ᠲᠣᠮᠳᠠᠳᠣ ᠣᠯᠤᠰ ᠤᠨ ᠡᠪ ᠬᠠᠮᠳᠣ ᠨᠠᠮ ᠤᠨ ᠲᠣᠪᠴᠢ ᠲᠡᠣᠬᠡ
ᠨᠡᠶᠢᠲᠡᠯᠡᠭᠰᠡᠨ ᠴᠠᠭ᠄
2021/4/26
ᠲᠣᠮᠳᠠᠳᠣ ᠣᠯᠤᠰ ᠤᠨ ᠡᠪ ᠬᠠᠮᠳᠣ ᠨᠠᠮ ᠤᠨ ᠲᠣᠪᠴᠢ ᠲᠡᠣᠬᠡ                        ︵1921-2021︶             1-50          ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠪᠴᠢ ᠲᠡᠦᠬᠡ  ︵1921 - 2021︶ 1-501840 ᠣᠨ ᠠᠴᠠ ᠡᠬᠢᠯᠡᠨ ᠳᠤᠮᠳᠠᠳᠤ ᠤᠯᠤᠰ ᠠᠭᠠᠵᠢᠮ ᠢᠶᠠᠷ ᠲᠤᠰᠠᠭᠠᠷ ᠲᠣᠭᠲᠠᠨᠢᠯ ᠢᠶᠠᠨ ᠠᠯᠳᠠᠵᠤ ᠬᠠᠭᠠᠰ ᠺᠣᠯᠣᠨᠢ ᠬᠠᠭᠠᠰ ᠹᠧᠣᠳᠠᠯ ᠤᠨ ᠤᠯᠤᠰ ᠪᠣᠯᠪᠠ᠃ ᠳᠤᠮᠳᠠᠳᠤ ᠤᠯᠤᠰ ᠤᠨ ᠠᠷᠠᠳ ᠲᠦᠮᠡᠨ ᠭᠠᠳᠠᠭᠠᠳᠤ ᠶᠢᠨ ᠬᠦᠷᠦᠩᠭᠡᠲᠡᠨ ᠡᠵᠡᠷᠬᠡᠭ ᠲᠦᠷᠢᠮᠡᠬᠡᠢ ᠤᠯᠤᠰ ᠪᠠ ᠲᠤᠰ ᠤᠯᠤᠰ ᠤᠨ ᠹᠧᠣᠳᠠᠯ ᠤᠨ ᠨᠣᠶᠠᠷᠬᠠᠯ ᠢ ᠡᠰᠡᠷᠭᠦᠴᠡᠬᠦ ᠨᠤᠭᠤᠷᠠᠰᠢ ᠦᠭᠡᠢ ᠲᠡᠮᠡᠴᠡᠯ ᠢ ᠶᠠᠪᠤᠭᠤᠯᠤᠭᠰᠠᠨ ᠪᠢᠯᠡ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠠᠷᠤᠢ ᠡᠶᠢᠮᠦ ᠲᠡᠦᠬᠡᠨ ᠠᠬᠤᠢ ᠪᠠᠶᠢᠳᠠᠯ ᠳᠣᠣᠷ᠎ᠠ ᠪᠣᠢ ᠪᠣᠯᠵᠠᠢ᠃1. ᠬᠠᠷ᠎ᠠ ᠲᠠᠮᠠᠬᠢ ᠶᠢᠨ ᠳᠠᠶᠢᠨ1840 ᠣᠨ ᠳᠤ ᠥᠷᠥᠨᠡᠳᠠᠬᠢᠨ ᠤ ᠲᠡᠷᠢᠭᠦᠨ ᠤ ᠬᠦᠴᠦᠷᠬᠡᠭ ᠬᠦᠷᠦᠩᠭᠡᠲᠡᠨ ᠤᠯᠤᠰ ᠪᠣᠯᠬᠤ ᠠᠩᠭ᠍ᠯᠢ ᠳᠤᠮᠳᠠᠳᠤ ᠤᠯᠤᠰ ᠢ ᠲᠥᠷᠢᠮᠡᠬᠡᠶᠢᠯᠡᠨ ᠬᠠᠷ᠎ᠠ ᠲᠠᠮᠠᠬᠢ ᠶᠢᠨ ᠳᠠᠶᠢᠨ ᠢ ᠳᠡᠭᠳᠡᠭᠡᠵᠦ᠂ ᠳᠤᠮᠳᠠᠳᠤ ᠤᠯᠤᠰ ᠤᠨ ᠨᠡᠶᠢᠭᠡᠮ ᠤᠨ ᠬᠦᠭᠵᠢᠯ ᠤᠤᠯ ᠤᠨ ᠵᠠᠮ ᠠᠴᠠ ᠪᠠᠨ ᠬᠠᠵᠠᠶᠢᠵᠤ᠂ ᠬᠤᠶᠠᠷ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ᠃ ᠨᠢᠭᠡ ᠳᠤ᠂ ᠳᠤᠮᠳᠠᠳᠤ ᠤᠯᠤᠰ ᠲᠤᠰᠠᠭᠠᠷ ᠲᠣᠭᠲᠠᠨᠢᠯ ᠢᠶᠠᠨ ᠠᠯᠳᠠᠵᠤ ᠬᠠᠭᠠᠰ ᠺᠣᠯᠣᠨᠢ ᠶᠢᠨ ᠤᠯᠤᠰ ᠪᠣᠯᠪᠠ᠃ ᠬᠤᠶᠠᠷ ᠲᠤ᠂ ᠹᠸᠤᠳᠠᠯ ᠶᠣᠰᠣᠨ ᠤ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠹᠧᠣᠳᠠᠯ ᠤᠨ ᠤᠯᠤᠰ ᠪᠣᠯᠪᠠ᠃ 2. ︽ᠳᠤᠮᠳᠠᠳᠤ ᠠᠩᠭ᠍ᠯᠢ ᠶᠢᠨ ᠨᠠᠨᠵᠢᠩ ᠤᠨ ᠭᠡᠷ᠎ᠡ︾1842 ᠣᠨ ᠳᠤ ᠠᠩᠭ᠍ᠯᠢ᠂ ᠴᠢᠩ ᠤᠯᠤᠰ ᠤᠨ ᠵᠠᠰᠠᠭ ᠤᠨ ᠣᠷᠳᠣᠨ ᠢ ᠠᠯᠪᠠᠲᠠᠨ ︽ᠳᠤᠮᠳᠠᠳᠤ ᠠᠩᠭ᠍ᠯᠢ ᠶᠢᠨ ᠨᠠᠨᠵᠢᠩ ᠤᠨ ᠭᠡᠷ᠎ᠡ︾ ᠶᠢ ᠲᠤᠭᠲᠠᠵᠤ᠂ ᠳᠤᠮᠳᠠᠳᠤ ᠤᠯᠤᠰ ᠡᠭᠦᠨ ᠠᠴᠠ ᠬᠤᠶᠢᠰᠢ ᠬᠠᠭᠠᠰ ᠺᠣᠯᠣᠨᠢ ᠬᠠᠭᠠᠰ ᠹᠸᠤᠳᠠᠯ ᠤᠨ ᠤᠯᠤᠰ ᠪᠣᠯᠪᠠ᠃3. ︽ᠡᠪ ᠬᠠᠮᠲᠤ ᠨᠠᠮ ᠤᠨ ᠲᠤᠩᠬᠠᠭ︾ 1848 ᠣᠨ ᠳᠤ ᠬᠡᠪᠯᠡᠭᠦᠯᠦᠭᠰᠡᠨ ︽ᠡᠪ ᠬᠠᠮᠲᠤ ᠨᠠᠮ ᠤᠨ ᠲᠤᠩᠬᠠᠭ︾ ᠪᠣᠯ ᠮᠠᠷᠺᠰ ᠡᠩᠭᠧᠯᠰ ᠤᠨ ᠡᠪ ᠬᠠᠮᠲᠤ ᠶᠢᠨ ᠦᠵᠡᠯᠲᠡᠳ ᠲᠤ ᠵᠣᠷᠢᠭᠤᠯᠤᠨ ᠪᠢᠴᠢᠭᠰᠡᠨ ᠬᠥᠲᠥᠯᠪᠦᠷᠢ ᠪᠣᠯᠤᠨ᠎ᠠ᠂ ᠲᠤᠰ ᠲᠤᠩᠬᠠᠭ ᠲᠤ ᠮᠠᠷᠺᠰ ᠤᠨ ᠦᠵᠡᠯ ᠤᠨ ᠲᠡᠦᠬᠡᠨ ᠦᠵᠡᠯᠲᠡ ᠶᠢ ᠬᠦᠥᠷᠨᠢᠨ ᠲᠤᠭᠤᠷᠪᠢᠵᠤ᠂ ᠮᠠᠷᠺᠰ ᠤᠨ ᠦᠵᠡᠯ ᠤᠨ ᠪᠣᠢ ᠪᠣᠯᠬᠤ ᠶᠢᠨ ᠴᠢᠬᠤᠯᠠ ᠪᠡᠯᠭᠡ ᠲᠡᠮᠳᠡᠭ ᠪᠠᠶᠢᠵᠤ᠂ ᠮᠠᠷᠺᠰ ᠡᠩᠭᠧᠯᠰ ᠠᠴᠠ ᠭᠠᠷᠳᠠᠨ ᠪᠢᠴᠢᠭᠰᠡᠨ ᠶᠤᠮ᠃ ᠲᠤᠩᠬᠠᠭ ᠲᠤ ᠠᠩᠬ᠎ᠠ ᠤᠳᠠᠭ᠎ᠠ ᠰᠢᠨᠵᠢᠯᠡᠬᠦ ᠤᠬᠠᠭᠠᠨᠴᠢ ᠨᠡᠶᠢᠭᠡᠮ ᠵᠢᠷᠤᠮ ᠤᠨ ᠣᠨᠣᠯ ᠢ ᠪᠦᠬᠦ ᠲᠠᠯ᠎ᠠ ᠪᠠᠷ ᠰᠢᠰᠲ᠋ᠧᠮ ᠲᠠᠢ ᠲᠣᠳᠣᠷᠬᠠᠢᠯᠠᠨ ᠥᠭᠦᠯᠡᠵᠦ ᠂ ᠡᠪ ᠬᠠᠮᠲᠤ ᠶᠢᠨ ᠬᠥᠳᠡᠯᠭᠡᠭᠡᠨ ᠪᠣᠯ ᠬᠤᠷᠢᠭᠯᠠᠭᠳᠠᠰᠢ ᠥᠬᠡᠢ ᠲᠡᠦᠬᠡ ᠶᠢᠨ ᠤᠷᠤᠰᠬᠠᠯ ᠮᠥᠨ ᠭᠡᠵᠦ ᠵᠢᠭᠠᠨ ᠭᠠᠷᠭᠠᠭᠰᠠᠨ ᠪᠠᠶᠢᠨ᠎ᠠ᠃ 4. ᠲᠠᠢ ᠫᠢᠩ ᠲᠢᠶᠠᠨ ᠭᠦᠸᠧ ᠶᠢᠨ ᠪᠣᠰᠤᠯᠭ᠎ᠠ1851 ᠣᠨ ᠳᠤ ᠬᠤᠩ ᠰᠢᠦ ᠴᠢᠤᠸᠠᠨ ᠠᠴᠠ ᠲᠠᠷᠢᠶᠠᠴᠢᠳ ᠢ ᠤᠷᠢᠶᠠᠯᠠᠨ ᠳᠠᠭᠠᠭᠤᠯᠵᠤ ᠵᠢᠩ ᠲᠢᠶᠠᠨ ᠳᠤ ᠪᠣᠰᠤᠯᠭ᠎ᠠ ᠭᠠᠷᠭᠠᠨ᠂ ︽ ᠲᠠᠢ ᠫᠢᠩ ᠲᠢᠶᠠᠨ ᠭᠦᠸᠧ︾ ᠬᠡᠮᠡᠨ ᠨᠡᠷᠡᠯᠡᠪᠡ᠃ 1853 ᠣᠨ ᠤ ᠬᠠᠪᠤᠷ᠂ ᠲᠠᠢ ᠫᠢᠩ ᠴᠡᠷᠢᠭ ᠨᠠᠨᠵᠢᠩ ᠢ ᠳᠠᠭᠠᠷᠢᠨ ᠡᠵᠡᠯᠡᠭᠰᠡᠨ ᠢᠶᠠᠷ ᠨᠠᠨᠵᠢᠩ ᠢ ᠲᠢᠶᠠᠨ ᠵᠢᠩ ᠬᠡᠮᠡᠨ ᠨᠡᠷᠡᠶᠢᠳᠤᠵᠤ ᠨᠡᠶᠢᠰᠯᠡᠯ ᠢᠶᠠᠨ ᠪᠤᠯᠭᠠᠵᠤ᠂ ᠲᠠᠷᠢᠶᠠᠴᠢᠳ ᠤᠨ ᠵᠠᠰᠠᠭ ᠤᠨ ᠡᠷᠬᠡ ᠶᠢ ᠠᠯᠪᠠᠨ ᠶᠣᠰᠣᠭᠠᠷ ᠪᠠᠶᠢᠭᠤᠯᠪᠠ᠃ 1856 ᠣᠨ ᠳᠤ ᠲᠠᠢ ᠫᠢᠩ ᠴᠡᠷᠢᠭ ᠬᠥᠬᠡ ᠮᠥᠷᠡᠨ ᠤ ᠡᠮᠦᠨᠡᠲᠦ ᠬᠡᠰᠡᠭ ᠤᠨ ᠶᠡᠭᠡ ᠬᠤᠸᠠᠷᠠᠨ ᠢ ᠴᠣᠬᠢᠨ ᠤᠨᠠᠭᠠᠵᠤ᠂ ᠲᠢᠶᠠᠨ ᠵᠢᠩ ᠤᠨ ᠪᠦᠰᠡᠯᠡᠯᠲᠡ ᠶᠢ ᠠᠷᠢᠯᠭᠠᠨ᠂ ᠲᠠᠢ ᠫᠢᠩ ᠲᠢᠶᠠᠨ ᠭᠦᠸᠧ ᠶᠢᠨ ᠪᠣᠰᠤᠯᠭ᠎ᠠ ᠨᠢ ᠴᠡᠷᠢᠭ ᠤᠨ ᠶᠠᠪᠤᠳᠠᠯ ᠤᠨ ᠲᠠᠯ᠎ᠠ ᠪᠠᠷ ᠣᠷᠭᠢᠯ ᠴᠠᠭ ᠦᠶ᠎ᠡ ᠳᠤ ᠪᠠᠨ ᠬᠦᠷᠴᠡᠢ᠃ 1864 ᠣᠨ ᠤ ᠵᠤᠨ᠂ ᠬᠤᠩ ᠰᠢᠦ ᠴᠢᠤᠸᠠᠨ ᠡᠪᠡᠳᠴᠢᠨ ᠢᠶᠠᠷ ᠨᠠᠰᠤ ᠪᠠᠷᠠᠵᠤ᠂ ᠳᠡᠮᠡᠢ ᠤᠳᠠᠯ ᠦᠭᠡᠢ ᠲᠢᠶᠠᠨ ᠵᠢᠩ ᠡᠵᠡᠯᠡᠭᠳᠡᠨ᠂ ᠲᠠᠢ ᠫᠢᠩ ᠲᠢᠶᠠᠨ ᠭᠦᠸᠧ ᠶᠢᠨ ᠪᠣᠰᠤᠯᠭ᠎ᠠ ᠢᠯᠠᠭᠳᠠᠪᠠ 5. ᠬᠤᠶᠠᠳᠤᠭᠠᠷ ᠤᠳᠠᠭᠠᠨ ᠤ ᠬᠠᠷ᠎ᠠ ᠲᠠᠮᠠᠬᠢ ᠶᠢᠨ ᠳᠠᠶᠢᠨ1856 ᠣᠨ ᠳᠤ ᠠᠩᠭ᠍ᠯᠢ ᠠᠴᠠ ︽ᠳᠤᠮᠳᠠᠳᠤ ᠠᠩᠭ᠍ᠯᠢ ᠶᠢᠨ ᠨᠠᠨᠵᠢᠩ ᠤᠨ ᠭᠡᠷ᠎ᠡ︾ ᠳᠤ ᠵᠠᠰᠠᠪᠤᠷᠢ ᠣᠷᠣᠭᠤᠯᠬᠤ ᠪᠠᠷ ᠳᠤᠷᠠᠳᠤᠭᠰᠠᠨ ᠪᠣᠯᠪᠠᠴᠤ ᠴᠢᠩ ᠤᠯᠤᠰ ᠤᠨ ᠵᠠᠰᠠᠭ ᠤᠨ ᠣᠷᠳᠣᠨ ᠤ ᠡᠰᠡᠷᠭᠦᠴᠡᠯ ᠢ ᠣᠯᠤᠭᠰᠠᠨ ᠪᠠᠶᠢᠨ᠎ᠠ᠃ ᠠᠩᠭ᠍ᠯᠢ ᠡᠭᠦᠨ ᠢᠶᠠᠷ ᠰᠢᠯᠲᠠᠭᠯᠠᠵᠤ ᠬᠤᠶᠠᠳᠤᠭᠠᠷ ᠤᠳᠠᠭᠠᠨ ᠤ ᠬᠠᠷ᠎ᠠ ᠲᠠᠮᠠᠬᠢ ᠶᠢᠨ ᠳᠠᠶᠢᠨ ᠢ ᠳᠡᠭᠳᠡᠭᠡᠨ᠂ ᠠᠩᠭ᠍ᠯᠢ ᠹᠷᠠᠨᠼᠢ ᠴᠡᠷᠢᠭ ᠬᠤᠯᠪᠤᠭᠠᠯᠠᠨ ᠳᠤᠮᠳᠠᠳᠤ ᠤᠯᠤᠰ ᠢ ᠲᠥᠷᠢᠮᠡᠬᠡᠶᠢᠯᠡᠵᠦ᠂ ᠠᠮᠧᠷᠢᠺᠠ ᠣᠷᠣᠰ ᠬᠠᠮᠰᠠᠭᠠᠲᠠᠨ ᠪᠣᠯᠵᠠᠢ᠃ ᠬᠤᠶᠠᠳᠤᠭᠠᠷ ᠤᠳᠠᠭᠠᠨ ᠤ ᠬᠠᠷ᠎ᠠ ᠲᠠᠮᠠᠬᠢ ᠶᠢᠨ ᠲᠠᠶᠢᠨ ᠨᠢ ᠬᠠᠷ᠎ᠠ ᠲᠠᠮᠠᠬᠢ ᠲᠠᠢ ᠬᠠᠮᠢᠶ᠎ᠠ ᠦᠭᠡᠢ ᠪᠣᠯᠪᠠᠴᠤ ᠲᠡᠭᠦᠨ ᠤ ᠮᠥᠨ ᠴᠢᠨᠠᠷ ᠨᠢ ᠬᠠᠷ᠎ᠠ ᠲᠠᠮᠠᠬᠢ ᠶᠢᠨ ᠳᠠᠶᠢᠨ ᠲᠠᠢ ᠢᠵᠢᠯ ᠪᠠᠶᠢᠳᠠᠭ ᠲᠤᠯᠠ ᠬᠤᠶᠠᠳᠤᠭᠠᠷ ᠤᠳᠠᠭᠠᠨ ᠤ ᠬᠠᠷ᠎ᠠ ᠲᠠᠮᠠᠬᠢ ᠶᠢᠨ ᠲᠠᠶᠢᠨ ᠭᠡᠵᠦ ᠨᠡᠷᠡᠯᠡᠳᠡᠭ ᠶᠤᠮ᠃6. ︽ᠪᠡᠭᠡᠵᠢᠩ ᠤᠨ ᠭᠡᠷ᠎ᠡ︾1860 ᠣᠨ ᠳᠤ ᠠᠩᠭ᠍ᠯᠢ ᠹᠷᠠᠨᠼᠢ ᠶᠢᠨ ᠬᠤᠯᠪᠣᠭᠠᠲᠤ ᠴᠡᠷᠢᠭ ᠳᠠᠬᠢᠨ ᠲᠢᠶᠠᠨᠵᠢᠨ ᠢ ᠳᠠᠭᠠᠷᠢᠨ ᠡᠵᠡᠯᠡᠵᠦ᠂ ᠠᠯᠠᠵᠤ ᠬᠢᠳᠦᠨ ᠪᠤᠯᠢᠶᠠᠨ ᠳᠡᠭᠡᠷᠡᠮᠳᠡᠭᠰᠡᠨ ᠳᠤ᠂ ᠲᠦᠭᠡᠮᠡᠯ ᠡᠯᠪᠡᠭᠲᠦ ᠬᠠᠭᠠᠨ ᠴᠧᠩᠳᠧ ᠳᠠᠬᠢ ᠵᠤᠰᠠᠯᠠᠩ ᠳᠠᠭᠠᠨ ᠳᠤᠲᠠᠭᠠᠨ ᠣᠴᠢᠵᠤ᠂ ᠲᠡᠭᠦᠨ ᠤ ᠳᠡᠭᠦᠦ ᠬᠥᠩ ᠴᠢᠨ ᠸᠠᠩ ᠢ ᠰᠢᠨ ᠨᠠᠶᠢᠷᠠᠮᠳᠠᠬᠤ ᠰᠠᠶᠢᠳ ᠪᠣᠯᠵᠤ᠂ ᠪᠡᠭᠡᠵᠢᠩ ᠳᠡᠭᠡᠨ ᠦᠯᠡᠳᠡᠪᠡ᠃ ᠵᠠᠯᠭᠠᠭᠠᠳ ᠠᠩᠭ᠍ᠯᠢ ᠹᠷᠠᠨᠼᠢ ᠶᠢᠨ ᠬᠤᠯᠪᠣᠭᠠᠲᠤ ᠴᠡᠷᠢᠭ ᠪᠡᠭᠡᠵᠢᠩ ᠤᠨ ᠪᠠᠷᠠᠭᠤᠨ ᠲᠡᠭᠦᠷᠭᠡ ᠳᠠᠬᠢ ᠠᠯᠳᠠᠷ ᠨᠡᠷ᠎ᠡ ᠨᠢ ᠳᠠᠶᠠᠩ ᠳᠤ ᠳᠠᠭᠤᠷᠢᠰᠤᠭᠰᠠᠨ ᠬᠠᠭᠠᠨ ᠤ ᠴᠡᠴᠡᠷᠯᠢᠭ ᠪᠣᠯᠬᠤ ᠶᠤᠸᠠᠨ ᠮᠢᠩ ᠶᠤᠸᠠᠨ ᠴᠡᠴᠡᠷᠯᠢᠭ ᠢ ᠭᠠᠯᠳᠠᠨ ᠰᠢᠲᠠᠭᠠᠵᠤ᠂ ᠪᠡᠭᠡᠵᠢᠩ ᠢ ᠡᠵᠡᠯᠡᠭᠰᠡᠨ ᠤ ᠬᠠᠮᠲᠤ ᠴᠢᠩ ᠤᠯᠤᠰ ᠤᠨ ᠵᠠᠰᠠᠭ ᠤᠨ ᠭᠠᠵᠠᠷ ᠢ ᠠᠯᠪᠠᠳᠠᠨ ︽ᠪᠡᠭᠡᠵᠢᠩ ᠤᠨ ᠭᠡᠷ᠎ᠡ︾ ᠶᠢ ᠲᠣᠭᠲᠠᠭᠠᠭᠰᠠᠨ ᠪᠠᠶᠢᠨ᠎ᠠ᠃7. ︽ᠳᠤᠮᠳᠠᠳᠤ ᠹᠷᠠᠨᠼᠢ ᠶᠢᠨ ᠰᠢᠨ᠎ᠡ ᠭᠡᠷ᠎ᠡ︾1883 - 1885 ᠣᠨ ᠳᠤ ᠳᠤᠮᠳᠠᠳᠤ ᠹᠷᠠᠨᠼᠢ ᠶᠢᠨ ᠳᠠᠶᠢᠨ ᠳᠡᠭᠳᠡᠵᠦ ︽ᠳᠤᠮᠳᠠᠳᠤ ᠹᠷᠠᠨᠼᠢ ᠶᠢᠨ ᠰᠢᠨ᠎ᠡ ᠭᠡᠷ᠎ᠡ ︾ ᠶᠢ ᠲᠤᠭᠲᠠᠵᠠᠢ᠂ ᠡᠨᠡ ᠨᠢ ᠳᠤᠮᠳᠠᠳᠤ ᠤᠯᠤᠰ ᠤᠨ ᠪᠠᠷᠠᠭᠤᠨ ᠡᠮᠦᠨᠡᠲᠦ ᠡᠭᠦᠳᠡ ᠨᠡᠭᠡᠭᠡᠭᠳᠡᠭᠰᠡᠨ ᠢ ᠬᠠᠷᠠᠭᠤᠯᠵᠤ ᠪᠠᠶᠢᠨ᠎ᠠ᠃8. ︽ᠮᠠ ᠭᠤᠸᠠᠨ ᠤ ᠭᠡᠷ᠎ᠡ︾1894 ᠣᠨ ᠳᠤ ᠬᠥᠬᠡ ᠮᠣᠷᠢᠨ ᠵᠢᠯ ᠤᠨ ᠳᠤᠮᠳᠠᠳᠤ ᠶᠠᠫᠣᠨ ᠤ ᠳᠠᠶᠢᠨ ᠳᠤ ᠳᠤᠮᠳᠠᠳᠤ ᠤᠯᠤᠰ ᠢᠯᠠᠭᠳᠠᠵᠠᠶ᠃ 1895 ᠣᠨ ᠳᠤ ︽ᠮᠠ ᠭᠤᠸᠠᠨ ᠤ ᠭᠡᠷ᠎ᠡ︾ ᠶᠢ ᠲᠣᠭᠲᠠᠭᠰᠠᠨ ᠨᠢ ᠳᠤᠮᠳᠠᠳᠤ ᠤᠯᠤᠰ ᠤᠨ ᠨᠡᠶᠢᠭᠡᠮ ᠤᠨ ᠬᠠᠭᠠᠰ ᠺᠣᠯᠣᠨᠢᠴᠢᠯᠠᠯ ᠤᠨ ᠪᠠᠶᠢᠳᠠᠯ ᠤᠯᠠᠮ ᠬᠦᠨᠳᠦᠷᠡᠪᠡ᠃9. ︽ᠴᠠᠭᠠᠭᠴᠢᠨ ᠦᠬᠡᠷ ᠵᠢᠯ ᠤᠨ ᠭᠡᠷ᠎ᠡ︾1900 ᠣᠨ ᠳᠤ ᠡᠵᠡᠷᠬᠡᠭ ᠲᠦᠷᠢᠮᠡᠬᠡᠶ ᠤᠯᠤᠰ ᠢ ᠾᠧ ᠳᠤᠸᠠᠨ ᠤ ᠪᠣᠰᠣᠯᠭ᠎ᠠ ᠶᠢ ᠳᠠᠷᠤᠩᠭᠤᠶᠢᠯᠠᠵᠤ᠂ ᠳᠤᠮᠳᠠᠳᠤ ᠤᠯᠤᠰ ᠲᠠᠬᠢ ᠠᠰᠢᠭ ᠲᠤᠰᠠ ᠪᠠᠨ ᠬᠠᠮᠠᠭᠠᠯᠠᠬᠤ ᠶᠢᠨ ᠲᠥᠯᠥᠭᠡ ᠨᠠᠢᠮᠠᠨ ᠤᠯᠤᠰ ᠤᠨ ᠬᠤᠯᠪᠣᠭᠠᠲᠤ ᠴᠡᠷᠢᠭ ᠳᠤᠮᠳᠠᠳᠤ ᠤᠯᠤᠰ ᠢ ᠲᠥᠷᠢᠮᠡᠬᠡᠶᠢᠯᠡᠬᠦ ᠳᠠᠶᠢᠨ ᠢ ᠳᠡᠭᠳᠡᠭᠡᠵᠡᠢ᠃ 1901 ᠣᠨ ᠳᠤ ︽ᠴᠠᠭᠠᠭᠴᠢᠨ ᠦᠬᠡᠷ ᠵᠢᠯ ᠤᠨ ᠭᠡᠷ᠎ᠡ︾ ᠶᠢ ᠲᠤᠭᠲᠠᠭᠰᠠᠨ ᠶᠠᠪᠤᠳᠠᠯ ᠨᠢ ᠳᠤᠮᠳᠠᠳᠤ ᠤᠯᠤᠰ ᠲᠤ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠪᠤᠶ ᠪᠣᠯᠤᠭᠰᠠᠨ ᠢ ᠬᠠᠷᠠᠭᠤᠯᠵᠤ ᠪᠠᠶᠢᠨ᠎ᠠ᠃10. ᠴᠠᠭᠠᠭᠴᠢᠨ ᠭᠠᠭ᠋ᠠᠢ ᠵᠢᠯ ᠤᠨ ᠬᠤᠪᠢᠰᠬᠠᠯ1911 ᠣᠨ ᠳᠤ ᠰᠦᠨ ᠵᠥᠩ ᠱᠠᠨ ᠤ ᠤᠳᠤᠷᠢᠳᠤᠭᠰᠠᠨ ᠬᠥᠷᠥᠩᠭᠡᠲᠡᠨ ᠠᠩᠭᠢ ᠶᠢᠨ ᠠᠷᠠᠳᠴᠢᠯᠠᠭᠰᠠᠨ ᠬᠤᠪᠢᠰᠬᠠᠯ ᠪᠣᠯᠬᠤ ᠴᠠᠭᠠᠭᠴᠢᠨ ᠭᠠᠭ᠋ᠠᠶ ᠵᠢᠯ ᠤᠨ ᠬᠤᠪᠢᠰᠬᠠᠯ ᠡᠭᠦᠰᠪᠡ᠃ ᠡᠨᠡ ᠨᠢ ᠣᠷᠴᠢᠨ ᠦᠶ᠎ᠡ ᠶᠢᠨ ᠦᠨᠳᠦᠰᠦᠲᠡᠨ ᠤ ᠠᠷᠠᠳᠴᠢᠯᠠᠭᠰᠠᠨ ᠬᠤᠪᠢᠰᠬᠠᠯ ᠡᠬᠢᠯᠡᠭᠰᠡᠨ ᠢ ᠬᠠᠷᠠᠭᠤᠯᠵᠤ᠂ ᠳᠤᠮᠳᠠᠳᠤ ᠤᠯᠤᠰ ᠢ ᠬᠡᠳᠦᠨ ᠮᠢᠩᠭᠠᠨ ᠵᠢᠯ ᠨᠣᠶᠠᠷᠬᠠᠭᠰᠠᠨ ᠡᠵᠡᠨᠲᠦ ᠶᠣᠰᠣᠨ ᠤ ᠡᠵᠡᠷᠬᠡᠭ ᠪᠠᠶᠢᠭᠤᠯᠤᠯ ᠢ ᠳᠥᠯᠭᠢᠨ ᠤᠨᠠᠭᠠᠵᠤ᠂ ᠪᠦᠭᠦᠳᠡ ᠨᠠᠶᠢᠷᠠᠮᠳᠠᠬᠤ ᠵᠠᠰᠠᠭ ᠤᠨ ᠪᠠᠶᠢᠭᠤᠯᠤᠯ ᠢ ᠪᠠᠶᠢᠭᠤᠯᠤᠨ᠂ ᠡᠵᠡᠨᠲᠦ ᠶᠣᠰᠣᠨ ᠤ ᠡᠵᠡᠷᠬᠡᠭ ᠪᠠᠶᠢᠭᠤᠯᠤᠯ ᠢ ᠡᠴᠦᠰᠯᠡᠭᠦᠯᠵᠡᠶ᠃ ᠠᠷᠠᠳᠴᠢᠯᠠᠭᠰᠠᠨ ᠪᠦᠬᠦᠳᠡ ᠨᠠᠶᠢᠷᠠᠮᠳᠠᠬᠤ ᠣᠶᠢᠯᠠᠭᠠᠭᠳᠠᠬᠤᠨ ᠢ ᠤᠯᠠᠮᠵᠢᠯᠠᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠦᠵᠡᠯ ᠰᠠᠨᠠᠭᠠᠨ ᠤ ᠴᠢᠯᠥᠭᠡᠯᠡᠯᠲᠡ ᠶᠢ ᠲᠤᠶᠢᠯ ᠤᠨ ᠶᠡᠭᠡ ᠪᠠᠷ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠨᠡᠶᠢᠭᠡᠮ ᠤᠨ ᠬᠤᠪᠢᠰᠦᠯᠲᠠ ᠳᠤ ᠯᠤᠲᠤ ᠶᠡᠭᠡ ᠲᠣᠩᠰᠤᠯᠭᠠᠯ ᠪᠠ ᠨᠥᠯᠦᠭᠡᠯᠡᠯ ᠢ ᠠᠪᠴᠢᠷᠠᠪᠠ᠃11. ᠲᠠᠪᠤᠨ ᠰᠠᠷ᠎ᠠ ᠶᠢᠨ ᠳᠦᠷᠪᠡᠨ ᠤ ᠤᠯᠤᠰ ᠢᠶᠠᠨ ᠬᠠᠶᠢᠷᠠᠯᠠᠬᠤ ᠬᠥᠳᠡᠯᠭᠡᠭᠡᠨ1919 ᠣᠨ ᠤ 5 ᠰᠠᠷ᠎ᠠ ᠳᠤ ︽ᠲᠠᠪᠤᠨ ᠰᠠᠷ᠎ᠠ ᠶᠢᠨ ᠳᠥᠷᠪᠡᠨ︾ ᠤ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠥᠳᠡᠯᠭᠡᠭᠡᠨ ᠡᠭᠦᠰᠴᠦ᠂ 6 ᠰᠠᠷ᠎ᠠ ᠶᠢᠨ ᠡᠬᠢ ᠪᠣᠯᠬᠤ ᠳᠤ ᠡᠨᠡ ᠨᠢ ᠠᠵᠢᠯᠴᠢᠨ ᠠᠩᠭᠢ ᠪᠠᠷ ᠭᠤᠣᠯ ᠬᠦᠴᠦᠨ ᠪᠣᠯᠭᠠᠭᠰᠠᠨ ᠪᠦᠬᠦ ᠤᠯᠤᠰ ᠤᠨ ᠬᠡᠪᠴᠢᠶᠡᠨ ᠳᠠᠬᠢ ᠣᠯᠠᠨ ᠲᠦᠮᠡᠨᠴᠢ ᠤᠯᠤᠰ ᠢᠶᠠᠨ ᠬᠠᠶᠢᠷᠠᠯᠠᠬᠤ ᠬᠥᠳᠡᠯᠭᠡᠭᠡᠨ ᠪᠣᠯᠵᠤ ᠬᠥᠭᠵᠢᠪᠡ᠃ ᠲᠠᠪᠤᠨ ᠰᠠᠷ᠎ᠠ ᠶᠢᠨ ᠲᠦᠷᠪᠡᠨ ᠤ ᠬᠥᠳᠡᠯᠭᠡᠭᠡᠨ ᠤ ᠡᠭᠦᠰᠦᠭᠰᠡᠨ ᠨᠢ ᠡᠵᠡᠷᠬᠡᠭ ᠲᠦᠷᠢᠮᠡᠭᠡᠶᠢᠳᠡᠨ ᠪᠠ ᠹᠸᠤᠳᠠᠯ ᠢ ᠡᠰᠡᠷᠭᠦᠴᠡᠬᠦ ᠰᠢᠨ᠎ᠡ ᠲᠡᠮᠡᠴᠡᠯ ᠡᠬᠢᠯᠡᠭᠰᠡᠨ ᠢ ᠬᠠᠷᠠᠭᠤᠯᠵᠤ ᠪᠠᠶᠢᠬᠤ ᠪᠥᠭᠡᠳ ᠡᠭᠦᠨ  ᠠᠴᠠ ᠪᠤᠯᠵᠤ ᠮᠠᠷᠺᠰ ᠤᠨ ᠦᠵᠡᠯ ᠢ ᠳᠡᠯᠭᠡᠷᠡᠭᠦᠯᠬᠦ ᠥᠷᠭᠡᠨ ᠭᠦᠨᠵᠡᠭᠡᠢ ᠤᠳᠬ᠎ᠠ ᠪᠦᠭᠦᠢ ᠬᠥᠳᠡᠯᠭᠡᠭᠡᠨ ᠡᠭᠦᠰᠦᠭᠰᠡᠨ ᠪᠠᠶᠢᠨ᠎ᠠ᠃12. ᠡᠪ ᠬᠠᠮᠲᠤ ᠨᠠᠮ ᠤᠨ ᠡᠷᠲᠡ ᠦᠶ᠎ᠡ ᠶᠢᠨ ᠵᠣᠬᠢᠶᠠᠨ ᠪᠠᠶᠢᠭᠤᠯᠤᠯᠲᠠ ᠪᠠᠶᠢᠭᠤᠯᠤᠭᠳᠠᠪᠠ1920 ᠣᠨ ᠤ ᠬᠠᠪᠤᠷ ᠤᠨ ᠰᠡᠭᠦᠯᠴᠢ ᠵᠤᠨ ᠤ ᠡᠬᠢ ᠪᠠᠷ᠂ ᠴᠧᠨ ᠳ᠋ᠦ᠋ ᠰᠢᠦ ᠮᠠᠷᠺᠰ ᠤᠨ ᠦᠵᠡᠯ ᠤᠨ ᠰᠤᠳᠤᠯᠭᠠᠨ ᠤ ᠬᠤᠷᠠᠯ ᠢᠶᠠᠷ ᠰᠠᠭᠤᠷᠢ ᠪᠣᠯᠭᠠᠵᠤ᠂ ᠤᠯᠠᠨ ᠤᠳᠠᠭ᠎ᠠ ᠬᠤᠷᠠᠯ ᠬᠤᠷᠠᠯᠳᠤᠭᠤᠯᠵᠤ᠂ ᠨᠠᠮ ᠪᠠᠶᠢᠭᠤᠯᠬᠤ ᠠᠰᠠᠭᠤᠳᠠᠯ ᠢ ᠵᠥᠪᠳᠡᠯᠴᠡᠪᠡ᠃ 1920 ᠣᠨ ᠤ 8 ᠰᠠᠷ᠎ᠠ ᠳᠤ᠂ ᠱᠠᠩᠬᠠᠢ ᠶᠢᠨ ᠬᠤᠸᠠᠨ ᠯᠦᠩ ᠵᠠᠮ ᠤᠨ ᠢᠦᠢ ᠶᠠᠩ ᠯᠢ 2 ᠳ᠋ᠤᠭᠠᠷ ᠨᠣᠮᠧᠷᠲᠤ ᠳᠤ ︽ᠰᠢᠨ᠎ᠡ ᠵᠠᠯᠠᠭᠤᠴᠤᠳ︾ ᠰᠡᠳᠬᠦᠯ ᠤᠨ ᠨᠠᠶᠢᠷᠠᠭᠤᠯᠬᠤ ᠬᠡᠯᠲᠡᠰ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠬᠠᠢ ᠳᠠᠬᠢ ᠡᠭᠦᠰᠭᠡᠨ ᠪᠠᠶᠢᠭᠤᠯᠬᠤ ᠳᠤᠭᠤᠶᠢᠯᠠᠩ ᠢ ᠪᠠᠶᠢᠭᠤᠯᠵᠤ᠂ ᠴᠧᠨ ᠳ᠋ᠦ᠋ ᠰᠢᠦ ᠶᠢ ᠬᠠᠷᠢᠭᠤᠴᠠᠯᠭᠠᠲᠠᠨ ᠢᠶᠠᠷ ᠰᠣᠩᠭᠤᠨ ᠭᠠᠷᠭᠠᠭᠰᠠᠨ ᠨᠢ ᠳᠤᠮᠳᠠᠳᠤ ᠤᠯᠤᠰ ᠤᠨ ᠠᠩᠬᠠᠳᠠᠭᠴᠢ ᠡᠪ ᠬᠠᠮᠲᠤ ᠨᠠᠮ ᠤᠨ ᠡᠷᠲᠡ ᠦᠶ᠎ᠡ ᠶᠢᠨ ᠵᠣᠬᠢᠶᠠᠨ ᠪᠠᠶᠢᠭᠤᠯᠤᠯᠲᠠ ᠮᠡᠨᠳᠦᠯᠡᠭᠰᠡᠨ ᠢ ᠬᠠᠷᠠᠭᠤᠯᠵᠤ ᠪᠠᠶᠢᠨ᠎ᠠ᠃ ᠲᠡᠭᠦᠨ ᠠᠴᠠ ᠬᠤᠶᠢᠰᠢ᠂ ᠪᠡᠭᠡᠵᠢᠩ᠂ ᠦᠬᠠᠨ᠂ ᠴᠠᠩᠱᠠ᠂ ᠭᠤᠸᠠᠩᠵᠧᠦ᠂ ᠵᠢᠨᠠᠨ ᠵᠡᠷᠭᠡ ᠭᠠᠵᠠᠷ ᠲᠤ ᠴᠤ ᠡᠪ ᠬᠠᠮᠲᠤ ᠨᠠᠮ ᠤᠨ ᠡᠷᠲᠡ ᠦᠶ᠎ᠡ ᠶᠢᠨ ᠵᠣᠬᠢᠶᠠᠨ ᠪᠠᠶᠢᠭᠤᠯᠤᠯᠲᠠ ᠶᠢ ᠵᠠᠯᠭᠠᠭ᠎ᠠ ᠪᠠᠷ ᠪᠠᠶᠢᠭᠤᠯᠪᠠ᠃ 13. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠳᠤᠭᠠᠷ ᠶᠡᠭᠡ ᠬᠤᠷᠠᠯ1921 ᠣᠨ ᠤ 7 ᠰᠠᠷ᠎ᠠ ᠶᠢᠨ 23 ᠤ ᠡᠳᠦᠷ ᠠᠴᠠ 8 ᠰᠠᠷ᠎ᠠ ᠶᠢᠨ 3 ᠤ ᠡᠳᠦᠷ ᠪᠣᠯᠲᠠᠯ᠎ᠠ ᠱᠠᠩᠬᠠᠢ ᠳᠠᠬᠢ ᠹᠷᠠᠨᠼᠢ ᠶᠢᠨ ᠲᠦᠷᠢᠶᠡᠰᠦᠨ ᠭᠠᠵᠠᠷ ᠲᠤ ᠬᠤᠷᠠᠯᠳᠤᠵᠤ᠂ ᠬᠠᠮᠤᠭ ᠰᠡᠭᠦᠯᠴᠢ ᠶᠢᠨ ᠡᠳᠦᠷ ᠨᠢ ᠵᠧᠵᠢᠶᠠᠩ ᠤᠨ ᠵᠢᠶᠠ ᠰᠢᠩ ᠤᠨ ᠨᠠᠨ ᠬᠤ᠋ ᠨᠠᠭᠤᠷ ᠤᠨ ᠵᠤᠭᠠᠴᠠᠯ ᠤᠨ ᠣᠩᠭᠤᠴᠠᠨ ᠳᠡᠭᠡᠷ᠎ᠡ ᠰᠢᠯᠵᠢᠨ ᠬᠤᠷᠠᠯᠳᠤᠪᠠ᠃ ᠶᠡᠭᠡ ᠬᠤᠷᠠᠯ ᠳᠤ 13 ᠲᠥᠯᠥᠭᠡᠯᠡᠭᠴᠢ ᠣᠷᠣᠯᠴᠠᠵᠤ᠂ ᠪᠦᠬᠦ ᠤᠯᠤᠰ ᠤᠨ 50 ᠭᠠᠷᠤᠢ ᠨᠠᠮ ᠤᠨ ᠭᠡᠰᠢᠭᠦᠨ ᠢ ᠲᠥᠯᠥᠭᠡᠯᠡᠵᠡᠢ᠃ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠲᠥᠯᠪᠦᠷᠢ︾᠂ ︽ᠣᠳᠣᠬᠠᠨ ᠤ ᠪᠤᠳᠠᠳᠤ ᠠᠵᠢᠯ  ᠤᠨ ᠲᠤᠬᠠᠶ ᠰᠢᠶᠳᠪᠦᠷᠢ︾ ᠶᠢ ᠪᠠᠲᠤᠯᠠᠵᠤ᠂ ᠨᠠᠮ ᠤᠨ ᠨᠡᠷ᠎ᠡ ᠶᠢ ︽ᠳᠤᠮᠳᠠᠳᠤ ᠤᠯᠤᠰ ᠤᠨ ᠡᠪ ᠬᠠᠮᠲᠤ ᠨᠠᠮ︾ ᠭᠡᠵᠦ ᠲᠤᠭᠲᠠᠭᠠᠨ᠂ ᠨᠠᠮ ᠤᠨ ᠠᠩᠬᠠᠳᠠᠭᠴᠢ ᠲᠥᠪ ᠤᠨ ᠪᠠᠶᠢᠭᠤᠯᠭ᠎ᠠ ᠶᠢ ᠰᠣᠩᠭᠤᠨ ᠭᠠᠷᠭᠠᠪᠠ᠃ ᠠᠩᠬᠠᠳᠤᠭᠠᠷ ᠶᠡᠭᠡ ᠬᠤᠷᠠᠯ ᠬᠤᠷᠠᠯᠳᠤᠭᠰᠠᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠩᠬᠢᠨᠢ ᠪᠠᠷ ᠪᠠᠶᠢᠭᠤᠯᠤᠭᠳᠠᠭᠰᠠᠨ  ᠢ ᠬᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠤᠢ ᠪᠣᠯᠤᠭᠰᠠᠨ ᠠᠴᠠ ᠳᠤᠮᠳᠠᠳᠤ ᠤᠯᠤᠰ ᠤᠨ ᠬᠤᠪᠢᠰᠬᠠᠯ ᠤᠨ ᠳᠦᠷᠰᠦ ᠪᠠᠶᠢᠳᠠᠯ ᠴᠣ ᠰᠢᠨ᠎ᠡ ᠪᠠᠶᠢᠳᠠᠯ ᠲᠠᠢ ᠪᠣᠯᠵᠠᠶ᠃14. ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠶᠠᠳᠤᠭᠠᠷ ᠶᠡᠭᠡ ᠬᠤᠷᠠᠯ 1922 ᠣᠨ ᠤ 7 ᠰᠠᠷ᠎ᠠ ᠶᠢᠨ 16 ᠤ ᠡᠳᠦᠷ ᠠᠴᠠ 23 ᠤ ᠡᠳᠦᠷ ᠪᠣᠯᠲᠠᠯ᠎ᠠ ᠱᠠᠩᠬᠠᠶ ᠶᠢᠨ ᠡᠮᠦᠨᠡᠲᠦ ᠴᠧᠩᠳᠦ ᠵᠠᠮ ᠤᠨ ᠹᠦ᠋ ᠳ᠋ᠧ ᠯᠢ 625 ᠳ᠋ᠤᠭᠠᠷ ᠨᠣᠮᠧᠷᠲᠤ ᠳᠤ ᠬᠤᠷᠠᠯᠳᠤᠪᠠ᠃ ᠶᠡᠭᠡ ᠬᠤᠷᠠᠯ ᠠᠴᠠ ᠳᠤᠮᠳᠠᠳᠤ ᠤᠯᠤᠰ ᠤᠨ ᠨᠡᠶᠢᠭᠡᠮ ᠤᠨ ᠰᠢᠨᠵᠢ ᠴᠢᠨᠠᠷ᠂ ᠳᠤᠮᠳᠠᠳᠤ ᠤᠯᠤᠰ ᠤᠨ ᠬᠤᠪᠢᠰᠬᠠᠯ ᠤᠨ ᠰᠢᠨᠵᠢ ᠴᠢᠨᠠᠷ᠂ ᠬᠤᠪᠢᠰᠬᠠᠯ ᠤᠨ ᠡᠲᠡᠭᠡᠳ ᠂ ᠬᠥᠳᠡᠯᠭᠡᠬᠦ ᠬᠦᠴᠦᠨ ᠪᠠ ᠢᠷᠡᠭᠡᠳᠦᠢ ᠶᠢ ᠵᠥᠪ ᠢᠶᠠᠷ ᠵᠠᠳᠠᠯᠤᠨ ᠰᠢᠨᠵᠢᠯᠡᠭᠡᠳ᠂ ᠳᠤᠮᠳᠠᠳᠤ ᠤᠯᠤᠰ ᠤᠨ ᠬᠤᠪᠢᠰᠬᠠᠯ ᠢ ᠬᠤᠶᠠᠷ ᠠᠯᠬᠤᠮ ᠢᠶᠠᠷ ᠶᠠᠪᠤᠭᠤᠯᠤᠨ᠎ᠠ ᠭᠡᠵᠦ ᠵᠢᠭᠠᠨ ᠭᠠᠷᠭᠠᠵᠤ᠂ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡᠨ ᠳᠡᠭᠡᠷᠡᠬᠢ ᠠᠩᠬᠠᠨ ᠤ ᠡᠵᠡᠷᠬᠡᠭ ᠲᠦᠷᠢᠮᠡᠭᠡᠶᠢᠳᠡᠨ ᠪᠠ ᠹᠸᠤᠳᠠᠯ ᠨᠡᠶᠢᠭᠡᠮ ᠲᠠᠢ ᠲᠤᠶᠢᠯᠪᠤᠷᠢᠲᠠᠢ ᠲᠡᠮᠡᠴᠡᠬᠦ ᠠᠷᠠᠳᠴᠢᠯᠠᠭᠰᠠᠨ ᠬᠤᠪᠢᠰᠬᠠᠯ ᠤᠨ ᠬᠥᠲᠥᠯᠪᠦᠷᠢ ᠶᠢ ᠲᠣᠳᠣᠷᠬᠠᠢ ᠳᠤᠷᠠᠳᠤᠨ ᠭᠠᠷᠭᠠᠭᠠᠳ᠂ ᠳᠤᠮᠳᠠᠳᠤ ᠤᠯᠤᠰ ᠤᠨ ᠡᠯ᠎ᠡ ᠦᠨᠳᠦᠰᠦᠲᠡᠨ  ᠤ ᠠᠷᠠᠳ ᠲᠦᠮᠡᠨ ᠤ ᠬᠤᠪᠢᠰᠬᠠᠯᠲᠤ ᠲᠡᠮᠡᠴᠡᠯ ᠳᠤ ᠳᠤᠳᠤᠷᠬᠠᠢ ᠴᠢᠭᠯᠡᠯ ᠵᠢᠭᠠᠵᠤ ᠥᠭᠭᠦᠭᠰᠡᠨ ᠪᠣᠯᠬᠤᠷ ᠳᠤᠮᠳᠠᠳᠤ ᠤᠯᠤᠰ ᠤᠨ ᠬᠤᠪᠢᠰᠬᠠᠯ ᠳᠤ ᠴᠢᠬᠤᠯᠠ ᠶᠡᠭᠡ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃15. ᠵᠢᠩ ᠬᠠᠨ ᠲᠡᠮᠥᠷ ᠵᠠᠮ ᠤᠨ ᠠᠵᠢᠯᠴᠢᠨ ᠤ ᠠᠵᠢᠯ ᠬᠠᠶᠠᠯᠲᠠᠡᠭᠦᠨ ᠢ ᠪᠠᠰᠠ ︽ᠬᠤᠶᠠᠷ ᠰᠠᠷ᠎ᠠ ᠶᠢᠨ ᠳᠤᠯᠤᠭᠠᠨ ᠤ ᠶᠡᠭᠡ ᠠᠵᠢᠯ ᠬᠠᠶᠠᠯᠲᠠ︾ ᠭᠡᠳᠡᠭ᠃ 1923 ᠣᠨ ᠤ 2 ᠰᠠᠷ᠎ᠠ ᠶᠢᠨ 4 ᠤ ᠡᠳᠦᠷ᠂ ᠵᠢᠩ ᠬᠠᠨ ᠲᠡᠮᠦᠷ ᠵᠠᠮ ᠳᠠᠭᠠᠤ ᠶᠢᠨ ᠭᠤᠷᠪᠠᠨ ᠲᠦᠮᠡ ᠭᠠᠷᠤᠶ ᠠᠵᠢᠯᠴᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠬᠤᠯᠪᠤᠭᠠᠯᠠᠨ ᠠᠵᠢᠯ ᠬᠠᠶᠠᠯᠲᠠ ᠶᠠᠪᠤᠭᠤᠯᠵᠠᠶ᠃ 7 ᠤ ᠡᠳᠦᠷ᠂ ᠡᠦ ᠫᠸᠢ ᠹᠦ᠋ ᠴᠡᠷᠢᠭ ᠲᠣᠮᠢᠯᠠᠨ ᠠᠵᠢᠯ ᠬᠠᠶᠠᠭᠰᠠᠨ ᠠᠵᠢᠯᠴᠢᠳ ᠲᠤ ᠴᠢᠰᠤᠲᠤ ᠳᠠᠷᠤᠩᠭᠤᠶᠢᠯᠠᠯ ᠶᠠᠪᠤᠭᠤᠯᠵᠤ᠂ ᠪᠦᠬᠦ ᠤᠯᠤᠰ ᠤᠨ ᠠᠵᠢᠯᠴᠢᠨ ᠤ ᠬᠥᠳᠡᠯᠭᠡᠭᠡᠨ ᠲᠦᠷ ᠴᠠᠭ ᠪᠠᠭᠤᠷᠠᠯᠲᠠ ᠳᠤ ᠣᠷᠣᠵᠠᠶ᠃ ᠵᠢᠩ ᠬᠠᠨ ᠲᠡᠮᠦᠷ ᠵᠠᠮ ᠤᠨ ᠠᠵᠢᠯᠴᠢᠨ ᠤ ᠶᠡᠭᠡ ᠠᠵᠢᠯ ᠬᠠᠶᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠩᠬᠠᠳᠤᠭᠠᠷ ᠤᠳᠠᠭᠠᠨ ᠤ ᠠᠵᠢᠯᠴᠢᠨ ᠤ ᠬᠥᠳᠡᠯᠭᠡᠭᠡᠨ ᠤ ᠥᠷᠨᠢᠯᠲᠡ ᠶᠢᠨ ᠣᠷᠭᠢᠯ ᠪᠠᠶᠢᠵᠤ᠂ ᠠᠵᠢᠯ ᠬᠠᠶᠠᠯᠲᠠ ᠡᠴᠦᠰ ᠲᠡᠭᠡᠨ ᠢᠯᠠᠭᠳᠠᠯ ᠢᠶᠠᠷ ᠳᠠᠭᠤᠰᠤᠭᠰᠠᠨ ᠪᠣᠯᠪᠠᠴᠤ ᠲᠡᠷᠡ ᠨᠢ ᠳᠤᠮᠳᠠᠳᠤ ᠤᠯᠤᠰ ᠤᠨ ᠠᠵᠢᠯᠴᠢᠨ ᠠᠩᠭᠢ ᠶᠢᠨ ᠬᠦᠴᠦᠨ ᠢ ᠢᠯᠡᠷᠡᠭᠦᠯᠵᠦ᠂ ᠪᠦᠬᠦ ᠤᠯᠤᠰ ᠤᠨ ᠠᠷᠠᠳ ᠲᠦᠮᠡᠨ ᠤ ᠰᠡᠳᠬᠢᠯ ᠳᠠᠬᠢ ᠨᠠᠮ  ᠤᠨ ᠨᠥᠯᠥᠭᠡ ᠶᠢ ᠥᠷᠭᠡᠳᠬᠡᠭᠰᠡᠨ ᠪᠠᠶᠢᠨ᠎ᠠ᠃16. ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠷᠪᠠᠳᠤᠭᠠᠷ ᠶᠡᠭᠡ ᠬᠤᠷᠠᠯ1923 ᠣᠨ ᠤ 6 ᠰᠠᠷ᠎ᠠ ᠶᠢᠨ 12 ᠠᠴᠠ 20 ᠪᠣᠯᠲᠠᠯ᠎ᠠ ᠭᠤᠸᠠᠩᠵᠧᠦ ᠶᠢᠨ ᠳ᠋ᠦᠩ ᠱᠠᠨ ᠤ ᠰᠢᠤᠢ ᠭᠦ᠋ ᠬᠦᠷᠢᠶᠡᠯᠡᠩ ᠤᠨ 31 ᠳ᠋ᠦ᠋ᠭᠡᠷ ︵ᠤᠳᠤ ᠶᠢᠨ ᠰᠢᠤᠢ ᠭᠦ᠋ ᠬᠦᠷᠢᠶᠡᠯᠡᠩ ᠵᠠᠮ ᠤᠨ 3 ᠳ᠋ᠤᠭᠠᠷ︶ ᠨᠣᠮᠧᠷᠲᠤ ᠲᠤ ᠬᠤᠷᠠᠯᠳᠤᠪᠠ᠃ ᠶᠡᠭᠡ ᠬᠤᠷᠠᠯ ᠠᠴᠠ ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠨᠠᠮ ᠤᠨ ᠳᠣᠲᠣᠭᠠᠳᠤ ᠳᠠᠬᠢ ᠭᠤᠮᠢᠨᠳᠠᠩ ᠪᠠ ᠡᠪ ᠬᠠᠮᠲᠤ ᠨᠠᠮ ᠤᠨ ᠬᠠᠮᠲᠤᠷᠠᠨ ᠠᠵᠢᠯᠯᠠᠬᠤ ᠠᠰᠠᠭᠤᠳᠠᠯ ᠳᠡᠭᠡᠷ᠎ᠡ ᠣᠷᠣᠰᠢᠵᠤ ᠪᠠᠶᠢᠭᠰᠠᠨ ᠴᠢᠬᠤᠯᠠ ᠶᠡᠭᠡ ᠵᠥᠷᠢᠯᠳᠦᠭᠡᠨ ᠢ ᠵᠥᠪ ᠢᠶᠠᠷ ᠰᠢᠶᠳᠪᠦᠷᠢᠯᠡᠵᠦ᠂ ᠪᠦᠬᠦ ᠨᠠᠮ ᠤᠨ ᠲᠠᠨᠢᠯᠲᠠ ᠶᠢ ᠨᠢᠭᠡᠳᠬᠡᠵᠦ᠂ ᠡᠪ ᠬᠠᠮᠲᠤ ᠨᠠᠮ ᠤᠨ ᠭᠡᠰᠢᠭᠦᠨ ᠬᠤᠪᠢ ᠬᠥᠮᠦᠨ ᠤ ᠨᠡᠷ᠎ᠡ ᠪᠠᠷ ᠭᠤᠮᠢᠨᠳᠠᠩ ᠳᠤ ᠣᠷᠣᠵᠤ᠂ ᠭᠤᠮᠢᠨᠳᠠᠩ ᠲᠠᠢ ᠨᠠᠮ ᠤᠨ ᠳᠣᠲᠣᠭᠠᠳᠤ ᠳᠤ ᠬᠠᠮᠲᠤᠷᠠᠨ ᠠᠵᠢᠯᠯᠠᠬᠤ ᠠᠷᠭ᠎ᠠ ᠪᠤᠳᠤᠯᠭ᠎ᠠ ᠶᠢᠨ ᠴᠢᠭᠯᠡᠯᠲᠡ ᠶᠢ ᠵᠢᠩᠬᠢᠨᠢ ᠪᠠᠷ ᠲᠣᠭᠲᠠᠭᠠᠵᠤ᠂ ᠬᠤᠯᠪᠤᠭᠠᠯᠠᠵᠤ ᠪᠣᠯᠬᠤ ᠠᠯᠢᠪᠠ ᠬᠦᠴᠦᠨ ᠲᠠᠢ ᠬᠤᠯᠪᠤᠭᠠᠯᠠᠨ᠂ ᠡᠵᠡᠷᠬᠡᠭ ᠲᠦᠷᠢᠮᠡᠬᠡᠶ ᠶᠣᠰᠣ ᠪᠠ ᠹᠸᠤᠳᠠᠯ ᠶᠣᠰᠣ  ᠶᠢ ᠡᠰᠡᠷᠭᠦᠴᠡᠬᠦ ᠠᠷᠠᠳᠴᠢᠯᠠᠭᠰᠠᠨ ᠬᠤᠪᠢᠰᠬᠠᠯ ᠤᠨ ᠡᠭᠦᠷᠭᠡ ᠶᠢ ᠬᠠᠮᠲᠤ ᠪᠠᠷ ᠪᠡᠶᠡᠯᠡᠭᠦᠯᠬᠦ ᠪᠠᠷ ᠪᠣᠯᠪᠠ᠃17. ᠢᠷᠭᠡᠨ ᠤ ᠬᠤᠪᠢᠰᠬᠠᠯᠪᠠᠰᠠ ᠶᠡᠭᠡ ᠬᠤᠪᠢᠰᠬᠠᠯ ᠭᠡᠳᠡᠭ᠂ ᠨᠢᠭᠡᠳᠦᠭᠡᠷ ᠤᠳᠠᠭᠠᠨ ᠤ ᠤᠯᠤᠰ ᠤᠨ ᠳᠣᠲᠣᠭᠠᠳᠤ ᠶᠢᠨ ᠬᠤᠪᠢᠰᠬᠠᠯᠲᠤ ᠳᠠᠶᠢᠨ ᠪᠣᠯ 1924 ᠣᠨ ᠤ 1 ᠰᠠᠷ᠎ᠠ ᠠᠴᠠ 1927 ᠣᠨ ᠤ 7 ᠰᠠᠷ᠎ᠠ ᠪᠣᠯᠲᠠᠯᠠᠬᠢ ᠳᠤᠮᠳᠠᠳᠤ ᠤᠯᠤᠰ ᠤᠨ ᠠᠷᠠᠳ ᠲᠦᠮᠡᠨ ᠤ ᠳᠤᠮᠳᠠᠳᠤ ᠤᠯᠤᠰ ᠤᠨ ᠭᠤᠮᠢᠨᠳᠠᠩ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠲᠤ ᠶᠢᠨ ᠤᠳᠤᠷᠢᠳᠤᠯᠭ᠎ᠠ ᠳᠣᠣᠷ᠎ᠠ ᠬᠢᠭᠰᠡᠨ ᠡᠵᠡᠷᠬᠡᠭ ᠲᠦᠷᠢᠮᠡᠬᠡᠶᠢᠲᠡᠨ᠂ ᠤᠮᠠᠷᠠᠲᠤ ᠶᠢᠨ ᠴᠡᠷᠢᠭ ᠤᠨ ᠡᠷᠬᠡᠲᠡᠨ ᠢ ᠡᠰᠡᠷᠭᠦᠴᠡᠭᠰᠡᠨ ᠳᠠᠶᠢᠨ ᠪᠣᠯᠤᠨ᠎ᠠ᠃ 1924 ᠣᠨ ᠤ 1 ᠰᠠᠷ᠎ᠠ ᠳᠤ᠂ ᠳᠤᠮᠳᠠᠳᠤ ᠤᠯᠤᠰ ᠤᠨ ᠭᠤᠮᠢᠨᠳᠠᠩ ᠤᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠭᠤᠸᠠᠩᠵᠧᠦ ᠳᠤ ᠬᠤᠷᠠᠯᠳᠤᠵᠤ᠂ ᠭᠤᠮᠢᠨᠳᠠᠩ ᠡᠪ ᠬᠠᠮᠲᠤ ᠨᠠᠮ ᠬᠠᠮᠲᠤᠷᠠᠨ ᠠᠵᠢᠯᠯᠠᠬᠤ ᠪᠠᠷ ᠰᠠᠭᠤᠷᠢ ᠪᠣᠯᠭᠠᠭᠰᠠᠨ ᠢᠷᠭᠡᠨ ᠤ ᠬᠤᠪᠢᠰᠬᠠᠯ ᠥᠷᠨᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠳᠡᠪᠬᠢᠲᠡᠢ ᠤᠷᠤᠯᠴᠠᠯᠭ᠎ᠠ ᠪᠠ ᠴᠢᠷᠮᠠᠶᠢᠯᠭ᠎ᠠ ᠪᠠᠷ ᠶᠡᠭᠡ ᠬᠤᠪᠢᠰᠬᠠᠯ ᠤᠨ ᠰᠢᠭᠤᠷᠭ᠎ᠠ ᠦᠳᠲᠡᠷ ᠲᠦᠷᠭᠡᠨ ᠢᠶᠠᠷ ᠪᠦᠬᠦ ᠤᠯᠤᠰ ᠢ ᠬᠠᠮᠤᠷᠤᠭᠰᠠᠨ ᠪᠠᠶᠢᠨ᠎ᠠ᠃ 1927 ᠣᠨ ᠳᠤ ᠵᠢᠶᠠᠩ ᠵᠢᠶᠧ ᠱᠢ ᠪᠣᠯᠤᠨ ᠸᠠᠩ ᠵᠢᠩ ᠸᠧᠶ ᠠᠴᠠ ︽ᠡᠪ ᠬᠠᠮᠲᠤ ᠨᠠᠮ ᠢ ᠤᠰᠠᠳᠬᠠᠬᠤ︾ ᠪᠣᠳᠤᠯᠭ᠎ᠠ ᠬᠡᠷᠡᠭᠵᠢᠭᠦᠯᠵᠦ᠂ ᠭᠤᠮᠢᠨᠳᠠᠩ ᠪᠠ ᠡᠪ ᠬᠠᠮᠲᠤ ᠨᠠᠮ ᠤᠨ ᠬᠠᠮᠲᠤᠷᠠᠯᠴᠠᠭ᠎ᠠ ᠡᠪᠳᠡᠷᠡᠵᠡᠶ᠃18. ᠬᠤᠸᠠᠩᠫᠦ᠋ ᠶᠢᠨ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨᠵᠦᠪᠯᠡᠯᠳᠦ ᠬᠤᠯᠪᠣᠭᠠᠲᠤ ᠤᠯᠤᠰ ᠤᠨ ᠬᠠᠪᠰᠤᠷᠤᠯᠭ᠎ᠠ ᠳᠣᠣᠷ᠎ᠠ᠂ ᠭᠤᠮᠢᠨᠳᠠᠩ ᠪᠠ ᠡᠪ ᠬᠠᠮᠲᠤ ᠨᠠᠮ ᠤᠨ ᠬᠠᠮᠲᠤᠷᠠᠨ ᠪᠠᠶᠢᠭᠤᠯᠤᠭᠰᠠᠨ ᠭᠤᠮᠢᠨᠳᠠᠩ ᠤᠨ ᠬᠠᠭᠤᠷᠠᠢ ᠵᠠᠮ ᠤᠨ ᠴᠡᠷᠢᠭ ᠤᠨ ᠨᠣᠶᠠᠳ ᠤᠨ ᠰᠤᠷᠭᠠᠭᠤᠯᠢ 1924 ᠣᠨ ᠤ 5 ᠰᠠᠷ᠎ᠠ ᠳᠤ ᠭᠤᠸᠠᠩᠵᠧᠦ ᠶᠢᠨ ᠬᠤᠸᠠᠩᠫᠦ᠋ ᠳᠤ ᠪᠠᠶᠢᠭᠤᠯᠤᠭᠳᠠᠪᠠ᠃ ᠰᠦᠨ ᠵᠦᠩ ᠱᠠᠨ ᠴᠡᠷᠢᠭ ᠤᠨ ᠰᠤᠷᠭᠠᠭᠤᠯᠢ  ᠶᠢᠨ ᠶᠡᠷᠦᠩᠬᠡᠢ ᠰᠠᠶᠢᠳ ᠪᠤᠯᠵᠤ᠂ ᠵᠢᠶᠠᠩ ᠵᠢᠶ᠋ᠧ ᠱᠢ ᠶᠢ ᠰᠤᠷᠭᠠᠭᠤᠯᠢ ᠶᠢᠨ ᠳᠠᠷᠤᠭ᠎ᠠ ᠪᠠᠷ᠂ ᠯᠢᠶᠣᠤ ᠵᠦᠩ ᠺᠠᠢ ᠶᠢ ᠨᠠᠮ ᠤᠨ ᠲᠥᠯᠥᠭᠡᠯᠡᠭᠴᠢ ᠪᠠᠷ ᠲᠣᠮᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠡᠯ᠎ᠡ ᠭᠠᠵᠠᠷ ᠠᠴᠠ ᠮᠠᠰᠢ ᠤᠯᠠᠨ ᠨᠠᠮ ᠡᠪᠯᠡᠯ ᠤᠨ ᠭᠡᠰᠢᠭᠦᠨ ᠪᠠ ᠬᠤᠪᠢᠰᠬᠠᠯᠲᠤ ᠵᠠᠯᠠᠭᠤᠴᠤᠳ ᠢ ᠰᠣᠩᠭᠤᠨ ᠲᠣᠮᠢᠯᠠᠵᠤ ᠴᠡᠷᠢᠭ ᠤᠨ ᠰᠤᠷᠭᠠᠭᠤᠯᠢ ᠳᠤ ᠰᠤᠷᠤᠯᠴᠠᠭᠤᠯᠪᠠ᠃ 11 ᠰᠠᠷ᠎ᠠ ᠳᠤ᠂ ᠵᠧᠦ ᠧᠨ ᠯᠠᠢ ᠴᠡᠷᠢᠭ ᠤᠨ ᠰᠤᠷᠭᠠᠭᠤᠯᠢ ᠶᠢᠨ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠤᠯᠤᠰ ᠲᠦᠷᠦ ᠶᠢᠨ ᠠᠵᠢᠯ ᠤᠨ ᠲᠦᠷᠢᠮ  ᠢ ᠪᠦᠷᠢᠨᠰᠢᠬᠦᠯᠪᠡ᠃19. ᠳᠤᠮᠳᠠᠳᠤ ᠤᠯᠤᠰ ᠤᠨ ᠡᠪ ᠬᠠᠮᠲᠤ ᠨᠠᠮ ᠤᠨ ᠳᠥᠷᠪᠡᠳᠦᠭᠡᠷ ᠶᠡᠭᠡ ᠬᠤᠷᠠᠯ1925 ᠣᠨ ᠤ 1 ᠰᠠᠷ᠎ᠠ ᠶᠢᠨ 11 ᠠᠴᠠ 22 ᠪᠣᠯᠲᠠᠯ᠎ᠠ ᠱᠠᠩᠬᠠᠢ ᠳᠤ ᠬᠤᠷᠠᠯᠳᠤᠪᠠ᠃ ᠶᠡᠭᠡ ᠬᠤᠷᠠᠯ ᠠᠴᠠ ︽ᠦᠨᠳᠦᠰᠦᠲᠡᠨ ᠤ ᠬᠤᠪᠢᠰᠬᠠᠯᠲᠤ ᠬᠥᠳᠡᠯᠭᠡᠭᠡᠨ ᠤ ᠲᠤᠬᠠᠶ ᠰᠢᠶᠳᠪᠦᠷᠢ ᠶᠢᠨ ᠲᠥᠰᠦᠯ︾ ᠵᠡᠷᠭᠡ 11 ᠰᠢᠶᠳᠪᠦᠷᠢ  ᠶᠢ ᠪᠠᠲᠤᠯᠠᠪᠠ᠃ ᠦᠭᠡᠶᠢᠭᠦᠦ ᠠᠩᠭᠢ ᠶᠢᠨ ᠠᠷᠠᠳᠴᠢᠯᠠᠭᠰᠠᠨ ᠬᠤᠪᠢᠰᠬᠠᠯ ᠳᠠᠬᠢ ᠤᠳᠤᠷᠢᠳᠬᠤ ᠡᠷᠬᠡ ᠪᠠ ᠠᠵᠢᠯᠴᠢᠨ ᠲᠠᠷᠢᠶᠠᠴᠢᠨ ᠤ ᠬᠤᠯᠪᠣᠭᠠᠨ ᠤ ᠠᠰᠠᠭᠤᠳᠠᠯ ᠢ ᠠᠩᠬ᠎ᠠ ᠤᠳᠠᠭ᠎ᠠ ᠲᠣᠳᠣᠷᠬᠠᠢ ᠳᠤᠷᠠᠳᠴᠠᠢ᠃ ᠨᠠᠮ ᠤᠨ ᠳᠥᠷᠪᠡᠳᠦᠭᠡᠷ ᠶᠡᠭᠡ ᠬᠤᠷᠠᠯ ᠠᠴᠠ ᠭᠠᠷᠭᠠᠭᠰᠠᠨ ᠡᠯ᠎ᠡ ᠵᠦᠢᠯ ᠤᠨ ᠵᠥᠪ ᠰᠢᠶᠳᠪᠦᠷᠢᠲᠦ ᠪᠤᠳᠤᠯᠭ᠎ᠠ ᠨᠢ ᠶᠡᠭᠡ ᠬᠤᠪᠢᠰᠬᠠᠯ ᠤᠨ ᠥᠷᠨᠢᠯᠲᠡ ᠶᠢᠨ ᠬᠦᠷᠴᠦ ᠢᠷᠡᠬᠦ ᠳᠤ ᠤᠯᠤᠰ ᠲᠦᠷᠦ᠂ ᠦᠵᠡᠯ ᠰᠠᠨᠠᠭ᠎ᠠ ᠪᠣᠯᠤᠨ ᠵᠣᠬᠢᠶᠠᠨ ᠪᠠᠶᠢᠭᠤᠯᠤᠯᠲᠠ ᠶᠢᠨ ᠪᠡᠯᠡᠳᠭᠡᠯ ᠬᠠᠩᠭᠠᠵᠠᠢ᠃ ᠡᠭᠦᠨ ᠠᠴᠠ ᠬᠤᠶᠢᠰᠢ᠂ ᠪᠦᠬᠦ ᠤᠯᠤᠰ ᠤᠨ ᠬᠤᠪᠢᠰᠬᠠᠯ ᠦᠳᠲᠡᠷ ᠲᠦᠷᠭᠡᠨ ᠬᠥᠭᠵᠢᠵᠦ᠂ ᠠᠵᠢᠯᠴᠢᠨ ᠤ ᠬᠥᠳᠡᠯᠭᠡᠭᠡᠨ ᠪᠠ ᠲᠠᠷᠢᠶᠠᠴᠢᠨ ᠤ ᠬᠥᠳᠡᠯᠭᠡᠭᠡᠨ ᠰᠦᠷ ᠳᠠᠯᠠᠶᠢᠴᠠᠲᠠᠶ ᠶᠠᠪᠤᠭᠳᠠᠨ᠂ ᠶᠡᠭᠡ ᠬᠤᠪᠢᠰᠬᠠᠯ ᠤᠨ ᠥᠷᠨᠢᠯᠲᠡ ᠬᠦᠷᠴᠦ ᠢᠷᠡᠪᠡ᠃20. ᠲᠠᠪᠤᠨ ᠰᠠᠷ᠎ᠠ ᠶᠢᠨ ᠭᠤᠴᠢᠨ ᠤ ᠬᠥᠳᠡᠯᠭᠡᠭᠡᠨ1925 ᠣᠨ ᠤ 5 ᠰᠠᠷ᠎ᠠ ᠶᠢᠨ 30 ᠤ ᠡᠳᠦᠷ᠂ ᠠᠩᠭ᠍ᠯᠢ ᠶᠢᠨ ᠡᠵᠡᠷᠬᠡᠭ ᠲᠦᠷᠢᠮᠡᠭᠡᠶᠢᠳᠡᠨ ᠱᠠᠩᠬᠠᠢ ᠳᠤ ᠵᠡᠪᠰᠡᠭ ᠬᠥᠳᠡᠯᠭᠡᠵᠦ ᠰᠦᠷᠲᠦ ᠵᠢᠭᠰᠠᠭᠠᠯ ᠶᠠᠪᠤᠭᠤᠯᠤᠭᠰᠠᠨ ᠰᠤᠷᠤᠭᠴᠢᠳ ᠪᠠ ᠤᠯᠠᠨ ᠲᠦᠮᠡᠨ ᠢ ᠬᠢᠳᠤᠨ ᠠᠯᠠᠵᠤ᠂ ᠪᠦᠬᠦ ᠤᠯᠤᠰ ᠢ ᠳᠣᠩᠰᠣᠯᠭᠠᠭᠰᠠᠨ ᠲᠠᠪᠤᠨ ᠰᠠᠷ᠎ᠠ ᠶᠢᠨ ᠭᠤᠴᠢᠨ ᠤ ᠬᠠᠷᠠᠰᠠᠯᠳᠤ ᠬᠡᠷᠡᠭ ᠢ ᠡᠭᠦᠰᠭᠡᠪᠡ᠃ ᠡᠨᠡ ᠬᠡᠷᠡᠭ ᠨᠢ ᠪᠦᠬᠦ ᠤᠯᠤᠰ ᠤᠨ ᠠᠷᠠᠳ ᠲᠦᠮᠡᠨ ᠤ ᠨᠡᠶᠢᠲᠡ ᠶᠢᠨ ᠬᠤᠷᠣᠰᠤᠯ ᠢ ᠳᠡᠭᠳᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠤᠨ ᠬᠢᠨ ᠰᠦᠷᠲᠦ ᠵᠢᠭᠰᠠᠭᠠᠯ ᠶᠠᠪᠤᠭᠤᠯᠤᠨ᠂ ᠠᠵᠢᠯ ᠬᠠᠶᠠᠯᠲᠠ᠂ ᠬᠢᠴᠢᠶᠡᠯ ᠬᠠᠶᠠᠯᠲᠠ ᠥᠷᠨᠢᠭᠦᠯᠵᠦ᠂ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠨ ᠤᠯᠤᠰ ᠢᠶᠠᠨ ᠬᠠᠶᠢᠷᠠᠯᠠᠬᠤ ᠶᠡᠭᠡ ᠬᠡᠪᠴᠢᠶᠡᠨ ᠤ ᠬᠥᠳᠡᠯᠭᠡᠭᠡᠨ ᠪᠣᠯᠤᠭᠰᠠᠨ ᠪᠠᠶᠢᠨ᠎ᠠ᠃ ᠲᠠᠪᠤᠨ ᠰᠠᠷ᠎ᠠ ᠶᠢᠨ ᠭᠤᠴᠢᠨ ᠤ ᠬᠥᠳᠡᠯᠭᠡᠭᠡᠨ ᠡᠭᠦᠰᠦᠭᠰᠡᠨ ᠨᠢ ᠶᠡᠭᠡ ᠬᠤᠪᠢᠰᠬᠠᠯ ᠤᠨ ᠥᠷᠨᠢᠯᠲᠡ ᠬᠦᠷᠴᠦ ᠢᠷᠡᠭᠰᠡᠨ ᠢ ᠬᠠᠷᠠᠭᠤᠯᠤᠨ᠂ ᠤᠮᠠᠷᠠᠰᠢ ᠳᠠᠶᠢᠯᠠᠬᠤ ᠲᠠᠶᠢᠨ ᠳᠤ ᠤᠯᠠᠨ ᠲᠥᠮᠡᠨᠴᠢ ᠰᠠᠭᠤᠷᠢ ᠬᠠᠩᠭᠠᠭᠰᠠᠨ ᠪᠠᠶᠢᠨ᠎ᠠ᠃21. ᠭᠤᠸᠠᠩᠵᠧᠦ ᠰᠢᠶᠠᠩᠭᠠᠩ ᠤᠨ ᠶᠡᠭᠡ ᠠᠵᠢᠯ ᠬᠠᠶᠠᠯᠲᠠ1925 ᠣᠨ ᠤ 6 ᠰᠠᠷ᠎ᠠ ᠶᠢᠨ 19 ᠳᠤ᠂ ᠱᠠᠩᠬᠠᠢ ᠶᠢᠨ ᠠᠷᠠᠳ ᠲᠦᠮᠡᠨ ᠤ ᠲᠠᠪᠤᠨ ᠰᠠᠷ᠎ᠠ ᠶᠢᠨ ᠭᠤᠴᠢᠨ ᠤ ᠡᠵᠡᠷᠬᠡᠭ ᠲᠦᠷᠢᠮᠡᠭᠡᠶᠢᠳᠡᠨ ᠢ ᠡᠰᠡᠷᠭᠦᠴᠡᠬᠦ ᠡᠭᠡ ᠣᠷᠣᠨᠴᠢ ᠬᠥᠳᠡᠯᠭᠡᠭᠡᠨ ᠢ ᠳᠡᠮᠵᠢᠬᠦ ᠶᠢᠨ ᠲᠥᠯᠥᠭᠡ᠂ ᠭᠤᠸᠠᠩᠵᠧᠦ ᠪᠣᠯᠤᠨ ᠰᠢᠶᠠᠩᠭᠠᠩ ᠳᠤ ᠯᠤᠲᠤ ᠶᠡᠭᠡ ᠬᠡᠪᠴᠢᠶᠡᠨ ᠤ ᠠᠵᠢᠯ ᠬᠠᠶᠠᠯᠲᠠ ᠡᠭᠦᠰᠪᠡ᠃ ᠲᠤᠰ ᠤᠳᠠᠭ᠎ᠠ ᠶᠢᠨ ᠠᠵᠢᠯ ᠬᠠᠶᠠᠯᠲᠠ ᠶᠢ ᠡᠪ ᠬᠠᠮᠲᠤ ᠨᠠᠮ ᠤᠨ ᠭᠡᠰᠢᠭᠦᠨ ᠳ᠋ᠧᠩ ᠵᠦᠩ ᠰᠢᠶᠠ ᠵᠢᠴᠢ ᠰᠤ᠋ ᠵᠤᠤ ᠵᠧᠩ ᠤᠳᠤᠷᠢᠳᠴᠤ᠂ 1 ᠵᠢᠯ  ᠤᠨ ᠭᠠᠳᠠᠨ᠎ᠠ 4 ᠰᠠᠷ᠎ᠠ ᠦᠷᠭᠦᠯᠵᠢᠯᠡᠨ᠂ ᠳᠡᠯᠡᠬᠡᠢ ᠶᠢᠨ ᠠᠵᠢᠯᠴᠢᠨ ᠤ ᠬᠥᠳᠡᠯᠭᠡᠭᠡᠨ ᠤ ᠲᠡᠦᠬᠡᠨ ᠳᠡᠭᠡᠷᠡᠬᠢ ᠬᠠᠮᠤᠭ  ᠤᠨ ᠤᠷᠳᠤ ᠬᠤᠭᠤᠴᠠᠭᠠᠨ ᠤ ᠠᠵᠢᠯ ᠬᠠᠶᠠᠯᠲᠠ ᠶᠢᠨ ᠨᠢᠭᠡ ᠪᠣᠯᠵᠠᠢ᠃ ᠭᠤᠸᠠᠩᠵᠸᠦ ᠰᠢᠶᠠᠩᠭᠠᠩ ᠤᠨ ᠶᠡᠭᠡ ᠠᠵᠢᠯ ᠬᠠᠶᠠᠯᠲᠠ ᠨᠢ ᠤᠯᠤᠰ ᠲᠥᠷᠥ ᠪᠠ ᠠᠵᠤ ᠠᠬᠤᠶ ᠶᠢᠨ ᠲᠠᠯ᠎ᠠ ᠪᠠᠷ ᠠᠩᠭ᠍ᠯᠢ ᠶᠢᠨ ᠡᠵᠡᠷᠬᠡᠭ ᠲᠦᠷᠢᠮᠡᠬᠡᠶᠢᠲᠡᠨ ᠳᠤ ᠬᠦᠨᠳᠦ ᠴᠣᠬᠢᠯᠲᠠ ᠥᠭᠴᠦ᠂ ᠭᠤᠸᠠᠩᠳᠦ᠋ᠩ ᠤᠨ ᠬᠤᠪᠢᠰᠬᠠᠯ ᠤᠨ ᠰᠠᠭᠤᠷᠢᠨ ᠭᠠᠵᠠᠷ ᠢ ᠪᠠᠬᠢᠵᠢᠭᠦᠯᠬᠦ ᠪᠠ ᠤᠮᠠᠷᠠᠰᠢ ᠳᠠᠶᠢᠯᠠᠬᠤ ᠳᠠᠶᠢᠨ ᠢ ᠪᠡᠯᠡᠳᠬᠡᠬᠦ ᠳᠤ ᠢᠳᠡᠪᠬᠢᠲᠡᠶ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃22. ︽ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠶᠢᠨ ᠲᠤᠬᠠᠢ ᠵᠠᠳᠠᠯᠤᠯᠲᠠ︾ ᠶᠢ ᠨᠡᠶᠢᠲᠡᠯᠡᠭᠰᠡᠨ ᠨᠢᠮᠠᠤ ᠽᠧ ᠳ᠋ᠦᠩ ︽ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠶᠢᠨ ᠲᠤᠬᠠᠢ ᠵᠠᠳᠠᠯᠤᠯᠲᠠ︾  ᠳᠠᠭᠠᠨ ᠮᠠᠷᠺᠰ ᠤᠨ ᠦᠵᠡᠯ ᠤᠨ ᠠᠩᠬᠢ ᠳᠠᠪᠬᠤᠷᠭ᠎ᠠ ᠶᠢᠨ ᠵᠠᠳᠠᠯᠤᠯᠲᠠ ᠶᠢᠨ ᠠᠷᠭ᠎ᠠ ᠪᠠᠷ ᠳᠤᠮᠳᠠᠳᠤ ᠤᠯᠤᠰ ᠤᠨ ᠨᠡᠶᠢᠭᠡᠮ ᠤᠨ ᠡᠯ᠎ᠡ ᠠᠩᠬᠢ ᠳᠠᠪᠬᠤᠷᠭ᠎ᠠ ᠳᠤ ᠵᠠᠳᠠᠯᠤᠯᠲᠠ ᠬᠢᠵᠦ᠂ ᠳᠤᠮᠳᠠᠳᠤ ᠤᠯᠤᠰ ᠤᠨ ᠬᠤᠪᠢᠰᠬᠠᠯ ᠤᠨ ᠳᠠᠶᠢᠰᠤᠨ ᠪᠠ ᠠᠨᠳᠠ ᠶᠢ ᠢᠯᠭᠠᠨ ᠲᠠᠨᠢᠵᠤ᠂ ᠲᠤᠬᠠᠶ ᠶᠢᠨ ᠦᠶ᠎ᠡ ᠶᠢᠨ ᠨᠠᠮ ᠤᠨ ᠳᠣᠲᠣᠭᠠᠳᠤ ᠶᠢᠨ ᠵᠥᠪ ᠵᠣᠷᠢᠯᠲᠠ ᠶᠢ ᠲᠥᠪᠯᠡᠷᠡᠭᠦᠯᠦᠨ᠂ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠲᠤᠬᠠᠶ ᠦᠨᠳᠦᠰᠦᠨ ᠦᠵᠡᠯ ᠰᠠᠨᠠᠭ᠎ᠠ ᠶᠢ ᠠᠩᠬ᠎ᠠ ᠠᠯᠬᠤᠮ ᠳᠤᠷᠠᠳᠴᠤ᠂ ᠨᠠᠮ ᠤᠨ ᠳᠤᠮᠳᠠᠳᠤ ᠤᠯᠤᠰ ᠤᠨ ᠰᠢᠨ᠎ᠡ ᠠᠷᠠᠳᠴᠢᠯᠠᠭᠰᠠᠨ ᠬᠤᠪᠢᠰᠬᠠᠯ ᠢ ᠤᠳᠤᠷᠢᠳᠬᠤ ᠦᠢᠯᠡᠳᠦᠯᠭᠡ ᠳᠤ ᠤᠨᠤᠯ ᠤᠨ ᠵᠢᠯᠤᠭᠤᠳᠤᠯᠭ᠎ᠠ ᠬᠠᠩᠭᠠᠵᠠᠶ᠃ ᠡᠨᠡ  ᠨᠢ ᠮᠠᠤ ᠽᠧ ᠳ᠋ᠦᠩ ᠤᠨ ᠦᠵᠡᠯ ᠰᠠᠨᠠᠭᠠᠨ ᠤ ᠰᠣᠶᠣᠭᠠᠯᠠᠯ ᠢ ᠬᠠᠷᠠᠭᠤᠯᠵᠤ ᠪᠠᠶᠢᠨ᠎ᠠ᠃23. ᠵᠦᠩ ᠱᠠᠨ ᠬᠥᠯᠭᠡ ᠣᠩᠭᠤᠴᠠᠨ ᠤ ᠬᠡᠷᠡᠭᠪᠠᠰᠠ ︽ᠭᠤᠷᠪᠠᠨ ᠰᠠᠷ᠎ᠠ ᠶᠢᠨ ᠬᠤᠷᠢᠨ ᠤ ᠬᠡᠷᠡᠭ︾ ᠭᠡᠳᠡᠭ᠃ 1926 ᠣᠨ ᠤ 3 ᠰᠠᠷ᠎ᠠ ᠶᠢᠨ 20 ᠤ ᠡᠳᠦᠷ ᠵᠢᠶᠠᠩ ᠵᠢᠶᠧ ᠱᠢ ᠴᠡᠷᠢᠭ ᠳᠠᠶᠢᠴᠢᠯᠠᠨ ᠴᠢᠩᠭ᠎ᠠ ᠰᠡᠷᠭᠡᠶᠢᠯᠡᠯᠲᠡ ᠬᠢᠬᠦ ᠪᠠᠷ ᠲᠤᠩᠬᠠᠭᠯᠠᠵᠤ᠂ ᠭᠤᠸᠠᠩᠵᠧᠦ ᠶᠢᠨ ᠳᠣᠲᠣᠭᠠᠳᠤ ᠭᠠᠳᠠᠭᠠᠳᠤ ᠶᠢᠨ ᠵᠠᠮ ᠬᠠᠷᠢᠯᠴᠠᠭ᠎ᠠ ᠶᠢ ᠲᠡᠰᠦᠯᠵᠡᠶ᠃ ᠯᠢ ᡁᠢ ᠯᠦᠩ ᠢ ᠪᠠᠷᠢᠪᠴᠢᠯᠠᠨ᠂ ᠵᠥᠩ ᠱᠠᠨ ᠣᠩᠭᠤᠴᠠ ᠪᠣᠯᠤᠨ ᠪᠤᠰᠤᠳ ᠣᠩᠭᠤᠴᠠ ᠶᠢ ᠬᠤᠷᠢᠶᠠᠨ ᠠᠪᠤᠪᠠ᠃ ᠭᠤᠸᠠᠩᠵᠸᠦ ᠰᠢᠶᠠᠩᠭᠠᠩ ᠤᠨ ᠠᠵᠢᠯ ᠬᠠᠶᠠᠯᠲᠠ ᠶᠢᠨ ᠵᠥᠪᠯᠡᠯ ᠢ ᠪᠦᠰᠡᠯᠡᠵᠦ᠂ ᠰᠡᠷᠭᠡᠶᠢᠯᠡᠨ ᠬᠠᠮᠠᠭᠠᠯᠠᠬᠤ ᠠᠩᠭᠢ ᠶᠢᠨ ᠬᠢᠨᠢ ᠫᠤᠤ ᠵᠡᠪᠰᠡᠭ ᠢ ᠬᠤᠷᠢᠶᠠᠨ ᠠᠪᠴᠠᠢ᠃ ᠭᠤᠸᠠᠩᠵᠧᠦ ᠶᠢᠨ ᠳ᠋ᠦᠩ ᠱᠠᠨ ᠤ ᠵᠥᠪᠯᠡᠯᠲᠦ ᠶᠢᠨ ᠵᠥᠪᠯᠡᠭᠴᠢ ᠶᠢᠨ ᠭᠠᠵᠠᠷ ᠢ ᠪᠦᠰᠡᠯᠡᠪᠡ᠃ ᠬᠤᠸᠠᠩᠫᠦ᠋ ᠶᠢᠨ ᠴᠡᠷᠢᠭ ᠤᠨ ᠰᠤᠷᠭᠠᠭᠤᠯᠢ ᠪᠠ ᠢᠷᠭᠡᠨ ᠤ ᠬᠤᠪᠢᠰᠬᠠᠯᠲᠤ ᠴᠡᠷᠢᠭ ᠤᠨ ᠳᠣᠲᠣᠷᠠᠬᠢ ᠵᠧᠦ ᠡᠸ᠋ᠨ ᠯᠠᠢ ᠵᠡᠷᠭᠡ ᠬᠦᠮᠦᠰ ᠢᠶᠠᠷ ᠲᠡᠷᠢᠭᠦᠯᠡᠭᠰᠡᠨ ᠡᠪ ᠬᠠᠮᠲᠤ ᠨᠠᠮ ᠤᠨ ᠭᠡᠰᠢᠭᠦᠨ ᠢ ᠬᠥᠭᠡᠭᠡᠨ ᠭᠠᠷᠭᠠᠪᠠ᠃ ᠵᠥᠩ ᠱᠠᠨ ᠬᠥᠯᠭᠡ ᠣᠩᠭᠤᠴᠠᠨ ᠤ ᠬᠡᠷᠡᠭ ᠪᠣᠯ ᠵᠢᠶᠠᠩ ᠵᠢᠶᠧ ᠱᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠵᠣᠷᠢᠭᠤᠳᠠ ᠴᠣᠬᠢᠯᠲᠠ ᠥᠭᠭᠦᠭᠰᠡᠨ ᠪᠠ ᠭᠠᠳᠠᠭᠤᠷᠴᠢᠯᠠᠭᠰᠠᠨ ᠤᠯᠤᠰ ᠲᠥᠷᠥ ᠶᠢᠨ ᠬᠡᠷᠡᠭ ᠪᠣᠯᠤᠨ᠎ᠠ᠂ ᠲᠡᠷᠡ ᠨᠢ ᠭᠤᠮᠢᠨᠳᠠᠩ ᠪᠠ ᠡᠪ ᠬᠠᠮᠲᠤ ᠨᠠᠮ ᠤᠨ ᠬᠠᠷᠢᠴᠠᠭᠠᠨ ᠳᠤ ᠨᠢᠭᠡᠨ ᠡᠷᠭᠢᠯᠲᠡ ᠪᠣᠯᠪᠠ᠃24. ᠤᠮᠠᠷᠠᠰᠢ ᠳᠠᠶᠢᠯᠠᠬᠤ ᠳᠠᠶᠢᠨᠤᠮᠠᠷᠠᠰᠢ ᠳᠠᠶᠢᠯᠠᠬᠤ ᠳᠠᠶᠢᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠷᠠᠳᠤᠭᠰᠠᠨ ︽ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠵᠦ᠂ ᠴᠡᠷᠢᠭ ᠤᠨ ᠡᠷᠬᠡᠲᠡᠨ ᠢ ᠡᠰᠡᠷᠭᠦᠴᠡᠬᠦ︾ ᠤᠷᠢᠶ᠎ᠠ ᠶᠢᠨ ᠳᠣᠣᠷ᠎ᠠ ᠶᠠᠪᠤᠭᠳᠠᠭᠰᠠᠨ ᠶᠤᠮ᠃ ᠤᠮᠠᠷᠠᠰᠢ ᠳᠠᠶᠢᠯᠠᠬᠤ ᠴᠡᠷᠢᠭ ᠤᠨ ᠤᠷᠤᠭᠰᠢᠯᠠᠬᠤ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠳ ᠨᠢ ᠴᠡᠷᠢᠭ ᠠᠩᠬᠢ᠂ ᠤᠯᠤᠰ ᠲᠦᠷᠦ ᠶᠢᠨ ᠠᠵᠢᠯ ᠵᠢᠴᠢ ᠠᠵᠢᠯᠴᠢᠨ ᠲᠠᠷᠢᠶᠠᠴᠢᠨ ᠤᠯᠠᠨ ᠲᠦᠮᠡᠨ ᠢ ᠳᠠᠶᠢᠴᠢᠯᠠᠬᠤ ᠲᠠᠯ᠎ᠠ ᠪᠠᠷ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠤᠮᠠᠷᠠᠰᠢ ᠳᠠᠶᠢᠯᠠᠬᠤ ᠳᠠᠶᠢᠨ ᠳᠠᠭᠤᠰᠤᠭᠰᠠᠨ ᠤ ᠳᠠᠷᠠᠭ᠎ᠠ᠂ ᠳᠤᠮᠳᠠᠳᠤ ᠤᠯᠤᠰ ᠬᠡᠯᠪᠡᠷᠢ ᠳᠡᠭᠡᠷᠡᠬᠢ ᠨᠢᠭᠡᠳᠦᠯ ᠢᠶᠠᠨ ᠪᠡᠶᠡᠯᠡᠭᠦᠯᠵᠡᠶ᠃25. ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ ᠶᠢ ᠨᠡᠶᠢᠲᠡᠯᠡᠭᠰᠡᠨ ᠨᠢ 1927 ᠣᠨ ᠤ 3 ᠰᠠᠷ᠎ᠠ ᠶᠢᠨ 5 ᠤ ᠡᠳᠦᠷ᠂ ᠮᠠᠤ ᠽᠧ ᠳ᠋ᠦᠩ ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ ᠶᠢ ᠨᠡᠶᠢᠲᠡᠯᠡᠪᠡ᠂ ᠲᠤᠰ ᠵᠣᠬᠢᠶᠠᠯ ᠢ ᠲᠤᠬᠠᠶ ᠶᠢᠨ ᠦᠶ᠎ᠡ ᠶᠢᠨ ᠨᠠᠮ ᠤᠨ ᠳᠣᠲᠣᠭᠠᠳᠤ ᠭᠠᠳᠠᠭᠠᠳᠤ ᠶᠢᠨ ᠲᠠᠷᠢᠶᠠᠴᠢᠨ ᠤ ᠬᠤᠪᠢᠰᠬᠠᠯᠲᠤ ᠲᠡᠮᠡᠴᠡᠯ ᠤᠨ ᠲᠤᠬᠠᠶ ᠵᠢᠮᠡᠯᠡᠯ ᠳᠤ ᠬᠠᠷᠢᠭᠤᠯᠲᠠ ᠥᠭᠬᠦ ᠶᠢᠨ ᠲᠥᠯᠥᠭᠡ ᠪᠢᠴᠢᠵᠡᠶ᠃ ︽ᠬᠤᠨᠠᠨ ᠤ ᠲᠠᠷᠢᠶᠠᠴᠢᠨ ᠤ ᠬᠥᠳᠡᠯᠭᠡᠭᠡᠨ ᠢ ᠪᠠᠶᠢᠴᠠᠭᠠᠭᠰᠠᠨ ᠮᠡᠳᠡᠭᠦᠯᠦᠯᠲᠡ︾ ᠪᠣᠯ ᠦᠭᠡᠶᠢᠭᠦᠦ ᠠᠩᠬᠢ ᠵᠢᠴᠢ ᠲᠦᠷᠦ ᠶᠢᠨ ᠨᠠᠮ ᠤᠨ ᠲᠠᠷᠢᠶᠠᠴᠢᠨ ᠤ ᠬᠤᠪᠢᠰᠬᠠᠯᠲᠤ ᠲᠡᠮᠡᠴᠡᠯ ᠢ ᠤᠳᠤᠷᠢᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠠᠶᠢᠵᠤ᠂ ᠡᠳᠡᠭᠡᠷ ᠬᠥᠳᠡᠭᠡ ᠲᠣᠰᠬᠤᠨ ᠤ ᠪᠠᠶᠢᠴᠠᠭᠠᠯᠲᠠ ᠶᠢᠨ ᠪᠣᠳᠠᠲᠠᠢ ᠦᠢᠯᠡᠳᠦᠯᠭᠡ᠂ ᠠᠰᠠᠭᠤᠳᠠᠯ ᠤᠨ ᠰᠣᠩᠭᠤᠯᠲᠠ ᠪᠣᠯᠤᠨ ᠠᠵᠢᠯᠯᠠᠭ᠎ᠠ ᠶᠢᠨ ᠰᠠᠨᠠᠭᠠᠴᠢᠯᠠᠭ᠎ᠠ ᠨᠢ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠲᠠᠷᠢᠶᠠᠴᠢᠨ ᠤ ᠬᠥᠳᠡᠯᠭᠡᠭᠡᠨ ᠤ ᠪᠠᠶᠢᠴᠠᠭᠠᠯᠲᠠ ᠳᠤ ᠰᠠᠭᠤᠷᠢ ᠲᠠᠯᠪᠢᠵᠤ᠂ ᠬᠤᠪᠢᠰᠬᠠᠯ  ᠤᠨ ᠴᠢᠭᠯᠡᠯ ᠢ ᠲᠣᠳᠤᠷᠬᠠᠶᠢᠯᠠᠵᠤ᠂ ᠬᠥᠳᠡᠭᠡ ᠲᠣᠰᠬᠤᠨ ᠤ ᠶᠡᠭᠡ ᠬᠤᠪᠢᠰᠬᠠᠯ ᠤᠨ ᠬᠥᠳᠡᠯᠭᠡᠭᠡᠨ ᠤ ᠦᠷᠭᠦᠯᠵᠢᠯᠡᠨ ᠬᠥᠭᠵᠢᠬᠦ ᠶᠢ ᠠᠬᠢᠭᠤᠯᠪᠠ᠃26. ︽ᠳᠥᠷᠪᠡᠨ ᠰᠠᠷ᠎ᠠ ᠶᠢᠨ ᠠᠷᠪᠠᠨ ᠬᠤᠶᠠᠷ︾ ᠤᠨ ᠬᠤᠪᠢᠰᠬᠠᠯ ᠤᠨ ᠡᠰᠡᠷᠭᠦᠦ ᠲᠥᠷᠥ ᠶᠢᠨ ᠬᠤᠪᠢᠰᠤᠯ1927 ᠣᠨ ᠤ 4 ᠰᠠᠷ᠎ᠠ ᠶᠢᠨ 12 ᠤᠨ ᠡᠳᠦᠷ᠂ ᠵᠢᠶᠠᠩ ᠵᠢᠶᠧ ᠱᠢ ᠪᠠᠷ ᠲᠣᠯᠣᠭᠠᠶᠢᠯᠠᠭᠤᠯᠤᠭᠰᠠᠨ ᠭᠤᠮᠢᠨᠳᠠᠩ  ᠤᠨ ᠰᠢᠨ᠎ᠡ ᠪᠠᠷᠠᠭᠤᠨᠲᠠᠨ ᠱᠠᠩᠬᠠᠶ ᠳᠤ ᠭᠤᠮᠢᠨᠳᠠᠩ ᠤᠨ ᠵᠡᠭᠦᠨᠲᠡᠨ ᠪᠠ ᠡᠪ ᠬᠠᠮᠲᠤ ᠨᠠᠮ ᠢ ᠡᠰᠡᠷᠭᠦᠴᠡᠬᠦ ᠵᠡᠪᠰᠡᠭᠲᠦ ᠲᠥᠷᠥ ᠶᠢᠨ ᠬᠤᠪᠢᠰᠤᠯ ᠡᠭᠦᠰᠭᠡᠨ᠂ ᠡᠪ ᠬᠠᠮᠲᠤ ᠨᠠᠮ ᠤᠨ ᠭᠡᠰᠢᠭᠦᠨ᠂ ᠭᠤᠮᠢᠨᠳᠠᠩ ᠤᠨ ᠵᠡᠭᠦᠨᠲᠡᠨ ᠪᠠ ᠬᠤᠪᠢᠰᠬᠠᠯᠲᠤ ᠣᠯᠠᠨ ᠲᠦᠮᠡᠨ ᠢ ᠶᠡᠭᠡ ᠪᠠᠷ ᠬᠢᠳᠤᠨ ᠠᠯᠠᠵᠤ᠂ ᠭᠤᠮᠢᠨᠳᠠᠩ ᠪᠠ ᠡᠪ ᠬᠠᠮᠲᠤ ᠨᠠᠮ ᠤᠨ ᠠᠩᠬᠠᠳᠤᠭᠠᠷ ᠤᠳᠠᠭᠠᠨ ᠤ ᠬᠠᠮᠲᠤᠷᠠᠯᠴᠠᠭ᠎ᠠ ᠢᠯᠠᠭᠳᠠᠭᠰᠠᠨ ᠢ ᠲᠤᠩᠬᠠᠭᠯᠠᠨ᠂ ᠢᠷᠭᠡᠨ ᠤ ᠬᠤᠪᠢᠰᠬᠠᠯ ᠠᠷᠭ᠎ᠠ ᠪᠣᠰᠤ ᠲᠣᠷᠭᠤᠨ ᠵᠣᠭᠰᠤᠵᠤ᠂ ᠭᠤᠮᠢᠨᠳᠠᠩ ᠪᠠ ᠡᠪ ᠬᠠᠮᠲᠤ ᠨᠠᠮ ᠤᠨ ᠠᠷᠪᠠᠨ ᠵᠢᠯ ᠤᠨ ᠳᠣᠲᠣᠭᠠᠳᠤ ᠶᠢᠨ ᠳᠠᠶᠢᠨ ᠤ ᠡᠬᠢᠯᠡᠯᠲᠡ ᠪᠣᠯᠣᠭᠰᠠᠨ ᠪᠠᠶᠢᠨ᠎ᠠ᠃27. ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠪᠤᠳᠤᠭᠠᠷ ᠶᠡᠭᠡ ᠬᠤᠷᠠᠯ 1927 ᠣᠨ ᠤ 4 ᠰᠠᠷ᠎ᠠ ᠶᠢᠨ 27 ᠠᠴᠠ 5 ᠰᠠᠷ᠎ᠠ ᠶᠢᠨ 9 ᠪᠣᠯᠲᠠᠯ᠎ᠠ ᠦᠬᠠᠨ ᠳᠤ ᠶᠠᠪᠤᠭᠳᠠᠵᠠᠢ᠃ ᠶᠡᠭᠡ ᠬᠤᠷᠠᠯ ᠠᠴᠠ ︽ᠤᠯᠤᠰ ᠲᠦᠷᠦ ᠶᠢᠨ ᠪᠠᠶᠢᠳᠠᠯ ᠪᠠ ᠨᠠᠮ ᠤᠨ ᠡᠭᠦᠷᠭᠡ ᠶᠢᠨ ᠲᠤᠬᠠᠶ ᠰᠢᠶᠳᠪᠦᠷᠢ ᠶᠢᠨ ᠲᠥᠰᠦᠯ︾᠂ ︽ᠭᠠᠵᠠᠷ ᠰᠢᠷᠣᠶ ᠶᠢᠨ ᠠᠰᠠᠭᠤᠳᠠᠯ ᠤᠨ ᠲᠤᠬᠠᠶ ᠰᠢᠶᠳᠪᠦᠷᠢ ᠶᠢᠨ ᠲᠥᠰᠦᠯ︾ ᠵᠡᠷᠭᠡ ᠶᠢ ᠪᠠᠲᠤᠯᠠᠵᠤ᠂ ᠡᠪ ᠬᠠᠮᠲᠤ ᠶᠢᠨ ᠢᠨᠲ᠋ᠧᠷᠨᠠᠼᠢᠣᠨᠠᠯ ᠤᠨ ᠭᠦᠢᠴᠡᠳᠬᠡᠬᠦ ᠬᠤᠷᠢᠶᠠᠨ ᠤ ᠳᠣᠯᠣᠳᠤᠭᠠᠷ ᠤᠳᠠᠭᠠᠨ ᠤ ᠥᠷᠭᠡᠳᠬᠡᠭᠰᠡᠨ ᠬᠤᠷᠠᠯ  ᠤᠨ ᠳᠤᠮᠳᠠᠳᠤ ᠤᠯᠤᠰ ᠤᠨ ᠠᠰᠠᠭᠤᠳᠠᠯ ᠤᠨ ᠲᠤᠬᠠᠶ ᠰᠢᠶᠳᠪᠦᠷᠢ ᠶᠢᠨ ᠲᠥᠰᠦᠯ ᠢ ᠬᠦᠯᠢᠶᠡᠨ ᠠᠪᠴᠤ᠂ ᠴᠧᠨ ᠳ᠋ᠦ᠋ ᠰᠢᠦ ᠶᠢᠨ ᠪᠥᠭᠡᠷᠡᠩᠬᠡᠶ ᠦᠵᠡᠯ ᠤᠨ ᠠᠯᠳᠠᠭ᠎ᠠ ᠶᠢ ᠵᠠᠯᠠᠷᠠᠭᠤᠯᠵᠤ᠂ ᠨᠠᠮ ᠤᠨ ᠴᠢᠬᠤᠯᠠ ᠶᠡᠭᠡ ᠴᠢᠭᠯᠡᠯᠲᠡ ᠲᠦᠷᠦ  ᠶᠢᠨ ᠪᠤᠳᠤᠯᠭ᠎ᠠ ᠶᠢ ᠲᠣᠭᠲᠠᠭᠠᠪᠠ᠃28. ᠮᠤᠷᠢᠨ ᠡᠳᠦᠷ ᠤᠨ ᠬᠡᠷᠡᠭ ᠬᠤᠪᠢᠰᠤᠯ1927 ᠣᠨ ᠤ 5 ᠰᠠᠷ᠎ᠠ ᠶᠢᠨ 21 ᠤ ᠤᠷᠤᠢ᠂ ᠴᠠᠩᠱᠠ ᠶᠢ ᠰᠠᠬᠢᠵᠤ ᠪᠠᠶᠢᠭᠰᠠᠨ ᠦᠬᠠᠨ ᠤ ᠢᠷᠭᠡᠨ ᠤ ᠵᠠᠰᠠᠭ  ᠤᠨ ᠣᠷᠳᠣᠨ ᠤ ᠴᠡᠷᠢᠭ᠂ ᠭᠤᠮᠢᠨᠳᠠᠩ ᠤᠨ ᠲᠡᠷᠰᠯᠡᠭᠦᠦ ᠴᠡᠷᠢᠭ ᠤᠨ ᠳᠠᠷᠤᠭ᠎ᠠ ᠰᠢᠤᠢ ᠺᠧ ᠰᠢᠶᠠᠩ ᠤᠷᠪᠠᠭᠰᠠᠨ ᠴᠡᠷᠢᠭ ᠠᠩᠬᠢ ᠪᠠᠨ ᠳᠠᠭᠠᠭᠤᠯᠤᠨ ᠬᠤᠨᠠᠨ ᠤ ᠠᠵᠢᠯᠴᠢᠨ ᠤ ᠶᠡᠷᠦᠩᠬᠡᠢ ᠡᠪᠯᠡᠯ᠂ ᠲᠠᠷᠢᠶᠠᠴᠢᠨ ᠤ ᠡᠪᠯᠡᠯ᠂ ᠲᠠᠷᠢᠶᠠᠴᠢᠨ ᠤ ᠪᠣᠯᠪᠠᠰᠤᠷᠠᠯ ᠤᠨ ᠭᠠᠵᠠᠷ ᠵᠡᠷᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠵᠡᠮᠳᠡᠵᠦ ᠪᠠᠶᠢᠭᠰᠠᠨ ᠬᠤᠪᠢᠰᠬᠠᠯᠲᠤ ᠪᠠᠶᠢᠭᠤᠯᠭ᠎ᠠ᠂ ᠪᠦᠯᠬᠦᠮ ᠢ ᠡᠪᠳᠡᠵᠦ᠂ ᠠᠵᠢᠯᠴᠢᠨ ᠤ ᠴᠠᠭᠳᠠᠬᠤ ᠠᠩᠬᠢ ᠪᠣᠯᠤᠨ ᠲᠠᠷᠢᠶᠠᠴᠢᠨ ᠤ ᠥᠪᠡᠷ ᠢ ᠪᠠᠨ ᠬᠠᠮᠠᠭᠠᠯᠠᠬᠤ ᠴᠡᠷᠢᠭ ᠤᠨ ᠵᠡᠪᠰᠡᠭᠲᠦ ᠬᠦᠴᠦᠨ ᠢ ᠬᠦᠴᠦᠨ ᠦᠭᠡᠢ ᠪᠣᠯᠭᠠᠵᠤ᠂ ᠬᠤᠷᠢᠭᠳᠠᠵᠤ ᠪᠠᠶᠢᠭᠰᠠᠨ ᠬᠠᠷᠭᠢᠰ ᠪᠠᠶᠠᠨ ᠵᠢᠰᠤᠷ ᠡᠷᠬᠡᠲᠡᠨ ᠢ ᠰᠤᠯᠠᠯᠠᠪᠠ᠃ ᠡᠪ ᠬᠠᠮᠲᠤ ᠨᠠᠮ ᠤᠨ ᠭᠡᠰᠢᠭᠦᠨ᠂ ᠳᠤᠮᠳᠠᠳᠤ ᠤᠯᠤᠰ ᠤᠨ ᠭᠤᠮᠢᠨᠳᠠᠩ ᠤᠨ ᠵᠡᠭᠦᠨᠲᠡᠨ ᠬᠢᠭᠡᠳ ᠠᠵᠢᠯᠴᠢᠨ ᠲᠠᠷᠢᠶᠠᠴᠢᠨ ᠵᠠᠭᠤ ᠭᠠᠷᠤᠢ ᠬᠥᠮᠦᠨ ᠠᠯᠠᠭᠳᠠᠪᠠ᠃ ᠬᠡᠷᠡᠭ ᠬᠤᠪᠢᠰᠤᠯ ᠤᠨ ᠳᠠᠷᠠᠭ᠎ᠠ᠂ ᠰᠢᠦᠢ ᠺᠧ ᠰᠢᠶᠠᠩ ᠳᠤᠮᠳᠠᠳᠤ ᠤᠯᠤᠰ ᠤᠨ ᠭᠤᠮᠢᠨᠳᠠᠩ ᠤᠨ ᠪᠠᠷᠠᠭᠤᠨᠲᠠᠨ ᠲᠠᠢ ︽ᠳᠤᠮᠳᠠᠳᠤ ᠤᠯᠤᠰ ᠤᠨ ᠭᠤᠮᠢᠨᠳᠠᠩ ᠤᠨ ᠬᠤᠨᠠᠨ ᠮᠤᠵᠢ ᠳᠠᠬᠢ ᠨᠠᠮ ᠢ ᠠᠪᠤᠷᠠᠬᠤ ᠺᠣᠮᠢᠰ︾ ᠢ ᠵᠣᠬᠢᠶᠠᠨ ᠪᠠᠶᠢᠭᠤᠯᠵᠤ᠂ ᠡᠪ ᠬᠠᠮᠲᠤ ᠨᠠᠮᠲᠠᠨ ᠪᠠ ᠬᠤᠪᠢᠰᠬᠠᠯᠲᠤ ᠣᠯᠠᠨ ᠲᠦᠮᠡᠨ ᠢ ᠦᠷᠭᠦᠯᠵᠢᠯᠡᠨ ᠭᠠᠯᠵᠠᠭᠤᠷᠠᠭᠰᠠᠨ ᠮᠡᠲᠦ ᠬᠢᠳᠤᠨ ᠠᠯᠠᠪᠠ᠂ 21 ᠤ ᠡᠳᠦᠷ ᠤᠨ ᠳ᠋ᠢᠶᠠᠨᠪᠣᠤ ᠶᠢᠨ ᠪᠢᠴᠢᠭᠡᠰᠦ ᠶᠢ ︽ᠮᠣᠷᠢ︾ ᠭᠡᠰᠡᠨ ᠪᠣᠯᠬᠤᠷ ᠲᠤᠰ ᠤᠳᠠᠭᠠᠨ ᠤ ᠬᠡᠷᠡᠭ ᠬᠤᠪᠢᠰᠤᠯ ᠢ ︽ᠮᠣᠷᠢᠨ ᠡᠳᠦᠷ ᠤᠨ ᠬᠡᠷᠡᠭ ᠬᠤᠪᠢᠰᠤᠯ︾ ᠭᠡᠵᠦ ᠨᠡᠷᠡᠶᠢᠳᠴᠡᠢ᠃ ᠮᠤᠷᠢᠨ ᠡᠳᠦᠷ ᠤᠨ ᠬᠡᠷᠡᠭ ᠬᠤᠪᠢᠰᠤᠯ ᠪᠣᠯ ᠬᠤᠨᠠᠨ ᠤ ᠶᠡᠭᠡ ᠬᠤᠪᠢᠰᠬᠠᠯ ᠥᠷᠨᠢᠯᠲᠡ ᠠᠴᠠ ᠪᠠᠨ ᠪᠠᠭᠤᠷᠠᠯᠲᠠ ᠲᠡᠶᠢᠰᠢ ᠰᠢᠯᠵᠢᠭᠰᠡᠨ ᠡᠷᠭᠢᠯᠲᠡ ᠶᠢᠨ ᠴᠡᠭ ᠪᠣᠯᠤᠨ᠎ᠠ᠃29. ︽ᠳᠣᠯᠣᠭᠠᠨ ᠰᠠᠷ᠎ᠠ ᠶᠢᠨ ᠠᠷᠪᠠᠨ ᠲᠠᠪᠤᠨ︾ ᠤ ᠬᠤᠪᠢᠰᠬᠠᠯ ᠤᠨ ᠡᠰᠡᠷᠭᠦᠦ ᠲᠥᠷᠥ ᠶᠢᠨ ᠬᠤᠪᠢᠰᠤᠯᠳᠤᠮᠳᠠᠳᠤ ᠢᠷᠭᠡᠨ ᠤᠯᠤᠰ ᠤᠨ ᠵᠠᠰᠠᠭ ᠤᠨ ᠭᠠᠵᠠᠷ ᠤᠮᠠᠷᠠᠰᠢ ᠳᠠᠶᠢᠯᠠᠬᠤ ᠦᠶ᠎ᠡ ᠳᠤ᠂ ︽ᠤᠷᠤᠰ ᠲᠠᠢ ᠬᠤᠯᠪᠣᠭᠠᠯᠠᠨ ᠡᠪ ᠬᠠᠮᠲᠤ ᠨᠠᠮ ᠢ ᠪᠠᠭᠲᠠᠭᠠᠬᠤ︾ ᠴᠢᠭᠯᠡᠯᠲᠡ ᠶᠢ ᠠᠪᠴᠤ᠂ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠬᠠᠮᠲᠤᠷᠠᠨ ᠠᠵᠢᠯᠯᠠᠪᠠ᠃ ᠭᠡᠪᠡᠴᠦ ᠤᠮᠠᠷᠠᠰᠢ ᠳᠠᠶᠢᠯᠠᠬᠤ ᠲᠠᠶᠢᠨ ᠤ ᠬᠤᠭᠤᠴᠠᠭᠠᠨ ᠳᠤ᠂ ᠢᠷᠭᠡᠨ ᠤ ᠵᠠᠰᠠᠭ ᠤᠨ ᠣᠷᠳᠣᠨ ᠤ ᠳᠣᠲᠣᠭᠠᠳᠤ ᠳᠤ ᠡᠪ ᠬᠠᠮᠲᠤ ᠨᠠᠮ ᠢ ᠪᠠᠭᠲᠠᠭᠠᠬᠤ ᠡᠰᠡᠬᠦ ᠠᠰᠠᠭᠤᠳᠠᠯ ᠣᠷᠣᠰᠢᠵᠤ᠂ 1927 ᠣᠨ ᠳᠤ ᠨᠠᠨᠵᠢᠩ ᠪᠣᠯᠤᠨ ᠦᠬᠠᠨ ᠬᠤᠶᠠᠷ ᠵᠠᠰᠠᠭ ᠤᠨ ᠣᠷᠳᠣᠨ ᠭᠡᠵᠦ ᠬᠤᠪᠢᠶᠠᠭᠳᠠᠪᠠ᠃ ᠦᠬᠠᠨ ᠤ ᠲᠠᠯ᠎ᠠ ᠶᠢᠨ ᠬᠢᠨ ᠡᠬᠢᠨ ᠳᠡᠭᠡᠨ ᠮᠥᠨ ᠡᠪ ᠬᠠᠮᠲᠤ ᠨᠠᠮ ᠢ ᠪᠠᠭᠲᠠᠭᠠᠬᠤ ᠶᠢ ᠵᠣᠷᠢᠵᠤ ᠪᠠᠶᠢᠪᠠ᠂ ᠰᠡᠭᠦᠯᠡᠷ ᠨᠢ ᠡᠪ ᠬᠠᠮᠲᠤ ᠨᠠᠮ ᠲᠠᠢ ᠮᠥᠷᠭᠦᠯᠳᠦᠭᠡᠨ ᠭᠠᠷᠤᠭᠰᠠᠨ ᠪᠥᠭᠡᠳ ᠹᠸᠡᠭ ᠢᠦᠢ ᠰᠢᠶᠠᠩ ᠵᠡᠷᠭᠡ ᠴᠡᠷᠢᠭ ᠤᠨ ᠶᠠᠪᠤᠳᠠᠯ ᠤᠨ ᠪᠣᠳᠠᠲᠤ ᠬᠦᠴᠦᠨ ᠪᠦᠬᠦᠢ ᠬᠥᠮᠦᠰ ᠣᠪᠣᠷ ᠢᠶᠠᠨ ᠢᠯᠡᠳᠬᠡᠨ ᠡᠪ ᠬᠠᠮᠲᠤ ᠨᠠᠮ ᠭᠡᠵᠦ ᠬᠤᠪᠢᠶᠠᠬᠤ ᠪᠠᠷ ᠱᠠᠭᠠᠷᠳᠠᠭᠰᠠᠨ ᠠᠴᠠ ᠸᠠᠩ ᠵᠢᠩ ᠸᠧᠶ 7 ᠰᠠᠷ᠎ᠠ ᠶᠢᠨ 15 ᠤ ᠡᠳᠦᠷ ᠦᠬᠠᠨ ᠳᠤ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠶᠢᠨ ᠬᠠᠮᠲᠤᠷᠠᠯᠴᠠᠭ᠎ᠠ ᠪᠠᠨ ᠵᠣᠭᠰᠣᠬᠤ ᠪᠠᠷ ᠲᠤᠩᠬᠠᠭᠯᠠᠵᠠᠶ᠃ ᠡᠭᠦᠨ ᠢᠶᠠᠷ ᠭᠤᠮᠢᠨᠳᠠᠩ ᠪᠠ ᠡᠪ ᠬᠠᠮᠲᠤ ᠨᠠᠮ ᠤᠨ ᠠᠩᠬᠠᠳᠤᠭᠠᠷ ᠤᠳᠠᠭᠠᠨ ᠤ ᠬᠠᠮᠲᠤᠷᠠᠯᠴᠠᠭ᠎ᠠ ᠵᠢᠩᠬᠢᠨᠢ ᠪᠠᠷ ᠳᠠᠭᠤᠰᠪᠠ᠃30. ᠭᠠᠵᠠᠷ ᠲᠠᠷᠢᠶᠠᠨ ᠤ ᠬᠤᠪᠢᠰᠬᠠᠯᠲᠤ ᠲᠠᠶᠢᠨ ᠡᠨᠡ ᠨᠢ ᠤᠯᠤᠰ ᠤᠨ ᠳᠣᠲᠣᠭᠠᠳᠤ ᠶᠢᠨ ᠬᠤᠶᠠᠳᠤᠭᠠᠷ ᠬᠤᠪᠢᠰᠬᠠᠯᠲᠤ ᠳᠠᠶᠢᠨ ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠪᠠ ᠳᠤᠮᠳᠠᠳᠤ ᠤᠯᠤᠰ  ᠤᠨ ᠠᠷᠠᠳ ᠲᠦᠮᠡᠨ ᠢ ᠤᠳᠤᠷᠢᠳᠤᠨ ᠭᠤᠮᠢᠨᠳᠠᠩ ᠤᠨ ᠵᠢᠶᠠᠩ ᠵᠢᠶ᠋ᠧ ᠱᠢ ᠶᠢᠨ ᠪᠦᠯᠦᠭ ᠤᠨ ᠲᠡᠷᠰᠯᠡᠭᠦᠦ ᠨᠣᠶᠠᠷᠬᠠᠯ  ᠢ ᠡᠰᠡᠷᠭᠦᠴᠡᠨ᠂ ᠹᠸᠤᠳᠠᠯ ᠤᠨ ᠭᠠᠵᠠᠷ ᠲᠠᠷᠢᠶᠠᠨ ᠤ ᠪᠠᠶᠢᠭᠤᠯᠤᠯ ᠢ ᠤᠰᠠᠳᠬᠠᠵᠤ᠂ ᠠᠵᠢᠯᠴᠢᠨ ᠲᠠᠷᠢᠶᠠᠴᠢᠨ ᠤ ᠠᠷᠠᠳᠴᠢᠯᠠᠭᠰᠠᠨ ᠵᠠᠰᠠᠭ ᠢ ᠪᠠᠶᠢᠭᠤᠯᠬᠤ ᠶᠢᠨ ᠲᠥᠯᠥᠭᠡ ᠶᠠᠪᠤᠭᠤᠯᠤᠭᠰᠠᠨ ᠬᠤᠪᠢᠰᠬᠠᠯᠲᠤ ᠳᠠᠶᠢᠨ ᠮᠥᠨ᠃ ᠤᠯᠤᠰ  ᠤᠨ ᠳᠣᠲᠣᠭᠠᠳᠤ ᠶᠢᠨ ᠬᠤᠶᠠᠳᠤᠭᠠᠷ ᠬᠤᠪᠢᠰᠬᠠᠯᠲᠤ ᠳᠠᠶᠢᠨ ᠤ ᠦᠶ᠎ᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠰᠢᠨ᠎ᠡ ᠠᠷᠠᠳᠴᠢᠯᠠᠭᠰᠠᠨ ᠬᠤᠪᠢᠰᠬᠠᠯ ᠢ ᠤᠳᠤᠷᠢᠳᠬᠤ ᠴᠢᠬᠤᠯᠠ ᠱᠠᠲᠤ ᠦᠶ᠎ᠡ ᠪᠣᠯᠤᠨ᠎ᠠ᠃ ᠶᠡᠭᠡ ᠬᠤᠪᠢᠰᠬᠠᠯ ᠢᠯᠠᠭᠳᠠᠭᠰᠠᠨ ᠤ ᠲᠠᠷᠠᠭ᠎ᠠ᠂ ᠮᠠᠤ ᠽᠧ ᠳ᠋ᠦᠩ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠠᠯᠬᠤᠮ ᠠᠯᠬᠤᠮ ᠢᠶᠠᠷ ᠨᠠᠮ ᠤᠨ ᠠᠵᠢᠯ ᠤᠨ ᠭᠤᠣᠯᠳᠠᠯᠭ᠎ᠠ ᠶᠢ ᠬᠤᠳᠠ ᠠᠴᠠ ᠬᠥᠳᠡᠭᠡ ᠲᠣᠰᠬᠤᠨ ᠳᠤ ᠰᠢᠯᠵᠢᠭᠦᠯᠵᠦ᠂ ᠬᠥᠳᠡᠭᠡ ᠲᠣᠰᠬᠤᠨ ᠳᠤ ᠰᠠᠭᠤᠷᠢᠨ ᠭᠠᠵᠠᠷ ᠪᠠᠶᠢᠭᠤᠯᠤᠨ᠂ ᠭᠠᠵᠠᠷ ᠲᠠᠷᠢᠶᠠᠨ ᠤ ᠬᠤᠪᠢᠰᠬᠠᠯ ᠢ ᠥᠷᠨᠢᠭᠦᠯᠵᠦ᠂ ᠬᠤᠪᠢᠰᠬᠠᠯ ᠤᠨ ᠵᠡᠪᠰᠡᠭᠲᠦ ᠬᠦᠴᠦᠨ ᠪᠠ ᠠᠵᠢᠯᠴᠢᠨ ᠲᠠᠷᠢᠶᠠᠴᠢᠨ ᠤ ᠵᠠᠰᠠᠭ ᠢ ᠪᠠᠶᠢᠭᠤᠯᠵᠤ᠂ ᠬᠥᠳᠡᠭᠡ ᠲᠣᠰᠬᠤᠨ ᠢᠶᠠᠷ ᠬᠤᠳᠠ ᠶᠢ ᠪᠦᠰᠡᠯᠡᠬᠦ᠂ ᠵᠡᠪᠰᠡᠭᠲᠦ ᠬᠦᠴᠦᠨ ᠢᠶᠠᠷ ᠵᠠᠰᠠᠭ ᠤᠨ ᠡᠷᠬᠡ ᠶᠢ ᠪᠤᠯᠢᠶᠠᠨ ᠠᠪᠬᠤ ᠳᠤᠮᠳᠠᠳᠤ ᠤᠯᠤᠰ ᠤᠨ ᠬᠤᠪᠢᠰᠬᠠᠯ ᠤᠨ ᠰᠢᠨ᠎ᠡ ᠵᠠᠮ ᠢ ᠨᠡᠭᠡᠭᠡᠭᠰᠡᠨ ᠪᠠᠶᠢᠨ᠎ᠠ᠃31. ᠨᠠᠨᠴᠠᠩ ᠤᠨ ᠪᠣᠰᠣᠯᠭ᠎ᠠ1927 ᠣᠨ ᠤ 8 ᠰᠠᠷ᠎ᠠ ᠶᠢᠨ 1 ᠤ ᠡᠳᠦᠷ᠂ ᠵᠧᠦ ᠧᠨ ᠯᠠᠢ ᠪᠠᠷ ᠱᠦᠵᠢ ᠪᠣᠯᠭᠠᠭᠰᠠᠨ ᠡᠮᠦᠨ᠎ᠡ ᠹᠷᠣᠨᠲ ᠤᠨ ᠵᠥᠪᠯᠡᠯ ᠵᠢᠴᠢ ᠾᠧ ᠯᠦᠩ᠂ ᠶᠧ ᠲᠢᠩ᠂ ᠵᠦ ᠳ᠋ᠧ᠂ ᠯᠢᠦ ᠪᠥᠸᠧ ᠴᠧᠩ ᠵᠡᠷᠭᠡ ᠬᠥᠮᠦᠰ ᠨᠠᠮ ᠤᠨ ᠤᠳᠤᠷᠢᠳᠤᠯᠭ᠎ᠠ ᠳᠣᠣᠷᠠᠬᠢ ᠤᠮᠠᠷᠠᠰᠢ ᠳᠠᠶᠢᠯᠠᠬᠤ ᠴᠡᠷᠢᠭ ᠤᠨ 2 ᠲᠦᠮᠡ ᠭᠠᠷᠤᠢ ᠬᠥᠮᠦᠨ ᠢ ᠳᠠᠭᠠᠭᠤᠯᠤᠨ ᠨᠠᠨᠴᠠᠩ  ᠳᠤ ᠪᠣᠰᠣᠯᠭ᠎ᠠ ᠭᠠᠷᠭᠠᠵᠤ᠂ ᠵᠡᠪᠰᠡᠭᠲᠦ ᠬᠦᠴᠦᠨ ᠢᠶᠠᠷ ᠭᠤᠮᠢᠨᠳᠠᠩ ᠤᠨ ᠲᠡᠷᠰᠯᠡᠭᠦᠴᠦᠳ ᠢ ᠡᠰᠡᠷᠭᠦᠴᠡᠬᠦ ᠠᠩᠬᠠᠨ ᠤ ᠫᠤᠤ ᠶᠢ ᠲᠤᠤᠭᠠᠷᠭᠠᠪᠠ᠃ ᠨᠠᠨᠴᠠᠩ ᠤᠨ ᠪᠣᠰᠣᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠲᠤᠰᠠᠭᠠᠷ ᠢᠶᠠᠨ ᠬᠤᠪᠢᠰᠬᠠᠯᠲᠤ ᠳᠠᠶᠢᠨ ᠢ ᠤᠳᠤᠷᠢᠳᠤᠨ᠂ ᠠᠷᠠᠳ ᠤᠨ ᠴᠡᠷᠢᠭ ᠠᠩᠭᠢ ᠶᠢ ᠡᠭᠦᠳᠦᠨ ᠪᠠᠶᠢᠭᠤᠯᠤᠭᠰᠠᠨ ᠪᠠ ᠵᠡᠪᠰᠡᠭᠲᠦ ᠬᠦᠴᠦᠨ ᠢᠶᠠᠷ ᠵᠠᠰᠠᠭ ᠤᠨ ᠡᠷᠬᠡ ᠶᠢ ᠪᠤᠯᠢᠶᠠᠨ ᠠᠪᠤᠭᠰᠠᠨ ᠡᠬᠢᠯᠡᠯᠲᠡ ᠪᠣᠯᠣᠨ᠎ᠠ᠃32. ᠨᠠᠢᠮᠠᠨ ᠰᠠᠷ᠎ᠠ ᠶᠢᠨ ᠳᠣᠯᠣᠭᠠᠨ ᠤ ᠬᠤᠷᠠᠯᠳᠤᠭᠠᠨ ᠤᠯᠤᠰ ᠤᠨ ᠳᠣᠲᠣᠭᠠᠳᠤ ᠶᠢᠨ ᠠᠩᠬᠠᠳᠤᠭᠠᠷ ᠬᠤᠪᠢᠰᠬᠠᠯᠲᠤ ᠳᠠᠶᠢᠨ ᠢᠯᠠᠭᠳᠠᠭᠰᠠᠨ ᠤ ᠳᠠᠷᠠᠭ᠎ᠠ᠂ ᠨᠠᠮ ᠪᠠ ᠬᠤᠪᠢᠰᠬᠠᠯ ᠤᠨ ᠢᠷᠡᠭᠡᠳᠦᠢ ᠵᠢᠴᠢ ᠬᠤᠪᠢ ᠵᠠᠶᠠᠭ᠎ᠠ ᠳᠤ ᠬᠤᠯᠪᠣᠭᠳᠠᠬᠤ ᠵᠠᠩᠭᠢᠯᠠᠭ᠎ᠠ ᠶᠢᠨ ᠦᠶ᠎ᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 1927 ᠣᠨ ᠤ 8 ᠰᠠᠷ᠎ᠠ ᠶᠢᠨ 7 ᠤ ᠡᠳᠦᠷ ᠬᠠᠨᠺᠸᠤ ᠳᠤ ᠪᠠᠴᠢᠮ ᠬᠤᠷᠠᠯ ᠬᠤᠷᠠᠯᠳᠤᠭᠤᠯᠵᠤ᠂ ᠴᠧᠨ ᠳ᠋ᠦ᠋ ᠰᠢᠦ ᠶᠢᠨ ᠪᠠᠷᠠᠭᠤᠨ ᠤ ᠪᠥᠭᠡᠷᠡᠩᠬᠡᠶ ᠦᠵᠡᠯ ᠤᠨ ᠠᠯᠳᠠᠭ᠎ᠠ ᠶᠢ ᠰᠢᠭᠦᠮᠵᠢᠯᠡᠨ ᠵᠠᠯᠠᠷᠠᠭᠤᠯᠵᠤ᠂ ᠨᠠᠮ ᠤᠨ ᠳᠣᠲᠣᠷᠠᠬᠢ ᠲᠤᠰᠢᠶᠠᠯ ᠢ ᠨᠢ ᠬᠠᠰᠤᠨ᠂ ᠲᠦᠷ ᠴᠠᠭ ᠤᠨ ᠲᠥᠪ ᠬᠤᠷᠢᠶᠠᠨ ᠤ ᠰᠢᠨ᠎ᠡ ᠤᠯᠤᠰ ᠲᠦᠷᠦ ᠶᠢᠨ ᠲᠣᠪᠴᠢᠶ᠎ᠠ ᠶᠢ ᠰᠣᠩᠭᠤᠨ ᠭᠠᠷᠭᠠᠵᠤ ᠂ ᠭᠠᠵᠠᠷ ᠰᠢᠷᠣᠶ ᠶᠢᠨ ᠬᠤᠪᠢᠰᠬᠠᠯ ᠪᠣᠯᠤᠨ ᠵᠡᠪᠰᠡᠭᠲᠦ ᠲᠡᠮᠡᠴᠡᠯ ᠤᠨ ᠶᠡᠷᠦᠩᠬᠡᠶ ᠴᠢᠭᠯᠡᠯᠲᠡ ᠶᠢ ᠲᠣᠭᠲᠠᠭᠠᠪᠠ᠃33. ᠵᠡᠪᠰᠡᠭ ᠢᠶᠠᠷ ᠵᠠᠰᠠᠭ ᠤᠨ ᠡᠷᠬᠡ ᠶᠢ ᠣᠯᠬᠤ ︽ᠵᠡᠪᠰᠡᠭ ᠢᠶᠠᠷ ᠵᠠᠰᠠᠭ ᠤᠨ ᠡᠷᠬᠡ ᠶᠢ ᠣᠯᠣᠨ᠎ᠠ︾ ᠭᠡᠰᠡᠨ ᠠᠯᠳᠠᠷᠲᠤ ᠨᠤᠲᠠᠯᠠᠯᠲᠠ ᠶᠢ ᠮᠠᠤ ᠽᠧ ᠳ᠋ᠦᠩ ︽ᠨᠠᠢᠮᠠᠨ ᠰᠠᠷ᠎ᠠ ᠶᠢᠨ ᠳᠣᠯᠣᠭᠠᠨ︾ ᠤ ᠬᠤᠷᠠᠯᠳᠤᠭᠠᠨ ᠳᠡᠭᠡᠷ᠎ᠡ ᠳᠤᠷᠠᠳᠤᠨ ᠭᠠᠷᠭᠠᠭᠰᠠᠨ ᠶᠤᠮ᠃ ᠡᠨᠡ ᠨᠢ ᠦᠵᠡᠯ ᠰᠠᠨᠠᠭᠠᠨ ᠤ ᠰᠠᠮᠠᠭᠤᠷᠠᠯ ᠪᠠ ᠵᠣᠬᠢᠶᠠᠨ ᠪᠠᠶᠢᠭᠤᠯᠤᠯᠲᠠ ᠰᠤᠯᠠ ᠵᠠᠳᠠᠭᠠᠢ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠳᠤ ᠰᠢᠨ᠎ᠡ ᠭᠠᠷᠬᠤ ᠵᠠᠮ ᠢ ᠵᠢᠭᠠᠨ ᠥᠭᠴᠦ᠂ ᠨᠠᠮ ᠪᠠ ᠬᠤᠪᠢᠰᠬᠠᠯ ᠢ ᠠᠪᠤᠷᠠᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃34. ᠨᠠᠮᠤᠷ ᠤᠨ ᠬᠤᠷᠢᠶᠠᠯᠲᠠ ᠶᠢᠨ ᠪᠣᠰᠣᠯᠭ᠎ᠠ1927 ᠣᠨ ᠤ 9 ᠰᠠᠷ᠎ᠠ ᠶᠢᠨ 9 ᠤ ᠡᠳᠦᠷ᠂ ᠮᠠᠤ ᠽᠧ ᠳ᠋ᠦᠩ᠂ ᠯᠦ ᠳ᠋ᠧ ᠮᠢᠩ ᠵᠡᠷᠭᠡ ᠬᠦᠮᠦᠰ ᠬᠤᠨᠠᠨ ᠵᠢᠶᠠᠩᠰᠢ ᠶᠢᠨ ᠬᠢᠯᠢ ᠬᠢᠵᠠᠭᠠᠷ ᠣᠷᠣᠨ ᠳᠤ ᠠᠵᠢᠯᠴᠢᠨ ᠲᠠᠷᠢᠶᠠᠴᠢᠨ ᠤ ᠬᠤᠪᠢᠰᠬᠠᠯᠲᠤ ᠴᠡᠷᠢᠭ ᠢ ᠤᠳᠤᠷᠢᠳᠤᠨ ᠵᠡᠪᠰᠡᠭᠲᠦ ᠪᠣᠰᠣᠯᠭ᠎ᠠ ᠭᠠᠷᠭᠠᠪᠠ᠂ ᠡᠨᠡ ᠪᠣᠯ ᠨᠠᠨᠴᠠᠩ ᠤᠨ ᠪᠣᠰᠣᠯᠭ᠎ᠠ ᠶᠢᠨ ᠳᠠᠷᠠᠭᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠪᠠᠰᠠ ᠨᠢᠭᠡ ᠤᠳᠠᠭ᠎ᠠ ᠶᠢᠨ ᠠᠯᠳᠠᠷᠲᠤ ᠵᠡᠪᠰᠡᠭᠲᠦ ᠪᠣᠰᠣᠯᠭ᠎ᠠ ᠪᠣᠯᠤᠨ᠎ᠠ᠃ ᠮᠠᠤ ᠽᠧ ᠳ᠋ᠦᠩ ᠨᠠᠮᠤᠷ ᠤᠨ ᠬᠤᠷᠢᠶᠠᠯᠲᠠ ᠶᠢᠨ ᠪᠣᠰᠣᠯᠭ᠎ᠠ ᠳᠤ ᠶᠡᠭᠡ ᠬᠤᠳᠠ ᠶᠢ ᠲᠠᠭᠠᠷᠢᠵᠤ ᠪᠠᠶᠢᠭᠰᠠᠨ ᠪᠠᠨ ᠬᠤᠪᠢᠷᠠᠭᠤᠯᠵᠤ ᠬᠥᠳᠡᠭᠡ ᠲᠣᠰᠬᠤᠨ ᠳᠤ ᠴᠡᠷᠢᠭᠯᠡᠬᠦ ᠪᠠᠷ ᠲᠤᠭᠲᠠᠵᠤ᠂ ᠬᠥᠳᠡᠭᠡ ᠲᠣᠰᠬᠤᠨ ᠢᠶᠠᠷ ᠬᠤᠳᠠ ᠶᠢ ᠪᠦᠰᠡᠯᠡᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠠᠩᠬ᠎ᠠ ᠠᠯᠬᠤᠮ ᠪᠦᠷᠢᠯᠳᠦᠭᠦᠯᠦᠨ᠂ ᠡᠯ᠎ᠡ ᠭᠠᠵᠠᠷ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠪᠠ ᠬᠥᠳᠡᠭᠡ ᠲᠣᠰᠬᠤᠨ ᠤ ᠬᠤᠪᠢᠰᠬᠠᠯ ᠤᠨ ᠰᠠᠭᠤᠷᠢᠨ ᠭᠠᠵᠠᠷ ᠤᠨ ᠶᠡᠭᠡ ᠬᠡᠪᠴᠢᠶ᠎ᠡ ᠪᠠᠷ ᠬᠥᠭᠵᠢᠬᠦ ᠳᠤ ᠰᠠᠭᠤᠷᠢ ᠲᠠᠯᠪᠢᠵᠤ ᠥᠭᠴᠡᠶ᠃35. ᠰᠠᠨ ᠸᠠᠨ ᠤ ᠥᠭᠡᠷᠡᠴᠢᠯᠡᠨ ᠪᠠᠶᠢᠭᠤᠯᠤᠯᠲᠠ1927 ᠣᠨ ᠤ 9 ᠰᠠᠷ᠎ᠠ ᠶᠢᠨ 29 ᠠᠴᠠ 10 ᠰᠠᠷ᠎ᠠ ᠶᠢᠨ 3 ᠪᠣᠯᠲᠠᠯ᠎ᠠ᠂ ᠮᠠᠤ ᠽᠧ ᠳ᠋ᠦᠩ ᠵᠢᠶᠠᠩᠰᠢ ᠮᠤᠵᠢ  ᠶᠢᠨ ᠶᠦᠡᠭᠰᠢᠨ ᠰᠢᠶᠠᠨ ᠤ ᠰᠠᠨ ᠸᠠᠨ ᠲᠣᠰᠬᠤᠨ ᠳᠤ ᠳᠡᠯᠡᠬᠡᠢ ᠳᠤ ᠠᠯᠳᠠᠷᠲᠠᠢ ︽ᠰᠠᠨ ᠸᠠᠨ ᠤ ᠥᠭᠡᠷᠡᠴᠢᠯᠡᠨ ᠪᠠᠶᠢᠭᠤᠯᠤᠯᠲᠠ︾ ᠶᠢ ᠤᠳᠤᠷᠢᠳᠪᠠ᠃ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠤᠯᠤᠰ ᠲᠦᠷᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠪᠠᠲᠤᠯᠠᠭᠰᠠᠨ ᠶᠠᠪᠤᠳᠠᠯ ᠪᠣᠯ ᠮᠠᠨ ᠤ ᠨᠠᠮ ᠤᠨ ᠰᠢᠨ᠎ᠡ ᠮᠠᠶ᠋ᠢᠭ ᠤᠨ ᠠᠷᠠᠳ ᠤᠨ ᠴᠡᠷᠢᠭ ᠠᠩᠭᠢ ᠶᠢ ᠪᠠᠶᠢᠭᠤᠯᠬᠤ ᠬᠠᠮᠤᠭ ᠤᠨ ᠡᠷᠲᠡᠨ ᠤ ᠨᠢᠭᠡᠨ ᠤᠳᠠᠭᠠᠨ ᠤ ᠠᠮᠵᠢᠯᠲᠠ  ᠲᠠᠢ ᠰᠦᠪᠡᠭᠴᠢᠯᠡᠯᠳᠡ ᠪᠠ ᠦᠢᠯᠡᠳᠦᠯᠭᠡ ᠮᠥᠨ᠂ ᠡᠨᠡ ᠨᠢ ᠮᠠᠤ ᠽᠧ ᠳ᠋ᠦᠩ ᠤᠨ ᠠᠷᠠᠳ ᠤᠨ ᠴᠡᠷᠢᠭ ᠠᠩᠭᠢ ᠶᠢ ᠪᠠᠶᠢᠭᠤᠯᠬᠤ ᠦᠵᠡᠯ ᠰᠠᠨᠠᠭ᠎ᠠ ᠶᠢᠨ ᠡᠬᠢᠯᠡᠨ ᠪᠦᠷᠢᠯᠳᠦᠭᠰᠡᠨ ᠢ ᠬᠠᠷᠠᠭᠤᠯᠵᠤ ᠪᠠᠶᠢᠨ᠎ᠠ᠃36. ᠵᠢᠩ ᠭᠠᠩ ᠱᠠᠨ ᠤ ᠬᠤᠪᠢᠰᠬᠠᠯ ᠤᠨ ᠰᠠᠭᠤᠷᠢᠨ1927 ᠣᠨ ᠤ 10 ᠰᠠᠷ᠎ᠠ ᠳᠤ᠂ ᠮᠠᠤ ᠽᠧ ᠳ᠋ᠦᠩ ᠨᠠᠮᠤᠷ ᠤᠨ ᠬᠤᠷᠢᠶᠠᠯᠲᠠ ᠶᠢᠨ ᠪᠣᠰᠣᠯᠭ᠎ᠠ ᠶᠢᠨ ᠴᠡᠷᠢᠭ ᠠᠩᠬᠢ ᠶᠢ ᠳᠠᠭᠠᠭᠤᠯᠤᠨ ᠯᠦᠸᠧ ᠰᠢᠶᠤᠤ ᠱᠠᠨ ᠠᠭᠤᠯᠠ ᠨᠢᠷᠤᠭᠤᠨ ᠤ ᠳᠤᠮᠳᠠ ᠬᠡᠰᠡᠭ ᠤᠨ ᠵᠢᠩ ᠭᠠᠨ ᠱᠠᠨ ᠳᠤ ᠬᠦᠷᠴᠦ᠂ ᠨᠠᠮ ᠤᠨ ᠤᠳᠤᠷᠢᠳᠤᠯᠭ᠎ᠠ ᠳᠣᠣᠷᠠᠬᠢ ᠠᠩᠬᠠᠳᠠᠭᠴᠢ ᠬᠥᠳᠡᠭᠡ ᠲᠣᠰᠬᠤᠨ ᠤ ᠬᠤᠪᠢᠰᠬᠠᠯ ᠤᠨ ᠰᠠᠭᠤᠷᠢᠨ  ᠢ ᠪᠠᠶᠢᠭᠤᠯᠪᠠ᠃37. ᠭᠤᠸᠠᠩᠵᠧᠦ ᠶᠢᠨ ᠪᠣᠰᠣᠯᠭ᠎ᠠ1927 ᠣᠨ ᠤ 12 ᠰᠠᠷ᠎ᠠ ᠶᠢᠨ 11 ᠤ ᠡᠳᠦᠷ᠂ ᠵᠠᠩ ᠲᠠᠢ ᠯᠸᠢ ᠪᠣᠯᠤᠨ ᠶᠧ ᠲᠢᠩ᠂ ᠶᠧ ᠵᠢᠶᠠᠨ ᠶᠢᠩ ᠵᠡᠷᠭᠡ ᠬᠦᠮᠦᠰ ᠭᠤᠸᠠᠩᠵᠧᠦ ᠳᠤ ᠠᠵᠢᠯᠴᠢᠨ ᠲᠠᠷᠢᠶᠠᠴᠢᠨ ᠪᠣᠯᠤᠨ ᠬᠤᠪᠢᠰᠬᠠᠯᠲᠤ ᠪᠠᠶᠢᠯᠳᠤᠭᠴᠢᠳ ᠢ ᠤᠳᠤᠷᠢᠳᠤᠨ ᠭᠤᠮᠢᠨᠳᠠᠩ ᠤᠨ ᠲᠡᠷᠰᠯᠡᠭᠦᠴᠦᠳ ᠢ ᠡᠰᠡᠷᠭᠦᠴᠡᠬᠦ ᠵᠡᠪᠰᠡᠭᠲᠦ ᠪᠣᠰᠣᠯᠭ᠎ᠠ ᠭᠠᠷᠭᠠᠵᠤ᠂ ᠭᠤᠷᠪᠠᠨ ᠡᠳᠦᠷ ᠡᠷᠡᠯᠬᠡᠭᠯᠡᠨ ᠪᠠᠶᠢᠯᠳᠤᠭᠰᠠᠨ ᠪᠣᠯᠪᠠᠴᠤ ᠳᠠᠶᠢᠰᠤᠨ ᠪᠠ ᠮᠠᠨ ᠤ ᠬᠦᠴᠦᠨ ᠤ ᠵᠥᠷᠢᠶ᠎ᠡ ᠬᠡᠳᠦ ᠶᠡᠭᠡ ᠠᠴᠠ ᠪᠤᠯᠵᠤ ᠡᠴᠦᠰ ᠲᠡᠭᠡᠨ ᠢᠯᠠᠭᠳᠠᠪᠠ᠃ ᠡᠨᠡ ᠪᠣᠯ ᠨᠠᠨᠴᠠᠩ ᠤᠨ ᠪᠣᠰᠣᠯᠭ᠎ᠠ᠂ ᠨᠠᠮᠤᠷ ᠤᠨ ᠬᠤᠷᠢᠶᠠᠯᠲᠠ ᠶᠢᠨ ᠪᠣᠰᠣᠯᠭ᠎ᠠ ᠶᠢᠨ ᠲᠠᠷᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠠᠴᠠ ᠭᠤᠮᠢᠨᠳᠠᠩ ᠤᠨ ᠲᠡᠷᠰᠯᠡᠭᠦᠴᠦᠳ ᠲᠤ ᠶᠠᠪᠤᠭᠤᠯᠤᠭᠰᠠᠨ ᠪᠠᠰᠠ ᠨᠢᠭᠡ ᠤᠳᠠᠭᠠᠨ ᠤ ᠡᠷᠡᠯᠬᠡᠭ ᠪᠠᠭᠠᠲᠤᠷᠯᠢᠭ ᠭᠡᠳᠡᠷᠭᠦ ᠲᠠᠭᠠᠷᠢᠯᠳᠠ ᠪᠠᠶᠢᠵᠤ᠂ ᠬᠤᠳᠠ ᠳᠤ ᠰᠦᠪᠢᠶᠠᠳ ᠵᠠᠰᠠᠭ ᠪᠠᠶᠢᠭᠤᠯᠬᠤ ᠭᠡᠰᠡᠨ ᠵᠣᠷᠢᠭᠲᠠᠢ ᠤᠷᠤᠯᠳᠤᠯᠭ᠎ᠠ ᠪᠣᠯᠣᠨ᠎ᠠ᠂ ᠡᠨᠡ ᠨᠢ ᠤᠯᠤᠰ ᠤᠨ ᠳᠣᠲᠣᠭᠠᠳᠤ ᠭᠠᠳᠠᠭᠠᠳᠤ ᠳᠤ ᠴᠥᠮ ᠮᠠᠰᠢ ᠶᠡᠭᠡ ᠲᠤᠩᠰᠤᠯᠤᠯᠳᠠ ᠭᠠᠷᠭᠠᠵᠠᠢ᠃38. ᠵᠢᠩ ᠭᠠᠩ ᠱᠠᠨ ᠠᠭᠤᠯᠠᠨ ᠳᠤ ᠴᠡᠷᠢᠭ ᠨᠡᠶᠢᠯᠡᠭᠰᠡᠨ ᠨᠢ1928 ᠣᠨ ᠤ 4 ᠰᠠᠷ᠎ᠠ ᠶᠢᠨ 28 ᠤ ᠡᠳᠦᠷ ᠮᠠᠤ ᠽᠧ ᠳ᠋ᠦᠩ ᠤᠨ ᠳᠠᠶᠢᠴᠢᠯᠠᠭᠰᠠᠨ ᠨᠠᠮᠤᠷ ᠤᠨ ᠬᠤᠷᠢᠶᠠᠯᠲᠠ  ᠶᠢᠨ ᠪᠣᠰᠣᠯᠭ᠎ᠠ ᠶᠢᠨ ᠴᠡᠷᠢᠭ ᠨᠢ ᠵᠦ ᠳ᠋ᠧ᠂ ᠴᠧᠨ ᠢ ᠶᠢᠨ ᠤᠳᠤᠷᠢᠳᠤᠭᠰᠠᠨ ᠬᠤᠨᠠᠨ ᠤ ᠡᠮᠦᠨᠡᠲᠦ ᠬᠡᠰᠡᠭ ᠤᠨ ᠪᠣᠰᠣᠯᠭ᠎ᠠ ᠪᠣᠯᠤᠨ ᠨᠠᠨᠴᠠᠩ ᠤᠨ ᠪᠣᠰᠣᠯᠭ᠎ᠠ ᠶᠢᠨ ᠬᠡᠰᠡᠭ ᠴᠡᠷᠢᠭ ᠲᠠᠢ ᠵᠢᠩ ᠭᠠᠨ ᠱᠠᠨ ᠳᠤ ᠢᠯᠠᠯᠲᠠ ᠲᠠᠢ ᠪᠠᠷ ᠨᠡᠶᠢᠯᠡᠭᠰᠡᠨ ᠪᠠᠶᠢᠨ᠎ᠠ᠃ ᠴᠡᠷᠢᠭ ᠨᠡᠶᠢᠯᠡᠭᠰᠡᠨ ᠤ ᠳᠠᠷᠠᠭ᠎ᠠ᠂ ᠬᠤᠶᠠᠷ ᠠᠷᠮᠢ ᠶᠢ ᠨᠡᠶᠢᠯᠡᠭᠦᠯᠦᠨ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠬᠤᠪᠢᠰᠬᠠᠯᠲᠤ ᠴᠡᠷᠢᠭ ᠤᠨ ᠳᠥᠷᠪᠡᠳᠦᠭᠡᠷ ᠠᠷᠮᠢ ᠪᠣᠯᠭᠠᠨ ᠪᠠᠶᠢᠭᠤᠯᠵᠤ᠂ ᠵᠢᠩ ᠭᠠᠨ ᠱᠠᠨ ᠤ ᠬᠤᠪᠢᠰᠬᠠᠯ ᠤᠨ ᠵᠡᠪᠰᠡᠭᠲᠦ ᠬᠦᠴᠦᠨ ᠢ ᠪᠤᠵᠠᠭᠠᠶᠢᠷᠠᠭᠤᠯᠵᠤ᠂ ᠪᠦᠬᠦ ᠤᠯᠤᠰ ᠤᠨ ᠠᠩᠬᠠᠳᠠᠭᠴᠢ ᠬᠥᠳᠡᠭᠡ ᠲᠣᠰᠬᠤᠨ ᠤ ᠬᠤᠪᠢᠰᠬᠠᠯ ᠤᠨ ᠰᠠᠭᠤᠷᠢᠨ ᠢ ᠪᠠᠬᠢᠵᠢᠭᠦᠯᠦᠨ ᠥᠷᠭᠡᠳᠬᠡᠵᠦ᠂ ᠪᠦᠬᠦ ᠤᠯᠤᠰ ᠤᠨ ᠬᠤᠪᠢᠰᠬᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠯᠤᠰ ᠬᠡᠳᠦ ᠶᠢᠨ ᠨᠥᠯᠦᠭᠡ ᠦᠵᠡᠭᠦᠯᠪᠡ᠃ ᠲᠤᠰ ᠵᠢᠯ ᠤᠨ 12 ᠰᠠᠷ᠎ᠠ ᠳᠤ᠂ ᠫᠧᠩ ᠳ᠋ᠧ ᠬᠤᠸᠠᠢ᠂ ᠲᠧᠩ ᠳ᠋ᠠᠢ ᠶᠤᠸᠠᠨ ᠤᠯᠠᠭᠠᠨ ᠲᠠᠪᠤᠳᠤᠭᠠᠷ ᠠᠷᠮᠢ ᠶᠢᠨ ᠭᠤᠣᠯ ᠬᠦᠴᠦᠨ ᠢ ᠳᠠᠶᠢᠴᠢᠯᠠᠨ ᠵᠢᠩ ᠭᠠᠨ ᠱᠠᠨ ᠳᠤ ᠬᠦᠷᠴᠦ᠂ ᠤᠯᠠᠭᠠᠨ ᠳᠥᠷᠪᠡᠳᠦᠭᠡᠷ ᠠᠷᠮᠢ ᠲᠠᠢ ᠨᠡᠶᠢᠯᠡᠪᠡ᠃39. ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠶᠡᠭᠡ ᠬᠤᠷᠠᠯ1928 ᠣᠨ ᠤ 6 ᠰᠠᠷ᠎ᠠ ᠶᠢᠨ 18 ᠠᠴᠠ 7 ᠰᠠᠷ᠎ᠠ ᠶᠢᠨ 11 ᠪᠣᠯᠲᠠᠯ᠎ᠠ ᠮᠣᠰᠺᠸᠠ ᠶᠢᠨ ᠤᠢᠢᠷ᠎ᠠ ᠳᠡᠬᠦᠷᠬᠡ ᠶᠢᠨ ᠽᠢᠸᠢᠢᠨᠢᠭᠤᠯᠤᠳᠧ ᠪᠠᠯᠭᠠᠰᠤᠨ ᠤ ︽ᠮᠥᠩᠭᠦᠨ ᠵᠤᠰᠠᠯᠠᠩ︾ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠶᠡᠭᠡ ᠬᠤᠷᠠᠯ ᠨᠢᠭᠤᠴᠠ ᠪᠠᠷ ᠬᠤᠷᠠᠯᠳᠤᠪᠠ᠃ ᠨᠠᠮ ᠤᠨ ᠵᠢᠷᠭᠤᠳᠤᠭᠠᠷ ᠶᠡᠭᠡ ᠬᠤᠷᠠᠯ ᠪᠣᠯ ᠣᠨᠴᠠᠭᠠᠶ ᠲᠡᠦᠬᠡᠨ ᠴᠠᠭ ᠦᠶ᠎ᠡ ᠪᠠ ᠲᠡᠦᠬᠡᠨ ᠨᠥᠬᠦᠴᠡᠯ ᠳᠣᠣᠷ᠎ᠠ ᠬᠤᠷᠠᠯᠳᠤᠭᠰᠠᠨ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠲᠠᠢ ᠬᠤᠷᠠᠯ ᠪᠣᠯᠤᠨ᠎ᠠ᠂ ᠶᠡᠭᠡ ᠬᠤᠪᠢᠰᠬᠠᠯ ᠢᠯᠠᠭᠳᠠᠭᠰᠠᠨ ᠠᠴᠠ ᠨᠠᠭᠠᠰᠢᠬᠢ ᠲᠤᠷᠰᠢᠯᠭ᠎ᠠ ᠰᠤᠷᠭᠠᠮᠵᠢ  ᠶᠢ ᠨᠠᠷᠢᠨ ᠬᠢᠨᠠᠮᠠᠭᠠᠶ ᠳ᠋ᠦᠩᠨᠡᠵᠦ᠂ ᠳᠤᠮᠳᠠᠳᠤ ᠤᠯᠤᠰ ᠤᠨ ᠬᠤᠪᠢᠰᠬᠠᠯ ᠳᠤ ᠬᠤᠯᠪᠣᠭᠳᠠᠭᠰᠠᠨ ᠠᠯᠢ ᠤᠯᠠᠨ ᠬᠦᠨᠳᠦ ᠨᠣᠴᠢᠲᠠᠶ ᠮᠠᠷᠭᠤᠯᠳᠤᠭᠠᠨ ᠲᠠᠢ ᠠᠰᠠᠭᠤᠳᠠᠯ ᠳᠤ ᠵᠥᠪ ᠬᠠᠷᠢᠭᠤᠯᠲᠠ ᠥᠭᠴᠡᠶ᠃40. ᠭᠦ᠋ ᠲᠢᠶᠠᠨ ᠤ ᠬᠤᠷᠠᠯᠳᠤᠭᠠᠨ1929 ᠣᠨ ᠤ 12 ᠰᠠᠷ᠎ᠠ ᠶᠢᠨ ᠰᠡᠭᠦᠯᠴᠢ ᠪᠠᠷ᠂ ᠤᠯᠠᠭᠠᠨ ᠳᠥᠷᠪᠡᠳᠦᠭᠡᠷ ᠠᠷᠮᠢ ᠶᠢᠨ ᠨᠠᠮ ᠤᠨ ᠶᠢᠰᠦᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠹᠦᠵᠢᠶᠠᠨ ᠤ ᠱᠠᠩ ᠬᠠᠩ ᠰᠢᠶᠠᠨ ᠤ ᠭᠦ᠋ ᠲᠢᠶᠠᠨ ᠳᠤ ᠬᠤᠷᠠᠯᠳᠤᠪᠠ᠃ ᠬᠤᠷᠠᠯ ᠠᠴᠠ ᠨᠠᠮ ᠤᠨ ᠭᠡᠰᠢᠭᠦᠨ ᠲᠠᠷᠢᠶᠠᠴᠢᠨ ᠢᠶᠠᠷ ᠭᠤᠣᠯ ᠪᠦᠷᠢᠯᠳᠦᠬᠦᠨ ᠪᠣᠯᠭᠠᠭᠰᠠᠨ ᠪᠠᠶᠢᠳᠠᠯ ᠳᠣᠣᠷ᠎ᠠ ᠬᠡᠷᠬᠢᠨ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠦᠭᠡᠶᠢᠭᠦᠦ ᠠᠩᠬᠢ  ᠶᠢᠨ ᠬᠤᠰᠢᠭᠤᠴᠢ ᠠᠩᠬᠢ ᠶᠢᠨ ᠰᠢᠨᠵᠢ ᠴᠢᠨᠠᠷ ᠢ ᠪᠠᠲᠤᠯᠠᠬᠤ ᠠᠰᠠᠭᠤᠳᠠᠯ ᠵᠢᠴᠢ ᠬᠥᠳᠡᠭᠡ ᠲᠣᠰᠬᠤᠨ ᠳᠤ ᠲᠠᠶᠢᠨ ᠬᠢᠵᠦ ᠪᠠᠶᠢᠭ᠎ᠠ ᠪᠠᠶᠢᠳᠠᠯ ᠳᠣᠣᠷ᠎ᠠ ᠬᠡᠷᠬᠢᠨ ᠲᠠᠷᠢᠶᠠᠴᠢᠨ ᠢᠶᠠᠷ ᠭᠤᠣᠯ ᠪᠦᠷᠢᠯᠳᠦᠬᠦᠨ ᠪᠣᠯᠭᠠᠭᠰᠠᠨ ᠬᠤᠪᠢᠰᠬᠠᠯᠲᠤ ᠴᠡᠷᠢᠭ ᠠᠩᠬᠢ ᠶᠢ ᠦᠭᠡᠶᠢᠭᠦᠦ ᠠᠩᠬᠢ ᠶᠢᠨ ᠤᠳᠤᠷᠢᠳᠤᠭᠰᠠᠨ ᠰᠢᠨ᠎ᠡ ᠮᠠᠶ᠋ᠢᠭ ᠤᠨ ᠠᠷᠠᠳ ᠤᠨ ᠴᠡᠷᠢᠭ ᠠᠩᠬᠢ ᠪᠣᠯᠭᠠᠨ ᠪᠠᠶᠢᠭᠤᠯᠬᠤ ᠠᠰᠠᠭᠤᠳᠠᠯ ᠢ ᠠᠩᠬ᠎ᠠ ᠠᠯᠬᠤᠮ ᠰᠢᠶᠳᠪᠦᠷᠢᠯᠡᠪᠡ᠃41. ᠳᠤᠮᠳᠠᠳᠤ ᠶᠢᠨ ᠰᠤᠪᠢᠶᠠᠳ ᠵᠠᠰᠠᠭ ᠤᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠠᠵᠢᠯᠴᠢᠨ ᠲᠠᠷᠢᠶᠠᠴᠢᠨ ᠴᠡᠷᠢᠭ ᠤᠨ ᠲᠥᠯᠥᠭᠡᠯᠡᠭᠴᠢᠳ ᠤᠨ ᠶᠡᠭᠡ ᠬᠤᠷᠠᠯ1931 ᠣᠨ ᠤ 11 ᠰᠠᠷ᠎ᠠ ᠶᠢᠨ 7 ᠤ ᠡᠳᠦᠷ᠂ ᠳᠤᠮᠳᠠᠳᠤ ᠶᠢᠨ ᠠᠵᠢᠯᠴᠢᠨ ᠲᠠᠷᠢᠶᠠᠴᠢᠨ ᠴᠡᠷᠢᠭ ᠤᠨ ᠰᠣᠪᠢᠶᠠᠳ ᠵᠠᠰᠠᠭ ᠤᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠵᠢᠶᠠᠩᠰᠢ ᠶᠢᠨ ᠷᠦᠢ ᠶᠢᠨ ᠳᠤ ᠬᠤᠷᠠᠯᠳᠤᠵᠤ᠂ ᠬᠤᠷᠠᠯ ᠠᠴᠠ ᠰᠤᠪᠢᠶᠠᠳ ᠵᠠᠰᠠᠭ ᠤᠨ ᠪᠦᠭᠦᠳᠡ ᠨᠠᠶᠢᠷᠠᠮᠳᠠᠬᠤ ᠳᠤᠮᠳᠠᠳᠤ ᠤᠯᠤᠰ  ᠤᠨ ᠲᠦᠷ ᠴᠠᠭ ᠤᠨ ᠲᠥᠪ ᠵᠠᠰᠠᠭ ᠤᠨ ᠣᠷᠳᠣᠨ ᠢ ᠪᠠᠶᠢᠭᠤᠯᠬᠤ ᠪᠠᠷ ᠲᠤᠩᠬᠠᠭᠯᠠᠵᠤ᠂ ᠮᠠᠤ ᠽᠧ ᠳ᠋ᠦᠩ᠂ ᠵᠧᠦ ᠧᠨ ᠯᠠᠶ᠂ ᠵᠦ ᠳ᠋ᠧ ᠵᠡᠷᠭᠡ 46 ᠬᠥᠮᠦᠨ ᠢ ᠲᠥᠪ ᠤᠨ ᠭᠦᠢᠴᠡᠳᠬᠡᠬᠦ ᠭᠡᠰᠢᠭᠦᠨ ᠢᠶᠠᠷ ᠰᠣᠩᠭᠤᠵᠤ᠂ ᠮᠠᠤ ᠽᠧ ᠳ᠋ᠦᠩ ᠲᠡᠷᠢᠭᠦᠯᠡᠭᠴᠢ ᠪᠣᠯᠪᠠ᠃ ᠬᠤᠷᠠᠯ ᠳᠡᠭᠡᠷ᠎ᠡ ᠰᠤᠪᠢᠶᠠᠳ ᠵᠠᠰᠠᠭᠲᠤ ᠪᠦᠭᠦᠳᠡ ᠨᠠᠶᠢᠷᠠᠮᠳᠠᠬᠤ ᠳᠤᠮᠳᠠᠳᠤ ᠤᠯᠤᠰ  ᠤᠨ ᠦᠨᠳᠦᠰᠦᠨ ᠬᠠᠤᠯᠢ ᠶᠢᠨ ᠲᠣᠪᠴᠢ᠂ ᠭᠠᠵᠠᠷ ᠲᠠᠷᠢᠶᠠᠨ ᠤ ᠬᠠᠤᠯᠢ᠂ ᠬᠥᠳᠡᠯᠮᠦᠷᠢ ᠶᠢᠨ ᠬᠠᠤᠯᠢ᠂ ᠰᠤᠪᠢᠶᠠᠳ ᠵᠠᠰᠠᠭ ᠤᠨ ᠵᠣᠬᠢᠶᠠᠨ ᠪᠠᠶᠢᠭᠤᠯᠬᠤ ᠬᠠᠤᠯᠢ᠂ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠲᠣᠭᠲᠠᠭᠠᠯ᠂ ᠤᠯᠠᠭᠠᠨ ᠴᠡᠷᠢᠭ ᠤᠨ ᠲᠤᠬᠠᠢ ᠰᠢᠢᠳᠪᠦᠷᠢ ᠶᠢᠨ ᠲᠥᠰᠦᠯ᠂ ᠰᠤᠪᠢᠶᠠᠳ ᠵᠠᠰᠠᠭ ᠤᠨ ᠪᠦᠭᠦᠳᠡ ᠨᠠᠶᠢᠷᠠᠮᠳᠠᠬᠤ ᠳᠤᠮᠳᠠᠳᠤ ᠤᠯᠤᠰ ᠤᠨ ᠲᠦᠷ ᠴᠠᠭ ᠤᠨ ᠲᠥᠪ ᠵᠠᠰᠠᠭ ᠤᠨ ᠣᠷᠳᠣᠨ ᠤ ᠭᠠᠳᠠᠭᠠᠳᠤ ᠳᠤ ᠵᠣᠷᠢᠭᠤᠯᠤᠭᠰᠠᠨ ᠲᠤᠩᠬᠠᠭ᠂ ᠶᠠᠫᠣᠨ ᠢ ᠡᠰᠡᠷᠭᠦᠴᠡᠬᠦ ᠲᠤᠩᠬᠠᠭ᠂ ᠴᠥᠭᠡᠨ ᠲᠣᠭᠠᠲᠤ ᠦᠨᠳᠦᠰᠦᠲᠡᠨ ᠤ ᠠᠰᠠᠭᠤᠳᠠᠯ ᠤᠨ ᠲᠤᠬᠠᠢ ᠰᠢᠢᠳᠪᠦᠷᠢ ᠶᠢᠨ ᠲᠥᠰᠦᠯ᠂ ᠤᠯᠠᠭᠠᠨ ᠴᠡᠷᠢᠭ ᠲᠤ ᠬᠠᠷᠠᠭᠠᠯᠵᠠᠯ ᠦᠵᠡᠭᠦᠯᠬᠦ ᠳᠦᠷᠢᠮ᠂ ᠤᠷᠤᠭ ᠤᠨ ᠳᠦᠷᠢᠮ ᠵᠡᠷᠭᠡ ᠬᠠᠤᠯᠢ ᠴᠠᠭᠠᠵᠠ᠂ ᠳᠥᠷᠢᠮ ᠲᠣᠭᠲᠠᠭᠠᠯ᠂ ᠪᠢᠴᠢᠭ ᠮᠠᠲ᠋ᠧᠷᠢᠶᠠᠯ ᠢ ᠶᠠᠷᠢᠯᠴᠠᠨ ᠪᠠᠲᠤᠯᠠᠪᠠ᠃42. ᠳᠥᠷᠪᠡᠨ ᠤᠳᠠᠭᠠᠨ ᠤ ︽ᠪᠦᠰᠡᠯᠡᠨ ᠤᠰᠠᠳᠬᠠᠯᠲᠠ︾ ᠶᠢ ᠡᠰᠡᠷᠭᠦᠴᠡᠬᠦ ᠳᠠᠶᠢᠨ ᠤ ᠢᠯᠠᠯᠲᠠ ᠶᠢ ᠣᠯᠪᠠᠮᠠᠤ ᠽᠧ ᠳ᠋ᠦᠩ ᠨᠥᠬᠦᠷ ᠤᠨ ᠳᠤᠷᠠᠳᠤᠭᠰᠠᠨ ᠪᠠᠶᠢᠯᠳᠤᠬᠤ ᠪᠤᠳᠤᠯᠭ᠎ᠠ᠂ ᠵᠥᠪ ᠴᠢᠭᠯᠡᠯᠲᠡ ᠶᠢᠨ ᠵᠢᠯᠤᠭᠤᠳᠤᠯᠭ᠎ᠠ ᠳᠣᠣᠷ᠎ᠠ᠂ ᠤᠯᠠᠭᠠᠨ ᠴᠡᠷᠢᠭ ᠲᠦᠷᠦᠭᠦᠦ ᠲᠦᠷᠪᠡᠨ ᠤᠳᠠᠭᠠᠨ ᠤ ᠪᠦᠰᠡᠯᠡᠨ ᠤᠰᠠᠳᠬᠠᠯᠲᠠ ᠶᠢ ᠡᠰᠡᠷᠭᠦᠴᠡᠬᠦ ᠲᠠᠶᠢᠨ  ᠳᠤ ᠴᠢᠬᠤᠯᠠ ᠶᠡᠭᠡ ᠢᠯᠠᠯᠲᠠ ᠤᠯᠪᠠ᠃43. ᠲᠠᠪᠤᠳᠤᠭᠠᠷ ᠤᠳᠠᠭᠠᠨ ᠤ ︽ᠪᠦᠰᠡᠯᠡᠨ ᠤᠰᠠᠳᠬᠠᠯᠲᠠ︾ ᠶᠢ ᠡᠰᠡᠷᠭᠦᠴᠡᠬᠦ ᠲᠠᠶᠢᠨ ᠢᠯᠠᠭᠳᠠᠪᠠ1933 ᠣᠨ ᠤ 9 ᠰᠠᠷ᠎ᠠ ᠶᠢᠨ 25 ᠠᠴᠠ 10 ᠰᠠᠷ᠎ᠠ ᠶᠢᠨ ᠬᠤᠭᠤᠷᠣᠨᠳᠣ᠂ ᠵᠢᠶᠠᠩ ᠵᠢᠶᠧ ᠱᠢ 100 ᠲᠦᠮᠡᠨ ᠴᠡᠷᠢᠭ ᠴᠤᠭᠯᠠᠭᠤᠯᠵᠤ᠂ ᠲᠥᠪ ᠤᠨ ᠬᠤᠪᠢᠰᠬᠠᠯ ᠤᠨ ᠰᠠᠭᠤᠷᠢᠨ ᠭᠠᠵᠠᠷ ᠵᠦᠭ ᠶᠡᠭᠡ ᠬᠡᠪᠴᠢᠶᠡᠨ ᠤ ︽ᠪᠦᠰᠡᠯᠡᠨ ᠤᠰᠠᠳᠬᠠᠯᠲᠠ︾ ᠶᠠᠪᠤᠭᠤᠯᠵᠠᠶ᠃ ᠡᠨᠡ ᠦᠶ᠎ᠡ ᠳᠤ᠂ ᠸᠠᠩ ᠮᠢᠩ ᠤᠨ ︽ᠵᠡᠭᠦᠨ︾ ᠤ ᠪᠥᠭᠡᠷᠡᠩᠬᠡᠶ ᠦᠵᠡᠯ ᠤᠯᠠᠭᠠᠨ ᠴᠡᠷᠢᠭ ᠤᠨ ᠳᠣᠲᠣᠷ᠎ᠠ ᠨᠣᠶᠠᠷᠬᠠᠬᠤ ᠪᠠᠶᠢᠷᠢ ᠶᠢ ᠡᠵᠡᠯᠡᠵᠦ᠂ ᠮᠠᠤ ᠽᠧ ᠳ᠋ᠦᠩ ᠤᠨ ᠵᠥᠪ ᠰᠠᠨᠠᠭᠤᠯᠭ᠎ᠠ ᠶᠢ ᠬᠦᠯᠢᠶᠡᠨ ᠠᠪᠬᠤ ᠦᠭᠡᠶ ᠪᠠᠶᠢᠵᠤ᠂ ︽ᠵᠢᠩᠬᠢᠨᠢ︾ ᠳᠠᠶᠢᠨ ᠢᠶᠠᠷ ᠠᠷᠠᠳ ᠤᠨ ᠳᠠᠶᠢᠨ ᠢ ᠣᠷᠣᠯᠠᠭᠤᠯᠵᠤ᠂ ᠤᠯᠠᠭᠠᠨ ᠴᠡᠷᠢᠭ ᠢ ᠪᠦᠷᠢᠮᠦᠰᠦᠨ ᠰᠠᠨᠠᠭᠠᠴᠢᠯᠠᠭᠠᠲᠤ ᠪᠤᠰᠤ ᠪᠠᠶᠢᠷᠢᠨ ᠳᠤ ᠣᠷᠣᠭᠤᠯᠵᠠᠶ᠃ ᠨᠢᠭᠡ ᠵᠢᠯ ᠡᠷᠡᠯᠬᠡᠭᠯᠡᠨ ᠪᠠᠶᠢᠯᠳᠤᠭᠠᠳ ︽ᠪᠦᠰᠡᠯᠡᠨ ᠤᠰᠠᠳᠬᠠᠯᠲᠠ︾ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠵᠤ ᠴᠢᠳᠠᠭᠰᠠᠨ ᠦᠭᠡᠢ᠃ 1934 ᠣᠨ ᠤ 10 ᠰᠠᠷ᠎ᠠ ᠳᠤ ᠪᠠᠴᠢᠮ ᠵᠠᠷᠯᠢᠭ ᠪᠠᠭᠤᠯᠭᠠᠨ ᠲᠥᠪ ᠤᠨ ᠤᠳᠤᠷᠢᠳᠬᠤ ᠪᠠᠶᠢᠭᠤᠯᠭ᠎ᠠ ᠪᠠ ᠤᠯᠠᠭᠠᠨ ᠴᠡᠷᠢᠭ ᠤᠨ ᠭᠤᠣᠯ ᠬᠦᠴᠦᠨ ᠢ ᠰᠠᠭᠤᠷᠢᠨ ᠭᠠᠵᠠᠷ ᠠᠴᠠ ᠣᠬᠤᠷᠢᠭᠤᠯᠪᠠ᠃44. ᠤᠯᠠᠭᠠᠨ ᠴᠡᠷᠢᠭ ᠤᠨ ᠤᠷᠲᠤ ᠵᠠᠮ ᠤᠨ ᠠᠶᠠᠨ ᠳᠠᠶᠢᠨ1934 ᠣᠨ ᠤ 10 ᠰᠠᠷ᠎ᠠ ᠳᠤ᠂ ᠲᠥᠪ ᠤᠨ ᠤᠯᠠᠭᠠᠨ ᠴᠡᠷᠢᠭ ᠵᠢᠶᠠᠩᠰᠢ ᠶᠢᠨ ᠷᠦᠢ ᠶᠢᠨ ᠠᠴᠠ ᠮᠣᠷᠳᠠᠵᠤ᠂ ᠤᠷᠳᠤ ᠵᠠᠮ ᠤᠨ ᠠᠶᠠᠨ ᠲᠠᠶᠢᠨ ᠢᠶᠠᠨ ᠡᠬᠢᠯᠡᠭᠦᠯᠪᠡ᠃ 1936 ᠣᠨ ᠤ 10 ᠰᠠᠷ᠎ᠠ ᠳᠤ᠂ ᠤᠯᠠᠭᠠᠨ ᠳᠥᠷᠪᠡᠳᠦᠭᠡᠷ᠂ ᠤᠯᠠᠭᠠᠨ ᠬᠤᠶᠠᠳᠤᠭᠠᠷ ᠹᠷᠣᠨᠲ ᠤᠨ ᠴᠡᠷᠢᠭ ᠲᠤᠰ ᠲᠤᠰ ᠤᠯᠠᠭᠠᠨ ᠨᠢᠭᠡᠳᠦᠭᠡᠷ ᠹᠷᠣᠨᠲ ᠤᠨ ᠴᠡᠷᠢᠭ ᠲᠠᠢ ᠭᠠᠨᠰᠦ ᠶᠢᠨ ᠾᠦᠢ ᠨᠢᠩ᠂ ᠵᠢᠩᠨᠢᠩ ᠤᠨ  ᠵᠢᠶᠠᠩ ᠲᠠᠢ ᠪᠣᠤ ᠳᠤ ᠴᠡᠷᠢᠭ ᠨᠡᠶᠢᠯᠡᠵᠦ᠂ ᠤᠷᠳᠤ ᠵᠠᠮ  ᠤᠨ ᠠᠶᠠᠨ ᠲᠠᠶᠢᠨ ᠢ ᠠᠮᠵᠢᠯᠲᠠᠲᠠᠢ ᠳᠠᠭᠤᠰᠬᠠᠪᠠ᠃ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠢᠯᠠᠯᠲᠠ ᠪᠣᠯ ᠳᠤᠮᠳᠠᠳᠤ ᠤᠯᠤᠰ ᠤᠨ ᠬᠤᠪᠢᠰᠬᠠᠯ ᠤᠨ ᠲᠦᠭᠰᠢᠭᠦᠷᠢ ᠶᠢ ᠠᠷᠢᠯᠭᠠᠭᠰᠠᠨ ᠵᠠᠩᠭᠢᠯᠠᠭ᠎ᠠ ᠮᠥᠨ᠂ ᠡᠨᠡ  ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ ᠨᠢ ᠢᠯᠠᠭᠳᠠᠰᠢ ᠦᠭᠡᠢ ᠬᠦᠴᠦᠨ ᠪᠣᠯᠬᠤ ᠶᠢ ᠬᠠᠷᠠᠭᠤᠯᠤᠭᠰᠠᠨ ᠪᠠᠶᠢᠨ᠎ᠠ᠃45.ᠰᠢᠶᠠᠩᠵᠢᠶᠠᠩ ᠤᠨ ᠳᠠᠶᠢᠯᠠᠯᠳᠤᠭᠠᠨ1934 ᠣᠨ ᠤ 11 ᠰᠠᠷ᠎ᠠ ᠶᠢᠨ 27 ᠠᠴᠠ 12 ᠰᠠᠷ᠎ᠠ ᠶᠢᠨ 1 ᠪᠣᠯᠲᠠᠯ᠎ᠠ᠂ ᠲᠥᠪ ᠤᠨ ᠤᠯᠠᠭᠠᠨ ᠴᠡᠷᠢᠭ ᠰᠢᠶᠠᠩᠵᠢᠶᠠᠩ ᠮᠥᠷᠡᠨ ᠤ ᠳᠡᠭᠡᠳᠦ ᠤᠷᠤᠰᠬᠠᠯ ᠤᠨ ᠭᠤᠸᠠᠩᠰᠢ ᠶᠢᠨ ᠬᠢᠯᠢ ᠳᠣᠲᠣᠷᠠᠬᠢ ᠰᠢᠩ ᠠᠨ ᠰᠢᠶᠠᠨ᠂ ᠴᠢᠤᠸᠠᠨᠵᠸᠤ ᠰᠢᠶᠠᠨ᠂ ᠭᠤᠸᠠᠨᠶᠠᠩ ᠰᠢᠶᠠᠨ ᠳᠤ ᠭᠤᠮᠢᠨᠳᠠᠩ ᠤᠨ ᠴᠡᠷᠢᠭ ᠲᠠᠢ ᠲᠠᠪᠤᠨ ᠰᠥᠨᠢ ᠲᠠᠪᠤᠨ ᠡᠳᠦᠷ ᠪᠠᠶᠢᠯᠳᠤᠵᠤ᠂ ᠴᠢᠤᠸᠠᠨᠵᠸᠤ᠂ ᠰᠢᠩ ᠠᠨ ᠤ ᠬᠤᠭᠤᠷᠣᠨᠳᠤᠬᠢ ᠰᠢᠶᠠᠩᠵᠢᠶᠠᠩ ᠮᠥᠷᠡᠨ ᠢ ᠭᠡᠲᠦᠯᠵᠦ᠂ ᠭᠤᠮᠢᠨᠳᠠᠩ  ᠤᠨ ᠴᠡᠷᠢᠭ ᠤᠨ ᠳᠥᠷᠪᠡᠳᠦᠭᠡᠷ ᠪᠢᠲᠡᠭᠦᠮᠵᠢᠯᠡᠯ ᠤᠨ ᠱᠤᠭᠤᠮ ᠢ ᠰᠢᠪᠲᠤᠯᠤᠨ᠂ ᠵᠢᠶᠠᠩ ᠵᠢᠶᠧ ᠱᠢ ᠶᠢᠨ ᠲᠥᠪ ᠤᠨ ᠤᠯᠠᠭᠠᠨ ᠴᠡᠷᠢᠭ ᠤᠨ ᠰᠢᠶᠠᠩᠵᠢᠶᠠᠩ ᠮᠥᠷᠡᠨ ᠠᠴᠠ ᠵᠡᠭᠦᠨᠰᠢ ᠪᠦᠰᠡᠯᠡᠨ ᠰᠥᠨᠥᠭᠡᠬᠦ ᠭᠡᠰᠡᠨ ᠭᠤᠷᠢᠳᠠᠯᠭ᠎ᠠ ᠶᠢ ᠪᠣᠲᠠ ᠨᠢᠷᠭᠡᠪᠡ᠃ ᠭᠡᠪᠡᠴᠦ ᠲᠥᠪ ᠤᠨ ᠤᠯᠠᠭᠠᠨ ᠴᠡᠷᠢᠭ ᠴᠦ ᠡᠭᠦᠨ ᠤ ᠲᠥᠯᠥᠭᠡ ᠲᠤᠶᠢᠯ ᠤᠨ ᠬᠦᠨᠳᠦ ᠨᠣᠴᠢᠲᠠᠢ ᠬᠤᠬᠢᠷᠠᠯ ᠭᠠᠷᠭᠠᠵᠠᠢ᠃ ᠴᠡᠷᠢᠭ ᠠᠩᠭᠢ ᠶᠢᠨ ᠵᠢᠯᠤᠭᠤᠳᠤᠭᠴᠢ ᠪᠠᠶᠢᠯᠳᠤᠭᠴᠢᠳ ᠪᠣᠯᠤᠨ ᠲᠥᠪ ᠤᠨ ᠪᠠᠶᠢᠭᠤᠯᠭ᠎ᠠ  ᠶᠢᠨ ᠬᠥᠮᠦᠰ ᠤᠷᠳᠤ ᠵᠠᠮ ᠤᠨ ᠠᠶᠠᠨ ᠲᠠᠶᠢᠨ ᠠᠴᠠ ᠮᠣᠷᠳᠠᠬᠤ ᠦᠶ᠎ᠡ ᠳᠤ 8 ᠲᠦᠮᠡ ᠭᠠᠷᠤᠢ ᠬᠥᠮᠦᠨ ᠲᠠᠢ ᠪᠠᠶᠢᠭᠰᠠᠨ ᠠᠴᠠ ᠪᠠᠨ 3 ᠲᠦᠮᠡ ᠭᠠᠷᠤᠢ ᠬᠥᠮᠦᠨ ᠯᠠ ᠦᠯᠡᠳᠡᠪᠡ᠃ ᠰᠢᠶᠠᠩᠵᠢᠶᠠᠩ ᠤᠨ ᠳᠠᠶᠢᠯᠠᠯᠳᠤᠭᠠᠨ ᠪᠣᠯ ᠲᠥᠪ ᠤᠨ ᠤᠯᠠᠭᠠᠨ ᠴᠡᠷᠢᠭ ᠤᠨ ᠪᠦᠰᠡᠯᠡᠯᠲᠡ ᠶᠢ ᠰᠢᠪᠲᠤᠯᠤᠭᠰᠠᠨ ᠠᠴᠠ ᠨᠠᠭᠠᠰᠢᠬᠢ ᠬᠠᠮᠤᠭ ᠤᠨ ᠪᠠᠭᠠᠲᠤᠷᠯᠢᠭ᠂ ᠬᠠᠮᠤᠭ ᠤᠨ ᠵᠠᠩᠭᠢᠯᠠᠭ᠎ᠠ ᠶᠢᠨ ᠳᠠᠶᠢᠯᠠᠯᠳᠤᠭᠠᠨ ᠪᠣᠯᠤᠨ᠎ᠠ᠂ ᠮᠥᠨ ᠴᠦ ᠲᠥᠪ ᠤᠨ ᠤᠯᠠᠭᠠᠨ ᠴᠡᠷᠢᠭ ᠤᠨ ᠮᠠᠨᠳᠤᠵᠤ ᠮᠥᠬᠦᠬᠦ ᠲᠠᠢ ᠬᠤᠯᠪᠤᠭᠳᠠᠭᠰᠠᠨ ᠳᠠᠶᠢᠯᠠᠯᠳᠤᠭᠠᠨ ᠪᠣᠯᠤᠨ᠎ᠠ᠃46. ᠽᠦᠨ ᠢ ᠶᠢᠨ ᠬᠤᠷᠠᠯᠳᠤᠭᠠᠨ1935 ᠣᠨ ᠤ 1 ᠰᠠᠷ᠎ᠠ ᠶᠢᠨ 15 ᠠᠴᠠ 17 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠨᠢ ᠭᠦᠢᠵᠧᠦ ᠶᠢᠨ ᠽᠦᠨ ᠢ ᠳᠤ ᠳᠤᠮᠳᠠᠳᠤ ᠤᠯᠤᠰ ᠤᠨ ᠬᠤᠪᠢᠰᠬᠠᠯ ᠤᠨ ᠠᠰᠠᠭᠤᠳᠠᠯ ᠢ ᠪᠡᠶ᠎ᠡ ᠪᠠᠨ ᠳᠠᠭᠠᠭᠠᠵᠤ ᠡᠵᠡᠨ ᠮᠡᠳᠡᠨ ᠰᠢᠶᠳᠪᠦᠷᠢᠯᠡᠬᠦ ᠲᠤᠬᠠᠶ ᠥᠷᠭᠡᠳᠬᠡᠭᠰᠡᠨ ᠬᠤᠷᠠᠯ ᠬᠤᠷᠠᠯᠳᠤᠭᠤᠯᠪᠠ᠃ ᠲᠤᠰ ᠬᠤᠷᠠᠯ ᠢ ᠤᠯᠠᠭᠠᠨ ᠴᠡᠷᠢᠭ ᠲᠠᠪᠤᠳᠤᠭᠠᠷ ᠤᠳᠠᠭᠠᠨ ᠤ ︽ᠪᠦᠰᠡᠯᠡᠨ ᠤᠰᠠᠳᠬᠠᠯᠲᠠ︾ ᠶᠢ ᠡᠰᠡᠷᠭᠦᠴᠡᠭᠡᠳ ᠢᠯᠠᠭᠳᠠᠭᠰᠠᠨ ᠪᠠ ᠤᠷᠳᠤ ᠵᠠᠮ ᠤᠨ ᠠᠶᠠᠨ ᠲᠠᠶᠢᠨ ᠤ ᠡᠬᠢᠨ ᠤ ᠦᠶ᠎ᠡ ᠳᠤ ᠬᠦᠨᠳᠦ ᠨᠣᠴᠢᠲᠠᠢ ᠨᠤᠭᠤᠷᠠᠯ ᠪᠦᠳᠦᠷᠢᠯ ᠳᠤ ᠤᠴᠠᠷᠠᠭᠰᠠᠨ ᠪᠠᠶᠢᠳᠠᠯ ᠳᠣᠣᠷ᠎ᠠ᠂ ᠪᠦᠸᠧ ᠬᠦ᠋᠂ ᠸᠠᠩ ᠮᠢᠩ᠂ ᠯᠢ ᠳ᠋ᠧ ᠵᠡᠷᠭᠡ ᠬᠦᠮᠦᠰ ᠤᠨ ︽ᠵᠡᠭᠦᠨ︾ ᠤ ᠬᠡᠯᠪᠡᠷᠢᠯ ᠤᠨ ᠤᠳᠤᠷᠢᠳᠤᠯᠭ᠎ᠠ ᠶᠢᠨ ᠴᠡᠷᠢᠭ ᠲᠠᠶᠢᠨ ᠤ ᠵᠢᠯᠤᠭᠤᠳᠤᠯᠭ᠎ᠠ  ᠶᠢᠨ ᠲᠠᠯ᠎ᠠ ᠪᠠᠷ ᠬᠢ ᠠᠯᠳᠠᠭ᠎ᠠ ᠶᠢ ᠵᠠᠯᠠᠷᠠᠭᠤᠯᠬᠤ ᠶᠢᠨ ᠲᠥᠯᠥᠭᠡ ᠬᠤᠷᠠᠯᠳᠤᠭᠤᠯᠤᠭᠰᠠᠨ ᠶᠤᠮ᠃ ᠡᠨᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠠᠩᠬᠠᠳᠤᠭᠠᠷ ᠤᠳᠠᠭ᠎ᠠ ᠪᠡᠶ᠎ᠡ ᠪᠠᠨ ᠳᠠᠭᠠᠭᠠᠵᠤ ᠡᠵᠡᠨ ᠮᠡᠳᠡᠨ ᠮᠠᠷᠺᠰ ᠯᠧᠨᠢᠨ ᠤ ᠦᠵᠡᠯ ᠢᠶᠠᠷ ᠭᠤᠣᠯ ᠦᠨᠳᠦᠰᠦᠯᠡᠯ ᠪᠣᠯᠭᠠᠵᠤ ᠥᠪᠡᠷ ᠤᠨ ᠱᠤᠭᠤᠮ᠂ ᠴᠢᠭᠯᠡᠯᠲᠡ ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠬᠢ ᠠᠰᠠᠭᠤᠳᠠᠯ ᠢᠶᠠᠨ ᠰᠢᠢᠳᠪᠦᠷᠢᠯᠡᠭᠰᠡᠨ ᠬᠤᠷᠠᠯ ᠮᠥᠨ᠃ ᠲᠤᠰ ᠬᠤᠷᠠᠯ ᠨᠢ ᠲᠡᠦᠬᠡᠨ ᠵᠠᠩᠭᠢᠯᠠᠭ᠎ᠠ ᠶᠢᠨ ᠦᠶ᠎ᠡ ᠳᠤ ᠨᠠᠮ ᠪᠠ ᠤᠯᠠᠭᠠᠨ ᠴᠡᠷᠢᠭ ᠵᠢᠴᠢ ᠳᠤᠮᠳᠠᠳᠤ ᠤᠯᠤᠰ ᠤᠨ ᠬᠤᠪᠢᠰᠬᠠᠯ ᠢ ᠠᠪᠤᠷᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠤᠯᠠᠭᠠᠨ ᠴᠡᠷᠢᠭ ᠤᠨ ᠲᠡᠦᠬᠡᠨ ᠳᠡᠭᠡᠷ᠎ᠡ ᠨᠢᠭᠡᠨ ᠦᠬᠦᠵᠦ ᠰᠡᠭᠡᠬᠦ ᠳᠤ ᠬᠤᠯᠪᠣᠭᠳᠠᠬᠤ ᠡᠷᠭᠢᠯᠲᠡ ᠪᠣᠯᠤᠭᠰᠠᠨ ᠪᠠᠶᠢᠨ᠎ᠠ᠃47. ᡂᠢ ᠱᠦᠢ ᠭᠤᠣᠯ ᠢ ᠳᠥᠷᠪᠠᠨᠲᠡ ᠭᠡᠳᠦᠯᠦᠭᠰᠡᠨ ᠨᠢᡂᠢ ᠱᠦᠢ ᠭᠤᠣᠯ ᠢ ᠳᠥᠷᠪᠠᠨᠲᠡ ᠭᠡᠲᠦᠯᠦᠭᠰᠡᠨ ᠳᠠᠶᠢᠨ ᠪᠣᠯ ᠽᠦᠨ ᠢ ᠶᠢᠨ ᠬᠤᠷᠠᠯᠳᠤᠭᠠᠨ ᠤ ᠳᠠᠷᠠᠭ᠎ᠠ᠂ ᠲᠥᠪ  ᠤᠨ ᠤᠯᠠᠭᠠᠨ ᠴᠡᠷᠢᠭ ᠤᠷᠲᠤ ᠵᠠᠮ ᠤᠨ ᠠᠶᠠᠨ ᠳᠠᠶᠢᠨ ᠤ ᠳᠤᠮᠳᠠ᠂ ᠭᠤᠮᠢᠨᠳᠠᠩ ᠤᠨ ᠬᠡᠳᠦᠨ ᠠᠷᠪᠠᠨ ᠲᠦᠮᠡᠨ ᠶᠡᠭᠡ ᠴᠡᠷᠢᠭ ᠤᠨ ᠪᠦᠰᠡᠯᠡᠨ ᠴᠣᠬᠢᠯᠲᠠ ᠳᠣᠣᠷ᠎ᠠ ᠶᠠᠪᠤᠭᠳᠠᠭᠰᠠᠨ ᠨᠢᠭᠡ ᠤᠳᠠᠭᠠᠨ ᠤ ᠰᠢᠶᠳᠪᠦᠷᠢᠲᠦ ᠴᠢᠨᠠᠷᠲᠠᠶ ᠳᠠᠶᠢᠯᠠᠯᠳᠤᠭᠠᠨ ᠪᠣᠯᠤᠨ᠎ᠠ᠃ ᠮᠠᠤ ᠽᠧ ᠳ᠋ᠦᠩ᠂ ᠵᠧᠦ ᠡᠸ᠋ᠨ ᠯᠠᠢ᠂ ᠵᠤ᠋ ᠳ᠋ᠧ ᠵᠡᠷᠭᠡ ᠬᠦᠮᠦᠰ ᠤᠨ ᠵᠢᠯᠤᠭᠤᠳᠤᠯᠭ᠎ᠠ ᠳᠣᠣᠷ᠎ᠠ᠂ ᠲᠥᠪ ᠤᠨ ᠤᠯᠠᠭᠠᠨ ᠴᠡᠷᠢᠭ ᠳᠡᠭᠡᠳᠦ ᠬᠡᠮᠵᠢᠶᠡᠨ ᠤ ᠠᠮᠢᠳᠤᠯᠢᠭ ᠪᠠᠶᠢᠯᠳᠤᠭᠠᠨ ᠤ ᠪᠣᠳᠤᠯᠭ᠎ᠠ ᠶᠢ ᠠᠪᠴᠤ᠂ ᠰᠧᠴᠤᠸᠠᠨ᠂ ᠭᠦᠢᠵᠧᠦ᠂ ᠶᠦᠨᠨᠠᠨ ᠤ ᠬᠢᠯᠢ ᠬᠢᠵᠠᠭᠠᠷ ᠤᠨ ᠥᠷᠭᠡᠨ ᠠᠭᠤᠳᠠᠮ ᠭᠠᠵᠠᠷ ᠣᠷᠣᠨ ᠢ ᠲᠤᠭᠤᠯᠤᠨ᠂ ᠪᠠᠶᠢᠯᠳᠤᠭᠠᠨ ᠤ ᠲᠣᠬᠢᠶᠠᠯ ᠢ ᠢᠳᠡᠪᠬᠢᠲᠡᠢ ᠡᠷᠢᠵᠦ᠂ ᠳᠠᠶᠢᠰᠤᠨ ᠢ ᠪᠦᠲᠦᠮᠵᠢᠲᠡᠢ ᠪᠠᠷ ᠤᠰᠠᠳᠬᠠᠨ᠂ ᠵᠢᠶᠠᠩ ᠵᠢᠶ᠋ᠧ ᠱᠢ ᠶᠢᠨ ᠰᠧᠴᠤᠸᠠᠨ᠂ ᠭᠦᠢᠵᠧᠦ᠂ ᠶᠦᠨᠨᠠᠨ ᠤ ᠬᠢᠯᠢ ᠬᠢᠵᠠᠭᠠᠷ ᠲᠤ ᠤᠯᠠᠭᠠᠨ ᠴᠡᠷᠢᠭ ᠢ ᠪᠦᠰᠡᠯᠡᠨ ᠤᠰᠠᠳᠬᠠᠬᠤ ᠭᠡᠰᠡᠨ ᠪᠠᠯᠠᠮᠠᠳ ᠲᠥᠯᠥᠪᠯᠡᠭᠡ ᠶᠢ ᠲᠤᠶᠢᠯᠪᠤᠷᠢᠲᠠᠢ ᠪᠤᠳᠠ ᠨᠢᠷᠭᠡᠭᠡᠳ᠂ ᠤᠯᠠᠭᠠᠨ ᠴᠡᠷᠢᠭ ᠪᠠᠶᠢᠯᠳᠤᠬᠤ ᠪᠤᠳᠤᠯᠭ᠎ᠠ  ᠶᠢᠨ ᠰᠢᠯᠵᠢᠯᠲᠡ ᠳᠤ ᠰᠢᠢᠳᠪᠦᠷᠢᠯᠡᠭᠴᠢ ᠠᠴᠢ ᠬᠤᠯᠪᠣᠭᠳᠠᠯ ᠪᠦᠬᠦᠢ ᠢᠯᠠᠯᠲᠠ ᠶᠢ ᠣᠯᠤᠭᠰᠠᠨ ᠪᠠᠶᠢᠨ᠎ᠠ᠃48. ᠶᠢᠨ ᠱᠠ ᠵᠢᠶᠠᠩ ᠮᠥᠷᠡᠨ ᠢ ᠭᠠᠳᠤᠯᠤᠭᠰᠠᠨ ᠨᠢ1935 ᠣᠨ ᠤ 4 ᠰᠠᠷ᠎ᠠ ᠶᠢᠨ 28 ᠤ ᠡᠳᠦᠷ᠂ ᠵᠢᠶᠠᠩ ᠵᠢᠶᠧ ᠱᠢ ᠵᠠᠷᠯᠢᠭ ᠪᠠᠭᠤᠯᠭᠠᠨ᠂ ᠶᠢᠨ ᠱᠠ ᠵᠢᠶᠠᠩ ᠮᠥᠷᠡᠨ ᠤ ᠣᠯᠣᠮ ᠢ ᠡᠵᠡᠯᠡᠨ᠂ ᠣᠩᠭᠤᠴᠠ ᠶᠢ ᠡᠪᠳᠡᠨ ᠮᠥᠷᠡᠨ ᠢ ᠪᠢᠲᠡᠭᠦᠮᠵᠢᠯᠡᠪᠡ᠃ ᠶᠢᠨ ᠱᠠ ᠵᠢᠶᠠᠩ ᠮᠥᠷᠡᠨ ᠬᠥᠬᠡ ᠮᠥᠷᠡᠨ ᠤ ᠳᠡᠭᠡᠳᠦ ᠤᠷᠤᠰᠬᠠᠯ ᠳᠤ ᠣᠷᠣᠰᠢᠵᠤ᠂ ᠰᠧᠴᠤᠸᠠᠨ ᠶᠦᠨᠨᠠᠨ ᠤ ᠵᠠᠭᠠᠭ ᠲᠠᠬᠢ ᠠᠭᠯᠠᠭ ᠠᠭᠤᠯᠠ ᠢᠪᠴᠤᠤ ᠵᠢᠯᠠᠭ᠎ᠠ ᠪᠠᠷ ᠤᠷᠤᠰᠤᠨ ᠥᠩᠭᠡᠷᠡᠵᠦ᠂ ᠴᠢᠳᠬᠤᠯᠠᠩ ᠨᠢ ᠳᠠᠪᠠᠯᠭᠠᠨ ᠶᠡᠬᠡᠲᠡᠢ ᠰᠢᠷᠦᠭᠦᠨ ᠪᠠᠶᠢᠳᠠᠭ᠃ ᠬᠡᠷᠪᠡ ᠤᠯᠠᠭᠠᠨ ᠴᠡᠷᠢᠭ ᠭᠠᠲᠤᠯᠵᠤ ᠳᠡᠶᠢᠯᠬᠦ ᠦᠭᠡᠢ ᠪᠣᠯ ᠭᠤᠮᠢᠨᠳᠠᠩ ᠤᠨ ᠴᠡᠷᠢᠭ ᠲᠤ ᠳᠠᠷᠤᠭᠳᠠᠵᠤ ᠠᠭᠯᠠᠭ ᠠᠭᠤᠯᠠ ᠢᠪᠴᠤᠤ ᠵᠢᠯᠠᠭ᠎ᠠ ᠳᠤ ᠣᠷᠣᠭᠠᠳ ᠪᠦᠬᠦ ᠴᠡᠷᠢᠭ ᠢᠶᠠᠷ ᠢᠶᠠᠨ ᠰᠥᠨᠥᠬᠦ ᠠᠶᠤᠯ ᠳᠤ ᠤᠴᠠᠷᠠᠬᠤ ᠪᠣᠯᠤᠨ᠎ᠠ᠃ 1935 ᠣᠨ ᠤ 5 ᠰᠠᠷ᠎ᠠ ᠶᠢᠨ 3 ᠠᠴᠠ 9 ᠪᠣᠯᠲᠠᠯ᠎ᠠ᠂ ᠤᠯᠠᠭᠠᠨ ᠴᠡᠷᠢᠭ ᠰᠢᠪᠲᠤᠯᠤᠯᠲᠠ ᠠᠴᠠ ᠵᠠᠶᠢᠯᠠᠨ᠂ ᠲᠣᠯᠤᠭᠠᠬᠠᠨ ᠣᠩᠭᠤᠴᠠ ᠪᠠᠷ 7 ᠡᠳᠦᠷ 7 ᠰᠥᠨᠢ ᠶᠢᠨ ᠬᠤᠭᠤᠷᠤᠨᠳᠤ 2 ᠲᠦᠮᠡ ᠭᠠᠷᠤᠶ ᠤᠯᠠᠭᠠᠨ ᠴᠡᠷᠢᠭ ᠶᠢᠨ ᠱᠠ ᠵᠢᠶᠠᠩ ᠮᠥᠷᠡᠨ ᠢ ᠭᠡᠲᠦᠯᠪᠡ᠃49. ᠳ᠋ᠠ ᠳ᠋ᠦ᠋ ᠾᠧ ᠭᠤᠣᠯ ᠢ ᠭᠠᠳᠤᠯᠤᠭᠰᠠᠨ ᠨᠢ1935 ᠣᠨ ᠤ 5 ᠰᠠᠷ᠎ᠠ ᠶᠢᠨ ᠡᠬᠢ ᠪᠠᠷ᠂ ᠲᠥᠪ ᠤᠨ ᠤᠯᠠᠭᠠᠨ ᠴᠡᠷᠢᠭ ᠰᠧᠴᠤᠸᠠᠨ ᠮᠤᠵᠢ ᠶᠢᠨ ᠱᠢ ᠮᠢᠶᠠᠨ ᠰᠢᠶᠠᠨ ᠳᠤ ᠬᠦᠷᠴᠦ᠂ ᠳ᠋ᠠ ᠳ᠋ᠦ᠋ ᠾᠧ ᠭᠤᠣᠯ ᠢ ᠭᠠᠲᠤᠯᠬᠤ ᠪᠠᠷ ᠪᠡᠯᠡᠳᠬᠡᠪᠡ᠃ ᠭᠤᠮᠢᠨᠳᠠᠩ ᠤᠨ ᠴᠡᠷᠢᠭ ᠴᠦ ᠠᠳᠡ ᠶᠡᠭᠡ ᠴᠡᠷᠢᠭ ᠪᠠᠶᠢᠷᠢᠯᠠᠭᠤᠯᠵᠤ᠂ ᠳ᠋ᠠ ᠳ᠋ᠦ᠋ ᠾᠧ ᠭᠤᠣᠯ ᠤᠨ ᠪᠠᠷᠳᠠᠭ᠎ᠠ ᠶᠢ ᠠᠰᠢᠭᠯᠠᠨ ᠡᠮᠦᠨᠡᠰᠢ ᠳᠠᠭᠠᠷᠢᠨ ᠤᠮᠠᠷᠠᠰᠢ ᠬᠠᠰᠢᠵᠤ᠂ ᠲᠥᠪ ᠤᠨ ᠤᠯᠠᠭᠠᠨ ᠴᠡᠷᠢᠭ ᠢ ᠳ᠋ᠡ ᠳ᠋ᠦ᠋ ᠾᠧ ᠭᠤᠣᠯ ᠠᠴᠠ ᠡᠮᠦᠨᠡᠰᠢ ᠣᠷᠣᠨ ᠳᠤ ᠪᠦᠰᠡᠯᠡᠨ ᠤᠰᠠᠳᠬᠠᠬᠤ ᠪᠠᠷ ᠭᠤᠷᠢᠳᠠᠵᠤ ᠪᠠᠶᠢᠪᠠ᠃ 5 ᠰᠠᠷ᠎ᠠ ᠶᠢᠨ 25 ᠤ ᠥᠷᠯᠥᠭᠡ᠂ ᠯᠢᠦ ᠪᠥᠸᠧ ᠴᠧᠩ᠂ ᠨᠢᠶᠧ ᠷᠦᠩ ᠵᠧᠨ ᠪᠡᠶ᠎ᠡ ᠪᠠᠷ ᠢᠶᠠᠨ ᠡᠮᠦᠨ᠎ᠡ ᠹᠷᠣᠨᠲ ᠤᠨ ᠪᠠᠬᠢᠯᠡᠯᠲᠡ ᠶᠢ ᠵᠢᠯᠣᠭᠤᠳᠴᠤ᠂ ᠰᠦᠨ ᠵᠢᠢ ᠰᠢᠶᠠᠨ ︽ᠠᠷᠪᠠᠨ ᠨᠠᠢᠮᠠᠨ ᠪᠠᠭᠠᠲᠤᠷ︾ ᠢ ᠳᠠᠭᠠᠭᠤᠯᠤᠨ ᠳ᠋ᠠ ᠳ᠋ᠦ᠋ ᠾᠧ ᠭᠤᠣᠯ ᠢ ᠬᠦᠴᠦᠯᠡᠨ ᠭᠠᠲᠤᠯᠵᠤ᠂ ᠳᠠᠶᠢᠰᠤᠨ ᠤ ᠰᠡᠷᠭᠡᠶᠢᠯᠡᠯᠲᠡ ᠶᠢᠨ ᠱᠤᠭᠤᠮ ᠢ ᠠᠮᠵᠢᠯᠲᠠ ᠲᠠᠢ ᠰᠢᠪᠲᠤᠯᠤᠨ᠂ ᠤᠯᠠᠭᠠᠨ ᠴᠡᠷᠢᠭ ᠤᠨ ᠤᠮᠠᠷᠠᠰᠢ ᠮᠣᠷᠳᠠᠬᠤ ᠳᠤ ᠵᠠᠮ ᠨᠡᠭᠡᠭᠡᠵᠦ ᠥᠭᠴᠡᠢ 50. ᠯᠦ ᠳ᠋ᠢᠩ ᠴᠢᠶᠣᠤ ᠬᠥᠭᠦᠷᠭᠡ ᠶᠢ ᠪᠤᠯᠢᠶᠠᠨ ᠠᠪᠤᠭᠰᠠᠨ ᠨᠢ1935 ᠣᠨ ᠤ 5 ᠰᠠᠷ᠎ᠠ ᠶᠢᠨ 29 ᠤ ᠡᠳᠦᠷ᠂ ᠲᠥᠪ ᠤᠨ ᠤᠯᠠᠭᠠᠨ ᠴᠡᠷᠢᠭ ᠰᠧᠴᠤᠸᠠᠨ ᠮᠤᠵᠢ ᠶᠢᠨ ᠳᠤᠮᠳᠠ ᠪᠠᠷᠠᠭᠤᠨ ᠬᠡᠰᠡᠭ ᠲᠤ ᠳ᠋ᠡ ᠳ᠋ᠦ᠋ ᠾᠧ ᠭᠤᠣᠯ ᠢ ᠬᠦᠴᠦᠯᠡᠨ ᠭᠠᠲᠤᠯᠤᠭᠠᠳ ᠠᠮᠵᠢᠯᠲᠠ ᠣᠯᠵᠤ᠂ ᠳ᠋ᠠ ᠳ᠋ᠦ᠋ ᠾᠧ ᠭᠤᠣᠯ ᠤᠨ ᠵᠡᠭᠦᠨ ᠡᠷᠭᠢ ᠳᠠᠭᠠᠤ ᠤᠮᠠᠷᠠᠰᠢ ᠮᠣᠷᠳᠠᠨ᠂ ᠭᠤᠣᠯ ᠬᠦᠴᠦᠨ ᠨᠢ ᠠᠨ ᠱᠦᠨ ᠴᠠᠩ ᠠᠴᠠ ᠳ᠋ᠡ ᠳ᠋ᠦ᠋ ᠾᠧ ᠭᠤᠣᠯ ᠤᠨ ᠪᠠᠷᠠᠭᠤᠨ ᠡᠷᠭᠢ ᠳᠠᠭᠠᠤ ᠤᠮᠠᠷᠠᠰᠢ ᠮᠣᠷᠳᠠᠪᠠ᠃ ᠸᠠᠩ ᠺᠠᠢ ᠰᠢᠶᠠᠩ᠂ ᠶᠠᠩ ᠴᠧᠩ ᠦ᠋ ᠶᠢᠨ ᠵᠢᠯᠤᠭᠤᠳᠤᠯᠭ᠎ᠠ ᠳᠣᠣᠷ᠎ᠠ᠂ ᠤᠯᠠᠭᠠᠨ ᠳᠥᠷᠪᠡᠳᠦᠭᠡᠷ ᠬᠤᠷᠢᠶ᠎ᠠ ᠶᠢᠨ 22 ᠪᠠᠭᠠᠲᠤᠷ ᠫᠤᠤ ᠰᠤᠮᠤᠨ ᠤ ᠳᠤᠮᠳᠠᠭᠤᠷ ᠪᠠᠭᠠᠲᠤᠷᠯᠢᠭ ᠢᠶᠠᠷ ᠤᠷᠤᠭᠰᠢᠯᠠᠵᠤ᠂ ᠡᠴᠦᠰ ᠲᠡᠭᠡᠨ ᠯᠦ ᠳ᠋ᠢᠩ ᠴᠢᠶᠣᠤ ᠬᠥᠭᠦᠷᠭᠡ ᠶᠢ ᠪᠤᠯᠢᠶᠠᠨ ᠠᠪᠤᠪᠠ᠃ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号