ᠲᠦᠷᠭᠡᠨ ᠤ ᠵᠠᠰᠠᠮᠠᠯ ᠵᠠᠮ ᠤᠨ  ᠰᠦᠢᠳᠬᠡᠯ ᠬᠤᠷᠢᠶᠠᠬᠤ ᠠᠷᠭ᠎ᠠ ᠳᠤ ᠶᠡᠭᠡ  ᠬᠤᠪᠢᠷᠠᠯᠲᠠ ᠭᠠᠷᠬᠤ ᠪᠠᠷ ᠪᠤᠢ︕
ᠨᠡᠶᠢᠲᠡᠯᠡᠭᠰᠡᠨ ᠴᠠᠭ᠄
2021/6/17
         ᠰᠢᠨᠬᠤᠸᠠ ᠬᠤᠷᠢᠶᠠᠨ ᠤ ᠪᠡᠭᠡᠵᠢᠩ ᠤᠨ 6  ᠰᠠᠷ᠎ᠠ ᠶᠢᠨ  15 ᠤ  ᠡᠳᠦᠷ ᠤᠨ  ᠮᠡᠳᠡᠭᠡ  ︵ᠰᠤᠷᠪᠤᠯᠵᠢᠯᠠᠭᠴᠢ  ᠵᠧᠤ ᠶᠦ᠋ᠧᠠᠨ︶ ᠰᠤᠷᠪᠤᠯᠵᠢᠯᠠᠭᠴᠢ 15 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠲᠦᠷᠭᠡᠨ ᠤ ᠵᠠᠰᠠᠮᠠᠯ ᠵᠠᠮ ᠤᠨ ᠨᠡᠪᠲᠡᠷᠡᠯᠳᠡ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂  ᠲᠦᠷᠭᠡᠨ ᠤ  ᠵᠠᠰᠠᠮᠠᠯ  ᠵᠠᠮ ᠢᠶᠠᠷ ᠶᠠᠪᠤᠵᠤ ᠰᠠᠭᠤᠬᠤ  ᠥᠪᠡᠷ ᠤᠨ  ᠥᠷᠲᠡᠭ ᠢ ᠨᠢ  ᠪᠠᠭᠤᠷᠠᠭᠤᠯᠤᠨ᠂  ᠪᠠᠷᠠᠭᠠᠨ ᠤ  ᠬᠦᠢᠯᠭᠡᠭᠡᠨ ᠤ  ᠦᠢᠯᠡᠰ ᠤᠨ  ᠥᠪᠡᠷ ᠤᠨ ᠥᠷᠲᠡᠭ ᠢ ᠨᠢ ᠪᠠᠭᠤᠷᠠᠭᠤᠯᠵᠤ ᠦᠷ᠎ᠡ ᠠᠰᠢᠭ ᠢ ᠨᠢ ᠨᠡᠮᠡᠭᠳᠡᠭᠦᠯᠬᠦ ᠶᠢ  ᠠᠬᠢᠭᠤᠯᠬᠤ ᠶᠢᠨ  ᠲᠥᠯᠥᠭᠡ᠂  ᠡᠯ᠎ᠡ  ᠭᠠᠵᠠᠷ ᠤᠨ ᠬᠢᠨ ᠲᠦᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ  ᠰᠦᠢᠳᠭᠡᠯ  ᠬᠤᠷᠢᠶᠠᠬᠤ  ᠠᠷᠭ᠎ᠠ ᠶᠢ  ᠪᠥᠬᠦ  ᠲᠠᠯ᠎ᠠ ᠪᠠᠷ  ᠳᠡᠯᠭᠡᠷᠡᠭᠦᠯᠬᠦ ᠪᠠᠷ ᠪᠠᠶᠢᠨ᠎ᠠ᠃         ᠵᠠᠮ ᠬᠠᠷᠢᠯᠴᠠᠭ᠎ᠠ  ᠲᠡᠭᠡᠭᠡᠪᠦᠷᠢ ᠶᠢᠨ  ᠶᠠᠮᠤᠨ᠂  ᠤᠯᠤᠰ ᠤᠨ  ᠬᠥᠭᠵᠢᠭᠦᠯᠦᠯᠲᠡ  ᠥᠭᠡᠷᠡᠴᠢᠯᠡᠯᠲᠡ ᠶᠢᠨ  ᠵᠥᠪᠯᠡᠯ᠂ ᠡᠳ᠋ ᠤᠨ ᠵᠠᠰᠠᠭ ᠤᠨ ᠶᠠᠮᠤᠨ ᠤ ᠣᠶᠢᠷ᠎ᠠ ᠳᠤ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠲᠦᠷᠭᠡᠨ ᠤ ᠵᠠᠮ ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠬᠦ ᠲᠤᠬᠠᠢ ᠬᠡᠷᠡᠭᠵᠢᠭᠦᠯᠬᠦ ᠲᠥᠰᠦᠯ︾ ᠢ ᠦᠨᠳᠦᠰᠦᠯᠡᠪᠡᠯ᠂ ᠡᠯ᠎ᠡ ᠭᠠᠵᠠᠷ ᠤᠨ ᠬᠢᠨ ᠲᠣᠰ ᠭᠠᠵᠠᠷ ᠤᠨ ᠢᠶᠠᠨ ᠵᠠᠰᠠᠮᠠᠯ ᠵᠠᠮ ᠤᠨ  ᠲᠤᠤᠷ ᠤᠨ  ᠪᠦᠲᠦᠴᠡ  ᠵᠢᠴᠢ  ᠠᠶᠠᠯᠠᠯ ᠤᠨ  ᠣᠨᠴᠠᠯᠢᠭ  ᠵᠡᠷᠭᠡ ᠬᠦᠴᠦᠨ ᠵᠦᠢᠯ ᠢ ᠬᠦᠢᠴᠡᠳ ᠪᠣᠳᠣᠯᠬᠢᠯᠠᠵᠤ᠂ ᠵᠦᠷᠢᠶᠡᠴᠢᠯᠡᠭᠰᠡᠨ ᠰᠦᠢᠳᠭᠡᠯ ᠬᠤᠷᠢᠶᠠᠬᠤ  ᠲᠣᠬᠢᠷᠠᠮᠵᠢᠲᠠᠶ  ᠠᠷᠭ᠎ᠠ  ᠬᠡᠯᠪᠡᠷᠢ ᠶᠢ ᠰᠣᠩᠭᠤᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠵᠦᠷᠢᠶᠡᠴᠢᠯᠡᠭᠰᠡᠨ  ᠰᠦᠢᠳᠭᠡᠯ  ᠬᠤᠷᠢᠶᠠᠬᠤ  ᠲᠥᠰᠦᠯ ᠢ ᠰᠢᠨᠵᠢᠯᠡᠬᠦ ᠤᠬᠠᠭᠠᠨᠴᠢ ᠪᠠᠷ  ᠣᠨᠣᠪᠴᠢᠲᠠᠶ  ᠲᠣᠭᠲᠠᠭᠠᠵᠤ᠂  ᠵᠦᠷᠢᠶᠡᠴᠢᠯᠡᠭᠰᠡᠨ  ᠰᠦᠢᠳᠭᠡᠯ  ᠬᠤᠷᠢᠶᠠᠬᠤ  ᠠᠷᠭ᠎ᠠ ᠶᠢ  ᠪᠥᠬᠦ ᠲᠠᠯ᠎ᠠ ᠪᠠᠷ ᠳᠡᠯᠭᠡᠷᠡᠭᠦᠯᠬᠦ ᠬᠡᠵᠦ ᠪᠤᠢ᠃         ᠲᠥᠰᠦᠯ ᠳᠤ᠂  ᠵᠠᠮ  ᠬᠤᠪᠢᠶᠠᠨ  ᠵᠦᠷᠢᠶᠡᠴᠢᠯᠡᠭᠰᠡᠨ  ᠰᠦᠢᠳᠭᠡᠯ  ᠬᠤᠷᠢᠶᠠᠬᠤ  ᠵᠠᠭᠪᠤᠷ ᠢ  ᠤᠯᠠᠮ   ᠴᠢᠨᠠᠬᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠮᠢᠳᠤᠯᠢᠭ ᠪᠥᠭᠡᠳ ᠣᠯᠠᠨ ᠶᠠᠩᠵᠤ ᠶᠢᠨ ᠵᠦᠷᠢᠶᠡᠴᠢᠯᠡᠭᠰᠡᠨ  ᠰᠦᠢᠳᠭᠡᠯ  ᠬᠤᠷᠢᠶᠠᠬᠤ ᠠᠷᠭ᠎ᠠ ᠶᠢ ᠬᠡᠷᠡᠭᠵᠢᠭᠦᠯᠦᠨ᠎ᠡ︔ ᠲᠡᠷᠭᠡᠨ ᠤ ᠬᠡᠯᠪᠡᠷᠢ ︵ᠲᠥᠷᠥᠯ︶ ᠬᠤᠪᠢᠶᠠᠭᠰᠠᠨ ᠵᠦᠷᠢᠶᠡᠴᠢᠯᠡᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠳᠠᠯᠢ ᠪᠤᠰᠤ ᠬᠡᠯᠪᠡᠷᠢ ︵ᠲᠥᠷᠥᠯ︶ ᠶᠢᠨ  ᠡᠩ ᠤᠨ  ᠪᠠᠷᠠᠭ᠎ᠠ ᠶᠢᠨ  ᠲᠡᠷᠭᠡ ᠪᠤᠶᠤ ᠣᠯᠠᠨ ᠤᠯᠤᠰ ᠤᠨ  ᠪᠠᠷᠢᠮᠵᠢᠶᠠᠲᠤ  ᠴᠢᠩᠭᠡᠯᠢᠭ ᠤᠨ  ᠲᠡᠭᠡᠭᠡᠪᠦᠷᠢ ᠶᠢᠨ  ᠲᠡᠷᠭᠡ  ᠬᠥᠰᠬᠡ᠂  ᠠᠶᠤᠯ ᠲᠠᠢ  ᠪᠠᠷᠠᠭ᠎ᠠ ᠶᠢᠨ ᠲᠡᠭᠡᠭᠡᠪᠦᠷᠢ ᠶᠢᠨ ᠰᠠᠪᠠᠯᠠᠬᠤ ᠮᠠᠶ᠋ᠢᠭ ᠤᠨ ᠲᠡᠷᠭᠡ ᠬᠥᠰᠬᠡ ᠵᠡᠷᠭᠡ ᠲᠤᠰᠬᠠᠶ ᠲᠡᠭᠡᠭᠡᠪᠦᠷᠢ ᠶᠢᠨ ᠲᠡᠷᠭᠡ ᠬᠥᠰᠬᠡ ᠳᠤ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠠᠷᠭ᠎ᠠ ᠶᠢ ᠬᠡᠷᠡᠭᠵᠢᠭᠦᠯᠵᠦ᠂ ᠲᠤᠰᠬᠠᠶ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠵᠠᠮ ᠬᠠᠷᠢᠯᠴᠠᠭᠠᠨ ᠤ ᠲᠡᠷᠭᠡᠨ ᠴᠤᠪᠤᠭ᠎ᠠ ᠮᠡᠳᠡᠭᠳᠡᠮ᠎ᠡ ᠶᠡᠭᠡᠳᠡᠢ᠂ ᠨᠡᠯᠢᠶᠡᠳ ᠠᠷᠪᠢᠨ ᠡᠭᠦᠷᠭᠡ ᠬᠦᠢᠴᠡᠳᠭᠡᠬᠦ ᠴᠢᠳᠠᠮᠵᠢ ᠲᠠᠢ ᠲᠦᠷᠭᠡᠨ ᠤ ᠵᠠᠰᠠᠮᠠᠯ  ᠵᠠᠮ ᠤᠨ  ᠬᠡᠰᠡᠭ ᠲᠤ  ᠴᠢᠭᠯᠡᠭᠦᠯᠦᠨ᠂  ᠵᠦᠷᠢᠶᠡᠴᠢᠯᠡᠭᠰᠡᠨ  ᠰᠦᠢᠳᠭᠡᠯ  ᠬᠤᠷᠢᠶᠠᠬᠤ   ᠪᠠᠷᠢᠮᠵᠢᠶ᠎ᠠ ᠶᠢ   ᠵᠡᠷᠭᠡ ᠳᠤᠨᠢ ᠬᠡᠷᠡᠭᠵᠢᠭᠦᠯᠦᠨ᠎ᠡ︔ ᠬᠥᠷᠰᠢ ᠵᠡᠷᠭᠡᠯᠡᠳᠡᠭᠡ ᠭᠠᠷᠠᠮ ᠪᠠ ᠲᠣᠮᠣ ᠬᠡᠯᠪᠡᠷᠢ ᠶᠢᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠲᠦᠷᠭᠡᠨ ᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ᠂ ᠵᠠᠮ ᠬᠠᠷᠢᠯᠴᠠᠭᠠᠨ ᠤ ᠬᠡᠮᠵᠢᠶ᠎ᠡ ᠶᠢᠨ  ᠵᠥᠷᠢᠶ᠎ᠡ ᠪᠠᠷ  ᠨᠡᠯᠢᠶᠡᠳ  ᠶᠡᠭᠡ ᠬᠥᠷᠰᠢ ᠵᠡᠷᠭᠡᠯᠡᠳᠡᠭᠡ ᠵᠡᠷᠭᠡᠴᠡᠭᠡ ᠵᠠᠮ ᠤᠨ ᠬᠡᠰᠡᠭ᠂ ᠬᠤᠲᠠ ᠶᠢᠨ ᠡᠷᠭᠢᠨ ᠲᠣᠭᠤᠷᠢᠨ ᠤ ᠲᠦᠷᠭᠡᠨ ᠤ ᠵᠠᠰᠠᠮᠠᠯ ᠵᠠᠮ ᠤᠨ  ᠲᠥᠷᠥᠯ ᠵᠦᠢᠯ ᠵᠡᠷᠭᠡ ᠣᠨᠴᠠ ᠲᠣᠭᠲᠠᠭᠰᠠᠨ ᠣᠷᠣᠨ ᠵᠠᠶ᠂  ᠣᠨᠴᠠ  ᠲᠣᠭᠲᠠᠭᠰᠠᠨ  ᠣᠷᠣᠵᠤ  ᠭᠠᠷᠬᠤ  ᠭᠠᠵᠠᠷ ᠲᠤ  ᠴᠢᠭᠯᠡᠭᠦᠯᠦᠨ᠂ ᠣᠷᠣᠵᠤ ᠭᠠᠷᠬᠤ  ᠭᠠᠵᠠᠷ  ᠬᠤᠪᠢᠶᠠᠨ  ᠵᠦᠷᠢᠶᠡᠴᠢᠯᠡᠭᠰᠡᠨ  ᠰᠦᠢᠳᠬᠡᠯ  ᠬᠤᠷᠢᠶᠠᠬᠤ  ᠠᠷᠭ᠎ᠠ ᠶᠢ  ᠬᠡᠷᠡᠭᠵᠢᠭᠦᠯᠦᠨ᠎ᠡ︔  ᠡᠬᠢ ᠪᠠᠶᠠᠯᠢᠭ ᠤᠨ ᠮᠤᠵᠢ ᠶᠢᠨ ᠭᠠᠭᠴᠠ ᠬᠦ ᠪᠠᠷᠠᠭ᠎ᠠ ᠲᠡᠭᠡᠭᠡᠪᠦᠷᠢᠯᠡᠬᠦ ᠪᠠᠷ  ᠢᠯᠡᠷᠭᠡᠢ  ᠣᠨᠴᠠᠯᠢᠭ  ᠪᠤᠯᠭᠠᠬᠰᠠᠨ  ᠲᠦᠷᠭᠡᠨ ᠤ  ᠵᠠᠰᠠᠮᠠᠯ ᠵᠠᠮ ᠳᠤ ᠴᠢᠭᠯᠡᠭᠦᠯᠦᠨ᠂ ᠤᠴᠢᠬᠤ ᠪᠠ ᠪᠤᠴᠠᠬᠤ ᠳᠤ  ᠵᠦᠷᠢᠶᠡᠴᠢᠯᠡᠭᠰᠡᠨ  ᠰᠦᠢᠳᠭᠡᠯ  ᠬᠤᠷᠢᠶᠠᠬᠤ  ᠠᠷᠭ᠎ᠠ ᠶᠢ  ᠬᠡᠷᠡᠭᠵᠢᠭᠦᠯᠵᠦ ᠪᠣᠯᠤᠨ᠎ᠠ︔ ETC ︵ᠲᠡᠷᠭᠡ ᠵᠣᠭᠰᠣᠬᠤ  ᠥᠬᠡᠶ   ᠪᠠᠷ  ᠰᠦᠢᠳᠭᠡᠯ  ᠬᠤᠷᠢᠶᠠᠬᠤ  ᠡᠯᠧᠺᠲᠷᠣᠨ  ᠰᠢᠰᠲ᠋ᠧᠮ︶  ᠡᠯᠧᠺᠲᠷᠣᠨ ᠰᠢᠰᠲ᠋ᠧᠮ ᠢᠶᠠᠷ ᠲᠣᠭᠠᠴᠠᠭ᠎ᠠ ᠬᠢᠬᠦ ᠬᠠᠷᠠᠭᠠᠯᠵᠠᠯ ᠤᠨ ᠵᠠᠭᠪᠤᠷ ᠢ ᠤᠯᠠᠮ ᠴᠢᠨᠠᠬᠰᠢᠳᠠ ᠲᠡᠭᠦᠯᠳᠡᠷᠵᠢᠭᠦᠯᠵᠦ᠂ ETC ᠡᠯᠧᠺᠲᠷᠣᠨ ᠰᠢᠰᠲ᠋ᠧᠮ ᠢᠶᠠᠷ ᠲᠣᠭᠠᠴᠠᠭ᠎ᠠ ᠬᠢᠬᠦ ᠬᠠᠷᠠᠭᠠᠯᠵᠠᠯ ᠤᠨ ᠡᠷᠴᠢᠮ ᠢ ᠴᠢᠩᠭᠠᠷᠠᠭᠤᠯᠤᠨ᠎ᠠ ᠬᠡᠵᠦ ᠵᠢᠭᠠᠵᠤ ᠭᠠᠷᠭᠠᠪᠠ᠃         ᠲᠥᠰᠦᠯ ᠳᠤ᠂   ᠡᠯ᠎ᠡ   ᠭᠠᠵᠠᠷ ᠤᠨ ᠬᠢᠨ   ᠪᠣᠳᠠᠲᠤ   ᠪᠠᠶᠢᠳᠠᠯ ᠲᠠᠢ ᠪᠠᠨ    ᠤᠶᠠᠯᠳᠤᠭᠤᠯᠤᠨ᠂    ᠨᠥᠬᠦᠴᠡᠯ ᠪᠦᠷᠢᠯᠳᠦᠭᠦᠯᠦᠭᠰᠡᠨ ᠭᠠᠵᠠᠷ ᠣᠷᠣᠨ ᠳᠤ ᠡᠵᠡᠩᠨᠡᠯᠲᠡ ᠶᠢᠨ ᠴᠢᠨᠠᠷᠲᠠᠶ ᠰᠦᠢᠳᠭᠡᠯ ᠬᠤᠷᠢᠶᠠᠬᠤ ᠬᠡᠰᠡᠭ ᠲᠦᠷᠭᠡᠨ ᠤ ᠵᠠᠰᠠᠮᠠᠯ ᠵᠠᠮ ᠢ ᠰᠣᠩᠭᠤᠵᠤ ᠨᠡᠪᠲᠡᠷᠡᠯᠳᠡ ᠶᠢᠨ ᠰᠦᠢᠳᠭᠡᠯ ᠤᠨ ᠦᠨ᠎ᠡ ᠲᠣᠭᠲᠠᠭᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ  ᠵᠠᠰᠠᠭ ᠤᠨ  ᠣᠷᠳᠣᠨ ᠤ  ᠲᠣᠭᠲᠠᠭᠠᠭᠰᠠᠨ  ᠦᠨ᠎ᠡ ᠶᠢ  ᠵᠢᠯᠣᠭᠤᠳᠬᠤ  ᠦᠨ᠎ᠡ ᠪᠣᠯᠭᠠᠨ ᠲᠣᠬᠢᠷᠠᠭᠤᠯᠵᠤ᠂ ᠣᠲᠣ ᠶᠢᠨ ᠬᠡᠷᠡᠭᠵᠢᠬᠦᠯᠵᠦ ᠪᠠᠶᠢᠭ᠎ᠠ ᠵᠠᠰᠠᠭ ᠤᠨ ᠣᠷᠳᠣᠨ ᠤ ᠲᠣᠭᠲᠠᠭᠠᠭᠰᠠᠨ ᠰᠦᠢᠳᠭᠡᠯ ᠬᠤᠷᠢᠶᠠᠬᠤ ᠪᠠᠷᠢᠮᠵᠢᠶ᠎ᠠ ᠪᠠᠷ ᠳᠡᠭᠡᠳᠦ ᠬᠢᠵᠠᠭᠠᠷ ᠪᠣᠯᠭᠠᠵᠤ᠂ ᠲᠦᠷᠭᠡᠨ ᠤ ᠵᠠᠰᠠᠮᠠᠯ  ᠵᠠᠮ ᠤᠨ  ᠡᠵᠡᠩᠨᠡᠯᠲᠡ  ᠬᠠᠮᠢᠶᠠᠷᠤᠯᠲᠠ ᠶᠢᠨ ᠨᠢᠭᠡᠴᠡ ᠳᠤ ᠵᠣᠬᠢᠬᠤ ᠬᠡᠮᠵᠢᠶᠡᠨ ᠤ ᠦᠨ᠎ᠡ ᠲᠣᠭᠲᠠᠭᠠᠬᠤ ᠡᠵᠡᠨ ᠮᠡᠳᠡᠬᠦ ᠡᠷᠬᠡ ᠣᠯᠭᠤᠨ᠎ᠠ ᠬᠡᠵᠦ ᠴᠢᠬᠤᠯᠠᠴᠢᠯᠠᠵᠠᠢ᠃
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号