ᠰᠢᠯᠤᠭᠤᠨ ᠬᠦᠬᠡ ᠬᠤᠰᠢᠭᠤ ᠨᠢ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠶᠠᠪᠤᠭᠳᠠᠭᠤᠯᠵᠤ ᠪᠤᠢ
ᠨᠡᠶᠢᠲᠡᠯᠡᠭᠰᠡᠨ ᠴᠠᠭ᠄
2021/5/27
         ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠡᠬᠢᠯᠡᠭᠦᠯᠦᠭᠰᠡᠨ ᠠᠴᠠ ᠨᠠᠰᠢ᠂ ᠰᠢᠯᠤᠭᠤᠨ ᠬᠥᠬᠡ ᠬᠤᠰᠢᠭᠤ ᠨᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠥᠷᠭᠡᠨ ᠬᠡᠪᠴᠢᠶ᠎ᠡ ᠪᠠᠷ ᠤᠬᠠᠭᠤᠯᠤᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠪᠥᠬᠦ ᠬᠦᠴᠦᠨ ᠢᠶᠠᠷ  ᠢᠶᠠᠨ ᠠᠬᠢᠭᠤᠯᠵᠤ᠂ ᠣᠳᠣᠬᠠᠨ ᠳᠤ ᠠᠯᠬᠤᠮ ᠬᠤᠪᠢᠶᠠᠨ ᠨᠢᠭᠡᠳᠦᠯᠲᠡᠢ ᠲᠠᠷᠢᠯᠭ᠎ᠠ ᠲᠠᠷᠢᠵᠤ᠂ ᠪᠥᠬᠦ ᠬᠤᠰᠢᠭᠤᠨ ᠤ ᠣᠯᠠᠨ ᠲᠦᠮᠡᠨ ᠤ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ ᠪᠤᠢ᠃          5 ᠰᠠᠷ᠎ᠠ ᠶᠢᠨ 23 ᠤ ᠡᠳᠦᠷ᠂ ᠮᠠᠨ ᠤ ᠬᠤᠰᠢᠭᠤᠨ ᠳᠤ ᠬᠤᠪᠢᠶᠠᠷᠢᠯᠠᠭᠰᠠᠨ ᠰᠢᠨ᠎ᠡ ᠨᠢᠭᠡ ᠪᠦᠯᠦᠭ ᠸᠠᠺᠼᠢᠨ ᠬᠦᠷᠴᠦ ᠢᠷᠡᠭᠰᠡᠨ ᠠᠴᠠ 24 ᠠᠴᠠ ᠡᠬᠢᠯᠡᠵᠦ᠂ ᠰᠢᠯᠤᠭᠤᠨ ᠬᠦᠬᠡ ᠬᠤᠰᠢᠭᠤᠨ ᠤ ᠶᠤᠸᠠᠨ ᠹᠦ᠋ ᠬᠤᠸᠠ ᠶᠤᠸᠠᠨ ᠰᠠᠭᠤᠭᠠᠯᠢ ᠲᠣᠭᠤᠷᠢᠭ ᠤᠨ ᠪᠡᠶ᠎ᠡ ᠲᠠᠮᠢᠷ ᠤᠨ ᠣᠷᠳᠣᠨ᠂ ᠰᠠᠶᠢᠨᠬᠤᠳᠳᠤᠭ ᠰᠤᠮᠤ ᠪᠣᠯᠤᠨ ᠪᠤᠱᠤᠤᠳᠠᠢ ᠰᠣᠮᠣᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠴᠡᠭ ᠤᠨ ᠶᠡᠭᠡ ᠲᠢᠩᠬᠢᠮ ᠳᠤ ᠮᠥᠷᠯᠡᠨ ᠬᠦᠯᠢᠶᠡᠬᠦ ᠲᠣᠭᠤᠷᠢᠭ᠂ ᠳᠠᠩᠰᠠᠯᠠᠬᠤ ᠲᠣᠭᠤᠷᠢᠭ᠂ ᠲᠠᠷᠢᠯᠭ᠎ᠠ ᠲᠠᠷᠢᠬᠤ ᠲᠣᠭᠤᠷᠢᠭ ᠪᠣᠯᠤᠨ ᠦᠯᠡᠳᠡᠭᠡᠨ ᠠᠵᠢᠭᠯᠠᠬᠤ ᠲᠣᠭᠤᠷᠢᠭ ᠵᠡᠷᠭᠡ ᠲᠦᠷᠪᠡᠨ ᠲᠣᠭᠤᠷᠢᠭ ᠬᠤᠪᠢᠶᠠᠨ᠂ ᠴᠥᠮ ᠨᠢᠭᠡᠳᠦᠯᠲᠡᠢ ᠫᠠᠶᠢᠰᠠ ᠢᠯᠡᠷᠬᠡᠶᠢᠯᠡᠯ ᠡᠯᠭᠦᠵᠦ᠂ ᠰᠠᠭᠤᠭᠠᠯᠢ ᠠᠷᠠᠳ ᠤᠨ ᠡᠮᠬᠢ ᠵᠢᠷᠤᠮ ᠲᠠᠢ ᠲᠠᠷᠢᠯᠭ᠎ᠠ ᠲᠠᠷᠢᠭᠤᠯᠬᠤ ᠳᠤ ᠲᠦᠬᠦᠮ ᠦᠵᠡᠭᠦᠯᠪᠡ᠃ ᠲᠠᠷᠢᠯᠭ᠎ᠠ ᠲᠠᠷᠢᠭᠤᠯᠬᠤ ᠪᠠᠷ ᠬᠦᠷᠦᠯᠴᠡᠨ ᠢᠷᠡᠭᠰᠡᠨ ᠣᠯᠠᠨ ᠲᠥᠮᠡᠨ ᠨᠢ ᠡᠮᠴᠢ ᠰᠤᠪᠢᠯᠠᠭᠴᠢᠳ ᠪᠣᠯᠤᠨ ᠨᠡᠶᠢᠭᠡᠮ ᠲᠣᠭᠤᠷᠢᠭ᠂ ᠰᠣᠮᠣᠨ ᠤ ᠠᠵᠢᠯᠲᠠᠳ ᠤᠨ ᠵᠢᠯᠣᠭᠤᠳᠣᠯᠭ᠎ᠠ ᠳᠣᠤᠷ᠎ᠠ ᠲᠠᠷᠢᠯᠭ᠎ᠠ ᠲᠠᠷᠢᠭᠤᠯᠬᠤ ᠪᠠᠷ ᠮᠥᠷᠯᠡᠨ ᠬᠦᠯᠢᠶᠡᠵᠦ᠂ ᠲᠠᠷᠢᠯᠭ᠎ᠠ ᠲᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠯ᠎ᠠ᠃          ᠪᠤᠱᠤᠤᠳᠠᠢ ᠰᠣᠮᠣᠨ ᠤ ᠮᠠᠯᠴᠢᠨ ᠲᠡᠮᠡᠴᠡᠯ ᠬᠡᠯᠡᠬᠦ ᠳᠡᠭᠡᠨ᠄ ︽ᠭᠠᠴᠠᠭ᠎ᠠ ᠠᠴᠠ ᠲᠠᠷᠢᠯᠭ᠎ᠠ ᠲᠠᠷᠢᠬᠤ ᠮᠡᠳᠡᠭᠳᠡᠯ ᠪᠠᠭᠤᠭᠰᠠᠨ ᠳᠠᠷᠤᠶᠢᠬᠠᠨ ᠪᠢᠳᠡ ᠬᠦᠷᠴᠦ ᠢᠷᠡᠯ᠎ᠡ᠂ ᠥᠨᠥᠳᠦᠷ ᠡᠬᠢᠨ ᠤ ᠲᠠᠷᠢᠯᠭ᠎ᠠ ᠪᠠᠨ ᠬᠢᠯᠭᠡᠪᠡ᠂ ᠸᠠᠺᠼᠢᠨ ᠤ ᠲᠠᠷᠢᠯᠭ᠎ᠠ ᠲᠠᠷᠢᠬᠤ ᠪᠣᠯ ᠰᠠᠶᠢᠨ ᠶᠠᠪᠤᠳᠠᠯ ᠮᠥᠨ᠂ ᠡᠨᠡ ᠨᠢ ᠵᠥᠪᠬᠡᠨ ᠥᠪᠡᠷ ᠤᠨ ᠲᠥᠯᠦᠭᠡ ᠪᠢᠰᠢ ᠬᠠᠷᠢᠨ ᠳᠡᠷᠭᠡᠳᠡᠬᠢ ᠬᠥᠮᠦᠰ ᠲᠡᠭᠡᠨ ᠬᠠᠷᠢᠭᠤᠴᠠᠵᠤ ᠪᠠᠶᠢᠭ᠎ᠠ ᠶᠢᠨ ᠢᠯᠡᠷᠡᠯ ᠪᠣᠯᠤᠨ᠎ᠠ︾ ᠭᠡᠵᠡᠢ᠃          ᠣᠶᠢᠯᠠᠭᠠᠭᠰᠠᠨ ᠢᠶᠠᠷ᠂ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠯᠠᠳᠠ᠂ ᠰᠢᠯᠤᠭᠤᠨ ᠬᠥᠬᠡ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠶ ᠨᠢ ᠠᠵᠢᠯ ᠢᠶᠠᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠤᠷᠲᠠᠯᠴᠢᠯᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠤᠲᠠᠰᠤ᠂ ᠸᠢᠴᠠᠲ ᠬᠤᠯᠪᠤᠭ᠎ᠠ᠂ ᠠᠶᠢᠯᠴᠢᠯᠠᠨ ᠤᠬᠠᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠤᠬᠠᠢ ᠮᠡᠳᠡᠯᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠡᠷᠡᠭᠡᠯᠵᠡᠯ ᠢ ᠲᠠᠶᠢᠯᠠᠨ᠂ ᠣᠯᠠᠨ ᠲᠦᠮᠡᠨ ᠤ ᠲᠠᠷᠢᠯᠭ᠎ᠠ ᠬᠢᠯᠭᠡᠬᠦ ᠬᠦᠰᠡᠯ ᠡᠷᠡᠮᠡᠯᠵᠡᠯ ᠢ ᠳᠡᠭᠡᠭᠰᠢᠯᠡᠬᠦᠯᠦᠭᠰᠡᠨ ᠪᠠᠶᠢᠨ᠎ᠠ᠃          ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠲᠠᠷᠢᠬᠤ ᠪᠣᠯ ᠣᠳᠣᠬᠠᠨ ᠤ ᠬᠠᠮᠤᠭ ᠤᠨ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠠᠷᠭ᠎ᠠ ᠪᠠᠷᠢᠯ ᠮᠥᠨ᠂ ᠣᠲᠣ ᠪᠣᠯᠲᠠᠯ᠎ᠠ᠂ ᠰᠢᠯᠤᠭᠤᠨ ᠬᠥᠬᠡ ᠬᠤᠰᠢᠭᠤ ᠨᠢ ᠨᠡᠶᠢᠲᠡ 17532 ᠬᠥᠮᠦᠨ ᠳᠤ ᠲᠠᠷᠢᠯᠭ᠎ᠠ ᠬᠢᠵᠦ᠂ ᠰᠠᠭᠤᠭᠠᠯᠢ ᠠᠷᠠᠳ ᠲᠤ ᠦᠨ᠎ᠡ ᠲᠥᠯᠥᠪᠦᠷᠢ ᠥᠬᠡᠶ ᠪᠠᠷ ᠸᠠᠺᠼᠢᠨ ᠤ ᠲᠠᠷᠢᠯᠭ᠎ᠠ ᠬᠢᠬᠦ ᠦᠶᠯᠡᠴᠢᠯᠡᠭᠡ ᠶᠢ ᠦᠷᠭᠦᠯᠵᠢᠯᠡᠨ ᠬᠠᠩᠭᠠᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠲᠠᠷᠬᠠᠯᠠᠭ᠎ᠠ ᠶᠢ ᠰᠠᠶᠢᠵᠢᠷᠠᠭᠤᠯᠵᠤ ᠪᠤᠢ᠃ᠤᠷᠠᠯᠢᠭ ᠣᠷᠴᠢᠭᠤᠯᠤᠨ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号