣᠩᠭᠤᠴᠠ ᠶᠢ ᠬᠤᠷᠢᠶᠠᠨ ᠠᠪᠤᠪᠠ᠃ ᠭᠤᠸᠠᠩᠵᠸᠦ ᠰᠢᠶᠠᠩᠭᠠᠩ ᠤᠨ ᠠᠵᠢᠯ | ᠬᠠᠶᠠᠯᠲᠠ ᠶᠢᠨ ᠵᠥᠪᠯᠡᠯ ᠢ ᠪᠦᠰᠡᠯᠡᠵᠦ᠂ ᠰᠡᠷᠭᠡᠶᠢᠯᠡᠨ ᠬᠠᠮᠠᠭᠠᠯᠠᠬᠤ ᠠᠩᠭᠢ ᠶᠢᠨ ᠬᠢᠨᠢ ᠫᠤᠤ ᠵᠡᠪᠰᠡᠭ ᠢ ᠬᠤᠷᠢᠶᠠᠨ | ᠠᠪᠴᠠᠢ᠃ ᠭᠤᠸᠠᠩᠵᠧᠦ ᠶᠢᠨ ᠳ᠋ᠦᠩ ᠱᠠᠨ ᠤ ᠵᠥᠪᠯᠡᠯᠲᠦ ᠶᠢᠨ ᠵᠥᠪᠯᠡᠭᠴᠢ ᠶᠢᠨ ᠭᠠᠵᠠᠷ ᠢ ᠪᠦᠰᠡᠯᠡᠪᠡ᠃ | ᠬᠤᠸᠠᠩᠫᠦ᠋ ᠶᠢᠨ ᠴᠡᠷᠢᠭ ᠤᠨ ᠰᠤᠷᠭᠠᠭᠤᠯᠢ ᠪᠠ ᠢᠷᠭᠡᠨ ᠤ ᠬᠤᠪᠢᠰᠬᠠᠯᠲᠤ ᠴᠡᠷᠢᠭ ᠤᠨ ᠳᠣᠲᠣᠷᠠᠬᠢ ᠵᠧᠦ ᠡᠸ᠋ᠨ ᠯᠠᠢ | ᠵᠡᠷᠭᠡ ᠬᠦᠮᠦᠰ ᠢᠶᠠᠷ ᠲᠡᠷᠢᠭᠦᠯᠡᠭᠰᠡᠨ ᠡᠪ ᠬᠠᠮᠲᠤ ᠨᠠᠮ ᠤᠨ ᠭᠡᠰᠢᠭᠦᠨ ᠢ ᠬᠥᠭᠡᠭᠡᠨ ᠭᠠᠷᠭᠠᠪᠠ᠃ ᠵᠥᠩ ᠱᠠᠨ ᠬᠥᠯᠭᠡ | ᠣᠩᠭᠤᠴᠠᠨ ᠤ ᠬᠡᠷᠡᠭ ᠪᠣᠯ ᠵᠢᠶᠠᠩ ᠵᠢᠶᠧ ᠱᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠵᠣᠷᠢᠭᠤᠳᠠ | ᠴᠣᠬᠢᠯᠲᠠ ᠥᠭᠭᠦᠭᠰᠡᠨ ᠪᠠ ᠭᠠᠳᠠᠭᠤᠷᠴᠢᠯᠠᠭᠰᠠᠨ ᠤᠯᠤᠰ ᠲᠥᠷᠥ ᠶᠢᠨ ᠬᠡᠷᠡᠭ ᠪᠣᠯᠤᠨ᠎ᠠ᠂ ᠲᠡᠷᠡ ᠨᠢ ᠭᠤᠮᠢᠨᠳᠠᠩ ᠪᠠ | ᠡᠪ ᠬᠠᠮᠲᠤ ᠨᠠᠮ ᠤᠨ ᠬᠠᠷᠢᠴᠠᠭᠠᠨ ᠳᠤ ᠨᠢᠭᠡᠨ ᠡᠷᠭᠢᠯᠲᠡ ᠪᠣᠯᠪᠠ᠃ | 24. ᠤᠮᠠᠷᠠᠰᠢ ᠳᠠᠶᠢᠯᠠᠬᠤ ᠳᠠᠶᠢᠨ | ᠤᠮᠠᠷᠠᠰᠢ ᠳᠠᠶᠢᠯᠠᠬᠤ ᠳᠠᠶᠢᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠷᠠᠳᠤᠭᠰᠠᠨ ︽ᠡᠵᠡᠷᠬᠡᠭ | ᠲᠦᠷᠢᠮᠡᠬᠡᠶᠢᠲᠡᠨ ᠢ ᠡᠰᠡᠷᠭᠦᠴᠡᠵᠦ᠂ ᠴᠡᠷᠢᠭ ᠤᠨ ᠡᠷᠬᠡᠲᠡᠨ ᠢ ᠡᠰᠡᠷᠭᠦᠴᠡᠬᠦ︾ ᠤᠷᠢᠶ᠎ᠠ ᠶᠢᠨ ᠳᠣᠣᠷ᠎ᠠ ᠶᠠᠪᠤᠭᠳᠠᠭᠰᠠᠨ | ᠶᠤᠮ᠃ ᠤᠮᠠᠷᠠᠰᠢ ᠳᠠᠶᠢᠯᠠᠬᠤ ᠴᠡᠷᠢᠭ ᠤᠨ ᠤᠷᠤᠭᠰᠢᠯᠠᠬᠤ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠳ ᠨᠢ ᠴᠡᠷᠢᠭ ᠠᠩᠬᠢ᠂ ᠤᠯᠤᠰ ᠲᠦᠷᠦ ᠶᠢᠨ ᠠᠵᠢᠯ ᠵᠢᠴᠢ ᠠᠵᠢᠯᠴᠢᠨ ᠲᠠᠷᠢᠶᠠᠴᠢᠨ ᠤᠯᠠᠨ | ᠲᠦᠮᠡᠨ ᠢ ᠳᠠᠶᠢᠴᠢᠯᠠᠬᠤ ᠲᠠᠯ᠎ᠠ ᠪᠠᠷ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠤᠮᠠᠷᠠᠰᠢ ᠳᠠᠶᠢᠯᠠᠬᠤ ᠳᠠᠶᠢᠨ | ᠳᠠᠭᠤᠰᠤᠭᠰᠠᠨ ᠤ ᠳᠠᠷᠠᠭ᠎ᠠ᠂ ᠳᠤᠮᠳᠠᠳᠤ ᠤᠯᠤᠰ ᠬᠡᠯᠪᠡᠷᠢ ᠳᠡᠭᠡᠷᠡᠬᠢ ᠨᠢᠭᠡᠳᠦᠯ ᠢᠶᠠᠨ ᠪᠡᠶᠡᠯᠡᠭᠦᠯᠵᠡᠶ᠃ | 25. ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ ᠶᠢ ᠨᠡᠶᠢᠲᠡᠯᠡᠭᠰᠡᠨ ᠨᠢ | 1927 ᠣᠨ ᠤ 3 ᠰᠠᠷ᠎ᠠ ᠶᠢᠨ 5 ᠤ ᠡᠳᠦᠷ᠂ ᠮᠠᠤ ᠽᠧ ᠳ᠋ᠦᠩ ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ | ᠪᠠᠶᠢᠴᠠᠭᠠᠭᠰᠠᠨ ᠮᠡᠳᠡᠭᠦᠯᠦᠯᠲᠡ︾ ᠶᠢ ᠨᠡᠶᠢᠲᠡᠯᠡᠪᠡ᠂ ᠲᠤᠰ ᠵᠣᠬᠢᠶᠠᠯ ᠢ ᠲᠤᠬᠠᠶ ᠶᠢᠨ ᠦᠶ᠎ᠡ ᠶᠢᠨ ᠨᠠᠮ ᠤᠨ | ᠳᠣᠲᠣᠭᠠᠳᠤ ᠭᠠᠳᠠᠭᠠᠳᠤ ᠶᠢᠨ ᠲᠠᠷᠢᠶᠠᠴᠢᠨ ᠤ ᠬᠤᠪᠢᠰᠬᠠᠯᠲᠤ ᠲᠡᠮᠡᠴᠡᠯ ᠤᠨ ᠲᠤᠬᠠᠶ ᠵᠢᠮᠡᠯᠡᠯ ᠳᠤ ᠬᠠᠷᠢᠭᠤᠯᠲᠠ | ᠥᠭᠬᠦ ᠶᠢᠨ ᠲᠥᠯᠥᠭᠡ ᠪᠢᠴᠢᠵᠡᠶ᠃ ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ | ᠪᠣᠯ ᠦᠭᠡᠶᠢᠭᠦᠦ ᠠᠩᠬᠢ ᠵᠢᠴᠢ ᠲᠦᠷᠦ ᠶᠢᠨ ᠨᠠᠮ ᠤᠨ ᠲᠠᠷᠢᠶᠠᠴᠢᠨ ᠤ ᠬᠤᠪᠢᠰᠬᠠᠯᠲᠤ ᠲᠡᠮᠡᠴᠡᠯ ᠢ ᠤᠳᠤᠷᠢᠳᠬᠤ | ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠠᠶᠢᠵᠤ᠂ ᠡᠳᠡᠭᠡᠷ ᠬᠥᠳᠡᠭᠡ ᠲᠣᠰᠬᠤᠨ ᠤ ᠪᠠᠶᠢᠴᠠᠭᠠᠯᠲᠠ ᠶᠢᠨ | ᠪᠣᠳᠠᠲᠠᠢ ᠦᠢᠯᠡᠳᠦᠯᠭᠡ᠂ ᠠᠰᠠᠭᠤᠳᠠᠯ ᠤᠨ ᠰᠣᠩᠭᠤᠯᠲᠠ ᠪᠣᠯᠤᠨ ᠠᠵᠢᠯᠯᠠᠭ᠎ᠠ ᠶᠢᠨ ᠰᠠᠨᠠᠭᠠᠴᠢᠯᠠᠭ᠎ᠠ ᠨᠢ ᠲᠡᠦᠬᠡ ᠶᠢᠨ | ᠵᠠᠩᠭᠢᠯᠠᠭ᠎ᠠ ᠶᠢᠨ ᠦᠶ᠎ᠡ ᠳᠤ᠂ ᠲᠠᠷᠢᠶᠠᠴᠢᠨ ᠤ ᠬᠥᠳᠡᠯᠭᠡᠭᠡᠨ ᠤ ᠪᠠᠶᠢᠴᠠᠭᠠᠯᠲᠠ ᠳᠤ ᠰᠠᠭᠤᠷᠢ ᠲᠠᠯᠪᠢᠵᠤ᠂ ᠬᠤᠪᠢᠰᠬᠠᠯ | ᠤᠨ ᠴᠢᠭᠯᠡᠯ ᠢ ᠲᠣᠳᠤᠷᠬᠠᠶᠢᠯᠠᠵᠤ᠂ ᠬᠥᠳᠡᠭᠡ ᠲᠣᠰᠬᠤᠨ ᠤ ᠶᠡᠭᠡ ᠬᠤᠪᠢᠰᠬᠠᠯ ᠤᠨ ᠬᠥᠳᠡᠯᠭᠡᠭᠡᠨ ᠤ ᠦᠷᠭᠦᠯᠵᠢᠯᠡᠨ | ᠬᠥᠭᠵᠢᠬᠦ ᠶᠢ ᠠᠬᠢᠭᠤᠯᠪᠠ᠃ ᠣᠷᠠᠯᠢᠭ ᠣᠷᠴᠢᠭᠣᠯᠵᠣ ᠮᠦᠳᠡᠭ ᠬᠢᠨᠠᠪᠠ |