ᠬᠤᠨᠢ ᠮᠠᠯ ᠳᠤᠷ᠎ᠠ ᠪᠠᠷ ᠢᠶᠠᠨ ᠵᠠᠷᠤᠵᠤ ᠨᠢᠲᠤᠯᠬᠤ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2021/4/19
             ᠬᠤᠨᠢ ᠮᠠᠯ ᠵᠠᠷᠤᠵᠤ ᠨᠢᠲᠤᠯᠬᠤ ᠪᠠ ᠤᠯᠠᠭᠠᠨ ᠢᠳᠡᠭᠡᠨ ᠤ ᠡᠵᠡᠩᠨᠡᠯᠲᠡ ᠬᠡᠷᠡᠭᠯᠡᠯᠲᠡ ᠶᠢ ᠤᠯᠠᠮ ᠳᠥᠷᠢᠮᠵᠢᠭᠦᠯᠵᠦ᠂ ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠡᠳᠦᠷ ᠠᠴᠠ ᠡᠬᠢᠯᠡᠨ ᠬᠤᠨᠢ ᠮᠠᠯ ᠳᠤᠷ᠎ᠠ ᠪᠠᠷ ᠢᠶᠠᠨ ᠵᠠᠷᠣᠵᠤ ᠨᠢᠲᠤᠯᠬᠤ᠂ ᠵᠠᠮ ᠡᠵᠡᠯᠡᠨ ᠡᠵᠡᠩᠨᠡᠬᠦ ᠵᠡᠷᠭᠡ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠳᠤ ᠴᠢᠭᠯᠡᠭᠦᠯᠦᠭᠰᠡᠨ 6 ᠰᠠᠷ᠎ᠠ ᠶᠢᠨ ᠬᠤᠭᠤᠴᠠᠭ᠎ᠠ ᠲᠠᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠪᠠᠶᠢᠨ᠎ᠠ ᠃ ᠣᠲᠣ ᠬᠠᠮᠢᠶ᠎ᠠ ᠪᠥᠬᠦᠶ ᠵᠦᠢᠯᠡᠰ ᠢ ᠮᠡᠳᠡᠭᠳᠡᠶ᠎ᠡ᠃             ᠨᠢᠭᠡ᠂ ᠳᠣᠭᠳᠠᠭᠰᠠᠨ ᠪᠤᠰᠣ ᠭᠠᠵᠠᠷ ᠲᠤ ᠳᠤᠷ᠎ᠠ ᠪᠠᠷ ᠢᠶᠠᠨ ᠬᠤᠨᠢ ᠮᠠᠯ ᠵᠠᠷᠤᠵᠤ ᠨᠢᠲᠤᠯᠬᠤ ᠠᠵᠢᠯᠯᠠᠭ᠎ᠠ ᠶᠢ ᠴᠠᠭᠠᠵᠠᠯᠠᠵᠤ᠂ ᠪᠦᠬᠦᠶᠢᠯᠡ ᠠᠵᠤ ᠠᠬᠤᠶᠢᠯᠠᠯ ᠪᠠ ᠬᠤᠪᠢ ᠬᠥᠮᠦᠨ ᠬᠤᠨᠢ ᠮᠠᠯ ᠵᠠᠷᠤᠵᠤ ᠨᠢᠲᠤᠯᠬᠤ ᠴᠢᠬᠤᠯᠠ ᠲᠠᠢ ᠪᠣᠯ᠂ ᠮᠠᠨ ᠤ ᠬᠤᠰᠢᠭᠤᠨ ᠳᠠᠬᠢ ᠬᠢᠷᠢ ᠬᠡᠮ ᠲᠠᠢ ᠳᠣᠭᠳᠠᠭᠰᠠᠨ ᠭᠠᠵᠠᠷ ᠲᠤ ᠬᠦᠷᠴᠦ ᠵᠠᠷᠣᠵᠤ ᠨᠢᠲᠤᠯᠬᠤ ᠬᠡᠷᠡᠭᠲᠡᠶ᠃ ᠲᠣᠭᠲᠠᠭᠰᠠᠨ ᠭᠠᠵᠠᠷ ᠲᠤ ᠬᠦᠷᠴᠦ ᠬᠤᠨᠢ ᠮᠠᠯ ᠵᠠᠷᠣᠵᠤ ᠨᠢᠲᠤᠯᠤᠭᠰᠠᠨ ᠦᠭᠡᠢ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠨᠢ ᠮᠠᠯ ᠵᠠᠷᠣᠵᠤ ᠨᠢᠲᠤᠯᠬᠤ ᠬᠠᠮᠢᠶᠠᠷᠤᠯᠲᠠ ᠶᠢᠨ ᠳᠥᠷᠢᠮ︾ ᠤᠨ ᠳᠥᠴᠢᠳᠦᠭᠡᠷ ᠵᠤᠷᠪᠤᠰ ᠤᠨ ᠨᠢᠭᠡᠳᠦᠭᠡᠷ ᠲᠣᠭᠲᠠᠭᠠᠯ ᠶᠣᠰᠣᠭᠠᠷ ᠰᠢᠳᠬᠡᠵᠦ᠂ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             ᠬᠤᠶᠠᠷ᠂ ᠲᠣᠭᠲᠠᠭᠠᠯ ᠶᠣᠰᠣᠭᠠᠷ ᠰᠢᠯᠭᠠᠨ ᠪᠠᠶᠢᠴᠠᠭᠠᠯᠲᠠ᠂ ᠬᠢᠵᠢᠭ ᠤᠨ ᠪᠠᠶᠢᠴᠠᠭᠠᠯᠲᠠ ᠬᠢᠭᠰᠡᠨ ᠦᠭᠡᠢ ᠪᠤᠶᠤ ᠰᠢᠯᠭᠠᠨ ᠪᠠᠶᠢᠴᠠᠭᠠᠯᠲᠠ᠂ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠤᠯᠠᠭᠠᠨ ᠢᠳᠡᠭᠡ ᠶᠢ ᠡᠵᠡᠩᠨᠡᠨ ᠬᠡᠷᠡᠭᠯᠡᠭᠰᠡᠨ᠂ ᠡᠰᠡᠭᠦᠯ᠎ᠡ ᠰᠢᠯᠭᠠᠨ ᠪᠠᠶᠢᠴᠠᠭᠠᠯᠭᠠᠭᠰᠠᠨ ᠦᠭᠡᠢ ᠪᠤᠶᠤ ᠰᠢᠯᠭᠠᠨ ᠪᠠᠶᠢᠴᠠᠭᠠᠯᠲᠠ  ᠳᠤ ᠬᠢᠷᠢ ᠲᠡᠩᠴᠡᠭᠰᠡᠨ ᠦᠭᠡᠢ ᠤᠯᠠᠭᠠᠨ ᠢᠳᠡᠭᠡᠨ ᠢ ᠦᠢᠯᠡᠳᠪᠦᠷᠢᠯᠡᠨ ᠡᠵᠡᠩᠨᠡᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠥᠪᠰᠢᠨ ᠤ ᠬᠠᠣᠯᠢ︾ ᠶᠢᠨ ᠵᠠᠭᠤ ᠬᠤᠷᠢᠨ ᠭᠤᠷᠪᠠᠳᠣᠭᠠᠷ ᠵᠤᠷᠪᠤᠰ ᠳᠣᠭᠳᠠᠭᠠᠯ ᠢ ᠦᠨᠳᠦᠰᠦᠯᠡᠨ ᠰᠢᠳᠬᠡᠵᠦ᠂  ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃             ᠭᠤᠷᠪᠠ᠂ ᠵᠡᠭᠡᠯᠢ ᠳᠠᠭᠠᠤ ᠳᠤᠷ᠎ᠠ ᠪᠠᠷ ᠪᠣᠷᠤᠯᠠᠭᠤᠯᠭ᠎ᠠ ᠬᠢᠭᠰᠡᠨ ᠪᠤᠶᠤ ᠵᠠᠮ ᠡᠵᠡᠯᠡᠨ ᠡᠵᠡᠩᠨᠡᠵᠦ᠂ ᠬᠤᠲᠠ ᠶᠢᠨ ᠳᠥᠷᠢ ᠲᠦᠷᠬᠦ ᠶᠢ ᠨᠥᠯᠥᠭᠡᠯᠡᠭᠰᠡᠨ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠳᠥᠷᠢ ᠲᠦᠷᠬᠦ ᠪᠣᠯᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠳᠬᠡᠬᠦ ᠲᠣᠭᠲᠠᠭᠠᠯ︾ ᠤᠨ ᠲᠠᠪᠤᠳᠤᠭᠠᠷ ᠵᠤᠷᠪᠤᠰ ᠢ ᠦᠨᠳᠦᠰᠦᠯᠡᠨ ᠰᠢᠳᠬᠡᠨ᠎ᠡ᠃             ᠡᠭᠦᠨ ᠤ ᠲᠤᠯᠠ ᠣᠨᠴᠠᠭᠠᠶᠢᠯᠠᠨ ᠵᠠᠷᠯᠠᠪᠠ᠃ᠳᠠᠭᠠᠯᠲᠠ᠄ ᠰᠢᠯᠤᠭᠤᠨ ᠬᠥᠬᠡ ᠬᠤᠰᠢᠭᠤᠨ ᠤ ᠬᠤᠨᠢ ᠮᠠᠯ ᠵᠠᠷᠤᠵᠤ ᠨᠢᠲᠤᠯᠬᠤ ᠠᠵᠤ ᠠᠬᠤᠶᠢᠯᠠᠯᠰᠢᠯᠤᠭᠤᠨ ᠬᠥᠬᠡ ᠬᠤᠰᠢᠭᠤᠨ ᠤ ᠶᠤᠸᠠᠨ ᠶᠤᠸᠠᠨ ᠤᠯᠠᠭᠠᠨ ᠢᠳᠡᠭᠡᠨ ᠤ ᠬᠢᠵᠠᠭᠠᠷᠲᠤ ᠺᠣᠮᠫᠠᠨᠢ ︵ᠦᠬᠡᠷ᠂ ᠬᠤᠨᠢ︶ᠬᠠᠷᠢᠯᠴᠠᠬᠤ ᠤᠲᠠᠰᠤ᠄ 13904791260ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ2021ᠣᠨ ᠤ 4 ᠰᠠᠷ᠎ᠠ ᠶᠢᠨ 15 ᠤ ᠡᠳᠦᠷ   ᠣᠶᠣᠨᠰᠡᠷᠭᠥᠯᠡᠩ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号