ᠲᠣᠮᠳᠠᠳᠣ ᠣᠯᠤᠰ ᠤᠨ ᠡᠪ ᠬᠠᠮᠳᠣ ᠨᠠᠮ ᠤᠨ ᠲᠣᠪᠴᠢ ᠲᠡᠣᠬᠡ                        ︵1921-2021︶      96
ᠨᠡᠶᠢᠲᠡᠯᠡᠭᠰᠡᠨ ᠴᠠᠭ᠄
2021/5/20
96. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ1992 ᠣᠨ ᠤ 10 ᠰᠠᠷ᠎ᠠ ᠶᠢᠨ 12 ᠠᠴᠠ 19 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠵᠢᠶᠠᠩ ᠽᠧ ᠮᠢᠨ ︽ᠥᠭᠡᠷᠡᠴᠢᠯᠡᠯᠲᠡ ᠨᠡᠭᠡᠭᠡᠯᠳᠡ ᠪᠠ ᠣᠳᠣᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠨᠡᠩ ᠶᠡᠭᠡ ᠢᠯᠠᠯᠲᠠ ᠶᠢ ᠲᠡᠮᠡᠴᠡᠨ ᠣᠯᠰᠤᠭᠠᠢ︾ ᠭᠡᠬᠦ ᠢᠯᠡᠳᠬᠡᠯ ᠬᠢᠪᠡ᠃ ᠶᠡᠭᠡ ᠬᠤᠷᠠᠯ ᠠᠴᠠ ᠳ᠋ᠧᠩ ᠰᠢᠶᠤᠤ ᠫᠢᠩ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠤᠨᠤᠯ ᠤᠨ ᠪᠦᠬᠦ ᠨᠠᠮ ᠳᠠᠬᠢ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠤᠨᠤᠯ ᠤᠨ ᠭᠤᠣᠯ ᠠᠭᠤᠯᠭ᠎ᠠ ᠶᠢ ᠬᠤᠷᠢᠶᠠᠩᠭᠤᠶᠢᠯᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ  ᠶᠢᠨ ᠪᠠᠶᠢᠭᠤᠯᠤᠯ ᠢ ᠪᠠᠶᠢᠭᠤᠯᠬᠤ ᠥᠭᠡᠷᠡᠴᠢᠯᠡᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ᠪᠦᠬᠦ ᠨᠠᠮ ᠢ ᠴᠠᠭ ᠲᠣᠬᠢᠶᠠᠯ ᠢ ᠠᠮᠵᠢᠨ᠂ ᠬᠥᠭᠵᠢᠯᠲᠡ ᠪᠠᠨ ᠲᠦᠷᠭᠡᠳᠬᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠠᠵᠤ ᠠᠬᠤᠢ  ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃97. ᠰᠢᠶᠠᠩᠭᠠᠩ ᠡᠬᠡ ᠤᠯᠤᠰ ᠲᠠᠭᠠᠨ ᠪᠤᠴᠠᠭᠰᠠᠨ ᠨᠢ1982 ᠣᠨ ᠤ 9 ᠰᠠᠷ᠎ᠠ ᠳᠤ᠂ ᠠᠩᠭ᠍ᠯᠢ ᠶᠢᠨ ᠵᠠᠰᠠᠭ ᠤᠨ ᠣᠷᠳᠣᠨ ᠪᠣᠯᠤᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠰᠢᠶᠠᠩᠭᠠᠩ ᠤᠨ ᠢᠷᠡᠭᠡᠳᠦᠢ ᠶᠢᠨ ᠠᠰᠠᠭᠤᠳᠠᠯ ᠤᠨ ᠲᠤᠬᠠᠢ ᠬᠡᠯᠡᠯᠴᠡᠭᠡ ᠬᠢᠵᠦ ᠡᠬᠢᠯᠡᠪᠡ᠃ ᠬᠤᠶᠠᠷ ᠵᠢᠯ ᠭᠠᠷᠤᠢ ᠶᠢᠨ 22 ᠡᠭᠡᠯᠵᠢ ᠶᠢᠨ ᠬᠡᠯᠡᠯᠴᠡᠭᠡ ᠪᠠᠷ ᠳᠠᠮᠵᠢᠭᠠᠳ ᠡᠴᠦᠰ ᠲᠡᠭᠡᠨ 1984 ᠣᠨ ᠤ 12 ᠰᠠᠷ᠎ᠠ ᠶᠢᠨ 19 ᠤ ᠡᠳᠦᠷ ︽ᠳᠤᠮᠳᠠᠳᠤ ᠠᠩᠭ᠍ᠯᠢ ᠶᠢᠨ ᠬᠠᠮᠲᠤᠷᠠᠭᠰᠠᠨ ᠢᠯᠡᠷᠬᠡᠶᠢᠯᠡᠯᠲᠡ︾  ᠳᠤ ᠵᠢᠩᠬᠢᠨᠢ ᠪᠠᠷ ᠭᠠᠷ ᠤᠨ ᠦᠰᠦᠭ ᠵᠢᠷᠤᠵᠤ᠂ 1997 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠳᠤᠮᠳᠠᠳᠤ ᠤᠯᠤᠰ ᠰᠢᠶᠠᠩᠭᠠᠩ ᠳᠤ ᠵᠠᠰᠠᠭ ᠵᠠᠬᠢᠷᠭᠠᠨ ᠤ ᠣᠨᠴᠠᠭᠠᠢ ᠣᠷᠣᠨ ᠪᠠᠶᠢᠭᠤᠯᠵᠤ᠂ ᠰᠢᠶᠠᠩᠭᠠᠩ ᠠᠷᠠᠯ᠂ ᠲᠦᠷᠢᠶᠡᠰᠦᠨ ᠣᠷᠣᠨ ᠠᠴᠠ ᠡᠮᠦᠨᠡᠰᠢᠬᠢ ᠵᠢᠤᠯᠦ᠋ᠩ ᠬᠤᠶᠢᠭ᠂ ᠰᠢᠨ ᠵᠢᠶᠧ ᠵᠡᠷᠭᠡ ᠭᠠᠵᠠᠷ ᠣᠷᠣᠨ ᠳᠠᠬᠢ ᠡᠷᠬᠡ ᠮᠡᠳᠡᠯ ᠢᠶᠠᠨ ᠰᠡᠷᠭᠦᠭᠡᠪᠡ᠃ 1997 ᠣᠨ ᠤ 7 ᠰᠠᠷ᠎ᠠ ᠶᠢᠨ 1 ᠤ ᠡᠳᠦᠷ ᠤᠨ ᠲᠡᠭ ᠴᠠᠭ ᠲᠤ ᠰᠢᠶᠠᠩᠭᠠᠩ ᠡᠬᠡ ᠤᠯᠤᠰ ᠲᠠᠭᠠᠨ ᠪᠤᠴᠠᠪᠠ᠃98. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤᠳᠤᠭᠠᠷ ᠶᠡᠭᠡ ᠬᠤᠷᠠᠯ1997 ᠣᠨ ᠤ 9 ᠰᠠᠷ᠎ᠠ ᠶᠢᠨ 12 ᠠᠴᠠ 18 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠶᠡᠭᠡ ᠬᠤᠷᠠᠯ ᠠᠴᠠ ᠮᠠᠨ ᠤ ᠤᠯᠤᠰ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠶᠢᠨ ᠰᠢᠨ᠎ᠡ ᠲᠤᠷᠰᠢᠯᠭ᠎ᠠ ᠶᠢ ᠳ᠋ᠦᠩᠨᠡᠵᠦ᠂ ᠳ᠋ᠧᠩ ᠰᠢᠶᠤᠤ ᠫᠢᠩ ᠤᠨ ᠤᠨᠤᠯ ᠢ ᠨᠠᠮ ᠤᠨ ᠵᠢᠯᠣᠭᠤᠳᠬᠤ ᠦᠵᠡᠯ ᠰᠠᠨᠠᠭ᠎ᠠ ᠪᠣᠯᠭᠠᠨ ᠲᠣᠭᠲᠠᠭᠠᠵᠤ᠂ ᠬᠠᠤᠯᠢ ᠪᠠᠷ ᠤᠯᠤᠰ ᠢᠶᠠᠨ ᠵᠠᠰᠠᠬᠤ ᠶᠢ ᠦᠨᠳᠦᠰᠦᠨ ᠠᠷᠭ᠎ᠠ ᠪᠤᠳᠤᠯᠭ᠎ᠠ ᠪᠣᠯᠭᠠᠨ ᠲᠣᠭᠲᠠᠭᠠᠵᠤ᠂ ᠨᠡᠶᠢᠲᠡ ᠶᠢᠨ ᠥᠮᠴᠢᠯᠡᠯ ᠢᠶᠠᠷ ᠭᠤᠣᠯ ᠴᠣᠭᠴᠠ ᠪᠣᠯᠭᠠᠨ᠂ ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢ ᠬᠠᠮᠲᠤ ᠪᠠᠷ ᠬᠦᠭᠵᠢᠭᠦᠯᠵᠦ᠂ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠵᠤ᠂ ᠤᠯᠠᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠵᠡᠷᠭᠡᠴᠡᠨ ᠣᠷᠣᠰᠢᠬᠤ ᠶᠢ ᠮᠠᠨ ᠤ ᠤᠯᠤᠰ ᠤᠨ ᠨᠡᠶᠢᠭᠡᠮ ᠵᠢᠷᠤᠮ ᠤᠨ ᠠᠩᠬᠠᠨ  ᠤ ᠱᠠᠲᠤᠨ ᠳᠠᠬᠢ ᠠᠵᠤ ᠠᠬᠤᠢ ᠶᠢᠨ ᠦᠨᠳᠦᠰᠦᠨ ᠪᠠᠶᠢᠭᠤᠯᠤᠯ ᠪᠠ ᠬᠤᠪᠢᠶᠠᠷᠢᠯᠠᠯᠲᠠ ᠶᠢᠨ ᠳᠦᠷᠢᠮ ᠪᠣᠯᠭᠠᠨ ᠲᠣᠭᠲᠠᠭᠠᠪᠠ᠃99. ︽ᠭᠤᠷᠪᠠ ᠶᠢ ᠡᠷᠬᠢᠮᠯᠡᠬᠦ︾ ᠬᠥᠮᠦᠵᠢᠯ1998 ᠣᠨ ᠠᠴᠠ 2000 ᠣᠨ ᠤ ᠡᠴᠦᠰ ᠪᠣᠯᠲᠠᠯ᠎ᠠ᠂ ᠰᠢᠶᠠᠨ ᠤ ᠱᠠᠲᠤᠨ ᠠᠴᠠ ᠳᠡᠭᠡᠭᠰᠢᠬᠢ ᠨᠠᠮ ᠵᠠᠰᠠᠭ ᠤᠨ ᠤᠳᠤᠷᠢᠳᠬᠤ ᠪᠠᠭ᠂ ᠤᠳᠤᠷᠢᠳᠬᠤ ᠺᠠᠳ᠋ᠷᠴᠤᠳ ᠤᠨ ᠳᠤᠮᠳᠠ ︽ᠰᠤᠷᠤᠯᠴᠠᠯᠭ᠎ᠠ ᠶᠢ ᠡᠷᠬᠢᠮᠯᠡᠬᠦ᠂ ᠤᠯᠤᠰ ᠲᠦᠷᠦ  ᠶᠢ ᠡᠷᠬᠢᠮᠯᠡᠬᠦ᠂ ᠲᠥᠪ ᠰᠤᠷᠲᠠᠯ ᠢ ᠡᠷᠬᠢᠮᠯᠡᠬᠦ︾ ᠪᠠᠷ ᠭᠤᠣᠯ ᠠᠭᠤᠯᠭ᠎ᠠ ᠪᠣᠯᠭᠠᠭᠰᠠᠨ ᠨᠠᠮᠴᠢ ᠴᠢᠨᠠᠷ᠂ ᠨᠠᠮ ᠤᠨ ᠰᠤᠷᠲᠠᠯ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃100. ᠣᠣᠮᠧᠨ ᠡᠬᠡ ᠤᠯᠤᠰ ᠲᠠᠭᠠᠨ ᠪᠤᠴᠠᠨ ᠢᠷᠡᠭᠰᠡᠨ ᠨᠢ1987 ᠣᠨ ᠤ 4 ᠰᠠᠷ᠎ᠠ ᠶᠢᠨ 13 ᠤ ᠡᠳᠦᠷ᠂ ᠳᠤᠮᠳᠠᠳᠤ ᠫᠣᠷᠲ᠋ᠦ᠋ᠭᠠᠯ ᠬᠤᠶᠠᠷ ᠤᠯᠤᠰ ᠤᠨ ᠵᠠᠰᠠᠭ ᠤᠨ ᠣᠷᠳᠣᠨ ︽ᠣᠣᠮᠧᠨ ᠤ ᠠᠰᠠᠭᠤᠳᠠᠯ ᠤᠨ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ  ᠤᠨ ᠣᠷᠳᠣᠨ ᠪᠣᠯᠤᠨ ᠪᠦᠭᠦᠳᠡ ᠨᠠᠶᠢᠷᠠᠮᠳᠠᠬᠤ ᠫᠣᠷᠲ᠋ᠦ᠋ᠭᠠᠯ ᠤᠯᠤᠰ ᠤᠨ ᠵᠠᠰᠠᠭ ᠤᠨ ᠣᠷᠳᠣᠨ ᠤ ᠬᠠᠮᠲᠤᠷᠠᠨ ᠭᠠᠷᠭᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ᠣᠣᠮᠧᠨ ᠣᠷᠣᠨ ︵ᠡᠭᠦᠨ ᠳᠤ ᠣᠣᠮᠧᠨ ᠬᠤᠶᠢᠭ᠂ ᠳ᠋ᠠᠩ ᠽᠠᠢ ᠳ᠋ᠤᠤ ᠠᠷᠠᠯ᠂ ᠯᠦ ᠬᠤᠸᠠᠨ ᠳ᠋ᠤᠤ ᠠᠷᠠᠯ ᠪᠠᠭᠲᠠᠨ᠎ᠠ︶ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠮᠥᠨ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ 1999 ᠣᠨ ᠤ 12 ᠰᠠᠷ᠎ᠠ ᠶᠢᠨ 20 ᠤ ᠡᠳᠦᠷ ᠣᠣᠮᠧᠨ ᠳᠠᠬᠢ ᠡᠷᠬᠡ ᠮᠡᠳᠡᠯ ᠢᠶᠠᠨ ᠰᠡᠷᠭᠦᠭᠡᠨ᠎ᠡ ᠭᠡᠵᠦ ᠨᠡᠶᠢᠲᠡᠯᠡᠪᠡ᠃ 1999 ᠣᠨ ᠤ 12 ᠰᠠᠷ᠎ᠠ ᠶᠢᠨ 20 ᠤ ᠡᠳᠦᠷ ᠤᠨ ᠲᠡᠭ ᠴᠠᠭ ᠲᠤ ᠣᠣᠮᠧᠨ ᠡᠬᠡ ᠤᠯᠤᠰ ᠲᠠᠭᠠᠨ ᠪᠤᠴᠠᠨ ᠢᠷᠡᠪᠡ᠃101. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ2002 ᠣᠨ ᠤ 11 ᠰᠠᠷ᠎ᠠ ᠶᠢᠨ 8 ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠵᠢᠶᠠᠩ ᠽᠧ ᠮᠢᠨ ︽ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠭᠦᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ ᠳᠥᠷᠬᠦ ᠶᠢ ᠡᠭᠦᠳᠦᠶ᠎ᠡ︾ ᠭᠡᠬᠦ ᠢᠯᠡᠳᠬᠡᠯ ᠬᠢᠪᠡ᠃ ᠶᠡᠭᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠳᠤᠷᠠᠳᠤᠨ ᠭᠠᠷᠭᠠᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠨᠠᠮ ᠤᠨ ᠲᠦᠷᠢᠮ ᠳᠤ ᠪᠢᠴᠢᠨ ᠣᠷᠣᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠲᠠᠢ ᠬᠠᠮᠲᠤ ᠪᠠᠷ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠨᠠᠮ ᠤᠨ ᠵᠢᠯᠣᠭᠤᠳᠬᠤ ᠦᠵᠡᠯ ᠰᠠᠨᠠᠭ᠎ᠠ ᠪᠣᠯᠭᠠᠪᠠ᠃102. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠣᠯᠣᠳᠤᠭᠠᠷ ᠶᠡᠭᠡ ᠬᠤᠷᠠᠯ2007 ᠣᠨ ᠤ 10 ᠰᠠᠷ᠎ᠠ ᠶᠢᠨ 15 ᠠᠴᠠ 21 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠤ᠋ ᠶᠢᠨ ᠲᠤᠤ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠲᠡᠮᠡᠴᠡᠵᠡᠭᠡᠶ᠎ᠡ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠲᠤᠪᠤᠶᠢᠮ᠎ᠠ ᠬᠤᠪᠢ ᠨᠡᠮᠡᠷᠢ ᠪᠣᠯ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠴᠠᠭ ᠦᠶ᠎ᠡ ᠶᠢᠨ ᠠᠬᠤᠢ ᠪᠠᠶᠢᠳᠠᠯ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠲᠣᠳᠣᠷᠬᠠᠢ ᠱᠠᠭᠠᠷᠳᠠᠯᠭ᠎ᠠ ᠲᠤᠷᠠᠳᠴᠠᠢ᠃103. ᠥᠭᠡᠷᠡᠴᠢᠯᠡᠯᠲᠡ ᠨᠡᠭᠡᠭᠡᠯᠲᠡ ᠬᠢᠭᠰᠡᠨ 30 ᠵᠢᠯ2008 ᠣᠨ ᠤ 12 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠤ ᠦᠭᠡᠷᠡᠴᠢᠯᠡᠯᠲᠡ ᠨᠡᠭᠡᠭᠡᠯᠲᠡ ᠬᠢᠭᠰᠡᠨ 30 ᠵᠢᠯ ᠤᠨ ᠣᠶ ᠶᠢ ᠲᠤᠷᠠᠰᠬᠠᠪᠠ᠂ ᠥᠭᠡᠷᠡᠴᠢᠯᠡᠯᠲᠡ ᠨᠡᠭᠡᠭᠡᠯᠲᠡ ᠪᠣᠯ 20 ᠳ᠋ᠤᠭᠠᠷ ᠵᠠᠭᠤᠨ  ᠤ ᠳᠠᠯᠠᠭᠠᠳ ᠣᠨ ᠤ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠥᠭᠡᠷᠡᠴᠢᠯᠡᠬᠦ᠂ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠲᠥᠷᠥ ᠶᠢᠨ ᠪᠣᠳᠣᠯᠭ᠎ᠠ ᠪᠣᠯᠤᠨ᠎ᠠ᠃ ᠥᠭᠡᠷᠡᠴᠢᠯᠡᠯᠲᠡ ᠨᠡᠭᠡᠭᠡᠯᠲᠡ ᠳᠤ ᠳᠣᠲᠣᠭᠠᠳᠤ ᠳᠠᠬᠢ ᠠᠵᠤ ᠠᠬᠤᠢ ᠶᠢᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠭᠲᠠᠨ᠎ᠠ᠃ ᠮᠠᠨ ᠤ ᠤᠯᠤᠰ ᠤᠨ ᠳᠣᠲᠣᠭᠠᠳᠤ ᠳᠠᠬᠢ ᠥᠭᠡᠷᠡᠴᠢᠯᠡᠯᠲᠡ ᠨᠢ ᠶᠠᠭᠤᠨ ᠤ ᠡᠮᠦᠨ᠎ᠡ ᠬᠥᠳᠡᠭᠡ ᠲᠣᠰᠬᠤᠨ ᠠᠴᠠ ᠡᠬᠢᠯᠡᠵᠦ᠂ ᠠᠨᠾᠦ᠋ᠢ ᠮᠤᠵᠢ  ᠶᠢᠨ ᠹᠧᠩ ᠶᠠᠩ ᠰᠢᠶᠠᠨ ᠤ ᠰᠢᠶᠤᠤ ᠭᠠᠩ ᠲᠣᠰᠬᠤᠨ ᠳᠤ ︽ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ  ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ︾ ᠢ ᠬᠡᠷᠡᠭᠵᠢᠬᠦᠯᠬᠦ ᠪᠠᠷ ᠥᠭᠡᠷᠡᠴᠢᠯᠡᠯᠲᠡ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃ 1979 ᠣᠨ ᠤ 7 ᠰᠠᠷ᠎ᠠ ᠳᠤ᠂ ᠲᠥᠪ ᠬᠤᠷᠢᠶ᠎ᠠ ᠠᠴᠠ ᠭᠤᠸᠠᠩᠳᠦ᠋ᠩ᠂ ᠹᠦᠵᠢᠶᠠᠨ ᠬᠤᠶᠠᠷ ᠮᠤᠵᠢ ᠶᠢᠨ ᠭᠠᠳᠠᠭᠠᠳᠤ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠣᠨᠴᠠᠭᠠᠶ ᠲᠦᠷᠦ ᠶᠢᠨ ᠪᠤᠳᠤᠯᠭ᠎ᠠ᠂ ᠠᠮᠢᠳᠤᠯᠢᠭ ᠠᠷᠭ᠎ᠠ ᠬᠡᠮᠵᠢᠶ᠎ᠡ ᠬᠡᠷᠡᠭᠵᠢᠭᠦᠯᠬᠦ ᠶᠢ ᠵᠢᠩᠬᠢᠨᠢ ᠪᠠᠷ ᠵᠥᠪᠰᠢᠶᠡᠷᠡᠵᠦ᠂ ᠥᠭᠡᠷᠡᠴᠢᠯᠡᠯᠲᠡ ᠨᠡᠭᠡᠭᠡᠯᠳᠡ ᠶᠢᠨ ᠲᠡᠦᠬᠡᠲᠦ ᠴᠢᠨᠠᠷᠲᠠᠶ ᠠᠯᠬᠤᠮ ᠢ ᠠᠯᠬᠤᠵᠤ᠂ ᠭᠠᠳᠠᠭᠰᠢ ᠨᠡᠭᠡᠭᠡᠯᠳᠡ ᠬᠢᠬᠦ ᠨᠢ ᠮᠠᠨ ᠤ ᠤᠯᠤᠰ ᠤᠨ ᠨᠢᠭᠡᠨ ᠦᠨᠳᠦᠰᠦᠨ ᠤᠯᠤᠰ ᠤᠨ ᠪᠤᠳᠤᠯᠭ᠎ᠠ ᠪᠤᠯᠵᠤ᠂ ᠥᠭᠡᠷᠡᠴᠢᠯᠡᠯᠲᠡ ᠨᠡᠭᠡᠭᠡᠯᠳᠡ ᠨᠢ ᠮᠠᠨ ᠤ ᠤᠯᠤᠰ ᠤᠨ ᠤᠯᠤᠰ ᠢᠶᠠᠨ ᠬᠦᠴᠦᠷᠬᠡᠭᠵᠢᠭᠦᠯᠬᠦ ᠵᠠᠮ ᠪᠣᠯᠵᠠᠢ᠃104. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ2012 ᠣᠨ ᠤ 11 ᠰᠠᠷ᠎ᠠ ᠶᠢᠨ 8 ᠤ ᠡᠳᠦᠷ ᠪᠡᠭᠡᠵᠢᠩ ᠳᠤ ᠬᠤᠷᠠᠯᠳᠤᠪᠠ᠃ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠣᠯ ᠨᠠᠮ ᠤᠨ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠵᠢᠯᠣᠭᠤᠳᠬᠤ ᠦᠵᠡᠯ ᠰᠠᠨᠠᠭ᠎ᠠ ᠮᠥᠨ ᠭᠡᠳᠡᠭ ᠢ ᠲᠣᠳᠣᠷᠬᠠᠶᠢᠯᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠪᠠ ᠤᠯᠤᠰ ᠲᠥᠷᠥ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠬᠤ ᠤᠷᠤᠭᠰᠢᠯᠠᠯᠲᠠ ᠶᠢᠨ ᠴᠢᠭᠯᠡᠯ ᠢ ᠲᠣᠭᠲᠠᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠶᠢ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠥᠭᠡᠢ ᠵᠠᠮᠨᠠᠬᠤ ᠲᠥᠷᠥ ᠶᠢᠨ ᠪᠣᠳᠣᠯᠭ᠎ᠠ ᠶᠢᠨ ᠵᠣᠭᠰᠣᠯᠲᠠ ᠶᠢ ᠲᠤᠭᠲᠠᠭᠠᠪᠠ᠃105. ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠢᠭᠡᠴᠢ ᠴᠢᠨᠠᠷ ᠢ ᠪᠠᠲᠤᠯᠠᠨ ᠬᠥᠭᠵᠢᠭᠦᠯᠬᠦ ᠲᠠᠢ ᠤᠶᠠᠯᠳᠤᠭᠤᠯᠤᠨ᠂ ︽ᠠᠷᠠᠳ ᠲᠤ ᠦᠢᠯᠡᠴᠢᠯᠡᠨ᠂ ᠪᠤᠳᠠᠲᠠᠢ ᠶᠢ ᠡᠷᠬᠢᠮᠯᠡᠵᠦ᠂ ᠠᠷᠢᠭᠤᠨ ᠴᠢᠬᠡᠴᠢ ᠪᠠᠶᠢᠬᠤ︾ ᠪᠠᠷ ᠭᠤᠣᠯ ᠰᠡᠳᠦᠪ ᠪᠣᠯᠭᠠᠵᠤ᠂ ︽ᠪᠡᠶ᠎ᠡ ᠪᠠᠨ ᠲᠣᠯᠢᠳᠠᠨ᠂ ᠥᠪᠡᠷ ᠢ ᠪᠠᠨ ᠴᠡᠭᠴᠡᠯᠡᠵᠦ᠂ ᠠᠯᠳᠠᠭ᠎ᠠ ᠳᠤᠲᠠᠭᠳᠠᠯ ᠢᠶᠠᠨ ᠨᠥᠬᠦᠪᠦᠷᠢᠯᠡᠨ᠂ ᠪᠤᠷᠤᠭᠤ ᠪᠠᠨ ᠬᠠᠯᠠᠬᠤ︾ ᠶᠡᠷᠦᠩᠬᠡᠢ ᠱᠠᠭᠠᠷᠳᠠᠯᠭ᠎ᠠ ᠪᠠᠷ ᠲᠤᠰ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠲᠣᠷ᠎ᠠ ᠭᠦᠨᠵᠡᠭᠡᠢ ᠥᠷᠨᠢᠪᠡ᠃106. ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠭᠡᠳᠡᠭ  ᠨᠢ ︽ᠨᠠᠮ ᠤᠨ ᠳᠥᠷᠢᠮ ᠲᠤᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠵᠢᠭᠠᠵᠤ ᠪᠠᠶᠢᠨ᠎ᠠ᠃ 2016 ᠣᠨ ᠤ 2 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠨᠠᠮ ᠤᠨ ᠭᠡᠰᠢᠭᠦᠨ ᠤ ᠳᠤᠮᠳᠠ ︿ᠨᠠᠮ ᠤᠨ ᠲᠦᠷᠢᠮ ᠲᠣᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ﹀ ᠰᠤᠷᠤᠯᠴᠠᠯᠭ᠎ᠠ ᠬᠥᠮᠦᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠪᠣᠯ ᠪᠦᠬᠦ ᠨᠠᠮ ᠤᠨ ᠭᠡᠰᠢᠭᠦᠨ ᠳᠤ ᠬᠠᠨᠳᠤᠭᠤᠯᠤᠭᠰᠠᠨ ᠨᠠᠮ ᠤᠨ ᠳᠣᠲᠣᠭᠠᠳᠤ ᠶᠢᠨ ᠬᠥᠮᠦᠵᠢᠯ ᠢ ᠭᠦᠨᠵᠡᠭᠡᠶᠢᠷᠡᠭᠦᠯᠬᠦ ᠴᠢᠬᠤᠯᠠ ᠦᠢᠯᠡᠳᠦᠯᠭᠡ ᠮᠥᠨ᠂ ᠨᠠᠮ ᠤᠨ ᠳᠣᠲᠣᠭᠠᠳᠤ ᠶᠢᠨ ᠬᠥᠮᠦᠵᠢᠯ ᠢ ︽ᠵᠠᠩᠭᠢᠯᠠᠭ᠎ᠠ ᠶᠢᠨ ᠴᠥᠭᠡᠨ ᠲᠣᠭᠠᠲᠠᠨ ︾ ᠠᠴᠠ ᠥᠷᠭᠡᠨ ᠤᠯᠠᠨ ᠨᠠᠮ ᠤᠨ ᠭᠡᠰᠢᠭᠦᠨ ᠲᠡᠰᠢ ᠥᠷᠭᠡᠳᠭᠡᠨ᠂ ᠨᠢᠭᠡᠳᠦᠯᠲᠡᠢ ᠬᠥᠮᠦᠵᠢᠯ ᠠᠴᠠ ᠪᠠᠶᠢᠩᠭᠤ ᠶᠢᠨ ᠴᠢᠨᠠᠷᠲᠠᠢ ᠬᠥᠮᠦᠵᠢᠯ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠃107. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ2017 ᠣᠨ ᠤ 10 ᠰᠠᠷ᠎ᠠ ᠶᠢᠨ 18 ᠠᠴᠠ 10 ᠰᠠᠷ᠎ᠠ ᠶᠢᠨ 24 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠰᠢ  ᠶᠢᠨ ᠫᠢᠩ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠰᠤᠭᠠᠢ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠭᠤᠣᠯ ᠰᠡᠳᠦᠪ ᠪᠣᠯ᠄ ᠠᠩᠬᠠᠨ ᠤ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠠᠶᠠᠯᠠᠬᠦᠯᠵᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃108. ᠦᠵᠡᠯ ᠤᠬᠠᠮᠰᠠᠷ ᠤᠨ ᠬᠡᠯᠪᠡᠷᠢ ᠶᠢᠨ ᠠᠵᠢᠯᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠲᠤᠶᠢᠯ ᠤᠨ ᠴᠢᠬᠤᠯᠠ ᠨᠢᠭᠡᠨ ᠠᠵᠢᠯ ᠮᠥᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠪᠣᠯ ᠰᠢᠨ᠎ᠡ ᠴᠠᠭ ᠦᠶ᠎ᠡ ᠶᠢᠨ ᠴᠢᠬᠤᠯᠠ ᠶᠡᠭᠡ ᠰᠡᠳᠦᠪ ᠮᠥᠨ᠃ ᠦᠵᠡᠯ ᠤᠬᠠᠮᠰᠠᠷ ᠤᠨ ᠬᠡᠯᠪᠡᠷᠢ ᠪᠣᠯ ᠨᠡᠶᠢᠭᠡᠮ ᠤᠨ ᠠᠵᠤ ᠠᠬᠤᠶ ᠶᠢᠨ ᠬᠡᠯᠪᠡᠷᠢ ᠪᠠᠶᠢᠳᠠᠯ᠂ ᠤᠯᠤᠰ ᠲᠥᠷᠥ ᠶᠢᠨ ᠪᠠᠶᠢᠭᠤᠯᠤᠯ ᠪᠠ ᠰᠣᠶᠣᠯ ᠤᠨ ᠵᠠᠭᠪᠤᠷ ᠢ ᠰᠢᠰᠲ᠋ᠧᠮ ᠲᠠᠢ ᠪᠠᠷ ᠲᠤᠰᠬᠠᠬᠤ ᠦᠵᠡᠯ ᠰᠠᠨᠠᠭᠠᠨ ᠤ ᠰᠢᠰᠲ᠋ᠧᠮ ᠮᠥᠨ᠃ ᠨᠠᠮ ᠤᠨ ᠦᠵᠡᠯ ᠤᠬᠠᠮᠰᠠᠷ  ᠤᠨ ᠬᠡᠯᠪᠡᠷᠢ ᠶᠢᠨ ᠠᠵᠢᠯ᠂ ᠲᠤᠬᠠᠶᠢᠯᠠᠪᠠᠯ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯ ᠨᠢᠭᠡ ᠵᠦᠢᠯ  ᠤᠨ ᠵᠣᠷᠢᠯᠭ᠎ᠠ ᠲᠠᠢ ᠦᠵᠡᠯ ᠰᠠᠨᠠᠭᠠᠨ ᠤ ᠠᠵᠢᠯ ᠮᠥᠨ᠂ ᠭᠤᠣᠯᠳᠠᠭᠤ ᠦᠵᠡᠯ ᠰᠠᠨᠠᠭ᠎ᠠ ᠣᠶᠢᠯᠠᠭᠠᠭᠳᠠᠬᠤᠨ ᠢ ᠬᠦᠲᠦᠯᠦᠨ ᠵᠢᠯᠣᠭᠤᠳᠬᠤ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠰᠣᠶᠣᠯ ᠤᠨ ᠵᠠᠯᠭᠠᠮᠵᠢᠯᠠᠯ ᠢ ᠠᠬᠢᠭᠤᠯᠬᠤ ᠵᠡᠷᠭᠡ ᠪᠠᠷ ᠳᠠᠮᠵᠢᠭᠤᠯᠤᠨ᠂ ᠦᠵᠡᠯ ᠰᠠᠨᠠᠭᠠᠨ ᠤ ᠲᠠᠲᠠᠬᠤ ᠬᠦᠴᠦᠨ ᠲᠠᠢ᠂ ᠤᠯᠤᠰ ᠲᠦᠷᠦ ᠶᠢᠨ ᠨᠢᠭᠲᠠᠷᠠᠭᠤᠯᠬᠤ ᠬᠦᠴᠦᠨ ᠲᠠᠢ᠂ ᠰᠢᠰᠲ᠋ᠧᠮᠴᠢᠯᠡᠭᠰᠡᠨ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠬᠤ ᠶᠠᠪᠤᠳᠠᠯ ᠪᠤᠯᠤᠨ᠎ᠠ᠃109. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ2018 ᠣᠨ ᠤ 1 ᠰᠠᠷ᠎ᠠ ᠶᠢᠨ 18 ᠠᠴᠠ 19 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠪᠠ᠃ ᠪᠦᠬᠦᠳᠠ ᠬᠤᠷᠠᠯ ᠠᠴᠠ ︽ᠦᠨᠳᠦᠰᠦᠨ ᠬᠠᠤᠯᠢ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠬᠢᠨᠠᠨ ᠪᠠᠲᠤᠯᠠᠵᠤ᠂ ᠪᠦᠬᠦ ᠨᠠᠮ ᠤᠨ ᠨᠥᠬᠦᠳ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠣᠰ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ᠂ ᠤᠯᠤᠰ ᠲᠥᠷᠥ ᠶᠢᠨ ᠤᠬᠠᠮᠰᠠᠷ᠂ ᠶᠡᠷᠦᠩᠬᠡᠢ ᠲᠠᠯ᠎ᠠ  ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠦ ᠤᠬᠠᠮᠰᠠᠷ ᠢᠶᠠᠨ ᠪᠠᠬᠢᠵᠢᠬᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ ᠦᠨᠳᠦᠰᠦᠨ ᠬᠠᠤᠯᠢ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠨ᠂ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠵᠤ᠂ ᠨᠡᠶᠢᠭᠡᠮ ᠵᠢᠷᠤᠮᠲᠤ ᠬᠠᠤᠯᠢᠵᠢᠭᠰᠠᠨ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ ᠤᠷᠢᠶᠠᠯᠠᠵᠠᠢ᠃110. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ2018 ᠣᠨ ᠤ 2 ᠰᠠᠷ᠎ᠠ ᠶᠢᠨ 26 ᠠᠴᠠ 28 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠪᠠ᠃ ᠪᠦᠬᠦᠳᠡ ᠬᠤᠷᠠᠯ ᠠᠴᠠ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯᠤᠨ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠠᠯᠬᠤᠮ ᠳᠠᠷᠠᠭᠠᠯᠠᠯ ᠶᠣᠰᠣᠭᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠵᠥᠪᠰᠢᠶᠡᠷᠡᠪᠡ᠃101. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ2002 ᠣᠨ ᠤ 11 ᠰᠠᠷ᠎ᠠ ᠶᠢᠨ 8 ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠵᠢᠶᠠᠩ ᠽᠧ ᠮᠢᠨ ︽ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠭᠦᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ ᠳᠥᠷᠬᠦ ᠶᠢ ᠡᠭᠦᠳᠦᠶ᠎ᠡ︾ ᠭᠡᠬᠦ ᠢᠯᠡᠳᠬᠡᠯ ᠬᠢᠪᠡ᠃ ᠶᠡᠭᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠦᠳᠤᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠳᠤᠷᠠᠳᠤᠨ ᠭᠠᠷᠭᠠᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠨᠠᠮ ᠤᠨ ᠲᠦᠷᠢᠮ ᠳᠤ ᠪᠢᠴᠢᠨ ᠣᠷᠣᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠲᠠᠢ ᠬᠠᠮᠲᠤ ᠪᠠᠷ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠨᠠᠮ ᠤᠨ ᠵᠢᠯᠣᠭᠤᠳᠬᠤ ᠦᠵᠡᠯ ᠰᠠᠨᠠᠭ᠎ᠠ ᠪᠣᠯᠭᠠᠪᠠ᠃102. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠳᠣᠯᠣᠳᠤᠭᠠᠷ ᠶᠡᠭᠡ ᠬᠤᠷᠠᠯ2007 ᠣᠨ ᠤ 10 ᠰᠠᠷ᠎ᠠ ᠶᠢᠨ 15 ᠠᠴᠠ 21 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠬᠤ᠋ ᠶᠢᠨ ᠲᠤᠤ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠲᠡᠮᠡᠴᠡᠵᠡᠭᠡᠶ᠎ᠡ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠲᠤᠪᠤᠶᠢᠮ᠎ᠠ ᠬᠤᠪᠢ ᠨᠡᠮᠡᠷᠢ ᠪᠣᠯ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢᠨ ᠴᠠᠭ ᠦᠶ᠎ᠡ ᠶᠢᠨ ᠠᠬᠤᠢ ᠪᠠᠶᠢᠳᠠᠯ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠲᠣᠳᠣᠷᠬᠠᠢ ᠱᠠᠭᠠᠷᠳᠠᠯᠭ᠎ᠠ ᠲᠤᠷᠠᠳᠴᠠᠢ᠃103. ᠥᠭᠡᠷᠡᠴᠢᠯᠡᠯᠲᠡ ᠨᠡᠭᠡᠭᠡᠯᠲᠡ ᠬᠢᠭᠰᠡᠨ 30 ᠵᠢᠯ2008 ᠣᠨ ᠤ 12 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠤ ᠦᠭᠡᠷᠡᠴᠢᠯᠡᠯᠲᠡ ᠨᠡᠭᠡᠭᠡᠯᠲᠡ ᠬᠢᠭᠰᠡᠨ 30 ᠵᠢᠯ ᠤᠨ ᠣᠶ ᠶᠢ ᠲᠤᠷᠠᠰᠬᠠᠪᠠ᠂ ᠥᠭᠡᠷᠡᠴᠢᠯᠡᠯᠲᠡ ᠨᠡᠭᠡᠭᠡᠯᠲᠡ ᠪᠣᠯ 20 ᠳ᠋ᠤᠭᠠᠷ ᠵᠠᠭᠤᠨ  ᠤ ᠳᠠᠯᠠᠭᠠᠳ ᠣᠨ ᠤ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠥᠭᠡᠷᠡᠴᠢᠯᠡᠬᠦ᠂ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠲᠥᠷᠥ ᠶᠢᠨ ᠪᠣᠳᠣᠯᠭ᠎ᠠ ᠪᠣᠯᠤᠨ᠎ᠠ᠃ ᠥᠭᠡᠷᠡᠴᠢᠯᠡᠯᠲᠡ ᠨᠡᠭᠡᠭᠡᠯᠲᠡ ᠳᠤ ᠳᠣᠲᠣᠭᠠᠳᠤ ᠳᠠᠬᠢ ᠠᠵᠤ ᠠᠬᠤᠢ ᠶᠢᠨ ᠥᠭᠡᠷᠡᠴᠢᠯᠡᠯᠲᠡ ᠪᠠ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠭᠲᠠᠨ᠎ᠠ᠃ ᠮᠠᠨ ᠤ ᠤᠯᠤᠰ ᠤᠨ ᠳᠣᠲᠣᠭᠠᠳᠤ ᠳᠠᠬᠢ ᠥᠭᠡᠷᠡᠴᠢᠯᠡᠯᠲᠡ ᠨᠢ ᠶᠠᠭᠤᠨ ᠤ ᠡᠮᠦᠨ᠎ᠡ ᠬᠥᠳᠡᠭᠡ ᠲᠣᠰᠬᠤᠨ ᠠᠴᠠ ᠡᠬᠢᠯᠡᠵᠦ᠂ ᠠᠨᠾᠦ᠋ᠢ ᠮᠤᠵᠢ  ᠶᠢᠨ ᠹᠧᠩ ᠶᠠᠩ ᠰᠢᠶᠠᠨ ᠤ ᠰᠢᠶᠤᠤ ᠭᠠᠩ ᠲᠣᠰᠬᠤᠨ ᠳᠤ ︽ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ  ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ︾ ᠢ ᠬᠡᠷᠡᠭᠵᠢᠬᠦᠯᠬᠦ ᠪᠠᠷ ᠥᠭᠡᠷᠡᠴᠢᠯᠡᠯᠲᠡ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃ 1979 ᠣᠨ ᠤ 7 ᠰᠠᠷ᠎ᠠ ᠳᠤ᠂ ᠲᠥᠪ ᠬᠤᠷᠢᠶ᠎ᠠ ᠠᠴᠠ ᠭᠤᠸᠠᠩᠳᠦ᠋ᠩ᠂ ᠹᠦᠵᠢᠶᠠᠨ ᠬᠤᠶᠠᠷ ᠮᠤᠵᠢ ᠶᠢᠨ ᠭᠠᠳᠠᠭᠠᠳᠤ ᠠᠵᠤ ᠠᠬᠤᠶ ᠶᠢᠨ ᠠᠵᠢᠯᠯᠠᠭ᠎ᠠ ᠶᠢᠨ ᠳᠤᠮᠳᠠ ᠣᠨᠴᠠᠭᠠᠶ ᠲᠦᠷᠦ ᠶᠢᠨ ᠪᠤᠳᠤᠯᠭ᠎ᠠ᠂ ᠠᠮᠢᠳᠤᠯᠢᠭ ᠠᠷᠭ᠎ᠠ ᠬᠡᠮᠵᠢᠶ᠎ᠡ ᠬᠡᠷᠡᠭᠵᠢᠭᠦᠯᠬᠦ ᠶᠢ ᠵᠢᠩᠬᠢᠨᠢ ᠪᠠᠷ ᠵᠥᠪᠰᠢᠶᠡᠷᠡᠵᠦ᠂ ᠥᠭᠡᠷᠡᠴᠢᠯᠡᠯᠲᠡ ᠨᠡᠭᠡᠭᠡᠯᠳᠡ ᠶᠢᠨ ᠲᠡᠦᠬᠡᠲᠦ ᠴᠢᠨᠠᠷᠲᠠᠶ ᠠᠯᠬᠤᠮ ᠢ ᠠᠯᠬᠤᠵᠤ᠂ ᠭᠠᠳᠠᠭᠰᠢ ᠨᠡᠭᠡᠭᠡᠯᠳᠡ ᠬᠢᠬᠦ ᠨᠢ ᠮᠠᠨ ᠤ ᠤᠯᠤᠰ ᠤᠨ ᠨᠢᠭᠡᠨ ᠦᠨᠳᠦᠰᠦᠨ ᠤᠯᠤᠰ ᠤᠨ ᠪᠤᠳᠤᠯᠭ᠎ᠠ ᠪᠤᠯᠵᠤ᠂ ᠥᠭᠡᠷᠡᠴᠢᠯᠡᠯᠲᠡ ᠨᠡᠭᠡᠭᠡᠯᠳᠡ ᠨᠢ ᠮᠠᠨ ᠤ ᠤᠯᠤᠰ ᠤᠨ ᠤᠯᠤᠰ ᠢᠶᠠᠨ ᠬᠦᠴᠦᠷᠬᠡᠭᠵᠢᠭᠦᠯᠬᠦ ᠵᠠᠮ ᠪᠣᠯᠵᠠᠢ᠃104. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ2012 ᠣᠨ ᠤ 11 ᠰᠠᠷ᠎ᠠ ᠶᠢᠨ 8 ᠤ ᠡᠳᠦᠷ ᠪᠡᠭᠡᠵᠢᠩ ᠳᠤ ᠬᠤᠷᠠᠯᠳᠤᠪᠠ᠃ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠣᠯ ᠨᠠᠮ ᠤᠨ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠵᠢᠯᠣᠭᠤᠳᠬᠤ ᠦᠵᠡᠯ ᠰᠠᠨᠠᠭ᠎ᠠ ᠮᠥᠨ ᠭᠡᠳᠡᠭ ᠢ ᠲᠣᠳᠣᠷᠬᠠᠶᠢᠯᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠪᠠ ᠤᠯᠤᠰ ᠲᠥᠷᠥ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠬᠤ ᠤᠷᠤᠭᠰᠢᠯᠠᠯᠲᠠ ᠶᠢᠨ ᠴᠢᠭᠯᠡᠯ ᠢ ᠲᠣᠭᠲᠠᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠶᠢ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠥᠭᠡᠢ ᠵᠠᠮᠨᠠᠬᠤ ᠲᠥᠷᠥ ᠶᠢᠨ ᠪᠣᠳᠣᠯᠭ᠎ᠠ ᠶᠢᠨ ᠵᠣᠭᠰᠣᠯᠲᠠ ᠶᠢ ᠲᠤᠭᠲᠠᠭᠠᠪᠠ᠃105. ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠢᠭᠡᠴᠢ ᠴᠢᠨᠠᠷ ᠢ ᠪᠠᠲᠤᠯᠠᠨ ᠬᠥᠭᠵᠢᠭᠦᠯᠬᠦ ᠲᠠᠢ ᠤᠶᠠᠯᠳᠤᠭᠤᠯᠤᠨ᠂ ︽ᠠᠷᠠᠳ ᠲᠤ ᠦᠢᠯᠡᠴᠢᠯᠡᠨ᠂ ᠪᠤᠳᠠᠲᠠᠢ ᠶᠢ ᠡᠷᠬᠢᠮᠯᠡᠵᠦ᠂ ᠠᠷᠢᠭᠤᠨ ᠴᠢᠬᠡᠴᠢ ᠪᠠᠶᠢᠬᠤ︾ ᠪᠠᠷ ᠭᠤᠣᠯ ᠰᠡᠳᠦᠪ ᠪᠣᠯᠭᠠᠵᠤ᠂ ︽ᠪᠡᠶ᠎ᠡ ᠪᠠᠨ ᠲᠣᠯᠢᠳᠠᠨ᠂ ᠥᠪᠡᠷ ᠢ ᠪᠠᠨ ᠴᠡᠭᠴᠡᠯᠡᠵᠦ᠂ ᠠᠯᠳᠠᠭ᠎ᠠ ᠳᠤᠲᠠᠭᠳᠠᠯ ᠢᠶᠠᠨ ᠨᠥᠬᠦᠪᠦᠷᠢᠯᠡᠨ᠂ ᠪᠤᠷᠤᠭᠤ ᠪᠠᠨ ᠬᠠᠯᠠᠬᠤ︾ ᠶᠡᠷᠦᠩᠬᠡᠢ ᠱᠠᠭᠠᠷᠳᠠᠯᠭ᠎ᠠ ᠪᠠᠷ ᠲᠤᠰ ᠠᠵᠢᠯᠯᠠᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠲᠣᠷ᠎ᠠ ᠭᠦᠨᠵᠡᠭᠡᠢ ᠥᠷᠨᠢᠪᠡ᠃106. ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠭᠡᠳᠡᠭ  ᠨᠢ ︽ᠨᠠᠮ ᠤᠨ ᠳᠥᠷᠢᠮ ᠲᠤᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠵᠢᠭᠠᠵᠤ ᠪᠠᠶᠢᠨ᠎ᠠ᠃ 2016 ᠣᠨ ᠤ 2 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠥᠬᠦ ᠨᠠᠮ ᠤᠨ ᠭᠡᠰᠢᠭᠦᠨ ᠤ ᠳᠤᠮᠳᠠ ︿ᠨᠠᠮ ᠤᠨ ᠲᠦᠷᠢᠮ ᠲᠣᠭᠲᠠᠭᠠᠯ ᠪᠠ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ﹀ ᠰᠤᠷᠤᠯᠴᠠᠯᠭ᠎ᠠ ᠬᠥᠮᠦᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠪᠣᠯ ᠪᠦᠬᠦ ᠨᠠᠮ ᠤᠨ ᠭᠡᠰᠢᠭᠦᠨ ᠳᠤ ᠬᠠᠨᠳᠤᠭᠤᠯᠤᠭᠰᠠᠨ ᠨᠠᠮ ᠤᠨ ᠳᠣᠲᠣᠭᠠᠳᠤ ᠶᠢᠨ ᠬᠥᠮᠦᠵᠢᠯ ᠢ ᠭᠦᠨᠵᠡᠭᠡᠶᠢᠷᠡᠭᠦᠯᠬᠦ ᠴᠢᠬᠤᠯᠠ ᠦᠢᠯᠡᠳᠦᠯᠭᠡ ᠮᠥᠨ᠂ ᠨᠠᠮ ᠤᠨ ᠳᠣᠲᠣᠭᠠᠳᠤ ᠶᠢᠨ ᠬᠥᠮᠦᠵᠢᠯ ᠢ ︽ᠵᠠᠩᠭᠢᠯᠠᠭ᠎ᠠ ᠶᠢᠨ ᠴᠥᠭᠡᠨ ᠲᠣᠭᠠᠲᠠᠨ ︾ ᠠᠴᠠ ᠥᠷᠭᠡᠨ ᠤᠯᠠᠨ ᠨᠠᠮ ᠤᠨ ᠭᠡᠰᠢᠭᠦᠨ ᠲᠡᠰᠢ ᠥᠷᠭᠡᠳᠭᠡᠨ᠂ ᠨᠢᠭᠡᠳᠦᠯᠲᠡᠢ ᠬᠥᠮᠦᠵᠢᠯ ᠠᠴᠠ ᠪᠠᠶᠢᠩᠭᠤ ᠶᠢᠨ ᠴᠢᠨᠠᠷᠲᠠᠢ ᠬᠥᠮᠦᠵᠢᠯ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠃107. ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ2017 ᠣᠨ ᠤ 10 ᠰᠠᠷ᠎ᠠ ᠶᠢᠨ 18 ᠠᠴᠠ 10 ᠰᠠᠷ᠎ᠠ ᠶᠢᠨ 24 ᠪᠣᠯᠲᠠᠯ᠎ᠠ ᠪᠡᠭᠡᠵᠢᠩ ᠳᠤ ᠬᠤᠷᠠᠯᠳᠤᠪᠠ᠃ ᠰᠢ  ᠶᠢᠨ ᠫᠢᠩ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠰᠤᠭᠠᠢ︾ ᠭᠡᠬᠦ ᠢᠯᠡᠳᠬᠡᠯ ᠬᠢᠪᠡ᠃ ᠶᠡᠭᠡ ᠬᠤᠷᠠᠯ ᠤᠨ ᠭᠤᠣᠯ ᠰᠡᠳᠦᠪ ᠪᠣᠯ᠄ ᠠᠩᠬᠠᠨ ᠤ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠪᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠠᠶᠠᠯᠠᠬᠦᠯᠵᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃108. ᠦᠵᠡᠯ ᠤᠬᠠᠮᠰᠠᠷ ᠤᠨ ᠬᠡᠯᠪᠡᠷᠢ ᠶᠢᠨ ᠠᠵᠢᠯᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠲᠤᠶᠢᠯ ᠤᠨ ᠴᠢᠬᠤᠯᠠ ᠨᠢᠭᠡᠨ ᠠᠵᠢᠯ ᠮᠥᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠪᠣᠯ ᠰᠢᠨ᠎ᠡ ᠴᠠᠭ ᠦᠶ᠎ᠡ ᠶᠢᠨ ᠴᠢᠬᠤᠯᠠ ᠶᠡᠭᠡ ᠰᠡᠳᠦᠪ ᠮᠥᠨ᠃ ᠦᠵᠡᠯ ᠤᠬᠠᠮᠰᠠᠷ ᠤᠨ ᠬᠡᠯᠪᠡᠷᠢ ᠪᠣᠯ ᠨᠡᠶᠢᠭᠡᠮ ᠤᠨ ᠠᠵᠤ ᠠᠬᠤᠶ ᠶᠢᠨ ᠬᠡᠯᠪᠡᠷᠢ ᠪᠠᠶᠢᠳᠠᠯ᠂ ᠤᠯᠤᠰ ᠲᠥᠷᠥ ᠶᠢᠨ ᠪᠠᠶᠢᠭᠤᠯᠤᠯ ᠪᠠ ᠰᠣᠶᠣᠯ ᠤᠨ ᠵᠠᠭᠪᠤᠷ ᠢ ᠰᠢᠰᠲ᠋ᠧᠮ ᠲᠠᠢ ᠪᠠᠷ ᠲᠤᠰᠬᠠᠬᠤ ᠦᠵᠡᠯ ᠰᠠᠨᠠᠭᠠᠨ ᠤ ᠰᠢᠰᠲ᠋ᠧᠮ ᠮᠥᠨ᠃ ᠨᠠᠮ ᠤᠨ ᠦᠵᠡᠯ ᠤᠬᠠᠮᠰᠠᠷ  ᠤᠨ ᠬᠡᠯᠪᠡᠷᠢ ᠶᠢᠨ ᠠᠵᠢᠯ᠂ ᠲᠤᠬᠠᠶᠢᠯᠠᠪᠠᠯ ᠨᠠᠮ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯ ᠨᠢᠭᠡ ᠵᠦᠢᠯ  ᠤᠨ ᠵᠣᠷᠢᠯᠭ᠎ᠠ ᠲᠠᠢ ᠦᠵᠡᠯ ᠰᠠᠨᠠᠭᠠᠨ ᠤ ᠠᠵᠢᠯ ᠮᠥᠨ᠂ ᠭᠤᠣᠯᠳᠠᠭᠤ ᠦᠵᠡᠯ ᠰᠠᠨᠠᠭ᠎ᠠ ᠣᠶᠢᠯᠠᠭᠠᠭᠳᠠᠬᠤᠨ ᠢ ᠬᠦᠲᠦᠯᠦᠨ ᠵᠢᠯᠣᠭᠤᠳᠬᠤ᠂ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠰᠣᠶᠣᠯ ᠤᠨ ᠵᠠᠯᠭᠠᠮᠵᠢᠯᠠᠯ ᠢ ᠠᠬᠢᠭᠤᠯᠬᠤ ᠵᠡᠷᠭᠡ ᠪᠠᠷ ᠳᠠᠮᠵᠢᠭᠤᠯᠤᠨ᠂ ᠦᠵᠡᠯ ᠰᠠᠨᠠᠭᠠᠨ ᠤ ᠲᠠᠲᠠᠬᠤ ᠬᠦᠴᠦᠨ ᠲᠠᠢ᠂ ᠤᠯᠤᠰ ᠲᠦᠷᠦ ᠶᠢᠨ ᠨᠢᠭᠲᠠᠷᠠᠭᠤᠯᠬᠤ ᠬᠦᠴᠦᠨ ᠲᠠᠢ᠂ ᠰᠢᠰᠲ᠋ᠧᠮᠴᠢᠯᠡᠭᠰᠡᠨ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠬᠤ ᠶᠠᠪᠤᠳᠠᠯ ᠪᠤᠯᠤᠨ᠎ᠠ᠃109. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ2018 ᠣᠨ ᠤ 1 ᠰᠠᠷ᠎ᠠ ᠶᠢᠨ 18 ᠠᠴᠠ 19 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠪᠠ᠃ ᠪᠦᠬᠦᠳᠠ ᠬᠤᠷᠠᠯ ᠠᠴᠠ ︽ᠦᠨᠳᠦᠰᠦᠨ ᠬᠠᠤᠯᠢ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠬᠢᠨᠠᠨ ᠪᠠᠲᠤᠯᠠᠵᠤ᠂ ᠪᠦᠬᠦ ᠨᠠᠮ ᠤᠨ ᠨᠥᠬᠦᠳ ᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠣᠰ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠲᠤᠤᠱᠯᠠᠭᠤᠯᠤᠨ᠂ ᠤᠯᠤᠰ ᠲᠥᠷᠥ ᠶᠢᠨ ᠤᠬᠠᠮᠰᠠᠷ᠂ ᠶᠡᠷᠦᠩᠬᠡᠢ ᠲᠠᠯ᠎ᠠ  ᠶᠢᠨ ᠤᠬᠠᠮᠰᠠᠷ᠂ ᠭᠤᠣᠯᠯᠠᠬᠤ ᠤᠬᠠᠮᠰᠠᠷ᠂ ᠨᠢᠭᠡᠳᠦᠯᠲᠦ ᠤᠬᠠᠮᠰᠠᠷ ᠢᠶᠠᠨ ᠪᠠᠬᠢᠵᠢᠬᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ ᠦᠨᠳᠦᠰᠦᠨ ᠬᠠᠤᠯᠢ ᠶᠢᠨ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠪᠠᠲᠤᠯᠠᠨ᠂ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠵᠤ᠂ ᠨᠡᠶᠢᠭᠡᠮ ᠵᠢᠷᠤᠮᠲᠤ ᠬᠠᠤᠯᠢᠵᠢᠭᠰᠠᠨ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ ᠤᠷᠢᠶᠠᠯᠠᠵᠠᠢ᠃110. ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ2018 ᠣᠨ ᠤ 2 ᠰᠠᠷ᠎ᠠ ᠶᠢᠨ 26 ᠠᠴᠠ 28 ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠡᠭᠡᠵᠢᠩ ᠳᠤ ᠬᠤᠷᠠᠯᠳᠤᠪᠠ᠃ ᠪᠦᠬᠦᠳᠡ ᠬᠤᠷᠠᠯ ᠠᠴᠠ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯᠤᠨ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠨ᠂ ︽ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠠᠯᠬᠤᠮ ᠳᠠᠷᠠᠭᠠᠯᠠᠯ ᠶᠣᠰᠣᠭᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠵᠥᠪᠰᠢᠶᠡᠷᠡᠪᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号