96. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ | 1992 ᠣᠨ ᠤ 10 ᠰᠠᠷ᠎ᠠ ᠶᠢᠨ 12 ᠠᠴᠠ 19 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠵᠢᠶᠠᠩ ᠽᠧ ᠮᠢᠨ ︽ | ᠥᠭᠡᠷᠡᠴᠢᠯᠡᠯᠲᠡ ᠨᠡᠭᠡᠭᠡᠯᠳᠡ ᠪᠠ ᠣᠳᠣᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠨᠡᠩ ᠶᠡᠭᠡ ᠢᠯᠠᠯᠲᠠ ᠶᠢ ᠲᠡᠮᠡᠴᠡᠨ | ᠣᠯᠰᠤᠭᠠᠢ︾ ᠭᠡᠬᠦ ᠢᠯᠡᠳᠬᠡᠯ ᠬᠢᠪᠡ᠃ ᠶᠡᠭᠡ ᠬᠤᠷᠠᠯ ᠠᠴᠠ ᠳ᠋ᠧᠩ ᠰᠢᠶᠤᠤ ᠫᠢᠩ ᠤᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠤᠨᠤᠯ ᠤᠨ ᠪᠦᠬᠦ ᠨᠠᠮ ᠳᠠᠬᠢ ᠵᠢᠯᠣᠭᠤᠳᠬᠤ ᠪᠠᠶᠢᠷᠢ | ᠰᠠᠭᠤᠷᠢ ᠶᠢ ᠲᠣᠭᠲᠠᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ | ᠤᠨᠤᠯ ᠤᠨ ᠭᠤᠣᠯ ᠠᠭᠤᠯᠭ᠎ᠠ ᠶᠢ ᠬᠤᠷᠢᠶᠠᠩᠭᠤᠶᠢᠯᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ | ᠶᠢᠨ ᠪᠠᠶᠢᠭᠤᠯᠤᠯ ᠢ ᠪᠠᠶᠢᠭᠤᠯᠬᠤ ᠥᠭᠡᠷᠡᠴᠢᠯᠡᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ᠪᠦᠬᠦ ᠨᠠᠮ ᠢ ᠴᠠᠭ | ᠲᠣᠬᠢᠶᠠᠯ ᠢ ᠠᠮᠵᠢᠨ᠂ ᠬᠥᠭᠵᠢᠯᠲᠡ ᠪᠠᠨ ᠲᠦᠷᠭᠡᠳᠬᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠠᠵᠤ ᠠᠬᠤᠢ | ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | 97. ᠰᠢᠶᠠᠩᠭᠠᠩ ᠡᠬᠡ ᠤᠯᠤᠰ ᠲᠠᠭᠠᠨ ᠪᠤᠴᠠᠭᠰᠠᠨ ᠨᠢ | 1982 ᠣᠨ ᠤ 9 ᠰᠠᠷ᠎ᠠ ᠳᠤ᠂ ᠠᠩᠭ᠍ᠯᠢ ᠶᠢᠨ ᠵᠠᠰᠠᠭ ᠤᠨ ᠣᠷᠳᠣᠨ ᠪᠣᠯᠤᠨ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠤᠨ ᠣᠷᠳᠣᠨ ᠰᠢᠶᠠᠩᠭᠠᠩ ᠤᠨ ᠢᠷᠡᠭᠡᠳᠦᠢ ᠶᠢᠨ ᠠᠰᠠᠭᠤᠳᠠᠯ ᠤᠨ ᠲᠤᠬᠠᠢ ᠬᠡᠯᠡᠯᠴᠡᠭᠡ | ᠬᠢᠵᠦ ᠡᠬᠢᠯᠡᠪᠡ᠃ ᠬᠤᠶᠠᠷ ᠵᠢᠯ ᠭᠠᠷᠤᠢ ᠶᠢᠨ 22 ᠡᠭᠡᠯᠵᠢ ᠶᠢᠨ ᠬᠡᠯᠡᠯᠴᠡᠭᠡ ᠪᠠᠷ ᠳᠠᠮᠵᠢᠭᠠᠳ ᠡᠴᠦᠰ ᠲᠡᠭᠡᠨ | 1984 ᠣᠨ ᠤ 12 ᠰᠠᠷ᠎ᠠ ᠶᠢᠨ 19 ᠤ ᠡᠳᠦᠷ ︽ᠳᠤᠮᠳᠠᠳᠤ ᠠᠩᠭ᠍ᠯᠢ ᠶᠢᠨ ᠬᠠᠮᠲᠤᠷᠠᠭᠰᠠᠨ ᠢᠯᠡᠷᠬᠡᠶᠢᠯᠡᠯᠲᠡ︾ | ᠳᠤ ᠵᠢᠩᠬᠢᠨᠢ ᠪᠠᠷ ᠭᠠᠷ ᠤᠨ ᠦᠰᠦᠭ ᠵᠢᠷᠤᠵᠤ᠂ 1997 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ | ᠳᠤᠮᠳᠠᠳᠤ ᠤᠯᠤᠰ ᠰᠢᠶᠠᠩᠭᠠᠩ ᠳᠤ ᠵᠠᠰᠠᠭ ᠵᠠᠬᠢᠷᠭᠠᠨ ᠤ ᠣᠨᠴᠠᠭᠠᠢ ᠣᠷᠣᠨ ᠪᠠᠶᠢᠭᠤᠯᠵᠤ᠂ ᠰᠢᠶᠠᠩᠭᠠᠩ ᠠᠷᠠᠯ᠂ | ᠲᠦᠷᠢᠶᠡᠰᠦᠨ ᠣᠷᠣᠨ ᠠᠴᠠ ᠡᠮᠦᠨᠡᠰᠢᠬᠢ ᠵᠢᠤᠯᠦ᠋ᠩ ᠬᠤᠶᠢᠭ᠂ ᠰᠢᠨ ᠵᠢᠶᠧ ᠵᠡᠷᠭᠡ ᠭᠠᠵᠠᠷ ᠣᠷᠣᠨ ᠳᠠᠬᠢ ᠡᠷᠬᠡ | ᠮᠡᠳᠡᠯ ᠢᠶᠠᠨ ᠰᠡᠷᠭᠦᠭᠡᠪᠡ᠃ 1997 ᠣᠨ ᠤ 7 ᠰᠠᠷ᠎ᠠ ᠶᠢᠨ 1 ᠤ ᠡᠳᠦᠷ ᠤᠨ ᠲᠡᠭ ᠴᠠᠭ ᠲᠤ ᠰᠢᠶᠠᠩᠭᠠᠩ ᠡᠬᠡ | ᠤᠯᠤᠰ ᠲᠠᠭᠠᠨ ᠪᠤᠴᠠᠪᠠ᠃ | 98. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠶᠡᠭᠡ ᠬᠤᠷᠠᠯ | 1997 ᠣᠨ ᠤ 9 ᠰᠠᠷ᠎ᠠ ᠶᠢᠨ 12 ᠠᠴᠠ 18 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠶᠡᠭᠡ ᠬᠤᠷᠠᠯ ᠠᠴᠠ | ᠮᠠᠨ ᠤ ᠤᠯᠤᠰ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠶᠢᠨ ᠰᠢᠨ᠎ᠡ ᠲᠤᠷᠰᠢᠯᠭ᠎ᠠ ᠶᠢ ᠳ᠋ᠦᠩᠨᠡᠵᠦ᠂ | ᠳ᠋ᠧᠩ ᠰᠢᠶᠤᠤ ᠫᠢᠩ ᠤᠨ ᠤᠨᠤᠯ ᠢ ᠨᠠᠮ ᠤᠨ ᠵᠢᠯᠣᠭᠤᠳᠬᠤ ᠦᠵᠡᠯ ᠰᠠᠨᠠᠭ᠎ᠠ ᠪᠣᠯᠭᠠᠨ ᠲᠣᠭᠲᠠᠭᠠᠵᠤ᠂ ᠬᠠᠤᠯᠢ ᠪᠠᠷ | ᠤᠯᠤᠰ ᠢᠶᠠᠨ ᠵᠠᠰᠠᠬᠤ ᠶᠢ ᠦᠨᠳᠦᠰᠦᠨ ᠠᠷᠭ᠎ᠠ ᠪᠤᠳᠤᠯᠭ᠎ᠠ ᠪᠣᠯᠭᠠᠨ ᠲᠣᠭᠲᠠᠭᠠᠵᠤ᠂ ᠨᠡᠶᠢᠲᠡ ᠶᠢᠨ ᠥᠮᠴᠢᠯᠡᠯ ᠢᠶᠠᠷ | ᠭᠤᠣᠯ ᠴᠣᠭᠴᠠ ᠪᠣᠯᠭᠠᠨ᠂ ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢ ᠬᠠᠮᠲᠤ ᠪᠠᠷ ᠬᠦᠭᠵᠢᠭᠦᠯᠵᠦ᠂ | ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠵᠤ᠂ ᠤᠯᠠᠨ ᠵᠦᠢᠯ ᠤᠨ | ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠵᠡᠷᠭᠡᠴᠡᠨ ᠣᠷᠣᠰᠢᠬᠤ ᠶᠢ ᠮᠠᠨ ᠤ ᠤᠯᠤᠰ ᠤᠨ ᠨᠡᠶᠢᠭᠡᠮ ᠵᠢᠷᠤᠮ ᠤᠨ ᠠᠩᠬᠠᠨ | ᠤ ᠱᠠᠲᠤᠨ ᠳᠠᠬᠢ ᠠᠵᠤ ᠠᠬᠤᠢ ᠶᠢᠨ ᠦᠨᠳᠦᠰᠦᠨ ᠪᠠᠶᠢᠭᠤᠯᠤᠯ ᠪᠠ ᠬᠤᠪᠢᠶᠠᠷᠢᠯᠠᠯᠲᠠ ᠶᠢᠨ ᠳᠦᠷᠢᠮ ᠪᠣᠯᠭᠠᠨ | ᠲᠣᠭᠲᠠᠭᠠᠪᠠ᠃ | 99. ︽ᠭᠤᠷᠪᠠ ᠶᠢ ᠡᠷᠬᠢᠮᠯᠡᠬᠦ︾ ᠬᠥᠮᠦᠵᠢᠯ | 1998 ᠣᠨ ᠠᠴᠠ 2000 ᠣᠨ ᠤ ᠡᠴᠦᠰ ᠪᠣᠯᠲᠠᠯ᠎ᠠ᠂ ᠰᠢᠶᠠᠨ ᠤ ᠱᠠᠲᠤᠨ ᠠᠴᠠ ᠳᠡᠭᠡᠭᠰᠢᠬᠢ ᠨᠠᠮ ᠵᠠᠰᠠᠭ ᠤᠨ | ᠤᠳᠤᠷᠢᠳᠬᠤ ᠪᠠᠭ᠂ ᠤᠳᠤᠷᠢᠳᠬᠤ ᠺᠠᠳ᠋ᠷᠴᠤᠳ ᠤᠨ ᠳᠤᠮᠳᠠ ︽ᠰᠤᠷᠤᠯᠴᠠᠯᠭ᠎ᠠ ᠶᠢ ᠡᠷᠬᠢᠮᠯᠡᠬᠦ᠂ ᠤᠯᠤᠰ ᠲᠦᠷᠦ | ᠶᠢ ᠡᠷᠬᠢᠮᠯᠡᠬᠦ᠂ ᠲᠥᠪ ᠰᠤᠷᠲᠠᠯ ᠢ ᠡᠷᠬᠢᠮᠯᠡᠬᠦ︾ ᠪᠠᠷ ᠭᠤᠣᠯ ᠠᠭᠤᠯᠭ᠎ᠠ ᠪᠣᠯᠭᠠᠭᠰᠠᠨ ᠨᠠᠮᠴᠢ ᠴᠢᠨᠠᠷ᠂ ᠨᠠᠮ ᠤᠨ | ᠰᠤᠷᠲᠠᠯ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ | 100. ᠣᠣᠮᠧᠨ ᠡᠬᠡ ᠤᠯᠤᠰ ᠲᠠᠭᠠᠨ ᠪᠤᠴᠠᠨ ᠢᠷᠡᠭᠰᠡᠨ ᠨᠢ | 1987 ᠣᠨ ᠤ 4 ᠰᠠᠷ᠎ᠠ ᠶᠢᠨ 13 ᠤ ᠡᠳᠦᠷ᠂ ᠳᠤᠮᠳᠠᠳᠤ ᠫᠣᠷᠲ᠋ᠦ᠋ᠭᠠᠯ ᠬᠤᠶᠠᠷ ᠤᠯᠤᠰ ᠤᠨ ᠵᠠᠰᠠᠭ ᠤᠨ | ᠣᠷᠳᠣᠨ ︽ᠣᠣᠮᠧᠨ ᠤ ᠠᠰᠠᠭᠤᠳᠠᠯ ᠤᠨ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠤᠨ ᠣᠷᠳᠣᠨ ᠪᠣᠯᠤᠨ ᠪᠦᠭᠦᠳᠡ ᠨᠠᠶᠢᠷᠠᠮᠳᠠᠬᠤ ᠫᠣᠷᠲ᠋ᠦ᠋ᠭᠠᠯ ᠤᠯᠤᠰ ᠤᠨ ᠵᠠᠰᠠᠭ ᠤᠨ ᠣᠷᠳᠣᠨ ᠤ ᠬᠠᠮᠲᠤᠷᠠᠨ | ᠭᠠᠷᠭᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ᠣᠣᠮᠧᠨ ᠣᠷᠣᠨ ︵ᠡᠭᠦᠨ ᠳᠤ ᠣᠣᠮᠧᠨ | ᠬᠤᠶᠢᠭ᠂ ᠳ᠋ᠠᠩ ᠽᠠᠢ ᠳ᠋ᠤᠤ ᠠᠷᠠᠯ᠂ ᠯᠦ ᠬᠤᠸᠠᠨ ᠳ᠋ᠤᠤ ᠠᠷᠠᠯ ᠪᠠᠭᠲᠠᠨ᠎ᠠ︶ ᠪᠣᠯ ᠳᠤᠮᠳᠠᠳᠤ ᠤᠯᠤᠰ ᠤᠨ ᠨᠤᠲᠤᠭ | ᠳᠡᠪᠢᠰᠬᠡᠷ ᠮᠥᠨ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ 1999 ᠣᠨ ᠤ 12 ᠰᠠᠷ᠎ᠠ ᠶᠢᠨ 20 ᠤ | ᠡᠳᠦᠷ ᠣᠣᠮᠧᠨ ᠳᠠᠬᠢ ᠡᠷᠬᠡ ᠮᠡᠳᠡᠯ ᠢᠶᠠᠨ ᠰᠡᠷᠭᠦᠭᠡᠨ᠎ᠡ ᠭᠡᠵᠦ ᠨᠡᠶᠢᠲᠡᠯᠡᠪᠡ᠃ 1999 ᠣᠨ ᠤ 12 ᠰᠠᠷ᠎ᠠ ᠶᠢᠨ | 20 ᠤ ᠡᠳᠦᠷ ᠤᠨ ᠲᠡᠭ ᠴᠠᠭ ᠲᠤ ᠣᠣᠮᠧᠨ ᠡᠬᠡ ᠤᠯᠤᠰ ᠲᠠᠭᠠᠨ ᠪᠤᠴᠠᠨ ᠢᠷᠡᠪᠡ᠃ | | | | | | | 101. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ | 2002 ᠣᠨ ᠤ 11 ᠰᠠᠷ᠎ᠠ ᠶᠢᠨ 8 ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠵᠢᠶᠠᠩ ᠽᠧ | ᠮᠢᠨ ︽ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ | ᠪᠦᠭᠦᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ ᠳᠥᠷᠬᠦ ᠶᠢ ᠡᠭᠦᠳᠦᠶ᠎ᠡ︾ ᠭᠡᠬᠦ ᠢᠯᠡᠳᠬᠡᠯ ᠬᠢᠪᠡ᠃ ᠶᠡᠭᠡ | ᠬᠤᠷᠠᠯ ᠠᠴᠠ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ | ᠬᠠᠷᠠᠯᠲᠠ ᠶᠢ ᠳᠤᠷᠠᠳᠤᠨ ᠭᠠᠷᠭᠠᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠨᠠᠮ ᠤᠨ | ᠲᠦᠷᠢᠮ ᠳᠤ ᠪᠢᠴᠢᠨ ᠣᠷᠣᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠤᠤ ᠫᠢᠩ ᠤᠨ ᠤᠨᠤᠯ ᠲᠠᠢ ᠬᠠᠮᠲᠤ ᠪᠠᠷ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠨᠠᠮ ᠤᠨ | ᠵᠢᠯᠣᠭᠤᠳᠬᠤ ᠦᠵᠡᠯ ᠰᠠᠨᠠᠭ᠎ᠠ ᠪᠣᠯᠭᠠᠪᠠ᠃ | 102. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠣᠯᠣᠳᠤᠭᠠᠷ ᠶᠡᠭᠡ ᠬᠤᠷᠠᠯ | 2007 ᠣᠨ ᠤ 10 ᠰᠠᠷ᠎ᠠ ᠶᠢᠨ 15 ᠠᠴᠠ 21 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠤ᠋ ᠶᠢᠨ ᠲᠤᠤ ︽ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ ᠶᠢᠨ | ᠲᠥᠯᠥᠭᠡ ᠲᠡᠮᠡᠴᠡᠵᠡᠭᠡᠶ᠎ᠡ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠲᠤᠪᠤᠶᠢᠮ᠎ᠠ ᠬᠤᠪᠢ ᠨᠡᠮᠡᠷᠢ ᠪᠣᠯ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠴᠠᠭ ᠦᠶ᠎ᠡ ᠶᠢᠨ ᠠᠬᠤᠢ ᠪᠠᠶᠢᠳᠠᠯ᠂ ᠰᠢᠨᠵᠢᠯᠡᠬᠦ | ᠤᠬᠠᠭᠠᠨᠴᠢ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ | ᠲᠣᠳᠣᠷᠬᠠᠢ ᠱᠠᠭᠠᠷᠳᠠᠯᠭ᠎ᠠ ᠲᠤᠷᠠᠳᠴᠠᠢ᠃ | 103. ᠥᠭᠡᠷᠡᠴᠢᠯᠡᠯᠲᠡ ᠨᠡᠭᠡᠭᠡᠯᠲᠡ ᠬᠢᠭᠰᠡᠨ 30 ᠵᠢᠯ | 2008 ᠣᠨ ᠤ 12 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠨᠠᠮ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠤ ᠦᠭᠡᠷᠡᠴᠢᠯᠡᠯᠲᠡ | ᠨᠡᠭᠡᠭᠡᠯᠲᠡ ᠬᠢᠭᠰᠡᠨ 30 ᠵᠢᠯ ᠤᠨ ᠣᠶ ᠶᠢ ᠲᠤᠷᠠᠰᠬᠠᠪᠠ᠂ ᠥᠭᠡᠷᠡᠴᠢᠯᠡᠯᠲᠡ ᠨᠡᠭᠡᠭᠡᠯᠲᠡ ᠪᠣᠯ 20 ᠳ᠋ᠤᠭᠠᠷ ᠵᠠᠭᠤᠨ | ᠤ ᠳᠠᠯᠠᠭᠠᠳ ᠣᠨ ᠤ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠥᠭᠡᠷᠡᠴᠢᠯᠡᠬᠦ᠂ ᠭᠠᠳᠠᠭᠠᠳᠤ ᠲᠠᠢ ᠴᠢᠯᠦᠭᠡᠲᠡᠢ | ᠶᠠᠪᠤᠯᠴᠠᠬᠤ ᠲᠥᠷᠥ ᠶᠢᠨ ᠪᠣᠳᠣᠯᠭ᠎ᠠ ᠪᠣᠯᠤᠨ᠎ᠠ᠃ ᠥᠭᠡᠷᠡᠴᠢᠯᠡᠯᠲᠡ ᠨᠡᠭᠡᠭᠡᠯᠲᠡ ᠳᠤ ᠳᠣᠲᠣᠭᠠᠳᠤ ᠳᠠᠬᠢ ᠠᠵᠤ | ᠠᠬᠤᠢ ᠶᠢᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠭᠲᠠᠨ᠎ᠠ᠃ ᠮᠠᠨ ᠤ ᠤᠯᠤᠰ ᠤᠨ | ᠳᠣᠲᠣᠭᠠᠳᠤ ᠳᠠᠬᠢ ᠥᠭᠡᠷᠡᠴᠢᠯᠡᠯᠲᠡ ᠨᠢ ᠶᠠᠭᠤᠨ ᠤ ᠡᠮᠦᠨ᠎ᠡ ᠬᠥᠳᠡᠭᠡ ᠲᠣᠰᠬᠤᠨ ᠠᠴᠠ ᠡᠬᠢᠯᠡᠵᠦ᠂ ᠠᠨᠾᠦ᠋ᠢ ᠮᠤᠵᠢ | ᠶᠢᠨ ᠹᠧᠩ ᠶᠠᠩ ᠰᠢᠶᠠᠨ ᠤ ᠰᠢᠶᠤᠤ ᠭᠠᠩ ᠲᠣᠰᠬᠤᠨ ᠳᠤ ︽ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ | ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ︾ ᠢ ᠬᠡᠷᠡᠭᠵᠢᠬᠦᠯᠬᠦ ᠪᠠᠷ ᠥᠭᠡᠷᠡᠴᠢᠯᠡᠯᠲᠡ ᠶᠢᠨ ᠬᠥᠰᠢᠭᠡ ᠶᠢ | ᠨᠡᠭᠡᠭᠡᠭᠰᠡᠨ ᠪᠠᠶᠢᠨ᠎ᠠ᠃ 1979 ᠣᠨ ᠤ 7 ᠰᠠᠷ᠎ᠠ ᠳᠤ᠂ ᠲᠥᠪ ᠬᠤᠷᠢᠶ᠎ᠠ ᠠᠴᠠ ᠭᠤᠸᠠᠩᠳᠦ᠋ᠩ᠂ ᠹᠦᠵᠢᠶᠠᠨ | ᠬᠤᠶᠠᠷ ᠮᠤᠵᠢ ᠶᠢᠨ ᠭᠠᠳᠠᠭᠠᠳᠤ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠣᠨᠴᠠᠭᠠᠶ ᠲᠦᠷᠦ ᠶᠢᠨ ᠪᠤᠳᠤᠯᠭ᠎ᠠ᠂ | ᠠᠮᠢᠳᠤᠯᠢᠭ ᠠᠷᠭ᠎ᠠ ᠬᠡᠮᠵᠢᠶ᠎ᠡ ᠬᠡᠷᠡᠭᠵᠢᠭᠦᠯᠬᠦ ᠶᠢ ᠵᠢᠩᠬᠢᠨᠢ ᠪᠠᠷ ᠵᠥᠪᠰᠢᠶᠡᠷᠡᠵᠦ᠂ ᠥᠭᠡᠷᠡᠴᠢᠯᠡᠯᠲᠡ ᠨᠡᠭᠡᠭᠡᠯᠳᠡ ᠶᠢᠨ | ᠲᠡᠦᠬᠡᠲᠦ ᠴᠢᠨᠠᠷᠲᠠᠶ ᠠᠯᠬᠤᠮ ᠢ ᠠᠯᠬᠤᠵᠤ᠂ ᠭᠠᠳᠠᠭᠰᠢ ᠨᠡᠭᠡᠭᠡᠯᠳᠡ ᠬᠢᠬᠦ ᠨᠢ ᠮᠠᠨ ᠤ ᠤᠯᠤᠰ ᠤᠨ ᠨᠢᠭᠡᠨ | ᠦᠨᠳᠦᠰᠦᠨ ᠤᠯᠤᠰ ᠤᠨ ᠪᠤᠳᠤᠯᠭ᠎ᠠ ᠪᠤᠯᠵᠤ᠂ ᠥᠭᠡᠷᠡᠴᠢᠯᠡᠯᠲᠡ ᠨᠡᠭᠡᠭᠡᠯᠳᠡ ᠨᠢ ᠮᠠᠨ ᠤ ᠤᠯᠤᠰ ᠤᠨ ᠤᠯᠤᠰ ᠢᠶᠠᠨ | ᠬᠦᠴᠦᠷᠬᠡᠭᠵᠢᠭᠦᠯᠬᠦ ᠵᠠᠮ ᠪᠣᠯᠵᠠᠢ᠃ | 104. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | 2012 ᠣᠨ ᠤ 11 ᠰᠠᠷ᠎ᠠ ᠶᠢᠨ 8 ᠤ ᠡᠳᠦᠷ ᠪᠡᠭᠡᠵᠢᠩ ᠳᠤ ᠬᠤᠷᠠᠯᠳᠤᠪᠠ᠃ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠪᠣᠯ ᠨᠠᠮ ᠤᠨ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ | ᠵᠢᠯᠣᠭᠤᠳᠬᠤ ᠦᠵᠡᠯ ᠰᠠᠨᠠᠭ᠎ᠠ ᠮᠥᠨ ᠭᠡᠳᠡᠭ ᠢ ᠲᠣᠳᠣᠷᠬᠠᠶᠢᠯᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ | ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠪᠠ ᠤᠯᠤᠰ | ᠲᠥᠷᠥ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠬᠤ ᠤᠷᠤᠭᠰᠢᠯᠠᠯᠲᠠ ᠶᠢᠨ ᠴᠢᠭᠯᠡᠯ ᠢ | ᠲᠣᠭᠲᠠᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠶᠢ ᠳᠤᠷᠠᠳᠤᠨ | ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠥᠭᠡᠢ | ᠵᠠᠮᠨᠠᠬᠤ ᠲᠥᠷᠥ ᠶᠢᠨ ᠪᠣᠳᠣᠯᠭ᠎ᠠ ᠶᠢᠨ ᠵᠣᠭᠰᠣᠯᠲᠠ ᠶᠢ ᠲᠤᠭᠲᠠᠭᠠᠪᠠ᠃ | 105. ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ | ᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠢᠭᠡᠴᠢ ᠴᠢᠨᠠᠷ ᠢ ᠪᠠᠲᠤᠯᠠᠨ ᠬᠥᠭᠵᠢᠭᠦᠯᠬᠦ ᠲᠠᠢ ᠤᠶᠠᠯᠳᠤᠭᠤᠯᠤᠨ᠂ ︽ | ᠠᠷᠠᠳ ᠲᠤ ᠦᠢᠯᠡᠴᠢᠯᠡᠨ᠂ ᠪᠤᠳᠠᠲᠠᠢ ᠶᠢ ᠡᠷᠬᠢᠮᠯᠡᠵᠦ᠂ ᠠᠷᠢᠭᠤᠨ ᠴᠢᠬᠡᠴᠢ ᠪᠠᠶᠢᠬᠤ︾ ᠪᠠᠷ ᠭᠤᠣᠯ ᠰᠡᠳᠦᠪ | ᠪᠣᠯᠭᠠᠵᠤ᠂ ︽ᠪᠡᠶ᠎ᠡ ᠪᠠᠨ ᠲᠣᠯᠢᠳᠠᠨ᠂ ᠥᠪᠡᠷ ᠢ ᠪᠠᠨ ᠴᠡᠭᠴᠡᠯᠡᠵᠦ᠂ ᠠᠯᠳᠠᠭ᠎ᠠ ᠳᠤᠲᠠᠭᠳᠠᠯ ᠢᠶᠠᠨ ᠨᠥᠬᠦᠪᠦᠷᠢᠯᠡᠨ᠂ | ᠪᠤᠷᠤᠭᠤ ᠪᠠᠨ ᠬᠠᠯᠠᠬᠤ︾ ᠶᠡᠷᠦᠩᠬᠡᠢ ᠱᠠᠭᠠᠷᠳᠠᠯᠭ᠎ᠠ ᠪᠠᠷ ᠲᠤᠰ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠣᠲᠣᠷ᠎ᠠ ᠭᠦᠨᠵᠡᠭᠡᠢ ᠥᠷᠨᠢᠪᠡ᠃ | 106. ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ | ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠭᠡᠳᠡᠭ | ᠨᠢ ︽ᠨᠠᠮ ᠤᠨ ᠳᠥᠷᠢᠮ ᠲᠤᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠵᠢᠭᠠᠵᠤ ᠪᠠᠶᠢᠨ᠎ᠠ᠃ 2016 ᠣᠨ ᠤ 2 ᠰᠠᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠨᠠᠮ ᠤᠨ ᠭᠡᠰᠢᠭᠦᠨ ᠤ ᠳᠤᠮᠳᠠ | ︿ᠨᠠᠮ ᠤᠨ ᠲᠦᠷᠢᠮ ᠲᠣᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ﹀ ᠰᠤᠷᠤᠯᠴᠠᠯᠭ᠎ᠠ ᠬᠥᠮᠦᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠪᠣᠯ | ᠪᠦᠬᠦ ᠨᠠᠮ ᠤᠨ ᠭᠡᠰᠢᠭᠦᠨ ᠳᠤ ᠬᠠᠨᠳᠤᠭᠤᠯᠤᠭᠰᠠᠨ ᠨᠠᠮ ᠤᠨ ᠳᠣᠲᠣᠭᠠᠳᠤ ᠶᠢᠨ ᠬᠥᠮᠦᠵᠢᠯ ᠢ ᠭᠦᠨᠵᠡᠭᠡᠶᠢᠷᠡᠭᠦᠯᠬᠦ | ᠴᠢᠬᠤᠯᠠ ᠦᠢᠯᠡᠳᠦᠯᠭᠡ ᠮᠥᠨ᠂ ᠨᠠᠮ ᠤᠨ ᠳᠣᠲᠣᠭᠠᠳᠤ ᠶᠢᠨ ᠬᠥᠮᠦᠵᠢᠯ ᠢ ︽ᠵᠠᠩᠭᠢᠯᠠᠭ᠎ᠠ ᠶᠢᠨ ᠴᠥᠭᠡᠨ ᠲᠣᠭᠠᠲᠠᠨ | ︾ ᠠᠴᠠ ᠥᠷᠭᠡᠨ ᠤᠯᠠᠨ ᠨᠠᠮ ᠤᠨ ᠭᠡᠰᠢᠭᠦᠨ ᠲᠡᠰᠢ ᠥᠷᠭᠡᠳᠭᠡᠨ᠂ ᠨᠢᠭᠡᠳᠦᠯᠲᠡᠢ ᠬᠥᠮᠦᠵᠢᠯ ᠠᠴᠠ ᠪᠠᠶᠢᠩᠭᠤ ᠶᠢᠨ | ᠴᠢᠨᠠᠷᠲᠠᠢ ᠬᠥᠮᠦᠵᠢᠯ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠃ | 107. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ | 2017 ᠣᠨ ᠤ 10 ᠰᠠᠷ᠎ᠠ ᠶᠢᠨ 18 ᠠᠴᠠ 10 ᠰᠠᠷ᠎ᠠ ᠶᠢᠨ 24 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠰᠢ | ᠶᠢᠨ ᠫᠢᠩ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ | ᠣᠯᠰᠤᠭᠠᠢ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠭᠤᠣᠯ ᠰᠡᠳᠦᠪ ᠪᠣᠯ᠄ ᠠᠩᠬᠠᠨ ᠤ ᠵᠣᠷᠢᠯᠲᠠ ᠪᠠᠨ | ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠠᠶᠠᠯᠠᠬᠦᠯᠵᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ | ᠴᠥᠬᠦᠷᠡᠰᠢ ᠦᠭᠡᠢ ᠲᠡᠮᠡᠴᠡᠨ᠎ᠡ᠃ | 108. ᠦᠵᠡᠯ ᠤᠬᠠᠮᠰᠠᠷ ᠤᠨ ᠬᠡᠯᠪᠡᠷᠢ ᠶᠢᠨ ᠠᠵᠢᠯ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠲᠤᠶᠢᠯ ᠤᠨ ᠴᠢᠬᠤᠯᠠ ᠨᠢᠭᠡᠨ ᠠᠵᠢᠯ ᠮᠥᠨ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ | ᠭᠦᠨᠵᠡᠭᠡᠶᠢᠷᠡᠭᠦᠯᠬᠦ ᠪᠣᠯ ᠰᠢᠨ᠎ᠡ ᠴᠠᠭ ᠦᠶ᠎ᠡ ᠶᠢᠨ ᠴᠢᠬᠤᠯᠠ ᠶᠡᠭᠡ ᠰᠡᠳᠦᠪ ᠮᠥᠨ᠃ ᠦᠵᠡᠯ ᠤᠬᠠᠮᠰᠠᠷ ᠤᠨ ᠬᠡᠯᠪᠡᠷᠢ | ᠪᠣᠯ ᠨᠡᠶᠢᠭᠡᠮ ᠤᠨ ᠠᠵᠤ ᠠᠬᠤᠶ ᠶᠢᠨ ᠬᠡᠯᠪᠡᠷᠢ ᠪᠠᠶᠢᠳᠠᠯ᠂ ᠤᠯᠤᠰ ᠲᠥᠷᠥ ᠶᠢᠨ ᠪᠠᠶᠢᠭᠤᠯᠤᠯ ᠪᠠ ᠰᠣᠶᠣᠯ ᠤᠨ | ᠵᠠᠭᠪᠤᠷ ᠢ ᠰᠢᠰᠲ᠋ᠧᠮ ᠲᠠᠢ ᠪᠠᠷ ᠲᠤᠰᠬᠠᠬᠤ ᠦᠵᠡᠯ ᠰᠠᠨᠠᠭᠠᠨ ᠤ ᠰᠢᠰᠲ᠋ᠧᠮ ᠮᠥᠨ᠃ ᠨᠠᠮ ᠤᠨ ᠦᠵᠡᠯ ᠤᠬᠠᠮᠰᠠᠷ | ᠤᠨ ᠬᠡᠯᠪᠡᠷᠢ ᠶᠢᠨ ᠠᠵᠢᠯ᠂ ᠲᠤᠬᠠᠶᠢᠯᠠᠪᠠᠯ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯ ᠨᠢᠭᠡ ᠵᠦᠢᠯ | ᠤᠨ ᠵᠣᠷᠢᠯᠭ᠎ᠠ ᠲᠠᠢ ᠦᠵᠡᠯ ᠰᠠᠨᠠᠭᠠᠨ ᠤ ᠠᠵᠢᠯ ᠮᠥᠨ᠂ ᠭᠤᠣᠯᠳᠠᠭᠤ ᠦᠵᠡᠯ ᠰᠠᠨᠠᠭ᠎ᠠ ᠣᠶᠢᠯᠠᠭᠠᠭᠳᠠᠬᠤᠨ ᠢ | ᠬᠦᠲᠦᠯᠦᠨ ᠵᠢᠯᠣᠭᠤᠳᠬᠤ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠰᠣᠶᠣᠯ ᠤᠨ | ᠵᠠᠯᠭᠠᠮᠵᠢᠯᠠᠯ ᠢ ᠠᠬᠢᠭᠤᠯᠬᠤ ᠵᠡᠷᠭᠡ ᠪᠠᠷ ᠳᠠᠮᠵᠢᠭᠤᠯᠤᠨ᠂ ᠦᠵᠡᠯ ᠰᠠᠨᠠᠭᠠᠨ ᠤ ᠲᠠᠲᠠᠬᠤ ᠬᠦᠴᠦᠨ ᠲᠠᠢ᠂ ᠤᠯᠤᠰ | ᠲᠦᠷᠦ ᠶᠢᠨ ᠨᠢᠭᠲᠠᠷᠠᠭᠤᠯᠬᠤ ᠬᠦᠴᠦᠨ ᠲᠠᠢ᠂ ᠰᠢᠰᠲ᠋ᠧᠮᠴᠢᠯᠡᠭᠰᠡᠨ ᠨᠡᠶᠢᠭᠡᠮ ᠵᠢᠷᠤᠮ ᠤᠨ ᠦᠵᠡᠯ ᠤᠬᠠᠮᠰᠠᠷ ᠤᠨ | ᠬᠡᠯᠪᠡᠷᠢ ᠶᠢ ᠪᠠᠶᠢᠭᠤᠯᠬᠤ ᠶᠠᠪᠤᠳᠠᠯ ᠪᠤᠯᠤᠨ᠎ᠠ᠃ | 109. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ | 2018 ᠣᠨ ᠤ 1 ᠰᠠᠷ᠎ᠠ ᠶᠢᠨ 18 ᠠᠴᠠ 19 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠡᠭᠡᠵᠢᠩ ᠳᠤ | ᠬᠤᠷᠠᠯᠳᠤᠪᠠ᠃ ᠪᠦᠬᠦᠳᠠ ᠬᠤᠷᠠᠯ ᠠᠴᠠ ︽ᠦᠨᠳᠦᠰᠦᠨ ᠬᠠᠤᠯᠢ ᠶᠢᠨ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠬᠢᠨᠠᠨ | ᠪᠠᠲᠤᠯᠠᠵᠤ᠂ ᠪᠦᠬᠦ ᠨᠠᠮ ᠤᠨ ᠨᠥᠬᠦᠳ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠣᠰ ᠤᠳᠠᠭᠠᠨ ᠤ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ᠂ ᠤᠯᠤᠰ ᠲᠥᠷᠥ ᠶᠢᠨ ᠤᠬᠠᠮᠰᠠᠷ᠂ ᠶᠡᠷᠦᠩᠬᠡᠢ ᠲᠠᠯ᠎ᠠ | ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠦ ᠤᠬᠠᠮᠰᠠᠷ ᠢᠶᠠᠨ ᠪᠠᠬᠢᠵᠢᠬᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ | ᠦᠨᠳᠦᠰᠦᠨ ᠬᠠᠤᠯᠢ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠶᠢ ᠪᠠᠲᠤᠯᠠᠨ᠂ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠵᠤ᠂ | ᠨᠡᠶᠢᠭᠡᠮ ᠵᠢᠷᠤᠮᠲᠤ ᠬᠠᠤᠯᠢᠵᠢᠭᠰᠠᠨ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ | ᠭᠡᠵᠦ ᠤᠷᠢᠶᠠᠯᠠᠵᠠᠢ᠃ | 110. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ | 2018 ᠣᠨ ᠤ 2 ᠰᠠᠷ᠎ᠠ ᠶᠢᠨ 26 ᠠᠴᠠ 28 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠡᠭᠡᠵᠢᠩ ᠳᠤ | ᠬᠤᠷᠠᠯᠳᠤᠪᠠ᠃ ᠪᠦᠬᠦᠳᠡ ᠬᠤᠷᠠᠯ ᠠᠴᠠ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ | ᠪᠣᠯᠤᠨ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠢ | ᠬᠢᠨᠠᠨ ᠵᠥᠪᠯᠡᠵᠦ ᠪᠠᠲᠤᠯᠠᠨ᠂ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠥᠰᠦᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠠᠯᠬᠤᠮ ᠳᠠᠷᠠᠭᠠᠯᠠᠯ | ᠶᠣᠰᠣᠭᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠵᠥᠪᠰᠢᠶᠡᠷᠡᠪᠡ᠃ | | 101. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ | 2002 ᠣᠨ ᠤ 11 ᠰᠠᠷ᠎ᠠ ᠶᠢᠨ 8 ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠵᠢᠶᠠᠩ ᠽᠧ | ᠮᠢᠨ ︽ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ | ᠪᠦᠭᠦᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ ᠳᠥᠷᠬᠦ ᠶᠢ ᠡᠭᠦᠳᠦᠶ᠎ᠡ︾ ᠭᠡᠬᠦ ᠢᠯᠡᠳᠬᠡᠯ ᠬᠢᠪᠡ᠃ ᠶᠡᠭᠡ | ᠬᠤᠷᠠᠯ ᠠᠴᠠ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ | ᠬᠠᠷᠠᠯᠲᠠ ᠶᠢ ᠳᠤᠷᠠᠳᠤᠨ ᠭᠠᠷᠭᠠᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠨᠠᠮ ᠤᠨ | ᠲᠦᠷᠢᠮ ᠳᠤ ᠪᠢᠴᠢᠨ ᠣᠷᠣᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠤᠤ ᠫᠢᠩ ᠤᠨ ᠤᠨᠤᠯ ᠲᠠᠢ ᠬᠠᠮᠲᠤ ᠪᠠᠷ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠨᠠᠮ ᠤᠨ | ᠵᠢᠯᠣᠭᠤᠳᠬᠤ ᠦᠵᠡᠯ ᠰᠠᠨᠠᠭ᠎ᠠ ᠪᠣᠯᠭᠠᠪᠠ᠃ | 102. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠣᠯᠣᠳᠤᠭᠠᠷ ᠶᠡᠭᠡ ᠬᠤᠷᠠᠯ | 2007 ᠣᠨ ᠤ 10 ᠰᠠᠷ᠎ᠠ ᠶᠢᠨ 15 ᠠᠴᠠ 21 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠤ᠋ ᠶᠢᠨ ᠲᠤᠤ ︽ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ ᠶᠢᠨ | ᠲᠥᠯᠥᠭᠡ ᠲᠡᠮᠡᠴᠡᠵᠡᠭᠡᠶ᠎ᠡ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠲᠤᠪᠤᠶᠢᠮ᠎ᠠ ᠬᠤᠪᠢ ᠨᠡᠮᠡᠷᠢ ᠪᠣᠯ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠴᠠᠭ ᠦᠶ᠎ᠡ ᠶᠢᠨ ᠠᠬᠤᠢ ᠪᠠᠶᠢᠳᠠᠯ᠂ ᠰᠢᠨᠵᠢᠯᠡᠬᠦ | ᠤᠬᠠᠭᠠᠨᠴᠢ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ | ᠲᠣᠳᠣᠷᠬᠠᠢ ᠱᠠᠭᠠᠷᠳᠠᠯᠭ᠎ᠠ ᠲᠤᠷᠠᠳᠴᠠᠢ᠃ | 103. ᠥᠭᠡᠷᠡᠴᠢᠯᠡᠯᠲᠡ ᠨᠡᠭᠡᠭᠡᠯᠲᠡ ᠬᠢᠭᠰᠡᠨ 30 ᠵᠢᠯ | 2008 ᠣᠨ ᠤ 12 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠨᠠᠮ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠤ ᠦᠭᠡᠷᠡᠴᠢᠯᠡᠯᠲᠡ | ᠨᠡᠭᠡᠭᠡᠯᠲᠡ ᠬᠢᠭᠰᠡᠨ 30 ᠵᠢᠯ ᠤᠨ ᠣᠶ ᠶᠢ ᠲᠤᠷᠠᠰᠬᠠᠪᠠ᠂ ᠥᠭᠡᠷᠡᠴᠢᠯᠡᠯᠲᠡ ᠨᠡᠭᠡᠭᠡᠯᠲᠡ ᠪᠣᠯ 20 ᠳ᠋ᠤᠭᠠᠷ ᠵᠠᠭᠤᠨ | ᠤ ᠳᠠᠯᠠᠭᠠᠳ ᠣᠨ ᠤ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠥᠭᠡᠷᠡᠴᠢᠯᠡᠬᠦ᠂ ᠭᠠᠳᠠᠭᠠᠳᠤ ᠲᠠᠢ ᠴᠢᠯᠦᠭᠡᠲᠡᠢ | ᠶᠠᠪᠤᠯᠴᠠᠬᠤ ᠲᠥᠷᠥ ᠶᠢᠨ ᠪᠣᠳᠣᠯᠭ᠎ᠠ ᠪᠣᠯᠤᠨ᠎ᠠ᠃ ᠥᠭᠡᠷᠡᠴᠢᠯᠡᠯᠲᠡ ᠨᠡᠭᠡᠭᠡᠯᠲᠡ ᠳᠤ ᠳᠣᠲᠣᠭᠠᠳᠤ ᠳᠠᠬᠢ ᠠᠵᠤ | ᠠᠬᠤᠢ ᠶᠢᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠭᠲᠠᠨ᠎ᠠ᠃ ᠮᠠᠨ ᠤ ᠤᠯᠤᠰ ᠤᠨ | ᠳᠣᠲᠣᠭᠠᠳᠤ ᠳᠠᠬᠢ ᠥᠭᠡᠷᠡᠴᠢᠯᠡᠯᠲᠡ ᠨᠢ ᠶᠠᠭᠤᠨ ᠤ ᠡᠮᠦᠨ᠎ᠡ ᠬᠥᠳᠡᠭᠡ ᠲᠣᠰᠬᠤᠨ ᠠᠴᠠ ᠡᠬᠢᠯᠡᠵᠦ᠂ ᠠᠨᠾᠦ᠋ᠢ ᠮᠤᠵᠢ | ᠶᠢᠨ ᠹᠧᠩ ᠶᠠᠩ ᠰᠢᠶᠠᠨ ᠤ ᠰᠢᠶᠤᠤ ᠭᠠᠩ ᠲᠣᠰᠬᠤᠨ ᠳᠤ ︽ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ | ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ︾ ᠢ ᠬᠡᠷᠡᠭᠵᠢᠬᠦᠯᠬᠦ ᠪᠠᠷ ᠥᠭᠡᠷᠡᠴᠢᠯᠡᠯᠲᠡ ᠶᠢᠨ ᠬᠥᠰᠢᠭᠡ ᠶᠢ | ᠨᠡᠭᠡᠭᠡᠭᠰᠡᠨ ᠪᠠᠶᠢᠨ᠎ᠠ᠃ 1979 ᠣᠨ ᠤ 7 ᠰᠠᠷ᠎ᠠ ᠳᠤ᠂ ᠲᠥᠪ ᠬᠤᠷᠢᠶ᠎ᠠ ᠠᠴᠠ ᠭᠤᠸᠠᠩᠳᠦ᠋ᠩ᠂ ᠹᠦᠵᠢᠶᠠᠨ | ᠬᠤᠶᠠᠷ ᠮᠤᠵᠢ ᠶᠢᠨ ᠭᠠᠳᠠᠭᠠᠳᠤ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠣᠨᠴᠠᠭᠠᠶ ᠲᠦᠷᠦ ᠶᠢᠨ ᠪᠤᠳᠤᠯᠭ᠎ᠠ᠂ | ᠠᠮᠢᠳᠤᠯᠢᠭ ᠠᠷᠭ᠎ᠠ ᠬᠡᠮᠵᠢᠶ᠎ᠡ ᠬᠡᠷᠡᠭᠵᠢᠭᠦᠯᠬᠦ ᠶᠢ ᠵᠢᠩᠬᠢᠨᠢ ᠪᠠᠷ ᠵᠥᠪᠰᠢᠶᠡᠷᠡᠵᠦ᠂ ᠥᠭᠡᠷᠡᠴᠢᠯᠡᠯᠲᠡ ᠨᠡᠭᠡᠭᠡᠯᠳᠡ ᠶᠢᠨ | ᠲᠡᠦᠬᠡᠲᠦ ᠴᠢᠨᠠᠷᠲᠠᠶ ᠠᠯᠬᠤᠮ ᠢ ᠠᠯᠬᠤᠵᠤ᠂ ᠭᠠᠳᠠᠭᠰᠢ ᠨᠡᠭᠡᠭᠡᠯᠳᠡ ᠬᠢᠬᠦ ᠨᠢ ᠮᠠᠨ ᠤ ᠤᠯᠤᠰ ᠤᠨ ᠨᠢᠭᠡᠨ | ᠦᠨᠳᠦᠰᠦᠨ ᠤᠯᠤᠰ ᠤᠨ ᠪᠤᠳᠤᠯᠭ᠎ᠠ ᠪᠤᠯᠵᠤ᠂ ᠥᠭᠡᠷᠡᠴᠢᠯᠡᠯᠲᠡ ᠨᠡᠭᠡᠭᠡᠯᠳᠡ ᠨᠢ ᠮᠠᠨ ᠤ ᠤᠯᠤᠰ ᠤᠨ ᠤᠯᠤᠰ ᠢᠶᠠᠨ | ᠬᠦᠴᠦᠷᠬᠡᠭᠵᠢᠭᠦᠯᠬᠦ ᠵᠠᠮ ᠪᠣᠯᠵᠠᠢ᠃ | 104. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | 2012 ᠣᠨ ᠤ 11 ᠰᠠᠷ᠎ᠠ ᠶᠢᠨ 8 ᠤ ᠡᠳᠦᠷ ᠪᠡᠭᠡᠵᠢᠩ ᠳᠤ ᠬᠤᠷᠠᠯᠳᠤᠪᠠ᠃ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠪᠣᠯ ᠨᠠᠮ ᠤᠨ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ | ᠵᠢᠯᠣᠭᠤᠳᠬᠤ ᠦᠵᠡᠯ ᠰᠠᠨᠠᠭ᠎ᠠ ᠮᠥᠨ ᠭᠡᠳᠡᠭ ᠢ ᠲᠣᠳᠣᠷᠬᠠᠶᠢᠯᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ | ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠪᠠ ᠤᠯᠤᠰ | ᠲᠥᠷᠥ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠬᠤ ᠤᠷᠤᠭᠰᠢᠯᠠᠯᠲᠠ ᠶᠢᠨ ᠴᠢᠭᠯᠡᠯ ᠢ | ᠲᠣᠭᠲᠠᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠶᠢ ᠳᠤᠷᠠᠳᠤᠨ | ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠥᠭᠡᠢ | ᠵᠠᠮᠨᠠᠬᠤ ᠲᠥᠷᠥ ᠶᠢᠨ ᠪᠣᠳᠣᠯᠭ᠎ᠠ ᠶᠢᠨ ᠵᠣᠭᠰᠣᠯᠲᠠ ᠶᠢ ᠲᠤᠭᠲᠠᠭᠠᠪᠠ᠃ | 105. ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ | ᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠢᠭᠡᠴᠢ ᠴᠢᠨᠠᠷ ᠢ ᠪᠠᠲᠤᠯᠠᠨ ᠬᠥᠭᠵᠢᠭᠦᠯᠬᠦ ᠲᠠᠢ ᠤᠶᠠᠯᠳᠤᠭᠤᠯᠤᠨ᠂ ︽ | ᠠᠷᠠᠳ ᠲᠤ ᠦᠢᠯᠡᠴᠢᠯᠡᠨ᠂ ᠪᠤᠳᠠᠲᠠᠢ ᠶᠢ ᠡᠷᠬᠢᠮᠯᠡᠵᠦ᠂ ᠠᠷᠢᠭᠤᠨ ᠴᠢᠬᠡᠴᠢ ᠪᠠᠶᠢᠬᠤ︾ ᠪᠠᠷ ᠭᠤᠣᠯ ᠰᠡᠳᠦᠪ | ᠪᠣᠯᠭᠠᠵᠤ᠂ ︽ᠪᠡᠶ᠎ᠡ ᠪᠠᠨ ᠲᠣᠯᠢᠳᠠᠨ᠂ ᠥᠪᠡᠷ ᠢ ᠪᠠᠨ ᠴᠡᠭᠴᠡᠯᠡᠵᠦ᠂ ᠠᠯᠳᠠᠭ᠎ᠠ ᠳᠤᠲᠠᠭᠳᠠᠯ ᠢᠶᠠᠨ ᠨᠥᠬᠦᠪᠦᠷᠢᠯᠡᠨ᠂ | ᠪᠤᠷᠤᠭᠤ ᠪᠠᠨ ᠬᠠᠯᠠᠬᠤ︾ ᠶᠡᠷᠦᠩᠬᠡᠢ ᠱᠠᠭᠠᠷᠳᠠᠯᠭ᠎ᠠ ᠪᠠᠷ ᠲᠤᠰ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠣᠲᠣᠷ᠎ᠠ ᠭᠦᠨᠵᠡᠭᠡᠢ ᠥᠷᠨᠢᠪᠡ᠃ | 106. ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ | ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠭᠡᠳᠡᠭ | ᠨᠢ ︽ᠨᠠᠮ ᠤᠨ ᠳᠥᠷᠢᠮ ᠲᠤᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠵᠢᠭᠠᠵᠤ ᠪᠠᠶᠢᠨ᠎ᠠ᠃ 2016 ᠣᠨ ᠤ 2 ᠰᠠᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠨᠠᠮ ᠤᠨ ᠭᠡᠰᠢᠭᠦᠨ ᠤ ᠳᠤᠮᠳᠠ | ︿ᠨᠠᠮ ᠤᠨ ᠲᠦᠷᠢᠮ ᠲᠣᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ | ᠪᠣᠯᠬᠤ﹀ ᠰᠤᠷᠤᠯᠴᠠᠯᠭ᠎ᠠ ᠬᠥᠮᠦᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠪᠣᠯ | ᠪᠦᠬᠦ ᠨᠠᠮ ᠤᠨ ᠭᠡᠰᠢᠭᠦᠨ ᠳᠤ ᠬᠠᠨᠳᠤᠭᠤᠯᠤᠭᠰᠠᠨ ᠨᠠᠮ ᠤᠨ ᠳᠣᠲᠣᠭᠠᠳᠤ ᠶᠢᠨ ᠬᠥᠮᠦᠵᠢᠯ ᠢ ᠭᠦᠨᠵᠡᠭᠡᠶᠢᠷᠡᠭᠦᠯᠬᠦ | ᠴᠢᠬᠤᠯᠠ ᠦᠢᠯᠡᠳᠦᠯᠭᠡ ᠮᠥᠨ᠂ ᠨᠠᠮ ᠤᠨ ᠳᠣᠲᠣᠭᠠᠳᠤ ᠶᠢᠨ ᠬᠥᠮᠦᠵᠢᠯ ᠢ ︽ᠵᠠᠩᠭᠢᠯᠠᠭ᠎ᠠ ᠶᠢᠨ ᠴᠥᠭᠡᠨ ᠲᠣᠭᠠᠲᠠᠨ | ︾ ᠠᠴᠠ ᠥᠷᠭᠡᠨ ᠤᠯᠠᠨ ᠨᠠᠮ ᠤᠨ ᠭᠡᠰᠢᠭᠦᠨ ᠲᠡᠰᠢ ᠥᠷᠭᠡᠳᠭᠡᠨ᠂ ᠨᠢᠭᠡᠳᠦᠯᠲᠡᠢ ᠬᠥᠮᠦᠵᠢᠯ ᠠᠴᠠ ᠪᠠᠶᠢᠩᠭᠤ ᠶᠢᠨ | ᠴᠢᠨᠠᠷᠲᠠᠢ ᠬᠥᠮᠦᠵᠢᠯ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠃ | 107. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ | 2017 ᠣᠨ ᠤ 10 ᠰᠠᠷ᠎ᠠ ᠶᠢᠨ 18 ᠠᠴᠠ 10 ᠰᠠᠷ᠎ᠠ ᠶᠢᠨ 24 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠰᠢ | ᠶᠢᠨ ᠫᠢᠩ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ | ᠣᠯᠰᠤᠭᠠᠢ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠭᠤᠣᠯ ᠰᠡᠳᠦᠪ ᠪᠣᠯ᠄ ᠠᠩᠬᠠᠨ ᠤ ᠵᠣᠷᠢᠯᠲᠠ ᠪᠠᠨ | ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠠᠶᠠᠯᠠᠬᠦᠯᠵᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ | ᠴᠥᠬᠦᠷᠡᠰᠢ ᠦᠭᠡᠢ ᠲᠡᠮᠡᠴᠡᠨ᠎ᠡ᠃ | 108. ᠦᠵᠡᠯ ᠤᠬᠠᠮᠰᠠᠷ ᠤᠨ ᠬᠡᠯᠪᠡᠷᠢ ᠶᠢᠨ ᠠᠵᠢᠯ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠲᠤᠶᠢᠯ ᠤᠨ ᠴᠢᠬᠤᠯᠠ ᠨᠢᠭᠡᠨ ᠠᠵᠢᠯ ᠮᠥᠨ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ | ᠭᠦᠨᠵᠡᠭᠡᠶᠢᠷᠡᠭᠦᠯᠬᠦ ᠪᠣᠯ ᠰᠢᠨ᠎ᠡ ᠴᠠᠭ ᠦᠶ᠎ᠡ ᠶᠢᠨ ᠴᠢᠬᠤᠯᠠ ᠶᠡᠭᠡ ᠰᠡᠳᠦᠪ ᠮᠥᠨ᠃ ᠦᠵᠡᠯ ᠤᠬᠠᠮᠰᠠᠷ ᠤᠨ ᠬᠡᠯᠪᠡᠷᠢ | ᠪᠣᠯ ᠨᠡᠶᠢᠭᠡᠮ ᠤᠨ ᠠᠵᠤ ᠠᠬᠤᠶ ᠶᠢᠨ ᠬᠡᠯᠪᠡᠷᠢ ᠪᠠᠶᠢᠳᠠᠯ᠂ ᠤᠯᠤᠰ ᠲᠥᠷᠥ ᠶᠢᠨ ᠪᠠᠶᠢᠭᠤᠯᠤᠯ ᠪᠠ ᠰᠣᠶᠣᠯ ᠤᠨ | ᠵᠠᠭᠪᠤᠷ ᠢ ᠰᠢᠰᠲ᠋ᠧᠮ ᠲᠠᠢ ᠪᠠᠷ ᠲᠤᠰᠬᠠᠬᠤ ᠦᠵᠡᠯ ᠰᠠᠨᠠᠭᠠᠨ ᠤ ᠰᠢᠰᠲ᠋ᠧᠮ ᠮᠥᠨ᠃ ᠨᠠᠮ ᠤᠨ ᠦᠵᠡᠯ ᠤᠬᠠᠮᠰᠠᠷ | ᠤᠨ ᠬᠡᠯᠪᠡᠷᠢ ᠶᠢᠨ ᠠᠵᠢᠯ᠂ ᠲᠤᠬᠠᠶᠢᠯᠠᠪᠠᠯ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯ ᠨᠢᠭᠡ ᠵᠦᠢᠯ | ᠤᠨ ᠵᠣᠷᠢᠯᠭ᠎ᠠ ᠲᠠᠢ ᠦᠵᠡᠯ ᠰᠠᠨᠠᠭᠠᠨ ᠤ ᠠᠵᠢᠯ ᠮᠥᠨ᠂ ᠭᠤᠣᠯᠳᠠᠭᠤ ᠦᠵᠡᠯ ᠰᠠᠨᠠᠭ᠎ᠠ ᠣᠶᠢᠯᠠᠭᠠᠭᠳᠠᠬᠤᠨ ᠢ | ᠬᠦᠲᠦᠯᠦᠨ ᠵᠢᠯᠣᠭᠤᠳᠬᠤ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠰᠣᠶᠣᠯ ᠤᠨ | ᠵᠠᠯᠭᠠᠮᠵᠢᠯᠠᠯ ᠢ ᠠᠬᠢᠭᠤᠯᠬᠤ ᠵᠡᠷᠭᠡ ᠪᠠᠷ ᠳᠠᠮᠵᠢᠭᠤᠯᠤᠨ᠂ ᠦᠵᠡᠯ ᠰᠠᠨᠠᠭᠠᠨ ᠤ ᠲᠠᠲᠠᠬᠤ ᠬᠦᠴᠦᠨ ᠲᠠᠢ᠂ ᠤᠯᠤᠰ | ᠲᠦᠷᠦ ᠶᠢᠨ ᠨᠢᠭᠲᠠᠷᠠᠭᠤᠯᠬᠤ ᠬᠦᠴᠦᠨ ᠲᠠᠢ᠂ ᠰᠢᠰᠲ᠋ᠧᠮᠴᠢᠯᠡᠭᠰᠡᠨ ᠨᠡᠶᠢᠭᠡᠮ ᠵᠢᠷᠤᠮ ᠤᠨ ᠦᠵᠡᠯ ᠤᠬᠠᠮᠰᠠᠷ ᠤᠨ | ᠬᠡᠯᠪᠡᠷᠢ ᠶᠢ ᠪᠠᠶᠢᠭᠤᠯᠬᠤ ᠶᠠᠪᠤᠳᠠᠯ ᠪᠤᠯᠤᠨ᠎ᠠ᠃ | 109. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ | 2018 ᠣᠨ ᠤ 1 ᠰᠠᠷ᠎ᠠ ᠶᠢᠨ 18 ᠠᠴᠠ 19 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠡᠭᠡᠵᠢᠩ ᠳᠤ | ᠬᠤᠷᠠᠯᠳᠤᠪᠠ᠃ ᠪᠦᠬᠦᠳᠠ ᠬᠤᠷᠠᠯ ᠠᠴᠠ ︽ᠦᠨᠳᠦᠰᠦᠨ ᠬᠠᠤᠯᠢ ᠶᠢᠨ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠬᠢᠨᠠᠨ | ᠪᠠᠲᠤᠯᠠᠵᠤ᠂ ᠪᠦᠬᠦ ᠨᠠᠮ ᠤᠨ ᠨᠥᠬᠦᠳ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠣᠰ ᠤᠳᠠᠭᠠᠨ ᠤ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ᠂ ᠤᠯᠤᠰ ᠲᠥᠷᠥ ᠶᠢᠨ ᠤᠬᠠᠮᠰᠠᠷ᠂ ᠶᠡᠷᠦᠩᠬᠡᠢ ᠲᠠᠯ᠎ᠠ | ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠦ ᠤᠬᠠᠮᠰᠠᠷ ᠢᠶᠠᠨ ᠪᠠᠬᠢᠵᠢᠬᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ | ᠦᠨᠳᠦᠰᠦᠨ ᠬᠠᠤᠯᠢ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠶᠢ ᠪᠠᠲᠤᠯᠠᠨ᠂ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠵᠤ᠂ | ᠨᠡᠶᠢᠭᠡᠮ ᠵᠢᠷᠤᠮᠲᠤ ᠬᠠᠤᠯᠢᠵᠢᠭᠰᠠᠨ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ | ᠭᠡᠵᠦ ᠤᠷᠢᠶᠠᠯᠠᠵᠠᠢ᠃ | 110. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ | 2018 ᠣᠨ ᠤ 2 ᠰᠠᠷ᠎ᠠ ᠶᠢᠨ 26 ᠠᠴᠠ 28 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠡᠭᠡᠵᠢᠩ ᠳᠤ | ᠬᠤᠷᠠᠯᠳᠤᠪᠠ᠃ ᠪᠦᠬᠦᠳᠡ ᠬᠤᠷᠠᠯ ᠠᠴᠠ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ | ᠪᠣᠯᠤᠨ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠢ | ᠬᠢᠨᠠᠨ ᠵᠥᠪᠯᠡᠵᠦ ᠪᠠᠲᠤᠯᠠᠨ᠂ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠥᠰᠦᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠠᠯᠬᠤᠮ ᠳᠠᠷᠠᠭᠠᠯᠠᠯ | ᠶᠣᠰᠣᠭᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠵᠥᠪᠰᠢᠶᠡᠷᠡᠪᠡ᠃ |