ᠲᠥᠷᠥᠯ ᠵᠦᠶᠯ ᠳᠤ ᠭᠠᠵᠠᠷ ᠰᠢᠷᠣᠶ ᠲᠠᠲᠠᠪᠤᠷᠢᠯᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/4/7
ᠲᠥᠷᠥᠯ ᠵᠦᠶᠯ ᠳᠤ ᠭᠠᠵᠠᠷ ᠰᠢᠷᠣᠶ ᠲᠠᠲᠠᠪᠤᠷᠢᠯᠠᠬᠤ ᠠᠯᠪᠠᠨ ᠵᠠᠷᠯᠠᠯ                  [ 2021] 8 ᠳ᠋ᠣᠭᠠᠷ ᠲᠤᠭᠠᠳᠣ    G 5511 ᠡᠷᠢᠶᠡᠨ ᠠᠴᠠ ᠭᠤᠸᠠᠩᠵᠧᠦ ᠬᠦᠷᠬᠦ ᠬᠤᠷᠳᠤᠨ ᠤ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠱᠤᠭᠤᠮ ᠤᠨ ᠠᠨ ᠶᠧ ᠠᠴᠠ ᠭᠦᠩᠵᠦ ᠶᠢᠨ ᠬᠠᠰᠢᠯᠭ᠎ᠠ ᠬᠦᠷᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ︵ᠳᠣᠷᠣᠭᠰᠢ ᠪᠠᠷᠢᠯᠭ᠎ᠠ ᠭᠡᠵᠦ ᠳᠦᠭᠦᠮᠴᠢᠯᠡᠨ᠎ᠡ︶ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠵᠤ᠂ ᠣᠷᠣᠨ ᠨᠤᠲᠤᠭ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠳᠥᠷᠢᠮ ᠲᠣᠭᠲᠠᠭᠠᠯ ᠢ ᠦᠨᠳᠦᠰᠦᠯᠡᠨ᠂ ᠡᠳᠦᠭᠡ ᠪᠠᠷᠢᠯᠭ᠎ᠠ ᠶᠢᠨ ᠬᠡᠪᠴᠢᠶᠡᠨ ᠳᠠᠬᠢ ᠭᠠᠵᠠᠷ ᠰᠢᠷᠣᠶ᠂ ᠭᠠᠵᠠᠷ ᠳᠡᠭᠡᠷᠡᠬᠢ ᠳᠠᠭᠠᠯᠲᠠ ᠪᠣᠳᠠᠰ ᠢ ᠲᠠᠲᠠᠪᠤᠷᠢᠯᠠᠬᠤ ᠬᠠᠮᠢᠶ᠎ᠠ ᠪᠦᠬᠦᠢ ᠤᠴᠢᠷ ᠢ ᠮᠡᠳᠡᠭᠳᠡᠶ᠎ᠡ᠄ᠨᠢᠭᠡ᠂ ᠪᠠᠷᠢᠯᠭ᠎ᠠ ᠶᠢᠨ ᠬᠡᠪᠴᠢᠶᠡᠨ ᠳᠤ ᠪᠠᠶᠢᠭ᠎ᠠ ᠨᠢᠭᠡᠴᠡ ᠪᠣᠯᠤᠨ ᠬᠤᠪᠢ ᠬᠥᠮᠦᠨ ᠴᠥᠮ ᠲᠤᠰ ᠵᠠᠷᠯᠠᠯ ᠢ ᠵᠢᠷᠤᠮᠯᠠᠬᠤ ᠬᠡᠷᠡᠭᠲᠡᠶ᠃ᠬᠤᠶᠠᠷ᠂ ᠪᠠᠷᠢᠯᠭ᠎ᠠ ᠶᠢᠨ ᠬᠡᠪᠴᠢᠶᠡᠨ ᠳᠤ ᠪᠤᠱᠣᠣᠳᠠᠢ ᠰᠣᠮᠣᠨ ᠤ ᠵᠠᠷᠣᠳ ᠭᠠᠴᠠᠭ᠎ᠠ᠂ ᠭᠦᠢᠰᠦ ᠶᠢᠨ ᠭᠤᠤᠯ ᠭᠠᠴᠠᠭ᠎ᠠ᠂ ᠬᠠᠯᠠᠭᠠᠶᠢᠳᠣ ᠭᠠᠴᠠᠭ᠎ᠠ᠂ ᠰᠦᠮᠠᠳᠣ ᠶᠢᠨ ᠭᠤᠤᠯ ᠭᠠᠴᠠᠭ᠎ᠠ᠂ ᠪᠠᠶᠠᠨᠪᠤᠯᠠᠭ ᠭᠠᠴᠠᠭ᠎ᠠ᠂ ᠰᠠᠶᠢᠬᠠᠨᠳᠠᠯ᠎ᠠ ᠭᠠᠴᠠᠭ᠎ᠠ᠂ ᠰᠠᠩ ᠤᠨ ᠳᠠᠯᠠᠢ ᠪᠠᠯᠭᠠᠰᠣᠨ ᠤ ᠡᠩᠭᠡᠪᠤᠯᠠᠭ ᠭᠠᠴᠠᠭ᠎ᠠ᠂ ᠣᠷᠳᠣ ᠶᠢᠨ ᠣᠪᠣᠭ᠎ᠠ ᠭᠠᠴᠠᠭ᠎ᠠ᠂ ᠬᠦᠩᠰᠧ ᠭᠠᠴᠠᠭ᠎ᠠ᠂ ᠵᠢᠪᠬᠤᠯᠠᠩᠳᠣ ᠭᠠᠴᠠᠭ᠎ᠠ᠂ ᠲᠠᠪᠤᠨ ᠣᠳᠣ ᠭᠠᠴᠠᠭ᠎ᠠ᠂ ᠪᠠᠶᠠᠨᠰᠦ᠋ᠷᠦᠭ ᠭᠠᠴᠠᠭ᠎ᠠ᠂ ᠭᠠᠩᠭᠠᠩᠳᠠᠯ᠎ᠠ ᠭᠠᠴᠠᠭ᠎ᠠ᠂ ᠲᠠᠪᠤᠨᠪᠤᠯᠠᠭ ᠭᠠᠴᠠᠭ᠎ᠠ᠂ ᠴᠠᠶᠢᠳᠠᠮ ᠭᠠᠴᠠᠭ᠎ᠠ᠂ ᠡᠷᠳᠠᠨᠢᠳᠠᠯᠠᠢ ᠭᠠᠴᠠᠭ᠎ᠠ᠂ ᠰᠠᠶᠢᠨᠬᠤᠳᠳᠤᠭ ᠰᠣᠮᠣᠨ ᠤ ᠲᠦᠭᠦᠷᠢᠭ ᠭᠠᠴᠠᠭ᠎ᠠ᠂ ᠴᠠᠭᠠᠡᠤᠪᠤᠭ᠎ᠠ ᠭᠠᠴᠠᠭ᠎ᠠ᠂ ᠵᠢᠷᠭᠠᠯᠠᠩᠳᠣ ᠭᠠᠴᠠᠭ᠎ᠠ᠂ ᠨᠠᠷᠠᠰᠣᠳᠣ ᠭᠠᠴᠠᠭ᠎ᠠ᠂ ᠪᠠᠶᠠᠨᠳᠦ᠋ᠭᠦᠮ ᠭᠠᠴᠠᠭ᠎ᠠ ᠵᠡᠷᠭᠡ 21 ᠭᠠᠴᠠᠭ᠎ᠠ ᠬᠤᠯᠪᠤᠭᠳᠠᠵᠤ᠂  ᠪᠣᠳᠠᠲᠠᠶ ᠬᠡᠪᠴᠢᠶ᠎ᠡ ᠶᠢ ᠵᠠᠮ ᠵᠠᠰᠠᠬᠤ ᠵᠢᠷᠤᠭ ᠲᠥᠯᠥᠪᠯᠡᠭᠡ ᠵᠢᠴᠢ ᠭᠠᠵᠠᠷ ᠰᠢᠷᠣᠶ ᠶᠢᠨ ᠬᠠᠶᠢᠨ ᠬᠡᠮᠵᠢᠯᠲᠡ᠂ ᠵᠠᠭᠠᠭ ᠲᠤᠭᠲᠠᠭᠠᠯᠲᠠ ᠪᠠᠷ ᠪᠠᠷᠢᠮᠵᠢᠶ᠎ᠠ ᠪᠣᠯᠭᠠᠬᠤ ᠬᠡᠷᠡᠭᠲᠡᠶ᠃ᠭᠤᠷᠪᠠ᠂ ᠪᠠᠷᠢᠯᠭ᠎ᠠ ᠶᠢᠨ ᠬᠡᠪᠴᠢᠶᠡᠨ ᠳᠤ ᠪᠠᠶᠢᠭ᠎ᠠ ᠭᠠᠵᠠᠷ ᠰᠢᠷᠣᠢ᠂ ᠭᠠᠵᠠᠷ ᠳᠡᠭᠡᠷᠡᠬᠢ ᠲᠡᠭᠠᠯᠳᠠ ᠪᠤᠳᠠᠰ ᠢ ᠲᠠᠲᠠᠪᠤᠷᠢᠯᠠᠬᠤ ᠳᠠᠭᠠᠨ ᠬᠠᠤᠯᠢ ᠶᠣᠰᠣᠭᠠᠷ ᠲᠥᠯᠥᠪᠦᠷᠢ ᠥᠭᠴᠦ ᠳᠥᠪᠬᠢᠨᠡᠭᠦᠯᠬᠦ ᠬᠡᠷᠡᠭᠳᠡᠢ᠃ᠳᠥᠷᠪᠡ᠂ ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠪᠠᠷᠢᠯᠭ᠎ᠠ ᠶᠢᠨ ᠬᠡᠪᠴᠢᠶᠡᠨ ᠳᠣᠲᠣᠷ᠎ᠠ ᠶᠠᠮᠠᠷᠪᠠ ᠨᠢᠭᠡᠴᠡ ᠪᠣᠯᠤᠨ ᠬᠤᠪᠢ ᠬᠥᠮᠦᠨ ᠡᠭᠦᠷᠢᠳᠡ ᠶᠢᠨ ᠴᠢᠨᠠᠷᠲᠠᠶ ᠪᠣᠶᠣ ᠲᠦᠷ ᠴᠠᠭ ᠤᠨ ᠴᠢᠨᠠᠷᠲᠠᠶ ᠪᠠᠷᠢᠯᠭ᠎ᠠ ᠪᠠᠶᠢᠭᠤᠯᠵᠤ ᠪᠣᠯᠬᠤ ᠦᠭᠡᠶ᠃ ᠲᠣᠮᠣ ᠫᠧᠩ ᠰᠠᠷᠠᠪᠴᠢ ᠰᠢᠨ᠎ᠡ ᠪᠠᠷ ᠪᠠᠶᠢᠭᠤᠯᠵᠤ ᠪᠣᠯᠬᠤ ᠦᠭᠡᠶ᠃ ᠮᠣᠳᠣ ᠵᠢᠴᠢ ᠪᠤᠰᠤᠳ ᠠᠵᠤ ᠠᠬᠤᠢ ᠶᠢᠨ ᠲᠠᠷᠢᠮᠠᠯ ᠲᠠᠷᠢᠵᠤ ᠪᠣᠯᠬᠤ ᠦᠭᠡᠢ᠃ ᠲᠣᠭᠲᠠᠭᠠᠯ ᠠᠴᠠ ᠵᠥᠷᠢᠴᠡᠨ ᠲᠠᠲᠠᠪᠤᠷᠢᠯᠠᠬᠤ ᠬᠡᠪᠴᠢᠶᠡᠨ ᠳᠣᠲᠣᠷ᠎ᠠ ᠲᠠᠷᠢᠭᠰᠠᠨ ᠪᠣᠶᠤ ᠪᠠᠶᠢᠭᠤᠯᠤᠭᠰᠠᠨ ᠪᠣᠯ ᠲᠦᠯᠦᠪᠦᠷᠢ ᠥᠭᠬᠦ ᠦᠭᠡᠶ᠃ᠲᠠᠪᠤ᠂ ᠪᠠᠷᠢᠯᠭ᠎ᠠ ᠶᠢᠨ ᠬᠡᠪᠴᠢᠶᠡᠨ ᠳᠤ ᠪᠠᠶᠢᠭ᠎ᠠ ᠬᠠᠳᠤᠯᠠᠩ ᠪᠡᠯᠴᠢᠭᠡᠷ᠂ ᠭᠡᠷ ᠪᠠᠶᠢᠰᠢᠩ ᠵᠢᠴᠢ ᠪᠤᠰᠤᠳ ᠲᠦᠭᠦᠭᠡᠷᠦᠮᠵᠢ ᠶᠢ ᠳᠦᠷᠢᠶᠡᠰᠦᠯᠡᠭᠦᠯᠦᠭᠰᠡᠨ᠂ ᠰᠢᠯᠵᠢᠭᠦᠯᠦᠨ ᠥᠭᠭᠦᠭᠰᠡᠨ᠂ ᠪᠠᠷᠢᠴᠠᠭᠠᠯᠠᠭᠰᠠᠨ ᠵᠡᠷᠭᠡ ᠤᠴᠢᠷ ᠶᠠᠪᠤᠳᠠᠯ ᠲᠠᠢ ᠪᠣᠯ ᠡᠯ᠎ᠡ ᠲᠠᠯ᠎ᠠ ᠶᠢᠨ ᠬᠢᠨ ᠥᠪᠡᠷᠳᠡᠭᠡᠨ ᠰᠢᠢᠳᠪᠦᠷᠢᠯᠡᠬᠦ ᠬᠡᠷᠡᠭᠲᠡᠶ᠃ ᠵᠢᠷᠭᠤᠭ᠎ᠠ᠂ ᠲᠤᠰ ᠠᠯᠪᠠᠨ ᠵᠠᠷᠯᠠᠯ ᠤᠨ ᠲᠣᠭᠲᠠᠭᠠᠯ ᠢ ᠵᠥᠷᠢᠴᠡᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠠᠵᠢᠯ ᠢᠶᠠᠨ ᠬᠠᠤᠯᠢ ᠶᠣᠰᠣᠭᠠᠷ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠦᠢᠯᠡ ᠶᠠᠪᠤᠳᠠᠯ ᠨᠢ ᠶᠠᠯ᠎ᠠ ᠳᠤ ᠬᠦᠷᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠲᠤᠰᠢᠶᠠᠵᠤ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ᠳᠣᠯᠤᠭ᠎ᠠ᠂ ᠲᠤᠰ ᠠᠯᠪᠠᠨ ᠵᠠᠷᠯᠠᠯ ᠢ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠬᠠᠮᠢᠶ᠎ᠠ ᠪᠦᠬᠦᠢ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠠᠢᠮᠠ᠂ ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                                                                  2021 ᠣᠨ ᠤ 4 ᠰᠠᠷ᠎ᠠ ᠶᠢᠨ 3 ᠤ ᠡᠳᠦᠷ  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号