ᠶᠠᠮᠠᠷ ᠬᠥᠮᠦᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢ ᠲᠠᠷᠢᠵᠤ ᠪᠣᠯᠬᠤ ᠥᠬᠡᠶ ᠪᠣᠶ? ᠡᠳᠡᠭᠡᠷ 42 ᠵᠦᠢᠯ ᠤᠨ ᠨᠥᠬᠦᠴᠡᠯ ᠪᠠᠶᠢᠳᠠᠯ ᠢ ᠠᠩᠬᠠᠷᠤᠭᠠᠷᠠᠢ︕
ᠨᠡᠶᠢᠲᠡᠯᠡᠭᠰᠡᠨ ᠴᠠᠭ᠄
2021/5/18
          ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠨᠠᠶᠢᠳᠠᠪᠤᠷᠢᠵᠢᠭᠤᠯᠵᠤ᠂ ᠲᠠᠷᠢᠯᠭ᠎ᠠ ᠬᠢᠯᠭᠡᠭᠰᠡᠨ ᠬᠥᠮᠦᠰ ᠪᠠ ᠲᠠᠷᠢᠯᠭ᠎ᠠ ᠬᠢᠯᠭᠡᠬᠦ ᠬᠥᠮᠦᠰ ᠤᠨ ᠡᠰᠡᠷᠭᠦ ᠨᠥᠯᠦᠭᠡ ᠪᠣᠶᠣ ᠬᠠᠷᠰᠢᠯᠠᠯ ᠤᠨ ᠲᠠᠯ᠎ᠠ ᠪᠠᠷ ᠬᠢ ᠵᠠᠷᠢᠮ ᠪᠠᠯᠠᠷᠬᠠᠶ ᠣᠶᠢᠯᠠᠭᠠᠯᠲᠠ ᠶᠢ ᠰᠢᠶᠳᠪᠦᠷᠢᠯᠡᠵᠦ᠂ ᠣᠶᠢᠯᠠᠭᠠᠯᠲᠠ ᠲᠤᠲᠠᠮᠠᠭ ᠠᠴᠠ ᠪᠣᠯᠵᠤ ᠲᠠᠷᠢᠯᠭ᠎ᠠ ᠲᠠᠷᠢᠭᠤᠯᠬᠤ ᠦᠭᠡᠢ ᠪᠠᠶᠢᠬᠤ ᠪᠠ ᠡᠮᠴᠢ ᠡᠪᠡᠳᠴᠢᠲᠡᠨ ᠤ ᠵᠥᠷᠢᠴᠡᠯ ᠢ ᠪᠠᠭᠠᠰᠬᠠᠬᠤ ᠶᠢᠨ ᠲᠤᠯᠠᠳᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠡᠶᠢᠲᠡᠯᠡᠭᠰᠡᠨ ︽ᠰᠢᠨ᠎ᠡ ᠲᠢᠲᠢᠮᠯᠢᠭ ᠸᠢᠷᠦ᠋ᠰ  ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠤᠨ ᠵᠢᠯᠣᠭᠤᠳᠣᠮᠵᠢ ︵ᠨᠢᠭᠡᠳᠦᠭᠡᠷ ᠬᠡᠪᠯᠡᠯ︶︾ ᠵᠢᠴᠢ ᠪᠠᠶᠢᠳᠠᠯ ᠢ ᠮᠡᠳᠡᠭᠳᠡᠬᠦ ᠵᠥᠪᠰᠢᠶᠡᠷᠡᠯ ᠤᠨ ᠪᠢᠴᠢᠭ ᠪᠠ ᠸᠠᠺᠼᠢᠨ ᠤ ᠲᠣᠳᠣᠷᠬᠠᠶᠢᠯᠠᠯᠲᠠ ᠶᠢᠨ ᠪᠢᠴᠢᠭ ᠤᠨ ᠠᠭᠤᠯᠭ᠎ᠠ ᠶᠣᠰᠣᠭᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠬᠠᠷᠰᠢᠯᠠᠯ ᠤᠨ ᠪᠠᠶᠢᠳᠠᠯ ᠪᠣᠶᠣ ᠡᠰᠡᠷᠭᠦ ᠨᠥᠯᠦᠭᠡ ᠵᠢᠴᠢ ᠬᠠᠮᠢᠶ᠎ᠠ ᠪᠥᠬᠦᠶ ᠪᠠᠶᠢᠳᠠᠯ ᠢ ᠲᠤᠳᠤᠷᠬᠠᠶᠢᠯᠠᠶ᠎ᠠ᠂ ᠲᠠ ᠪᠦᠬᠦᠨ ᠠᠩᠬᠠᠷᠤᠯ ᠳᠠᠭᠠᠨ ᠠᠪᠤᠭᠠᠷᠠᠢ︕           1. ᠡᠮᠦᠨ᠎ᠡ ᠨᠢ ᠸᠠᠺᠼᠢᠨ ᠤ ᠲᠠᠷᠢᠯᠭ᠎ᠠ ᠳᠤ ᠬᠦᠨᠳᠦ ᠨᠣᠴᠢᠲᠠᠶ ᠬᠠᠷᠰᠢᠮᠠᠲᠠᠭᠠᠶ ᠢᠯᠡᠷᠡᠯ ᠭᠠᠷᠤᠭᠰᠠᠳ ︵ᠵᠢᠱᠢᠶᠡᠯᠡᠪᠡᠯ ᠴᠣᠴᠢᠮᠠᠭ ᠬᠠᠷᠰᠢᠯᠠᠯ ᠤᠨ ᠤᠷᠪᠠᠯ᠂ ᠴᠢᠰᠤᠨ ᠰᠤᠳᠠᠯ ᠤᠨ ᠮᠡᠳᠡᠷᠡᠯ ᠤᠨ ᠴᠢᠨᠠᠷᠲᠠᠶ ᠤᠰᠤᠨ ᠬᠠᠪᠤᠩ ᠂ ᠠᠮᠢᠰᠬᠤᠯ ᠴᠢᠬᠤᠯᠳᠠᠬᠤ ᠵᠡᠷᠭᠡ︶ ᠲᠠᠷᠢᠯᠭ᠎ᠠ ᠬᠢᠯᠭᠡᠵᠦ ᠪᠣᠯᠬᠤ ᠥᠬᠡᠶ᠃           2. ᠸᠠᠺᠼᠢᠨ ᠤ ᠨᠠᠶᠢᠷᠠᠯᠭ᠎ᠠ ᠵᠢᠴᠢ ᠲᠤᠰᠠᠯᠠᠬᠤ ᠪᠣᠳᠠᠰ ᠲᠤ ᠬᠠᠷᠰᠢᠭᠰᠠᠳ ᠲᠠᠷᠢᠯᠭ᠎ᠠ ᠬᠢᠯᠬᠡᠵᠦ ᠪᠣᠯᠬᠤ ᠥᠬᠡᠶ᠂ ᠰᠢᠨ᠎ᠡ ᠲᠢᠲᠢᠮᠯᠢᠭ ᠸᠠᠺᠼᠢᠨ ᠤ ᠢᠳᠡᠪᠬᠢ ᠦᠭᠡᠶᠢᠲᠡᠭᠦᠯᠦᠭᠰᠡᠨ ᠲᠤᠰᠠᠯᠠᠬᠤ ᠪᠤᠳᠠᠰ ᠲᠤ ᠭᠤᠤᠯᠳᠠᠭᠤ᠄ ᠹᠣᠰᠹᠣᠷ ᠬᠦᠴᠢᠯ ᠤᠨ ᠤᠰᠤᠲᠥ᠋ᠷᠥᠭᠴᠢ ᠬᠤᠶᠠᠷ ᠨᠠᠲᠷᠢ᠂ ᠾᠯᠣᠷᠲᠤ ᠨᠠᠲᠷᠢ᠂ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠦ ᠨᠠᠲᠷᠢ᠂ ᠤᠰᠤᠮᠠᠭᠲᠤ ᠬᠥᠩᠭᠡᠨ ᠴᠠᠭᠠᠨ ᠪᠠᠭᠲᠠᠨ᠎ᠠ᠃           3. ᠲᠣᠭᠤᠰᠣᠨ ᠤ ᠬᠠᠴᠢᠭ᠂ ᠬᠤᠭᠤᠯᠠ ᠬᠦᠨᠦᠰᠦ ︵ᠲᠠᠬᠢᠶᠠᠨ ᠥᠨᠳᠡᠭᠡ᠂ ᠯᠣᠬᠠᠱᠧᠩ᠂ ᠳᠠᠯᠠᠢ  ᠶᠢᠨ ᠢᠳᠡᠭᠡᠨ᠂ ᠠᠪᠠᠷᠠᠶ ᠵᠢᠮᠢᠰ︶᠂ ᠴᠡᠴᠡᠭ ᠤᠨ ᠲᠣᠭᠤᠰᠣ᠂ ᠰᠫᠢᠷᠲ᠂ ᠫᠧᠨᠢᠼᠢᠯᠢᠨ᠂ ᠼᠧᠹᠠᠯᠤᠰᠫᠤᠷᠢᠨ ᠪᠤᠶᠤ ᠪᠤᠰᠤᠳ ᠡᠮᠲᠦ ᠪᠣᠳᠠᠰ ᠲᠤ ᠬᠠᠷᠰᠢᠳᠠᠭ ᠬᠦᠮᠦᠰ ᠲᠠᠷᠢᠯᠭ᠎ᠠ ᠬᠢᠯᠭᠡᠵᠦ ᠪᠣᠯᠤᠨ᠎ᠠ᠃           4. ᠠᠯᠢᠪᠠ ᠰᠢᠯᠲᠠᠭᠠᠨ ᠢᠶᠠᠷ ︵ᠬᠠᠨᠢᠶᠠᠳᠤ ᠬᠢᠮᠤᠷᠠᠭ᠎ᠠ᠂ ᠰᠢᠷᠬᠠᠨ ᠤ ᠬᠠᠯᠳᠠᠪᠤᠷᠢᠯᠠᠯ᠂ ᠦᠷᠪᠢᠰᠦᠯ︶ ᠬᠠᠯᠠᠭᠤᠷᠠᠪᠠᠯ ︵ᠪᠡᠶ᠎ᠡ ᠶᠢᠨ ᠳᠤᠯᠠᠭᠠᠨ 37. 3 ᠭᠷᠠᠳᠦ᠋ᠰ ᠪᠣᠶᠣ ᠡᠭᠦᠨ ᠠᠴᠠ ᠶᠡᠭᠡ ᠪᠠᠶᠢᠬᠤ︶ ᠲᠠᠷᠢᠯᠭ᠎ᠠ ᠲᠠᠷᠢᠭᠤᠯᠬᠤ ᠪᠠᠨ ᠬᠤᠶᠢᠰᠢᠭᠤᠯᠬᠤ ᠬᠡᠷᠡᠭᠳᠡᠢ᠃           5. ᠲᠤᠯᠠᠢ ᠡᠪᠡᠳᠴᠢᠨ ᠬᠥᠳᠡᠯᠬᠦ᠂ ᠬᠦᠨᠳᠦ ᠬᠠᠨᠢᠶᠠᠳᠤ ᠬᠦᠷᠬᠦ ᠪᠣᠶᠣ ᠬᠦᠨᠳᠦ ᠬᠢᠮᠤᠷᠠᠬᠤ᠂ ᠵᠢᠷᠦᠬᠡᠨ ᠲᠦᠭᠵᠢᠷᠡᠯ᠂ ᠲᠠᠷᠢᠬᠢᠨ ᠤ ᠲᠦᠭᠵᠢᠷᠡᠯ ᠵᠡᠷᠭᠡ ᠡᠪᠡᠳᠴᠢᠨ ᠴᠣᠴᠢᠮᠠᠭ ᠬᠥᠳᠡᠯᠪᠡᠯ ᠲᠠᠷᠢᠯᠭ᠎ᠠ ᠲᠠᠷᠢᠭᠤᠯᠬᠤ ᠪᠠᠨ ᠬᠤᠶᠢᠰᠢᠯᠠᠭᠤᠯᠬᠤ ᠬᠡᠷᠡᠭᠳᠡᠢ᠃           6. ᠵᠢᠷᠦᠬᠡᠨ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠲᠢᠲᠢᠮᠯᠢᠭ ᠯᠤᠭᠰᠢᠭᠤᠨ ᠰᠤᠳᠠᠯ  ᠤᠨ ᠥᠭᠡᠬᠦᠵᠢᠬᠦ ᠬᠠᠲᠠᠭᠤᠷᠠᠯ ᠵᠡᠷᠭᠡ ᠡᠪᠡᠳᠴᠢᠨ ᠨᠢ ᠴᠣᠴᠢᠮᠠᠭ ᠬᠥᠳᠡᠯᠬᠦ ᠡᠪᠡᠳᠴᠢᠨ ᠪᠢᠰᠢ ᠤᠴᠢᠷ ᠠᠴᠠ ᠲᠠᠷᠢᠯᠭ᠎ᠠ ᠬᠢᠯᠭᠡᠵᠦ ᠪᠣᠯᠤᠨ᠎ᠠ᠃           7. ᠡᠷᠡᠭᠦᠯ ᠮᠡᠨᠳᠦ ᠶᠢᠨ ᠪᠠᠶᠢᠳᠠᠯ ᠲᠤᠭᠲᠠᠭᠤᠨ᠂ ᠡᠮ ᠤᠨ ᠬᠦᠴᠦᠨ ᠢᠶᠠᠷ ᠨᠡᠯᠢᠶᠡᠳ ᠰᠠᠶᠢᠨ ᠡᠷᠬᠡᠰᠢᠶᠡᠭᠳᠡᠭᠰᠡᠨ ᠠᠷᠬᠠᠭ ᠡᠪᠡᠳᠴᠢᠲᠡᠨ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠯᠭᠡᠵᠦ ᠪᠣᠯᠤᠨ᠎ᠠ᠂ ᠠᠳᠡ ᠠᠴᠠ ᠲᠠᠨ ᠳᠤ ᠲᠠᠷᠢᠯᠭ᠎ᠠ ᠬᠢᠯᠭᠡᠬᠦ ᠶᠢ ᠰᠠᠨᠠᠭᠤᠯᠵᠤ ᠪᠠᠶᠢᠨ᠎ᠠ᠃           8. ᠠᠷᠬᠠᠭ ᠡᠪᠡᠳᠴᠢᠨ ᠴᠣᠴᠢᠮᠠᠭ ᠬᠥᠳᠡᠯᠬᠦ ᠪᠣᠶᠣ ᠡᠷᠬᠡᠰᠢᠶᠡᠵᠦ ᠳᠡᠶᠢᠯᠬᠦ ᠦᠭᠡᠢ ᠬᠦᠨᠳᠦ ᠠᠷᠬᠠᠭ ᠡᠪᠡᠳᠴᠢᠲᠡᠨ ᠲᠠᠷᠢᠯᠭ᠎ᠠ ᠬᠢᠯᠭᠡᠵᠦ ᠪᠣᠯᠬᠤ ᠦᠭᠡᠢ᠃           9. ᠴᠢᠰᠤᠨ ᠳᠠᠷᠤᠯᠲᠠ ᠪᠠᠨ ᠡᠮ ᠢᠶᠠᠷ ᠲᠤᠭᠲᠠᠪᠤᠷᠢᠵᠢᠭᠤᠯᠵᠤ᠂ ᠴᠢᠰᠤᠨ ᠳᠠᠷᠤᠯᠲᠠ 160 / 100 mmH g ᠠᠴᠠ ᠳᠣᠣᠷ᠎ᠠ ᠪᠠᠶᠢᠪᠠᠯ ᠲᠠᠷᠢᠯᠭ᠎ᠠ ᠬᠢᠯᠭᠡᠵᠦ ᠪᠣᠯᠤᠨ᠎ᠠ᠃           10. ᠰᠢᠬᠢᠷ ᠰᠢᠵᠢᠩ ᠡᠪᠡᠳᠴᠢᠨ ᠢᠶᠠᠨ ᠡᠮ ᠢᠶᠠᠷ ᠲᠤᠭᠲᠠᠪᠤᠷᠢᠵᠢᠭᠤᠯᠵᠤ᠂ ᠥᠯᠥᠨ ᠦᠶ᠎ᠡ ᠶᠢᠨ ᠴᠢᠰᠤᠨ ᠰᠢᠬᠢᠷ 13. 9 mmol / L ᠠᠴᠠ ᠪᠠᠭ᠎ᠠ ᠪᠣᠶᠣ ᠲᠡᠩᠴᠡᠭᠦᠦ ᠪᠠᠶᠢᠪᠠᠯ ᠲᠠᠷᠢᠯᠭ᠎ᠠ ᠬᠢᠯᠭᠡᠵᠦ ᠪᠣᠯᠤᠨ᠎ᠠ᠃           11. ᠪᠠᠮᠪᠠᠢ ᠪᠤᠯᠴᠢᠷᠬᠠᠢ ᠶᠢᠨ ᠠᠵᠢᠯᠯᠠᠭ᠎ᠠ ᠲᠣᠷᠣᠶᠢᠳᠠᠭᠰᠠᠨ ᠡᠪᠡᠳᠴᠢᠲᠡᠨ ᠨᠢ ᠪᠠᠮᠪᠠᠢ ᠪᠤᠯᠴᠢᠷᠬᠠᠢ  ᠶᠢᠨ ᠡᠳ᠋ ︵ᠶᠢᠦ ᠵᠢᠶᠠ ᠯᠧ︶ ᠢ ᠲᠣᠭᠲᠠᠮᠠᠯ ᠬᠡᠮᠵᠢᠶ᠎ᠡ ᠪᠠᠷ ᠬᠡᠷᠡᠭᠯᠡᠵᠦ᠂ ᠪᠠᠮᠪᠠᠢ ᠪᠤᠯᠴᠢᠷᠬᠠᠢ ᠶᠢᠨ ᠠᠵᠢᠯᠯᠠᠭ᠎ᠠ ᠬᠡᠪ ᠤᠨ ᠪᠠᠶᠢᠪᠠᠯ ᠲᠠᠷᠢᠯᠭ᠎ᠠ ᠬᠢᠯᠭᠡᠵᠦ ᠪᠣᠯᠤᠨ᠎ᠠ᠃           12. ᠤᠳᠠᠭᠠᠨ ᠴᠢᠨᠠᠷ ᠤᠨ ᠨᠠᠮᠤᠰᠤ ᠨᠢ ᠬᠥᠳᠡᠯᠦᠭᠰᠡᠨ ᠢᠯᠡᠷᠡᠯ ᠦᠭᠡᠢ ᠪᠣᠯ ᠲᠠᠷᠢᠯᠭ᠎ᠠ ᠬᠢᠯᠭᠡᠵᠦ ᠪᠣᠯᠤᠨ᠎ᠠ᠃           13. ᠤᠳᠠᠭᠠᠨ ᠴᠢᠨᠠᠷ ᠤᠨ ᠴᠢᠨ᠋ᠸ᠎ᠠ ᠶᠢᠨ ᠬᠦᠷᠪᠡᠰᠢ ᠨᠢ ᠬᠦᠳᠡᠯᠦᠭᠰᠡᠨ ᠢᠯᠡᠷᠡᠯ ᠦᠭᠡᠢ ᠪᠣᠯ ᠲᠠᠷᠢᠯᠭ᠎ᠠ ᠬᠢᠯᠭᠡᠵᠦ ᠪᠣᠯᠤᠨ᠎ᠠ᠃           14. ᠤᠳᠠᠭᠠᠨ ᠴᠢᠨᠠᠷ ᠤᠨ ᠬᠠᠮᠠᠷ ᠤᠨ ᠦᠷᠪᠢᠰᠦᠯ ᠨᠢ ᠬᠦᠳᠡᠯᠦᠭᠰᠡᠨ ᠢᠯᠡᠷᠡᠯ ᠦᠭᠡᠢ ᠪᠣᠯ ᠲᠠᠷᠢᠯᠭ᠎ᠠ ᠬᠢᠯᠭᠡᠵᠦ ᠪᠣᠯᠤᠨ᠎ᠠ᠃           15. ᠤᠳᠠᠭᠠᠨ ᠴᠢᠨᠠᠷᠲᠠᠶ ᠡᠯᠢᠭᠡᠨ ᠦᠷᠪᠢᠰᠦᠯ ᠢ ᠡᠮ ᠢᠶᠠᠷ ᠡᠮᠴᠢᠯᠡᠬᠦ ᠱᠠᠭᠠᠷᠳᠠᠯᠭ᠎ᠠ ᠦᠭᠡᠢ᠂ ᠡᠯᠢᠭᠡᠨ ᠤ ᠠᠵᠢᠯᠯᠠᠭ᠎ᠠ ᠬᠡᠪ ᠤᠨ ᠪᠠᠶᠢᠪᠠᠯ ᠲᠠᠷᠢᠯᠭ᠎ᠠ ᠬᠢᠯᠭᠡᠵᠦ ᠪᠣᠯᠤᠨ᠎ᠠ᠃           16. ᠠᠭᠤᠰᠬᠢᠨ ᠰᠦᠷᠢᠶ᠎ᠡ ᠡᠪᠡᠳᠴᠢᠨ ᠨᠢ ᠬᠦᠳᠡᠯᠦᠭᠰᠡᠨ ᠦᠭᠡᠢ ᠪᠣᠯ ᠲᠠᠷᠢᠯᠭ᠎ᠠ ᠬᠢᠯᠭᠡᠵᠦ ᠪᠣᠯᠤᠨ᠎ᠠ           17. ᠦᠬᠡᠷ ᠢᠯᠳᠦ ᠨᠢ ᠴᠣᠴᠢᠮᠠᠭ ᠢᠶᠠᠷ ᠢᠳᠡᠭᠡᠯᠡᠵᠦ ᠴᠥᠪᠦᠷᠢᠭᠦᠲᠦᠭᠰᠡᠨ ᠦᠭᠡᠢ ᠪᠣᠯ ᠲᠠᠷᠢᠯᠭ᠎ᠠ ᠬᠢᠯᠭᠡᠵᠦ ᠪᠣᠯᠤᠨ᠎ᠠ᠃           18. ᠤᠳᠠᠭᠠᠨ ᠴᠢᠨᠠᠷᠲᠠᠢ ᠠᠭᠤᠰᠬᠢᠨ ᠲᠦᠭᠵᠢᠷᠡᠯ ᠤᠨ ᠡᠪᠡᠳᠴᠢᠨ ᠨᠢ ᠴᠣᠴᠢᠮᠠᠭ ᠬᠥᠳᠡᠯᠵᠦ ᠬᠠᠨᠢᠶᠠᠯᠭᠠᠬᠤ ᠢᠯᠡᠷᠡᠯ ᠦᠭᠡᠢ ᠪᠣᠯ ᠲᠠᠷᠢᠯᠭ᠎ᠠ ᠬᠢᠯᠭᠡᠵᠦ ᠪᠣᠯᠤᠨ᠎ᠠ᠃           19. ᠭᠥᠰᠢᠬᠦ ᠴᠢᠨᠠᠷᠲᠠᠢ ᠪᠠᠭᠠᠨ᠎ᠠ ᠨᠢᠷᠤᠭᠤᠨ ᠤ ᠦᠷᠪᠢᠰᠦᠯ ᠨᠢ ᠴᠣᠴᠢᠮᠠᠭ ᠢᠯᠡᠷᠡᠯ ᠦᠭᠡᠢ ᠪᠣᠯ ᠲᠠᠷᠢᠯᠭ᠎ᠠ ᠬᠢᠯᠭᠡᠵᠦ ᠪᠣᠯᠤᠨ᠎ᠠ᠃           20. ᠰᠡᠳᠬᠢᠯ ᠤᠨ ᠬᠢᠮᠤᠷᠠᠯ ᠤᠨ ᠡᠪᠡᠳᠴᠢᠨ ᠢᠶᠠᠨ ᠡᠮ ᠢᠶᠠᠷ ᠨᠡᠯᠢᠶᠡᠳ ᠰᠠᠶᠢᠨ ᠲᠣᠭᠲᠠᠪᠤᠷᠢᠵᠢᠭᠤᠯᠵᠤ᠂ ᠠᠵᠢᠯ ᠠᠮᠢᠳᠤᠷᠠᠯ ᠨᠢ ᠬᠡᠪ ᠤᠨ ᠪᠠᠶᠢᠪᠠᠯ ᠲᠠᠷᠢᠯᠭ᠎ᠠ ᠬᠢᠯᠭᠡᠵᠦ ᠪᠣᠯᠤᠨ᠎ᠠ᠃           21. ᠰᠢᠬᠢᠷ ᠰᠢᠵᠢᠩ ᠡᠪᠡᠳᠴᠢᠨ ᠤ ᠡᠯ᠎ᠡ ᠵᠦᠢᠯ ᠤᠨ ᠡᠮ ︵ᠢᠨᠰᠦᠯᠢᠨ ᠤ ᠲᠠᠷᠢᠯᠭ᠎ᠠ ᠶᠢ ᠪᠠᠭᠲᠠᠭᠠᠨ᠎ᠠ︶ ᠨᠢ ᠸᠠᠺᠼᠢᠨ ᠤ ᠲᠠᠷᠢᠯᠭ᠎ᠠ ᠲᠠᠢ ᠬᠠᠷᠰᠢᠬᠤ ᠦᠭᠡᠢ᠃           22. ᠬᠤᠣᠷᠲᠤ ᠬᠠᠪᠤᠳᠠᠷ ᠲᠠᠢ ᠡᠪᠡᠳᠴᠢᠲᠡᠨ ᠮᠡᠰᠡ ᠵᠠᠰᠠᠯ ᠤᠨ ᠬᠠᠭᠠᠯᠭᠠᠨ ᠤ ᠡᠮᠦᠨ᠎ᠡ ᠬᠤᠶᠢᠨ᠎ᠠ᠂ ᠬᠢᠮᠢ ᠶᠢᠨ ᠵᠠᠰᠠᠯ ᠪᠠ ᠰᠠᠴᠤᠷᠠᠭ ᠵᠠᠰᠠᠯ ᠬᠢᠯᠭᠡᠵᠦ ᠪᠠᠶᠢᠭ᠎ᠠ ᠬᠤᠭᠤᠴᠠᠭᠠᠨ ᠳᠤ ᠲᠠᠷᠢᠯᠭ᠎ᠠ ᠬᠢᠬᠦ ᠪᠠᠨ ᠬᠤᠶᠢᠰᠢᠯᠠᠭᠤᠯᠬᠤ ᠬᠡᠷᠡᠭᠳᠡᠢ᠃           23. ᠲᠠᠷᠬᠠᠯᠭᠠᠨ ᠤ ᠰᠢᠰᠲ᠋ᠧᠮ ᠤᠨ ᠡᠪᠡᠳᠴᠢᠲᠡᠨ ︵ᠰᠢᠰᠲ᠋ᠧᠮ ᠤᠨ ᠴᠢᠨᠠᠷᠲᠠᠶ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠲᠤᠯᠠᠢ ᠶᠢᠨ ᠴᠢᠨᠠᠷᠲᠠᠶ ᠦᠶ᠎ᠡ ᠭᠡᠰᠢᠭᠦᠦ ᠶᠢᠨ ᠦᠷᠪᠢᠰᠦᠯ᠂ ᠬᠥᠰᠢᠬᠦ ᠴᠢᠨᠠᠷᠲᠠᠶ ᠪᠠᠭᠠᠨ᠎ᠠ ᠨᠢᠷᠤᠭᠤᠨ ᠤ ᠦᠷᠪᠢᠰᠦᠯ᠂ ᠡᠪᠡᠷᠰᠢᠯ ᠵᠡᠷᠭᠡ︶ ᠲᠠᠷᠢᠯᠭ᠎ᠠ ᠬᠢᠯᠭᠡᠬᠦ ᠳᠡᠭᠡᠨ ᠪᠣᠯᠭᠤᠮᠵᠢᠯᠠᠬᠤ ᠴᠢᠬᠤᠯᠠᠲᠠᠢ᠂ ᠡᠩ ᠤᠨ ᠪᠠᠶᠢᠳᠠᠯ ᠳᠤ ᠡᠪᠡᠳᠴᠢᠨ ᠤ ᠪᠠᠶᠢᠳᠠᠯ ᠲᠣᠭᠲᠠᠭᠤᠨ ᠦᠶ᠎ᠡ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠢᠳᠡᠪᠬᠢ ᠥᠬᠡᠶᠢᠳᠡᠭᠦᠯᠦᠭᠰᠡᠨ ᠸᠠᠺᠼᠢᠨ ᠪᠠ ᠳᠠᠬᠢᠨ ᠨᠡᠶᠢᠯᠡᠯᠲᠡ ᠶᠢᠨ ᠳᠡᠳ᠋ ᠨᠢᠭᠡᠴᠢ ᠶᠢᠨ ᠸᠠᠺᠼᠢᠨ ᠢ ᠬᠢᠯᠭᠡᠵᠦ ᠪᠣᠯᠤᠨ᠎ᠠ᠃           24. ᠬᠤᠤᠷᠲᠤ ᠬᠠᠪᠤᠳᠠᠷ ᠤᠨ ᠮᠠᠰᠠ ᠵᠠᠰᠠᠯ ᠬᠢᠭᠡᠳ 3 ᠵᠢᠯ ᠭᠡᠲᠦᠷᠡᠭᠰᠡᠨ ᠪᠦᠭᠡᠳ ᠤᠳᠤᠬᠠᠨ ᠳᠤ ᠬᠢᠮᠢ ᠶᠢᠨ ᠡᠮᠴᠢᠯᠡᠭᠡ ᠬᠢᠵᠦ ᠦᠬᠡᠢ ᠬᠦᠮᠦᠰ᠂ ᠬᠠᠷ᠎ᠠ ᠪᠦᠭᠡᠷ᠎ᠡ ᠶᠢᠨ ᠶᠡᠷᠦᠩᠬᠡᠶᠢᠯᠡᠭᠰᠡᠨ ᠴᠢᠨᠠᠷ ᠤᠨ ᠡᠪᠡᠳᠴᠢᠨ᠂ ᠬᠠᠷ᠎ᠠ ᠪᠦᠭᠡᠷ᠎ᠡ ᠰᠢᠯᠵᠢᠬᠦᠯᠬᠦ ᠮᠠᠰᠠ ᠵᠠᠰᠠᠯ ᠤᠨ ᠳᠠᠷᠠᠭ᠎ᠠ ᠳᠠᠷᠬᠠᠯᠠᠭ᠎ᠠ ᠶᠢᠨ ᠡᠮ ᠤᠤᠭᠤᠵᠤ ᠪᠠᠶᠢᠭ᠎ᠠ ᠬᠦᠮᠦᠰ᠂ ᠠᠶᠢᠽᠢ ᠡᠪᠡᠳᠴᠢᠲᠡᠨ᠂ HIV ᠲᠤ ᠬᠠᠯᠳᠠᠪᠤᠷᠢᠯᠠᠭᠰᠠᠳ ᠢᠳᠡᠪᠬᠢ ᠦᠭᠡᠶᠢᠳᠡᠭᠦᠯᠦᠭᠰᠡᠨ ᠸᠠᠺᠽᠢᠨ ᠪᠠ ᠳᠠᠬᠢᠨ ᠨᠡᠶᠢᠯᠡᠯᠲᠡ ᠶᠢᠨ ᠳᠡᠳ᠋ ᠨᠢᠭᠡᠴᠢ ᠶᠢᠨ ᠸᠠᠺᠽᠢᠨ ᠲᠠᠷᠢᠭᠤᠯᠬᠤ ᠶᠢ ᠰᠠᠨᠠᠭᠠᠴᠢᠯᠠᠨ᠎ᠠ᠃           25. ᠡᠵᠡᠮᠳᠡᠵᠦ ᠦᠯᠦ ᠳᠡᠶᠢᠯᠬᠦ ᠤᠨᠠᠳᠠᠭ ᠡᠪᠡᠳᠴᠢᠨ ᠪᠠ ᠪᠤᠰᠤᠳ ᠮᠡᠳᠡᠷᠡᠯ ᠤᠨ ᠰᠢᠰᠲ᠋ᠧᠮ ᠤᠨ ᠡᠪᠡᠳᠴᠢᠲᠡᠨ ︵ᠨᠡᠪᠲᠡᠷᠡᠬᠦ ᠴᠢᠨᠠᠷᠲᠠᠢ ᠨᠤᠭᠤᠰᠤᠨ ᠤ ᠦᠷᠪᠢᠰᠦᠯ︶ ᠸᠠᠺᠽᠢᠨ ᠲᠠᠷᠢᠬᠤ ᠶᠢ ᠬᠤᠶᠢᠰᠢᠯᠠᠭᠤᠯᠵᠤ ᠪᠤᠯᠤᠨ᠎ᠠ᠃           26. ᠰᠠᠷ᠎ᠠ ᠶᠢᠨ ᠬᠢᠷ ᠤᠨ ᠬᠤᠭᠤᠴᠠᠭ᠎ᠠ᠂ ᠵᠢᠷᠮᠦᠰᠯᠡᠬᠦ ᠪᠠᠷ ᠪᠡᠯᠡᠳᠬᠡᠵᠦ ᠪᠠᠶᠢᠭ᠎ᠠ ᠬᠤᠭᠤᠴᠠᠭ᠎ᠠ᠂ ᠬᠦᠬᠦᠭᠦᠯ ᠤᠨ ᠬᠤᠭᠤᠴᠠᠭᠠᠨ ᠳᠤ ᠴᠦᠮ ᠸᠠᠺᠽᠢᠨ ᠲᠠᠷᠢᠭᠤᠯᠵᠤ ᠪᠤᠯᠬᠤ ᠪᠦᠬᠡᠳ ᠦᠷᠬᠦᠯᠵᠢᠯᠡᠨ ᠬᠡᠤᠬᠡᠳ ᠢᠶᠠᠨ ᠭᠦᠬᠦᠬᠦᠯᠵᠦ ᠪᠤᠯᠤᠨ᠎ᠠ᠃           27. ᠵᠢᠷᠮᠦᠰᠯᠡᠭᠰᠡᠨ ᠬᠤᠭᠤᠴᠠᠭᠠᠨ ᠳᠤ ᠸᠠᠺᠽᠢᠨ ᠲᠠᠷᠢᠭᠤᠯᠵᠤ ᠪᠤᠯᠬᠤ ᠦᠬᠡᠢ᠃           28. ᠸᠠᠺᠽᠢᠨ ᠲᠠᠷᠢᠭᠤᠯᠤᠭᠰᠠᠨ ᠤ ᠳᠠᠷᠠᠭ᠎ᠠ ᠵᠢᠷᠮᠦᠰᠯᠡᠭᠰᠡᠨ ᠢᠶᠠᠨ ᠮᠡᠳᠡᠪᠡᠯ ᠵᠢᠷᠮᠦᠰᠦᠨ ᠤ ᠪᠠᠶᠢᠴᠠᠭᠠᠯᠲᠠ ᠪᠠᠨ ᠰᠠᠶᠢᠳᠤᠷ ᠬᠢᠬᠦ ᠶᠢ ᠰᠠᠨᠠᠭᠠᠴᠢᠯᠠᠨ᠎ᠠ᠃           29. ᠡᠷᠡᠭᠲᠠᠶᠢᠴᠤᠳ ᠲᠤ ᠬᠡᠤᠬᠡᠳ ᠠᠪᠬᠤ ᠪᠠᠷ ᠪᠡᠯᠡᠳᠬᠡᠵᠦ ᠪᠠᠶᠢᠭ᠎ᠠ ᠸᠠᠺᠽᠢᠨ ᠲᠠᠷᠢᠭᠤᠯᠵᠤ ᠪᠤᠯᠬᠤ ᠦᠬᠡᠢ ᠪᠠᠶᠢᠳᠠᠯ ᠤᠷᠤᠰᠢᠬᠤ ᠦᠬᠡᠢ᠃           30. ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠢ ᠪᠤᠰᠤᠳ ᠲᠦᠷᠦᠯ ᠤᠨ ᠲᠠᠷᠢᠯᠭ᠎ᠠ  ᠲᠠᠢ ᠬᠠᠮᠲᠤ ᠲᠠᠷᠢᠭᠤᠯᠬᠤ ᠶᠢ ᠰᠠᠨᠠᠭᠠᠴᠢᠯᠠᠬᠤ ᠦᠬᠡᠢ᠃ ᠪᠤᠰᠤᠳ ᠲᠦᠷᠦᠯ ᠤᠨ ᠲᠠᠷᠢᠯᠭ᠎ᠠ ᠪᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠬᠤᠭᠤᠷᠤᠨᠳᠤ 14 ᠡᠳᠦᠷ ᠤᠨ ᠵᠦᠷᠢᠶᠡᠲᠠᠢ ᠪᠠᠶᠢᠯᠭᠠᠪᠠᠯ ᠵᠤᠬᠢᠨ᠎ᠠ᠃           31. ᠶᠠᠮᠠᠷᠪᠠ ᠪᠠᠶᠢᠳᠠᠯ ᠳᠤᠤᠷ᠎ᠠ᠂ ᠠᠮᠢᠲᠠᠨ ᠠᠴᠠ ᠪᠤᠯᠵᠤ ᠰᠢᠷᠬᠠᠳᠤᠭᠰᠠᠨ᠂ ᠭᠠᠳᠠᠷ ᠰᠢᠷᠬ᠎ᠠ ᠡᠭᠦᠰᠦᠭᠰᠡᠨ ᠵᠡᠷᠭᠡ ᠪᠠᠶᠢᠳᠠᠯ ᠳᠤ ᠭᠠᠯᠵᠠᠭᠤ ᠶᠢᠨ ᠸᠠᠺᠽᠢᠨ᠂ ᠳᠠᠳᠠᠷᠠᠩ ᠤᠨ ᠸᠠᠺᠽᠢᠨ᠂ ᠭᠠᠯᠵᠠᠭᠤ ᠶᠢᠨ ᠳᠠᠷᠬᠠᠯᠠᠯ ᠤᠨ ᠪᠦᠮᠪᠦᠭᠡᠨ ᠤᠭᠤᠷᠠᠭ᠂ ᠳᠠᠳᠠᠷᠠᠩ ᠤᠨ ᠳᠠᠷᠬᠠᠯᠠᠯ ᠤᠨ ᠪᠦᠮᠪᠤᠭᠡᠨ ᠤᠭᠤᠷᠠᠭ ᠵᠡᠷᠭᠡ ᠶᠢ ᠲᠠᠷᠢᠭᠤᠯᠬᠤ ᠶᠢᠨ ᠬᠠᠮᠲᠤ ᠴᠠᠭ ᠤᠨ ᠵᠠᠢ ᠶᠢ ᠪᠤᠳᠤᠯᠬᠢᠯᠠᠬᠤ ᠦᠬᠡᠢ ᠪᠠᠷ ᠳᠡᠭᠡᠷ᠎ᠡ ᠳᠤᠷᠠᠳᠤᠭᠰᠠᠨ ᠸᠠᠺᠽᠢᠨ ᠪᠠ ᠳᠠᠷᠬᠠᠯᠠᠯ ᠤᠨ ᠪᠦᠮᠪᠦᠭᠡᠨ ᠤᠭᠤᠷᠠᠭ ᠢ ᠤᠷᠢᠳᠠᠪᠠᠷ ᠲᠠᠷᠢᠭᠤᠯᠬᠤ ᠬᠡᠷᠡᠭᠲᠠᠢ᠃           32. ᠬᠡᠷᠪᠡ ᠭᠠᠯᠵᠠᠭᠤ ᠶᠢᠨ ᠸᠠᠺᠽᠢᠨ᠂ ᠳᠠᠳᠠᠷᠠᠩ ᠤᠨ ᠸᠠᠺᠽᠢᠨ᠂ ᠭᠠᠯᠵᠠᠭᠤ ᠶᠢᠨ ᠳᠠᠷᠬᠠᠯᠠᠯ ᠤᠨ ᠪᠦᠮᠪᠦᠭᠡᠨ ᠤᠭᠤᠷᠠᠭ᠂ ᠳᠠᠳᠠᠷᠠᠩ ᠤᠨ ᠳᠠᠷᠬᠠᠯᠠᠯ ᠤᠨ ᠦᠷᠡᠨ ᠤᠭᠤᠷᠠᠭ ᠵᠡᠷᠭᠡ ᠶᠢ ᠨᠢᠬᠡᠨᠲᠡ ᠲᠠᠷᠢᠭᠤᠯᠤᠭᠰᠠᠨ ᠪᠠᠶᠢᠪᠠᠯ᠂ ᠳᠡᠭᠡᠷ᠎ᠡ ᠳᠤᠷᠠᠳᠤᠭᠰᠠᠨ ᠸᠠᠺᠽᠢᠨ ᠤ ᠬᠠᠮᠤᠭ ᠡᠴᠦᠰ ᠤᠨ ᠸᠠᠺᠽᠢᠨ ᠢ ᠲᠠᠷᠢᠭᠤᠯᠤᠭᠰᠠᠨ ᠤ 14 ᠡᠳᠦᠷ ᠤᠨ ᠳᠠᠷᠠᠭ᠎ᠠ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠢ ᠲᠠᠷᠢᠭᠤᠯᠵᠤ ᠪᠤᠯᠤᠨ᠎ᠠ᠃           33. ᠬᠦᠮᠦᠨ ᠤ ᠳᠠᠷᠬᠠᠯᠠᠯ ᠤᠨ ᠪᠦᠮᠪᠦᠬᠡᠨ ᠤᠭᠤᠷᠠᠭ ᠢ ᠲᠠᠷᠢᠭᠤᠯᠤᠭᠰᠠᠨ ᠬᠦᠮᠦᠰ ᠨᠢᠬᠡ ᠰᠠᠷ᠎ᠠ ᠶᠢᠨ ᠳᠠᠷᠠᠭ᠎ᠠ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠢ ᠲᠠᠷᠢᠭᠤᠯᠪᠠᠯ ᠳᠠᠷᠬᠠᠯᠠᠭ᠎ᠠ ᠶᠢᠨ ᠦᠷ᠎ᠡ ᠳ᠋ᠦᠩ ᠢ ᠨᠦᠯᠦᠭᠡᠯᠡᠬᠦ ᠠᠴᠠ ᠰᠡᠷᠭᠡᠶᠢᠯᠡᠵᠦ ᠳᠡᠶᠢᠯᠦᠨ᠎ᠡ᠃           34. ᠦᠩᠭᠡᠷᠡᠭᠰᠡᠨ ᠳᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠳᠤ ᠬᠠᠯᠳᠠᠪᠤᠷᠢᠯᠠᠭᠰᠠᠳ ︵ᠢᠯᠡᠷᠡᠯ ᠦᠬᠡᠢ ᠬᠠᠯᠳᠠᠪᠤᠷᠢᠯᠠᠭᠰᠠᠳ︶ ᠡᠳᠡᠭᠡᠷᠡᠭᠰᠡᠨ ᠤ ᠳᠠᠷᠠᠭ᠎ᠠ 6 ᠰᠠᠷ᠎ᠠ ᠶᠢᠨ ᠰᠡᠭᠦᠯ ᠳᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠢ ᠲᠠᠷᠢᠭᠤᠯᠵᠤ ᠪᠤᠯᠤᠨ᠎ᠠ᠃           35. ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠢ ᠲᠠᠷᠢᠭᠤᠯᠬᠤ ᠠᠴᠠ ᠡᠮᠦᠨ᠎ᠡ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠬᠤᠤᠷ ᠤᠨ ᠪᠦᠬᠡᠮ ᠬᠦᠴᠢᠯ ᠵᠢᠴᠢ ᠠᠨᠲ᠋ᠢᠪᠤᠳᠠᠢ ᠶᠢᠨ ᠪᠠᠶᠢᠴᠠᠭᠠᠯᠲᠠ ᠬᠢᠯᠬᠡᠬᠦ ᠴᠢᠬᠤᠯᠠ ᠦᠬᠡᠢ᠃           36. ᠸᠠᠺᠽᠢᠨ ᠲᠠᠷᠢᠭᠤᠯᠤᠭᠰᠠᠨ ᠤ ᠳᠠᠷᠠᠭ᠎ᠠ ᠠᠨᠲ᠋ᠢᠪᠤᠳᠠᠢ ᠶᠢᠨ ᠪᠠᠶᠢᠴᠠᠭᠠᠯᠲᠠ ᠬᠢᠯᠬᠡᠵᠦ ᠳᠠᠷᠬᠠᠯᠠᠭ᠎ᠠ ᠠᠮᠵᠢᠯᠲᠠ ᠤᠯᠤᠭᠰᠠᠨ ᠡᠰᠡᠬᠦ ᠶᠢ ᠮᠠᠭᠠᠳᠯᠠᠬᠤ ᠦᠨᠳᠦᠰᠦᠯᠡᠯ ᠪᠤᠯᠭᠠᠬᠤ ᠶᠢ ᠰᠠᠨᠠᠭᠠᠴᠢᠯᠠᠬᠤ ᠦᠬᠡᠢ᠃           37. ᠤᠳᠤᠬᠢ ᠱᠠᠲᠤᠨ ᠳᠤ ᠠᠳᠠᠯᠢ ᠨᠢᠬᠡ ᠸᠠᠺᠽᠢᠨ ᠤ ᠪᠦᠲᠦᠭᠡᠭᠳᠡᠬᠦᠨ ᠲᠠᠷᠢᠭᠤᠯᠬᠤ ᠶᠢ ᠰᠠᠨᠠᠭᠠᠴᠢᠯᠠᠨ᠎ᠠ  ᠃           38. ᠬᠡᠷᠪᠡ ᠲᠤᠰ ᠬᠤᠲᠠ ᠶᠢᠨ ᠤᠳᠤ ᠪᠠᠶᠢᠭ᠎ᠠ ᠸᠠᠺᠽᠢᠨ ᠬᠠᠩᠭᠠᠯᠭ᠎ᠠ ᠳᠤ ᠪᠠᠨ ᠬᠦᠷᠬᠦ ᠦᠬᠡᠢ ᠪᠤᠶᠤ ᠦᠬᠡᠷ᠎ᠡ ᠭᠠᠵᠠᠷ ᠬᠦᠷᠴᠦ ᠸᠠᠺᠽᠢᠨ ᠲᠠᠷᠢᠭᠤᠯᠬᠤ ᠴᠢᠬᠤᠯᠠ ᠲᠠᠢ ᠪᠤᠯᠵᠤ᠂ ᠠᠳᠠᠯᠢ ᠨᠢᠬᠡ ᠸᠠᠺᠽᠢᠨ ᠤ ᠪᠦᠲᠦᠭᠡᠭᠳᠡᠬᠦᠨ‌‍ᠲ᠋ᠠᠷᠢᠭᠤᠯᠬᠤ ᠠᠷᠭ᠎ᠠ ᠦᠬᠡᠢ ᠪᠤᠯᠤᠭᠰᠠᠨ ᠪᠠᠶᠢᠳᠠᠯ ᠳᠤ ᠠᠳᠠᠯᠢ ᠲᠦᠷᠦᠯ ᠤᠨ ᠪᠤᠰᠤᠳ ᠠᠵᠤ ᠠᠬᠤᠶᠢᠯᠠᠯ ᠤᠨ ᠸᠠᠺᠽᠢᠨ ᠤ ᠪᠦᠲᠦᠭᠡᠭᠳᠡᠬᠦᠨ ᠢ ᠰᠤᠩᠭᠤᠨ ᠲᠠᠷᠢᠭᠤᠯᠵᠤ ᠪᠤᠯᠤᠨ᠎ᠠ ︵ᠵᠢᠱᠢᠶᠠᠯᠡᠪᠡᠯ ᠵᠦᠩ ᠱᠧᠩ ᠤᠨ ᠪᠡᠭᠡᠵᠢᠩ ᠤᠨ ᠰᠠᠯᠪᠤᠷᠢ᠂ ᠵᠦᠩ ᠱᠧᠩ ᠤᠨ ᠦᠬᠠᠨ ᠤ ᠰᠠᠯᠪᠤᠷᠢ᠂ ᠺᠧ ᠰᠢᠩ ᠵᠦᠩ ᠸᠧᠢ ᠶᠢ ᠰᠤᠯᠢᠵᠤ ᠲᠠᠷᠢᠭᠤᠯᠵᠤ ᠪᠤᠯᠤᠨ᠎ᠠ︶᠃           39. ᠢᠳᠡᠪᠬᠢ ᠦᠬᠡᠶᠢᠳᠡᠭᠦᠯᠦᠭᠰᠡᠨ ᠸᠠᠺᠽᠢᠨ ᠢ ᠬᠤᠶᠠᠷ ᠤᠳᠠᠭ᠎ᠠ ᠲᠠᠷᠢᠭᠤᠯᠬᠤ ᠴᠢᠬᠤᠯᠠᠲᠠᠢ᠂ ᠳᠤᠭᠳᠠᠭᠰᠠᠨ ᠳᠡᠰ ᠳᠠᠷᠠᠭᠠᠯᠠᠯ ᠢᠶᠠᠷ ᠲᠠᠷᠢᠭᠤᠯᠤᠭᠰᠠᠨ ᠦᠬᠡᠢ ᠬᠦᠮᠦᠰ ᠴᠠᠭ ᠢ ᠵᠠᠪᠳᠤᠨ ᠨᠦᠬᠦᠵᠦ ᠲᠠᠷᠢᠭᠤᠯᠬᠤ ᠬᠡᠷᠡᠭᠲᠠᠢ᠃ ᠳᠠᠷᠬᠠᠯᠠᠭ᠎ᠠ ᠶᠢᠨ ᠳᠡᠰ ᠳᠠᠷᠠᠭᠠᠯᠠᠯ ᠢ ᠳᠠᠬᠢᠵᠤ ᠡᠬᠢᠯᠡᠬᠦᠯᠬᠦ ᠴᠢᠬᠤᠯᠠ ᠦᠬᠡᠢ᠂ ᠬᠤᠶᠠᠳᠤᠭᠠᠷ ᠤᠳᠠᠭᠠᠨ ᠤ ᠸᠠᠺᠽᠢᠨ ᠢ ᠨᠦᠬᠦᠵᠦ ᠲᠠᠷᠢᠭᠤᠯᠪᠠᠯ ᠪᠤᠯᠴᠢᠬᠠᠨ᠎ᠠ᠃           40. ᠨᠢᠬᠡᠳᠦᠬᠡᠷ ᠤᠳᠠᠭᠠᠨ ᠤ ᠸᠠᠺᠽᠢᠨ ᠢ ᠳᠠᠷᠢᠭᠤᠯᠤᠭᠰᠠᠨ ᠤ ᠳᠠᠷᠠᠭ᠎ᠠ 14-21 ᠡᠳᠦᠷ ᠤᠨ ᠳᠤᠳᠤᠷ᠎ᠠ ᠬᠤᠶᠠᠳᠤᠭᠠᠷ ᠤᠳᠠᠭᠠᠨ ᠤ ᠸᠠᠺᠽᠢᠨ ᠢ ᠲᠠᠷᠢᠭᠤᠯᠤᠭᠰᠠᠨ ᠬᠦᠮᠦᠰ ᠨᠦᠬᠦᠵᠦ ᠲᠠᠷᠢᠭᠤᠯᠬᠤ ᠴᠢᠬᠤᠯᠠ ᠦᠬᠡᠢ᠃           41. ᠤᠳᠤᠬᠢ ᠱᠠᠳᠤᠨ ᠳᠤ ᠳᠠᠷᠬᠠᠯᠠᠭ᠎ᠠ ᠶᠢ ᠴᠢᠩᠭᠠᠳᠬᠠᠬᠤ ᠶᠢ ᠲᠦᠷ ᠰᠠᠨᠠᠭᠠᠴᠢᠯᠠᠬᠤ ᠦᠬᠡᠢ᠃ ᠸᠠᠺᠽᠢᠨ ᠢ ᠳᠡᠰ ᠳᠠᠷᠠᠭᠠᠯᠠᠯ ᠢᠶᠠᠷ ᠬᠤᠶᠠᠷ ᠤᠳᠠᠭ᠎ᠠ ᠲᠠᠷᠢᠭᠤᠯᠤᠭᠰᠠᠨ ᠤ ᠳᠠᠷᠠᠭ᠎ᠠ ᠴᠢᠩᠭᠠᠳᠬᠠᠬᠤ ᠴᠢᠬᠤᠯᠠ ᠦᠬᠡᠢ᠃           42. ᠪᠤᠰᠤᠳ ᠪᠠᠶᠢᠳᠠᠯ ᠢ ᠡᠮᠴᠢ ᠠᠴᠠ ᠯᠠᠪᠯᠠᠭᠠᠷᠠᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号