ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠ᠊
ᠨᠡᠶᠢᠲᠡᠯᠡᠭᠰᠡᠨ ᠴᠠᠭ᠄
2021/4/2
ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ                               ︵3 ᠳ᠋ᠤᠭᠠᠷ ᠲᠤᠭᠠᠳᠣ︶                ᠶᠦᠨᠨᠠᠨ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 2021 ᠣᠨ ᠤ 4 ᠰᠠᠷ᠎ᠠ ᠶᠢᠨ 1 ᠤ ᠡᠳᠦᠷ ᠤᠨ ᠬᠤᠯᠪᠣᠭᠳᠠᠯ ᠪᠥᠬᠦᠶ ᠮᠡᠳᠡᠭᠡ ᠶᠢ ᠦᠨᠳᠦᠰᠦᠯᠡᠪᠡᠯ᠂ 3 ᠰᠠᠷ᠎ᠠ ᠶᠢᠨ 31 ᠤ ᠡᠳᠦᠷ ᠤᠨ ᠥᠷᠯᠥᠭᠡ ᠠᠴᠠ ᠡᠬᠢᠯᠡᠨ᠂ ᠷᠦᠢ ᠯᠢ ᠬᠤᠲᠠ ᠶᠢᠨ ᠬᠢᠨ ᠪᠥᠬᠦ  ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 29 ᠬᠥᠮᠦᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠨᠢ ᠠᠷᠭ᠎ᠠ ᠴᠢᠨᠠᠷᠲᠠᠶ ᠪᠠᠶᠢᠬᠤ ᠶᠢ ᠣᠯᠵᠤ ᠮᠡᠳᠡᠵᠡᠶ᠃ ᠡᠪᠡᠳᠴᠢᠨ ᠲᠠᠬᠤᠯ ᠤᠨ ᠪᠠᠶᠢᠳᠠᠯ᠂ ᠡᠮᠴᠢᠯᠡᠭᠡᠨ ᠤ ᠢᠯᠡᠷᠡᠯ ᠪᠠ ᠲᠤᠷᠰᠢᠯᠲᠠ ᠶᠢᠨ ᠲᠠᠰᠤᠭ ᠤᠨ  ᠪᠠᠶᠢᠴᠠᠭᠠᠯᠲᠠ ᠶᠢᠨ ᠳ᠋ᠦᠩ ᠲᠠᠢ ᠤᠶᠠᠯᠳᠤᠭᠤᠯᠤᠭᠰᠠᠨ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ 6᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ 23 ᠪᠠᠶᠢᠵᠤ᠂ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠵᠡᠷᠭᠡ ᠠᠵᠢᠯ ᠮᠥᠨ ᠶᠠᠪᠤᠭᠳᠠᠵᠤ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠠᠮᠳᠣᠪᠠᠷ ᠰᠡᠷᠭᠡᠶᠢᠯᠡᠨ ᠬᠤᠷᠢᠭᠯᠠᠬᠤ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂  ᠨᠠᠷᠢᠯᠢᠭ ᠣᠨᠣᠪᠴᠢᠲᠠᠶ ᠪᠠᠷ ᠰᠡᠷᠭᠡᠶᠢᠯᠡᠨ ᠬᠤᠷᠢᠭᠯᠠᠬᠤ ᠵᠡᠷᠭᠡ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 2021 ᠣᠨ ᠤ 4 ᠰᠠᠷ᠎ᠠ ᠶᠢᠨ 2 ᠤᠨ ᠡᠳᠦᠷ ᠤᠨ 9 ᠴᠠᠭ ᠠᠴᠠ ᠡᠬᠢᠯᠡᠨ᠂ ᠶᠦᠨᠨᠠᠨ ᠮᠤᠵᠢ ᠶᠢᠨ ᠷᠦᠢ ᠯᠢ ᠬᠤᠲᠠ ᠶᠢᠨ 5 ᠭᠠᠵᠠᠷ ᠣᠷᠣᠨ ᠢ ᠳᠤᠮᠳᠠ ᠲᠡᠰ ᠤᠨ ᠲᠦᠭᠰᠢᠭᠦᠷᠢ ᠲᠠᠢ  ᠣᠷᠣᠨ ᠢᠶᠠᠷ ᠪᠠᠳᠣᠯᠠᠪᠠ᠃ ᠣᠳᠣᠬᠠᠨ ᠳᠤ᠂ ᠷᠦᠢ ᠯᠢ ᠬᠤᠳᠠ ᠶᠢᠨ ᠵᠢᠶᠧ ᠭᠤᠣ ᠭᠦᠸᠧ ᠮᠧᠨ ᠨᠡᠶᠢᠭᠡᠮ ᠲᠣᠭᠤᠷᠢᠭ᠂ ᠷᠦᠢ ᠯᠢ ᠬᠤᠳᠠ ᠶᠢᠨ ᠮᠧᠩ ᠮᠤᠤ ᠪᠠᠯᠭᠠᠰᠣᠨ ᠤ ᠰᠢᠨ ᠱᠧᠩ ᠱᠢ ᠳ᠋ᠠᠢ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ᠂ ᠷᠦᠢ ᠯᠢ ᠬᠤᠳᠠ ᠶᠢᠨ ᠷᠦᠢ ᠵᠢᠩ ᠵᠠᠮ ᠤᠨ ᠲᠤᠭᠤᠰᠬᠠᠨ ᠦᠢᠯᠡᠳᠪᠦᠷᠢ᠂ ᠷᠦᠢ ᠯᠢ ᠬᠤᠳᠠ ᠶᠢᠨ ᠰᠢᠩ ᠾᠧ ᠯᠠᠨ ᠸᠠᠨ ᠰᠠᠭᠤᠭᠠᠯᠢ ᠠᠷᠠᠳ ᠤᠨ ᠲᠣᠭᠤᠷᠢᠭ᠂ ᠷᠦᠢ ᠯᠢ ᠬᠤᠳᠠ ᠶᠢᠨ ᠲᠤᠸᠠᠨ ᠵᠢᠶᠧ ᠲᠣᠰᠬᠤᠨ ᠤ ᠠᠷᠠᠳ ᠤᠨ ᠵᠥᠪᠯᠡᠯ ᠤᠨ ᠶᠢᠨ ᠺᠠᠨ ᠳᠣᠭᠤᠶᠢᠯᠠᠩ ᠨᠢ ᠳᠤᠮᠳᠠ ᠲᠡᠰ ᠤᠨ ᠳᠦᠭᠰᠢᠭᠦᠷᠢᠲᠡᠢ ᠭᠠᠵᠠᠷ ᠣᠷᠣᠨ ᠢᠶᠠᠷ ᠲᠣᠭᠲᠠᠭᠠᠭᠳᠠᠪᠠ᠃ ᠮᠠᠨ ᠤ ᠬᠤᠰᠢᠭᠤᠨ ᠤ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠳᠣᠳᠣᠭᠠᠳᠣ ᠳᠤ ᠬᠢᠵᠢᠭ ᠡᠭᠦᠰᠬᠦ ᠶᠢ ᠰᠡᠷᠭᠡᠶᠢᠯᠡᠬᠦ︾ ᠪᠠᠶᠢᠩᠭᠤ ᠶᠢᠨ ᠴᠢᠨᠠᠷᠳᠠᠢ ᠰᠡᠷᠭᠡᠶᠢᠯᠡᠨ ᠬᠤᠷᠢᠭᠯᠠᠬᠤ ᠠᠷᠭ᠎ᠠ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠬᠢᠵᠢᠭ ᠳᠡᠯᠭᠡᠷᠡᠬᠦ ᠲᠦᠭᠰᠢᠭᠦᠷᠢ ᠶᠢ ᠪᠦᠲᠦᠮᠵᠢᠲᠡᠶ ᠬᠤᠷᠢᠭᠯᠠᠬᠤ ᠪᠠ ᠪᠠᠭᠠᠰᠬᠠᠵᠤ᠂ ᠮᠠᠨ ᠤ ᠬᠤᠰᠢᠭᠤᠨ ᠤ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠳᠣᠳᠣᠭᠠᠳᠣ ᠳᠤ ᠬᠢᠵᠢᠭ ᠡᠭᠦᠰᠬᠦ ᠶᠢ ᠰᠡᠷᠭᠡᠶᠢᠯᠡᠬᠦ︾ ᠪᠠᠶᠢᠩᠭᠤ ᠶᠢᠨ ᠴᠢᠨᠠᠷᠳᠠᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠤᠯᠠᠮ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠮᠡᠳᠡᠭᠳᠡᠶ᠎ᠡ᠃                ᠨᠢᠭᠡ᠂ 3 ᠰᠠᠷ᠎ᠠ ᠶᠢᠨ 14 ᠤ ᠡᠳᠦᠷ ᠤᠨ 0 ᠴᠠᠭ ᠠᠴᠠ ᠬᠤᠶᠢᠰᠢ ᠷᠦᠢ ᠯᠢ ᠬᠤᠳᠠ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠦᠮᠦᠰ ᠨᠢ ᠪᠠᠶᠢᠭ᠎ᠠ ᠭᠠᠴᠠᠭ᠎ᠠ ᠲᠤᠰᠬᠤᠨ ︵ᠨᠡᠶᠢᠭᠡᠮ ᠳᠣᠭᠤᠷᠢᠭ︶᠂ ᠪᠠᠶᠢᠭᠤᠯᠭ᠎ᠠ ᠨᠢᠭᠡᠴᠡ᠂ ᠰᠠᠭᠤᠭᠰᠠᠨ ᠪᠠᠭᠤᠳᠠᠯ ᠳᠠᠭᠠᠨ ᠮᠡᠳᠡᠭᠳᠡᠬᠦ ᠶᠢᠨ ᠬᠠᠮᠳᠣ ᠪᠦᠭᠡᠮ ᠬᠦᠴᠢᠯ ᠤᠨ ᠪᠠᠶᠢᠴᠠᠭᠠᠯᠳᠠ ᠬᠢᠬᠦ ᠬᠡᠷᠡᠭᠳᠡᠢ᠃ ᠮᠦᠨ ᠴᠦ ᠨᠡᠶᠢᠭᠡᠮ ᠳᠣᠭᠤᠷᠢᠭ ᠤᠨ ᠡᠷᠡᠭᠦᠯ ᠬᠠᠮᠠᠭᠠᠯᠠᠯ ᠤᠨ ᠬᠠᠮᠢᠶᠠᠷᠣᠯᠳᠠ ᠳᠤ ᠣᠷᠣᠭᠤᠯᠬᠤ ᠬᠡᠷᠡᠭᠳᠡᠢ᠃ ᠬᠡᠷᠪᠡ ᠪᠥᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠨᠢ ᠪᠢᠯᠢᠭ ᠴᠢᠨᠠᠷ ᠤᠨ᠂ ᠪᠡᠶ᠎ᠡ ᠶᠢᠨ ᠳᠤᠯᠠᠭᠠᠨ ᠤ ᠬᠡᠮᠵᠢᠶ᠎ᠡ ᠨᠢ ᠬᠡᠪ ᠤᠨ ᠪᠥᠭᠡᠳ ᠬᠤᠪᠢ ᠬᠦᠮᠦᠨ ᠤ ᠬᠠᠮᠠᠭᠠᠯᠠᠯᠳᠠ ᠪᠠᠨ ᠰᠠᠶᠢᠳᠣᠷ ᠬᠢᠭᠰᠡᠨ ᠤᠷᠢᠳᠠᠯ ᠳᠣᠣᠷ᠎ᠠ ᠴᠢᠯᠦᠭᠡᠳᠡᠢ ᠪᠠᠷ ᠣᠷᠴᠢᠵᠤ ᠪᠤᠯᠤᠨ᠎ᠠ᠃                ᠬᠤᠶᠠᠷ᠂ 3 ᠰᠠᠷ᠎ᠠ ᠶᠢᠨ 14 ᠤ ᠡᠳᠦᠷ ᠤᠨ 0 ᠴᠠᠭ ᠠᠴᠠ ᠬᠤᠶᠢᠰᠢ ᠷᠦᠢ ᠯᠢ ᠬᠤᠲᠠ  ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ 7 ᠡᠳᠦᠷ ᠤᠨ ᠳᠣᠲᠣᠷᠠᠬᠢ ᠪᠥᠭᠡᠮ ᠬᠦᠴᠢᠯ  ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠴᠢᠬᠤᠯᠠᠲᠠᠶ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠪᠠᠷ ᠣᠷᠴᠢᠵᠤ ᠪᠤᠯᠤᠨ᠎ᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠵᠤ ᠲᠡᠶᠢᠯᠬᠦ ᠥᠬᠡᠶ ᠬᠥᠮᠦᠰ ᠢ ᠬᠤᠰᠢᠭᠤᠨ ᠳᠤ ᠣᠷᠣᠵᠤ ᠢᠷᠡᠬᠦ ᠦᠶᠡᠰ ᠲᠥᠪᠯᠡᠷᠡᠭᠦᠯᠦᠨ ᠲᠤᠰᠠᠭᠠᠷᠯᠠᠵᠤ᠂ 24 ᠴᠠᠭ ᠤᠨ ᠳᠣᠲᠣᠷ᠎ᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ  ᠪᠠᠶᠢᠴᠠᠭᠠᠯᠲᠠ ᠬᠢᠵᠦ᠂ ᠪᠠᠶᠢᠴᠠᠭᠠᠯᠳᠠ ᠶᠢᠨ ᠳ᠋ᠦᠩ ᠨᠢ ᠪᠢᠯᠢᠭ ᠴᠢᠨᠠᠷ ᠤᠨ ᠪᠣᠯ ᠲᠤᠰᠠᠭᠠᠷᠯᠠᠯ ᠠᠴᠠ ᠴᠢᠯᠥᠭᠡᠯᠡᠵᠦ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠪᠠᠷ ᠣᠷᠴᠢᠵᠤ ᠪᠤᠯᠤᠨ᠎ᠠ᠃                ᠭᠤᠷᠪᠠ᠂ ᠬᠤᠰᠢᠭᠤ ᠵᠢᠯᠣᠭᠤᠳᠬᠤ ᠬᠡᠯᠲᠡᠰ ᠠᠴᠠ ᠪᠥᠬᠦ ᠬᠤᠰᠢᠭᠤᠨ ᠤ ᠠᠷᠠᠳ ᠣᠯᠠᠨ ᠳᠤ᠄ ᠬᠢᠵᠢᠭ ᠤᠨ ᠪᠠᠶᠢᠳᠠᠯ ᠳᠠᠬᠢᠨ ᠬᠡᠴᠡᠭᠦᠳᠡᠬᠦ ᠪᠤᠯᠤᠮᠵᠢᠲᠠᠢ ᠪᠠᠶᠢᠨ᠎ᠠ᠃ ᠬᠤᠪᠢ ᠬᠥᠮᠦᠨ ᠤ ᠰᠡᠷᠭᠡᠶᠢᠯᠡᠯᠲᠡ ᠪᠠᠨ ᠦᠨᠡᠨ ᠬᠦ ᠰᠠᠶᠢᠲᠤᠷ ᠬᠢᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠳᠠᠭᠠᠨ ᠠᠮᠠᠪᠴᠢ ᠪᠠᠨ ᠰᠠᠶᠢᠳᠣᠷ ᠵᠡᠭᠦᠵᠦ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠵᠤ ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ ᠬᠦᠮᠦᠨ ᠬᠦᠮᠦᠨ ᠤ ᠬᠤᠭᠤᠷᠤᠨᠳᠣ 1 ᠮᠧᠲᠷ ᠠᠴᠠ ᠳᠡᠭᠡᠭᠰᠢᠬᠢ ᠵᠠᠶ ᠶᠢ ᠪᠠᠲᠤᠯᠠᠬᠤ ᠶᠢ ᠠᠩᠬᠠᠷᠴᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠵᠤ᠂ ᠭᠠᠳᠠᠭᠰᠢ ᠭᠠᠷᠬᠤ ᠶᠢ ᠵᠣᠬᠢᠰᠲᠠᠶ ᠲᠣᠬᠢᠷᠠᠭᠤᠯᠵᠤ᠂ ᠣᠶᠢᠷ᠎ᠠ ᠶᠢᠨ ᠬᠤᠭᠤᠴᠠᠭᠠᠨ ᠳᠤ ᠶᠦᠨᠨᠠᠨ ᠤ ᠷᠦᠢ ᠯᠢ ᠳᠤ ᠪᠢᠲᠡᠭᠡᠶ ᠣᠴᠢᠭᠠᠷᠠᠶ ᠭᠡᠵᠦ ᠰᠠᠨᠠᠭᠤᠯᠵᠤ ᠪᠠᠶᠢᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠴᠢᠬᠤᠯᠠ ᠠᠷᠭ᠎ᠠ ᠪᠠᠷᠢᠯ ᠮᠥᠨ᠂ ᠸᠠᠺᠼᠢᠨ ᠤ ᠲᠠᠷᠢᠯᠭ᠎ᠠ ᠲᠠᠯᠪᠢᠭᠤᠯᠬᠤ ᠨᠢ ᠬᠤᠪᠢ ᠬᠥᠮᠦᠨ ᠢ ᠬᠠᠮᠠᠭᠠᠯᠠᠵᠤ ᠴᠢᠳᠠᠬᠤ ᠪᠠᠷ ᠪᠠᠷᠠᠬᠤ ᠥᠬᠡᠶ᠂ ᠬᠡᠷ ᠤᠨ ᠬᠥᠮᠦᠰ ᠪᠠ ᠨᠡᠶᠢᠭᠡᠮ ᠤᠨ ᠳᠣᠭᠳᠠᠭᠤᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠮᠠᠨ ᠤ ᠬᠤᠰᠢᠭᠤᠨ ᠤ ᠲᠠᠷᠠᠭᠠᠴᠢ ᠶᠢᠨ ᠡᠭᠡᠯᠵᠢᠨ ᠤ ᠸᠠᠺᠼᠢᠨ ᠤ ᠲᠠᠷᠢᠯᠭ᠎ᠠ ᠬᠢᠬᠦ ᠠᠵᠢᠯ ᠤᠨ ᠪᠠᠶᠢᠷᠢᠯᠠᠭᠤᠯᠤᠯᠳᠠ ᠶᠢ ᠰᠠᠶᠢᠳᠣᠷ ᠠᠩᠬᠠᠷᠴᠤ᠂ ᠢᠳᠡᠪᠬᠢᠲᠡᠶ ᠪᠠᠷ ᠸᠠᠺᠼᠢᠨ ᠤ ᠲᠠᠷᠢᠯᠭ᠎ᠠ ᠬᠢᠵᠦ᠂  ᠣᠯᠠᠨ ᠢᠶᠠᠷ ᠢᠶᠠᠨ ᠰᠡᠷᠭᠡᠶᠢᠯᠡᠵᠦ᠂ ᠣᠯᠠᠨ ᠢᠶᠠᠷ ᠢᠶᠠᠨ ᠬᠤᠷᠢᠭᠯᠠᠬᠤ ᠬᠠᠮᠲᠤᠷᠠᠯ ᠬᠦᠴᠦᠨ ᠢ ᠪᠣᠶ ᠪᠤᠯᠭᠠᠶ᠎ᠠ᠃         ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ         ᠠᠭᠤᠰᠬᠢᠨ ᠦᠷᠪᠢᠰᠦᠯ ᠢ ᠰᠡᠷᠭᠡᠶᠢᠯᠡᠨ  ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ               2021 ᠣᠨ ᠤ 4 ᠰᠠᠷ᠎ᠠ ᠶᠢᠨ 2 ᠤᠨ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号