ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/5/18
                                 ︵6 ᠳ᠋ᠤᠭᠠᠷ ᠲᠤᠭᠠᠲᠤ︶              ᠠᠨᡁᠦ᠋ᠢ ᠮᠤᠵᠢ ᠶᠢᠨ ᠯᠢᠦ ᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠯᠢᠶᠣᠤᠨᠢᠩ ᠮᠤᠵᠢ ᠶᠢᠨ ᠶᠢᠩ ᠺᠧᠦ ᠬᠤᠳᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠵᠠᠷᠯᠠᠯ ᠢ ᠦᠨᠳᠦᠰᠦᠯᠡᠪᠡᠯ᠂ 2021 ᠣᠨ ᠤ 5 ᠰᠠᠷ᠎ᠠ ᠶᠢᠨ 14 ᠤ ᠡᠳᠦᠷ᠂ ᠠᠨᡁᠦ᠋ᠢ ᠮᠤᠵᠢ ᠶᠢᠨ ᠯᠢᠦ ᠠᠨ ᠬᠤᠳᠠ ᠶᠢᠨ ᠢᠦᠢ ᠠᠨ ᠲᠣᠭᠤᠷᠢᠭ ᠤᠨ ᠪᠠᠢ ᠴᠤᠸᠠᠨ ᠮᠢᠩ ᠲᠢᠩ ᠰᠠᠭᠤᠭᠠᠯᠢ ᠲᠣᠭᠤᠷᠢᠭ ᠪᠣᠯᠤᠨ ᠶᠢᠨ ᠠᠨ ᠲᠣᠭᠤᠷᠢᠭ ᠤᠨ ᠵᠧ ᠳ᠋ᠦᠩ ᠠᠷᠠᠯᠵᠢᠶ᠎ᠠ ᠬᠤᠳᠠᠯᠳᠤᠭᠠᠨ ᠤ ᠬᠤᠲᠠ᠂ ᠾᠧᠹᠸᠢ ᠬᠤᠳᠠ ᠶᠢᠨ ᠹᠸᠢ ᠰᠢ ᠰᠢᠶᠠᠨ  ᠤ ᠱᠠᠩ ᠫᠠᠢ ᠵᠧᠨ ᠪᠠᠯᠭᠠᠰᠤᠨ ᠤ ᠸᠧᠢ ᠰᠢᠨ ᠨᠡᠶᠢᠭᠡᠮ ᠲᠣᠭᠤᠷᠢᠭ ᠤᠨ ᠶᠢᠨ ᠶᠦᠨ ᠤᠯᠠᠨ ᠤᠯᠤᠰ ᠤᠨ ᠰᠠᠭᠤᠭᠠᠯᠢ ᠠᠷᠠᠳ ᠤᠨ ᠠᠰᠠᠷ᠂ ᠯᠢᠶᠣᠤᠨᠢᠩ ᠮᠤᠵᠢ ᠶᠢᠨ ᠶᠢᠩ ᠺᠧᠦ ᠬᠤᠳᠠ ᠶᠢᠨ ᠭᠠᠶᠢᠵᠸᠤ ᠶᠢᠨ ᠴᠧᠨ ᠳᠦᠨ ᠪᠠᠯᠭᠠᠰᠤᠨ ᠤ ᠶᠠᠩ ᠳ᠋ᠢᠶᠠᠨ ᠲᠣᠰᠬᠤᠨ ᠪᠣᠯᠤᠨ ᠪᠠ ᠢᠦᠢ ᠴᠢᠤᠸᠠᠨ ᠲᠤᠭᠤᠷᠢᠭ ᠤᠨ ᠰᠢᠶᠦ᠋ᠩ ᠶᠤᠸᠠᠢ ᠪᠠᠯᠭᠠᠰᠤᠨ ᠤ ᠢ ᠴᠧᠩ ᠨᠡᠶᠢᠭᠡᠮ ᠲᠣᠭᠤᠷᠢᠭ᠂ ᠾᠧ ᠫᠢᠩ ᠨᠡᠶᠢᠭᠡᠮ ᠲᠣᠭᠤᠷᠢᠭ᠂ ᠵᠠᠨ ᠴᠢᠶᠠᠨ ᠨᠡᠶᠢᠭᠡᠮ ᠲᠣᠭᠤᠷᠢᠭ᠂ ᠪᠸᠢ ᠭᠤᠸᠠᠨ ᠨᠡᠶᠢᠭᠡᠮ ᠲᠣᠭᠤᠷᠢᠭ᠂ ᠰᠢᠩ ᠹᠦ᠋ ᠨᠡᠶᠢᠭᠡᠮ ᠲᠤᠭᠤᠷᠢᠭ᠂ ᠱᠧᠩ ᠯᠢ ᠲᠣᠰᠬᠤᠨ᠂ ᠬᠤᠸᠠ ᠯᠢ ᠲᠣᠰᠬᠤᠨ᠂ ᠯᠢ ᠮᠢᠩ ᠲᠣᠰᠬᠤᠨ ᠨᠢ ᠳᠤᠮᠳᠠ ᠳᠡᠰ ᠤᠨ ᠬᠢᠵᠢᠭ ᠤᠨ ᠳᠥᠭᠰᠢᠭᠦᠷᠢᠲᠦ ᠣᠷᠣᠨ ᠢᠶᠠᠷ ᠲᠤᠭᠲᠠᠭᠠᠭᠳᠠᠪᠠ᠃ ᠮᠠᠨ ᠤ ᠬᠤᠰᠢᠭᠤᠨ ᠤ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠬᠢᠵᠢᠭ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠤᠯᠠᠮ ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ ᠬᠤᠷᠢᠭᠯᠠᠬᠤ ᠠᠵᠢᠯ ᠢ ᠨᠠᠷᠢᠯᠢᠭ ᠣᠨᠣᠪᠴᠢᠲᠠᠶ ᠬᠢᠵᠦ᠂ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠤᠷᠢᠭᠯᠠᠬᠤ ᠬᠦᠴᠦᠯᠡᠴᠡ ᠶᠢ ᠴᠢᠩᠭᠠᠳᠬᠠᠬᠤ ᠶᠢᠨ ᠲᠤᠯᠠᠳᠠ᠂ ᠡᠳᠦᠭᠡ ᠬᠠᠮᠢᠶ᠎ᠠ ᠪᠥᠬᠦᠶ ᠵᠦᠢᠯ ᠢ ᠵᠠᠷᠯᠠᠨ ᠮᠡᠳᠡᠭᠳᠡᠶ᠎ᠡ᠄              ᠨᠢᠭᠡ᠂ 2021 ᠣᠨ ᠤ 4 ᠰᠠᠷ᠎ᠠ ᠶᠢᠨ 30 ᠠᠴᠠ ᠨᠠᠰᠢ᠂ ᠰᠢᠨ᠎ᠡ ᠪᠠᠷ ᠨᠡᠮᠡᠭᠳᠡᠭᠰᠡᠨ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠲᠤ ︽7 ᠬᠤᠨᠤᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠠᠪᠬᠤ ᠪᠠ 14 ᠡᠳᠦᠷ ᠬᠡᠷ ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠵᠢᠴᠢ 2 ᠤᠳᠠᠭᠠᠨ ᠤ ᠪᠥᠭᠡᠮ ᠬᠦᠴᠢᠯ  ᠤᠨ ᠪᠠᠶᠢᠴᠠᠭᠠᠨ ᠬᠡᠮᠵᠢᠯᠲᠡ ︵ᠲᠤᠰᠪᠦᠷᠢ 7 ᠪᠠ 14 ᠳ᠋ᠦ᠋ᠭᠡᠷ ᠡᠳᠦᠷ ᠲᠤ ᠪᠠᠶᠢᠴᠠᠭᠠᠨ ᠬᠡᠮᠵᠢᠯᠲᠡ ᠬᠢᠯᠭᠡᠨ᠎ᠡ︶ ᠬᠢᠬᠦ ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠡᠷᠪᠡ 7 ᠡᠳᠦᠷ ᠤᠨ ᠳᠤᠲᠤᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ ᠳᠡᠶᠢᠯᠬᠦ ᠥᠬᠡᠶ ᠪᠣᠯ᠂ ᠬᠤᠰᠢᠭᠤᠨ ᠳᠤ ᠢᠷᠡᠭᠰᠡᠨ ᠲᠡᠷᠡ ᠳᠠᠷᠤᠶ ᠳᠠᠭᠠᠨ ᠨᠢᠭᠡᠳᠦᠯᠲᠡᠢ ᠲᠤᠰᠠᠭᠠᠷᠯᠠᠯᠲᠠ ᠳᠤ ᠣᠷᠤᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ 24 ᠴᠠᠭ ᠤᠨ ᠲᠤᠳᠤᠷᠠᠬᠢ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ 14 ᠬᠤᠨᠤᠭ ᠬᠡᠷ ᠲᠡᠭᠡᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠨ᠎ᠠ᠃              ᠬᠤᠶᠠᠷ᠂ 2021 ᠣᠨ ᠤ 4 ᠰᠠᠷ᠎ᠠ ᠶᠢᠨ 30 ᠠᠴᠠ ᠨᠠᠰᠢ᠂ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠥᠪᠡᠷ ᠤᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠪᠣᠯᠤᠨ ᠰᠠᠭᠤᠭᠰᠠᠨ ᠪᠠᠭᠤᠳᠠᠯ ᠵᠡᠷᠭᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠰᠡᠷᠭᠡᠶᠢᠯᠡᠨ ᠬᠤᠷᠢᠭᠯᠠᠬᠤ ᠱᠠᠭᠠᠷᠳᠠᠯᠭ᠎ᠠ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠭᠠᠷᠪᠠᠯ᠂ ᠳᠠᠷᠤᠶ ᠲᠦᠷᠭᠡᠨ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠪᠤᠶᠤ ᠬᠢᠵᠢᠭ ᠢ ᠰᠡᠷᠭᠡᠶᠢᠯᠡᠬᠦ ᠲᠥᠪ ᠲᠤ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠪᠠᠶᠢᠴᠠᠭᠠᠯᠲᠠ ᠬᠢᠯᠭᠡᠬᠦ ᠬᠡᠷᠡᠭᠳᠡᠢ᠃ ᠬᠤᠪᠢ ᠬᠥᠮᠦᠨ ᠤ ᠬᠠᠩᠭᠠᠭᠰᠠᠨ ᠡᠷᠡᠭᠦᠯ ᠮᠡᠨᠳᠦ ᠶᠢᠨ ᠺᠣᠳ᠋ ᠤᠨ ᠰᠤᠷᠠᠭ ᠵᠠᠩᠭᠢ ᠪᠣᠯᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠨᠢ ᠡᠷᠬᠡᠪᠰᠢ ᠦᠨᠡᠨ ᠪᠣᠳᠠᠲᠠᠶ ᠪᠠᠶᠢᠵᠤ᠂ ᠮᠡᠳᠡᠭᠦᠯᠬᠦ ᠥᠬᠡᠶ ᠨᠢᠭᠤᠬᠤ ᠪᠣᠶᠣ ᠬᠤᠳᠠᠯ ᠢᠶᠠᠷ ᠮᠡᠳᠡᠭᠦᠯᠪᠡᠯ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃              ᠭᠤᠷᠪᠠ᠂ ᠣᠯᠠᠨ ᠢᠶᠠᠷ ᠢᠶᠠᠨ 2021 ᠣᠨ ᠤ 4 ᠰᠠᠷ᠎ᠠ ᠶᠢᠨ 30 ᠠᠴᠠ ᠨᠠᠰᠢ ᠳᠤᠮᠳᠠ ᠳᠡᠰ ᠤᠨ ᠬᠢᠵᠢᠭ ᠤᠨ ᠳᠥᠭᠰᠢᠭᠦᠷᠢᠲᠦ ᠭᠠᠵᠠᠷ ᠣᠷᠣᠨ ᠠᠴᠠ ᠬᠤᠰᠢᠭᠤᠨ ᠳᠤ ᠢᠷᠡᠭᠰᠡᠨ ᠬᠥᠮᠦᠰ ᠢ ᠣᠯᠵᠤ ᠮᠡᠳᠡᠪᠡᠯ᠂ ᠳᠠᠷᠤᠶᠢᠬᠠᠨ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠪᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠮᠡᠳᠡᠭᠦᠯᠬᠦ ᠬᠡᠷᠡᠭᠲᠡᠶ᠃              ᠲᠦᠷᠪᠡ᠂ ᠦᠢᠷ᠎ᠡ ᠶᠢᠨ ᠬᠤᠭᠤᠴᠠᠭᠠᠨ ᠳᠤ ᠱᠠᠭᠠᠷᠳᠠᠯᠭ᠎ᠠ ᠦᠭᠡᠢ ᠪᠣᠯ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠳᠡᠰ ᠤᠨ ᠬᠢᠵᠢᠭ ᠤᠨ ᠲᠦᠭᠰᠢᠬᠦᠷᠢᠲᠦ ᠭᠠᠵᠠᠷ ᠣᠷᠣᠨ ᠳᠤ ᠣᠴᠢᠬᠤ ᠦᠭᠡᠢ ᠪᠠᠶᠢᠬᠤ ᠶᠢ ᠥᠷᠭᠡᠨ ᠤᠯᠠᠨ ᠠᠷᠠᠳ ᠲᠦᠮᠡᠨ ᠳᠤ ᠰᠠᠨᠠᠭᠤᠯᠵᠤ ᠪᠠᠶᠢᠨ᠎ᠠ᠃ ᠬᠡᠷᠪᠡ ᠦᠨᠡᠭᠡᠷ ᠣᠴᠢᠬᠤ ᠱᠠᠭᠠᠷᠳᠠᠯᠭ᠎ᠠ ᠲᠠᠢ ᠪᠣᠯ᠂ ᠶᠠᠪᠤᠬᠤ ᠠᠴᠠ ᠪᠠᠨ ᠡᠮᠦᠨ᠎ᠡ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠳᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃ ᠪᠤᠴᠠᠵᠤ ᠢᠷᠡᠬᠦ ᠠᠴᠠ ᠪᠠᠨ ᠡᠮᠦᠨ᠎ᠡ ᠡᠷᠬᠡᠪᠰᠢ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠶᠢᠭᠤᠯᠭ᠎ᠠ ᠨᠢᠭᠡᠴᠡ ᠳᠤ ᠰᠠᠨᠠᠭᠠᠴᠢᠯᠠᠭ᠎ᠠ  ᠠᠴᠠ ᠪᠠᠨ ᠮᠡᠳᠡᠭᠦᠯᠬᠦ ᠬᠡᠷᠡᠭᠲᠡᠶ᠃ ᠬᠤᠰᠢᠭᠤᠨ ᠳᠤ ᠪᠤᠴᠠᠭᠰᠠᠨ ᠤ ᠳᠠᠷᠠᠭ᠎ᠠ ᠬᠠᠮᠢᠶ᠎ᠠ ᠪᠦᠬᠦᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠬᠠᠮᠵᠢᠯᠴᠠᠨ ᠬᠡᠷᠡᠭᠵᠢᠭᠦᠯᠬᠦ ᠬᠡᠷᠡᠭᠲᠡᠶ᠃              ᠲᠠᠪᠤ᠂ ᠬᠤᠰᠢᠭᠤ ᠬᠢᠵᠢᠭ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠬᠡᠯᠲᠡᠰ ᠠᠴᠠ ᠥᠷᠭᠡᠨ ᠣᠯᠠᠨ ᠠᠷᠠᠳ ᠲᠦᠮᠡᠨ ᠳᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ︽ᠭᠤᠷᠪᠠᠨ ᠠᠷᠭ᠎ᠠ︾ ︵ᠠᠮᠠᠪᠴᠢ ᠵᠡᠭᠦᠬᠦ᠂ ᠬᠤᠭᠤᠷᠤᠨᠳᠤᠬᠢ ᠵᠠᠶ ᠪᠠᠨ ᠪᠠᠲᠤᠯᠠᠬᠤ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠠᠩᠬᠠᠷᠬᠤ︶ ᠶᠢ ᠪᠠᠷᠢᠮᠲᠠᠯᠠᠵᠤ᠂ ︽ᠲᠠᠪᠤᠨ ᠪᠠᠶᠢᠩᠭᠤ︾ ︵ᠠᠮᠠᠪᠴᠢ ᠪᠠᠨ ᠪᠠᠶᠢᠩᠭᠤ ᠵᠡᠭᠦᠬᠦ᠂ ᠬᠤᠭᠤᠷᠤᠨᠳᠤᠬᠢ ᠵᠠᠢ ᠪᠠᠨ ᠪᠠᠶᠢᠩᠭᠤ ᠪᠠᠲᠤᠯᠠᠬᠤ᠂ ᠬᠠᠨᠢᠶᠠᠵᠤ ᠨᠠᠶᠢᠲᠠᠭᠠᠬᠤ ᠳᠠᠭᠠᠨ ᠪᠠᠶᠢᠩᠭᠤ ᠬᠠᠯᠬᠠᠯᠠᠬᠤ᠂ ᠭᠠᠷ ᠢᠶᠠᠨ ᠪᠠᠶᠢᠩᠭᠤ ᠤᠬᠢᠶᠠᠬᠤ᠂ ᠣᠷᠣᠨ ᠭᠡᠷ ᠲᠤ ᠪᠠᠨ ᠰᠠᠯᠬᠢ ᠠᠭᠠᠷ ᠪᠠᠶᠢᠩᠭᠤ ᠨᠡᠪᠳᠡᠷᠡᠬᠦᠯᠬᠦ︶ ᠪᠠᠶᠢᠬᠤ ᠶᠢ ᠠᠩᠬᠠᠷᠤᠭᠠᠷᠠᠢ ᠭᠡᠵᠦ ᠰᠠᠨᠠᠭᠤᠯᠵᠤ ᠪᠠᠶᠢᠨ᠎ᠠ᠃ᠵᠢᠷᠭᠤᠭ᠎ᠠ᠂ ᠸᠠᠺᠼᠢᠨ ᠳᠠᠷᠢᠬᠤ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ᠂ ᠬᠠᠮᠤᠭ ᠤᠨ ᠰᠠᠶᠢᠨ᠂ ᠬᠠᠮᠤᠭ ᠤᠨ ᠲᠥᠬᠦᠮ ᠠᠷᠭ᠎ᠠ ᠮᠥᠨ᠂ ᠲᠠ ᠥᠪᠡᠷ ᠤᠨ ᠪᠡᠶ᠎ᠡ ᠪᠣᠯᠣᠨ ᠬᠡᠷ  ᠤᠨ ᠬᠥᠮᠦᠰ ᠤᠨ ᠢᠶᠠᠨ ᠡᠷᠡᠭᠦᠯ ᠮᠡᠨᠳᠦ ᠶᠢᠨ ᠲᠥᠯᠥᠭᠡ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠡᠷᠲᠡᠬᠡᠨ ᠳᠠᠷᠢᠭᠠᠷᠠᠶ᠃              ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠰᠠᠭᠤᠨ ᠯᠠᠪᠯᠠᠬᠤ ᠤᠲᠠᠰᠤ᠄ 0479 - 4222907 ︵ᠰᠢᠯᠤᠭᠤᠨ ᠬᠥᠬᠡ ᠬᠤᠰᠢᠭᠤᠨ ᠤ ᠬᠢᠵᠢᠭ ᠤᠨ ᠰᠡᠷᠭᠡᠶᠢᠯᠡᠬᠦ ᠲᠥᠪ︶᠃ ᠬᠠᠯᠠᠭᠤᠷᠠᠭᠰᠠᠨ ᠡᠪᠡᠳᠴᠢᠲᠡᠨ ᠢ ᠡᠮᠨᠡᠬᠦ ᠡᠭᠦᠳᠡᠨ ᠡᠮᠨᠡᠯᠭᠡ᠂ ᠲᠣᠭᠲᠠᠭᠰᠠᠨ ᠡᠮᠨᠡᠯᠭᠡ ᠶᠢᠨ ᠬᠤᠷᠢᠶᠠᠨ ᠤ ᠬᠦᠯᠢᠶᠡᠨ ᠠᠪᠬᠤ ᠤᠲᠠᠰᠤ᠄ 120 ᠪᠤᠶᠤ 15704798931 ︵ᠰᠢᠯᠤᠭᠤᠨ ᠬᠥᠬᠡ ᠬᠤᠰᠢᠭᠤᠨ ᠤ ᠡᠮᠨᠡᠯᠭᠡ ᠶᠢᠨ ᠬᠤᠷᠢᠶ᠎ᠠ︶᠃ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠳᠡᠰ 2021 ᠣᠨ ᠤ 5 ᠰᠠᠷ᠎ᠠ ᠶᠢᠨ 15 ᠤ ᠡᠳᠦᠷ  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号