ᠲᠣᠮᠳᠠᠳᠣ ᠣᠯᠤᠰ ᠤᠨ ᠡᠪ ᠬᠠᠮᠳᠣ ᠨᠠᠮ ᠤᠨ ᠲᠣᠪᠴᠢ ᠲᠡᠣᠬᠡ
ᠨᠡᠶᠢᠲᠡᠯᠡᠭᠰᠡᠨ ᠴᠠᠭ᠄
2021/4/19
ᠲᠣᠮᠳᠠᠳᠣ ᠣᠯᠤᠰ ᠤᠨ ᠡᠪ ᠬᠠᠮᠳᠣ ᠨᠠᠮ ᠤᠨ ᠲᠣᠪᠴᠢ ᠲᠡᠣᠬᠡ                        ︵1921-2021︶              21-25           21. ᠭᠤᠸᠠᠩᠵᠧᠦ ᠰᠢᠶᠠᠩᠭᠠᠩ ᠤᠨ ᠶᠡᠭᠡ ᠠᠵᠢᠯ ᠬᠠᠶᠠᠯᠲᠠ1925 ᠣᠨ ᠤ 6 ᠰᠠᠷ᠎ᠠ ᠶᠢᠨ 19 ᠳᠤ᠂ ᠱᠠᠩᠬᠠᠢ ᠶᠢᠨ ᠠᠷᠠᠳ ᠲᠦᠮᠡᠨ ᠤ ᠲᠠᠪᠤᠨ ᠰᠠᠷ᠎ᠠ ᠶᠢᠨ ᠭᠤᠴᠢᠨ ᠤ ᠡᠵᠡᠷᠬᠡᠭ ᠲᠦᠷᠢᠮᠡᠭᠡᠶᠢᠳᠡᠨ ᠢ ᠡᠰᠡᠷᠭᠦᠴᠡᠬᠦ ᠡᠭᠡ ᠣᠷᠣᠨᠴᠢ ᠬᠥᠳᠡᠯᠭᠡᠭᠡᠨ ᠢ ᠳᠡᠮᠵᠢᠬᠦ ᠶᠢᠨ ᠲᠥᠯᠥᠭᠡ᠂ ᠭᠤᠸᠠᠩᠵᠧᠦ ᠪᠣᠯᠤᠨ ᠰᠢᠶᠠᠩᠭᠠᠩ ᠳᠤ ᠯᠤᠲᠤ ᠶᠡᠭᠡ ᠬᠡᠪᠴᠢᠶᠡᠨ ᠤ ᠠᠵᠢᠯ ᠬᠠᠶᠠᠯᠲᠠ ᠡᠭᠦᠰᠪᠡ᠃ ᠲᠤᠰ ᠤᠳᠠᠭ᠎ᠠ ᠶᠢᠨ ᠠᠵᠢᠯ ᠬᠠᠶᠠᠯᠲᠠ ᠶᠢ ᠡᠪ ᠬᠠᠮᠲᠤ ᠨᠠᠮ ᠤᠨ ᠭᠡᠰᠢᠭᠦᠨ ᠳ᠋ᠧᠩ ᠵᠦᠩ ᠰᠢᠶᠠ ᠵᠢᠴᠢ ᠰᠤ᠋ ᠵᠤᠤ ᠵᠧᠩ ᠤᠳᠤᠷᠢᠳᠴᠤ᠂ 1 ᠵᠢᠯ  ᠤᠨ ᠭᠠᠳᠠᠨ᠎ᠠ 4 ᠰᠠᠷ᠎ᠠ ᠦᠷᠭᠦᠯᠵᠢᠯᠡᠨ᠂ ᠳᠡᠯᠡᠬᠡᠢ ᠶᠢᠨ ᠠᠵᠢᠯᠴᠢᠨ ᠤ ᠬᠥᠳᠡᠯᠭᠡᠭᠡᠨ ᠤ ᠲᠡᠦᠬᠡᠨ ᠳᠡᠭᠡᠷᠡᠬᠢ ᠬᠠᠮᠤᠭ  ᠤᠨ ᠤᠷᠳᠤ ᠬᠤᠭᠤᠴᠠᠭᠠᠨ ᠤ ᠠᠵᠢᠯ ᠬᠠᠶᠠᠯᠲᠠ ᠶᠢᠨ ᠨᠢᠭᠡ ᠪᠣᠯᠵᠠᠢ᠃ ᠭᠤᠸᠠᠩᠵᠸᠦ ᠰᠢᠶᠠᠩᠭᠠᠩ ᠤᠨ ᠶᠡᠭᠡ ᠠᠵᠢᠯ ᠬᠠᠶᠠᠯᠲᠠ ᠨᠢ ᠤᠯᠤᠰ ᠲᠥᠷᠥ ᠪᠠ ᠠᠵᠤ ᠠᠬᠤᠶ ᠶᠢᠨ ᠲᠠᠯ᠎ᠠ ᠪᠠᠷ ᠠᠩᠭ᠍ᠯᠢ ᠶᠢᠨ ᠡᠵᠡᠷᠬᠡᠭ ᠲᠦᠷᠢᠮᠡᠬᠡᠶᠢᠲᠡᠨ ᠳᠤ ᠬᠦᠨᠳᠦ ᠴᠣᠬᠢᠯᠲᠠ ᠥᠭᠴᠦ᠂ ᠭᠤᠸᠠᠩᠳᠦ᠋ᠩ ᠤᠨ ᠬᠤᠪᠢᠰᠬᠠᠯ ᠤᠨ ᠰᠠᠭᠤᠷᠢᠨ ᠭᠠᠵᠠᠷ ᠢ ᠪᠠᠬᠢᠵᠢᠭᠦᠯᠬᠦ ᠪᠠ ᠤᠮᠠᠷᠠᠰᠢ ᠳᠠᠶᠢᠯᠠᠬᠤ ᠳᠠᠶᠢᠨ ᠢ ᠪᠡᠯᠡᠳᠬᠡᠬᠦ ᠳᠤ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃22. ︽ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠶᠢᠨ ᠲᠤᠬᠠᠢ ᠵᠠᠳᠠᠯᠤᠯᠲᠠ︾ ᠶᠢ ᠨᠡᠶᠢᠲᠡᠯᠡᠭᠰᠡᠨ ᠨᠢᠮᠠᠤ ᠽᠧ ᠳ᠋ᠦᠩ ︽ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠶᠢᠨ ᠲᠤᠬᠠᠢ ᠵᠠᠳᠠᠯᠤᠯᠲᠠ︾  ᠳᠠᠭᠠᠨ ᠮᠠᠷᠺᠰ ᠤᠨ ᠦᠵᠡᠯ ᠤᠨ ᠠᠩᠬᠢ ᠳᠠᠪᠬᠤᠷᠭ᠎ᠠ ᠶᠢᠨ ᠵᠠᠳᠠᠯᠤᠯᠲᠠ ᠶᠢᠨ ᠠᠷᠭ᠎ᠠ ᠪᠠᠷ ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠳᠤ ᠵᠠᠳᠠᠯᠤᠯᠲᠠ ᠬᠢᠵᠦ᠂ ᠳᠤᠮᠳᠠᠳᠤ ᠤᠯᠤᠰ ᠤᠨ ᠬᠤᠪᠢᠰᠬᠠᠯ ᠤᠨ ᠳᠠᠶᠢᠰᠤᠨ ᠪᠠ ᠠᠨᠳᠠ ᠶᠢ ᠢᠯᠭᠠᠨ ᠲᠠᠨᠢᠵᠤ᠂ ᠲᠤᠬᠠᠶ ᠶᠢᠨ ᠦᠶ᠎ᠡ ᠶᠢᠨ ᠨᠠᠮ ᠤᠨ ᠳᠣᠲᠣᠭᠠᠳᠤ ᠶᠢᠨ ᠵᠥᠪ ᠵᠣᠷᠢᠯᠲᠠ ᠶᠢ ᠲᠥᠪᠯᠡᠷᠡᠭᠦᠯᠦᠨ᠂ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠲᠤᠬᠠᠶ ᠦᠨᠳᠦᠰᠦᠨ ᠦᠵᠡᠯ ᠰᠠᠨᠠᠭ᠎ᠠ ᠶᠢ ᠠᠩᠬ᠎ᠠ ᠠᠯᠬᠤᠮ ᠳᠤᠷᠠᠳᠴᠤ᠂ ᠨᠠᠮ ᠤᠨ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠢ ᠤᠳᠤᠷᠢᠳᠬᠤ ᠦᠢᠯᠡᠳᠦᠯᠭᠡ ᠳᠤ ᠤᠨᠤᠯ ᠤᠨ ᠵᠢᠯᠤᠭᠤᠳᠤᠯᠭ᠎ᠠ ᠬᠠᠩᠭᠠᠵᠠᠶ᠃ ᠡᠨᠡ  ᠨᠢ ᠮᠠᠤ ᠽᠧ ᠳ᠋ᠦᠩ ᠤᠨ ᠦᠵᠡᠯ ᠰᠠᠨᠠᠭᠠᠨ ᠤ ᠰᠣᠶᠣᠭᠠᠯᠠᠯ ᠢ ᠬᠠᠷᠠᠭᠤᠯᠵᠤ ᠪᠠᠶᠢᠨ᠎ᠠ᠃23. ᠵᠦᠩ ᠱᠠᠨ ᠬᠥᠯᠭᠡ ᠣᠩᠭᠤᠴᠠᠨ ᠤ ᠬᠡᠷᠡᠭᠪᠠᠰᠠ ︽ᠭᠤᠷᠪᠠᠨ ᠰᠠᠷ᠎ᠠ ᠶᠢᠨ ᠬᠤᠷᠢᠨ ᠤ ᠬᠡᠷᠡᠭ︾ ᠭᠡᠳᠡᠭ᠃ 1926 ᠣᠨ ᠤ 3 ᠰᠠᠷ᠎ᠠ ᠶᠢᠨ 20 ᠤ ᠡᠳᠦᠷ ᠵᠢᠶᠠᠩ ᠵᠢᠶᠧ ᠱᠢ ᠴᠡᠷᠢᠭ ᠳᠠᠶᠢᠴᠢᠯᠠᠨ ᠴᠢᠩᠭ᠎ᠠ ᠰᠡᠷᠭᠡᠶᠢᠯᠡᠯᠲᠡ ᠬᠢᠬᠦ ᠪᠠᠷ ᠲᠤᠩᠬᠠᠭᠯᠠᠵᠤ᠂ ᠭᠤᠸᠠᠩᠵᠧᠦ ᠶᠢᠨ ᠳᠣᠲᠣᠭᠠᠳᠤ ᠭᠠᠳᠠᠭᠠᠳᠤ ᠶᠢᠨ ᠵᠠᠮ ᠬᠠᠷᠢᠯᠴᠠᠭ᠎ᠠ ᠶᠢ ᠲᠡᠰᠦᠯᠵᠡᠶ᠃ ᠯᠢ ᡁᠢ ᠯᠦᠩ ᠢ ᠪᠠᠷᠢᠪᠴᠢᠯᠠᠨ᠂ ᠵᠥᠩ ᠱᠠᠨ ᠣᠩᠭᠤᠴᠠ ᠪᠣᠯᠤᠨ ᠪᠤᠰᠤᠳ ᠣᠩᠭᠤᠴᠠ ᠶᠢ ᠬᠤᠷᠢᠶᠠᠨ ᠠᠪᠤᠪᠠ᠃ ᠭᠤᠸᠠᠩᠵᠸᠦ ᠰᠢᠶᠠᠩᠭᠠᠩ ᠤᠨ ᠠᠵᠢᠯ ᠬᠠᠶᠠᠯᠲᠠ ᠶᠢᠨ ᠵᠥᠪᠯᠡᠯ ᠢ ᠪᠦᠰᠡᠯᠡᠵᠦ᠂ ᠰᠡᠷᠭᠡᠶᠢᠯᠡᠨ ᠬᠠᠮᠠᠭᠠᠯᠠᠬᠤ ᠠᠩᠭᠢ ᠶᠢᠨ ᠬᠢᠨᠢ ᠫᠤᠤ ᠵᠡᠪᠰᠡᠭ ᠢ ᠬᠤᠷᠢᠶᠠᠨ ᠠᠪᠴᠠᠢ᠃ ᠭᠤᠸᠠᠩᠵᠧᠦ ᠶᠢᠨ ᠳ᠋ᠦᠩ ᠱᠠᠨ ᠤ ᠵᠥᠪᠯᠡᠯᠲᠦ ᠶᠢᠨ ᠵᠥᠪᠯᠡᠭᠴᠢ ᠶᠢᠨ ᠭᠠᠵᠠᠷ ᠢ ᠪᠦᠰᠡᠯᠡᠪᠡ᠃ ᠬᠤᠸᠠᠩᠫᠦ᠋ ᠶᠢᠨ ᠴᠡᠷᠢᠭ ᠤᠨ ᠰᠤᠷᠭᠠᠭᠤᠯᠢ ᠪᠠ ᠢᠷᠭᠡᠨ ᠤ ᠬᠤᠪᠢᠰᠬᠠᠯᠲᠤ ᠴᠡᠷᠢᠭ ᠤᠨ ᠳᠣᠲᠣᠷᠠᠬᠢ ᠵᠧᠦ ᠡᠸ᠋ᠨ ᠯᠠᠢ ᠵᠡᠷᠭᠡ ᠬᠦᠮᠦᠰ ᠢᠶᠠᠷ ᠲᠡᠷᠢᠭᠦᠯᠡᠭᠰᠡᠨ ᠡᠪ ᠬᠠᠮᠲᠤ ᠨᠠᠮ ᠤᠨ ᠭᠡᠰᠢᠭᠦᠨ ᠢ ᠬᠥᠭᠡᠭᠡᠨ ᠭᠠᠷᠭᠠᠪᠠ᠃ ᠵᠥᠩ ᠱᠠᠨ ᠬᠥᠯᠭᠡ ᠣᠩᠭᠤᠴᠠᠨ ᠤ ᠬᠡᠷᠡᠭ ᠪᠣᠯ ᠵᠢᠶᠠᠩ ᠵᠢᠶᠧ ᠱᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠵᠣᠷᠢᠭᠤᠳᠠ ᠴᠣᠬᠢᠯᠲᠠ ᠥᠭᠭᠦᠭᠰᠡᠨ ᠪᠠ ᠭᠠᠳᠠᠭᠤᠷᠴᠢᠯᠠᠭᠰᠠᠨ ᠤᠯᠤᠰ ᠲᠥᠷᠥ ᠶᠢᠨ ᠬᠡᠷᠡᠭ ᠪᠣᠯᠤᠨ᠎ᠠ᠂ ᠲᠡᠷᠡ ᠨᠢ ᠭᠤᠮᠢᠨᠳᠠᠩ ᠪᠠ ᠡᠪ ᠬᠠᠮᠲᠤ ᠨᠠᠮ ᠤᠨ ᠬᠠᠷᠢᠴᠠᠭᠠᠨ ᠳᠤ ᠨᠢᠭᠡᠨ ᠡᠷᠭᠢᠯᠲᠡ ᠪᠣᠯᠪᠠ᠃24. ᠤᠮᠠᠷᠠᠰᠢ ᠳᠠᠶᠢᠯᠠᠬᠤ ᠳᠠᠶᠢᠨᠤᠮᠠᠷᠠᠰᠢ ᠳᠠᠶᠢᠯᠠᠬᠤ ᠳᠠᠶᠢᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠷᠠᠳᠤᠭᠰᠠᠨ ︽ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠵᠦ᠂ ᠴᠡᠷᠢᠭ ᠤᠨ ᠡᠷᠬᠡᠲᠡᠨ ᠢ ᠡᠰᠡᠷᠭᠦᠴᠡᠬᠦ︾ ᠤᠷᠢᠶ᠎ᠠ ᠶᠢᠨ ᠳᠣᠣᠷ᠎ᠠ ᠶᠠᠪᠤᠭᠳᠠᠭᠰᠠᠨ ᠶᠤᠮ᠃ ᠤᠮᠠᠷᠠᠰᠢ ᠳᠠᠶᠢᠯᠠᠬᠤ ᠴᠡᠷᠢᠭ ᠤᠨ ᠤᠷᠤᠭᠰᠢᠯᠠᠬᠤ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠳ ᠨᠢ ᠴᠡᠷᠢᠭ ᠠᠩᠬᠢ᠂ ᠤᠯᠤᠰ ᠲᠦᠷᠦ ᠶᠢᠨ ᠠᠵᠢᠯ ᠵᠢᠴᠢ ᠠᠵᠢᠯᠴᠢᠨ ᠲᠠᠷᠢᠶᠠᠴᠢᠨ ᠤᠯᠠᠨ ᠲᠦᠮᠡᠨ ᠢ ᠳᠠᠶᠢᠴᠢᠯᠠᠬᠤ ᠲᠠᠯ᠎ᠠ ᠪᠠᠷ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠤᠮᠠᠷᠠᠰᠢ ᠳᠠᠶᠢᠯᠠᠬᠤ ᠳᠠᠶᠢᠨ ᠳᠠᠭᠤᠰᠤᠭᠰᠠᠨ ᠤ ᠳᠠᠷᠠᠭ᠎ᠠ᠂ ᠳᠤᠮᠳᠠᠳᠤ ᠤᠯᠤᠰ ᠬᠡᠯᠪᠡᠷᠢ ᠳᠡᠭᠡᠷᠡᠬᠢ ᠨᠢᠭᠡᠳᠦᠯ ᠢᠶᠠᠨ ᠪᠡᠶᠡᠯᠡᠭᠦᠯᠵᠡᠶ᠃25. ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ ᠶᠢ ᠨᠡᠶᠢᠲᠡᠯᠡᠭᠰᠡᠨ ᠨᠢ 1927 ᠣᠨ ᠤ 3 ᠰᠠᠷ᠎ᠠ ᠶᠢᠨ 5 ᠤ ᠡᠳᠦᠷ᠂ ᠮᠠᠤ ᠽᠧ ᠳ᠋ᠦᠩ ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ ᠶᠢ ᠨᠡᠶᠢᠲᠡᠯᠡᠪᠡ᠂ ᠲᠤᠰ ᠵᠣᠬᠢᠶᠠᠯ ᠢ ᠲᠤᠬᠠᠶ ᠶᠢᠨ ᠦᠶ᠎ᠡ ᠶᠢᠨ ᠨᠠᠮ ᠤᠨ ᠳᠣᠲᠣᠭᠠᠳᠤ ᠭᠠᠳᠠᠭᠠᠳᠤ ᠶᠢᠨ ᠲᠠᠷᠢᠶᠠᠴᠢᠨ ᠤ ᠬᠤᠪᠢᠰᠬᠠᠯᠲᠤ ᠲᠡᠮᠡᠴᠡᠯ ᠤᠨ ᠲᠤᠬᠠᠶ ᠵᠢᠮᠡᠯᠡᠯ ᠳᠤ ᠬᠠᠷᠢᠭᠤᠯᠲᠠ ᠥᠭᠬᠦ ᠶᠢᠨ ᠲᠥᠯᠥᠭᠡ ᠪᠢᠴᠢᠵᠡᠶ᠃ ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ ᠪᠣᠯ ᠦᠭᠡᠶᠢᠭᠦᠦ ᠠᠩᠬᠢ ᠵᠢᠴᠢ ᠲᠦᠷᠦ ᠶᠢᠨ ᠨᠠᠮ ᠤᠨ ᠲᠠᠷᠢᠶᠠᠴᠢᠨ ᠤ ᠬᠤᠪᠢᠰᠬᠠᠯᠲᠤ ᠲᠡᠮᠡᠴᠡᠯ ᠢ ᠤᠳᠤᠷᠢᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠠᠶᠢᠵᠤ᠂ ᠡᠳᠡᠭᠡᠷ ᠬᠥᠳᠡᠭᠡ ᠲᠣᠰᠬᠤᠨ ᠤ ᠪᠠᠶᠢᠴᠠᠭᠠᠯᠲᠠ ᠶᠢᠨ ᠪᠣᠳᠠᠲᠠᠢ ᠦᠢᠯᠡᠳᠦᠯᠭᠡ᠂ ᠠᠰᠠᠭᠤᠳᠠᠯ ᠤᠨ ᠰᠣᠩᠭᠤᠯᠲᠠ ᠪᠣᠯᠤᠨ ᠠᠵᠢᠯᠯᠠᠭ᠎ᠠ ᠶᠢᠨ ᠰᠠᠨᠠᠭᠠᠴᠢᠯᠠᠭ᠎ᠠ ᠨᠢ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠲᠠᠷᠢᠶᠠᠴᠢᠨ ᠤ ᠬᠥᠳᠡᠯᠭᠡᠭᠡᠨ ᠤ ᠪᠠᠶᠢᠴᠠᠭᠠᠯᠲᠠ ᠳᠤ ᠰᠠᠭᠤᠷᠢ ᠲᠠᠯᠪᠢᠵᠤ᠂ ᠬᠤᠪᠢᠰᠬᠠᠯ  ᠤᠨ ᠴᠢᠭᠯᠡᠯ ᠢ ᠲᠣᠳᠤᠷᠬᠠᠶᠢᠯᠠᠵᠤ᠂ ᠬᠥᠳᠡᠭᠡ ᠲᠣᠰᠬᠤᠨ ᠤ ᠶᠡᠭᠡ ᠬᠤᠪᠢᠰᠬᠠᠯ ᠤᠨ ᠬᠥᠳᠡᠯᠭᠡᠭᠡᠨ ᠤ ᠦᠷᠭᠦᠯᠵᠢᠯᠡᠨ ᠬᠥᠭᠵᠢᠬᠦ ᠶᠢ ᠠᠬᠢᠭᠤᠯᠪᠠ᠃ ᠣᠷᠠᠯᠢᠭ ᠣᠷᠴᠢᠭᠣᠯᠵᠣ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号