ᠬᠡᠦᠬᠡᠳ ᠲᠡᠭᠡᠨ ᠢᠯᠡᠭᠦᠭᠡᠨ ᠬᠠᠨᠢ ᠪᠤᠯᠵᠤ ᠪᠠᠶᠢᠶ᠎ᠠ
ᠨᠡᠶᠢᠲᠡᠯᠡᠭᠰᠡᠨ ᠴᠠᠭ᠄
2021/6/17
ᠬᠡᠦᠬᠡᠳ ᠲᠡᠭᠡᠨ ᠢᠯᠡᠭᠦᠭᠡᠨ ᠬᠠᠨᠢ ᠪᠤᠯᠵᠤ ᠪᠠᠶᠢᠶ᠎ᠠ                ᠬᠠᠨᠢ ᠪᠤᠯᠬᠤ ᠨᠢ ᠨᠢᠭᠡᠨ ᠵᠦᠢᠯ ᠤᠨ ᠰᠤᠷᠭᠠᠨ ᠬᠦᠮᠦᠵᠢᠯ ᠪᠤᠯᠤᠨ᠎ᠠ᠃ ᠬᠠᠨᠢ ᠪᠣᠯᠬᠤ ᠪᠣᠯ ᠳᠠᠷᠤᠶ ᠴᠢ ᠨᠥᠭᠦᠭᠡ ᠡᠲᠡᠭᠡᠳ ᠤᠨ ᠢᠶᠠᠨ ᠰᠡᠳᠬᠢᠯ ᠤᠨ ᠣᠷᠣᠨ ᠵᠠᠶ ᠳᠤ ᠣᠷᠣᠰᠢᠵᠤ᠂ ᠬᠠᠨᠢ ᠪᠣᠯᠬᠤ ᠨᠢ ᠬᠢᠵᠠᠭᠠᠯᠠᠰᠢ ᠦᠭᠡᠢ ᠬᠦᠴᠦᠨ ᠲᠠᠢ ᠪᠠᠶᠢᠵᠤ᠂ ᠬᠠᠨᠢ ᠪᠣᠯᠵᠤ ᠴᠢᠮᠡᠭᠡ ᠢᠮᠡᠭᠡ ᠦᠭᠡᠢ ᠪᠠᠷ ᠰᠤᠷᠭᠠᠵᠤ ᠬᠦᠮᠦᠵᠢᠬᠦᠯᠬᠦ ᠤᠳᠬ᠎ᠠ ᠠᠭᠤᠯᠭ᠎ᠠ ᠶᠢ ᠪᠡᠶᠡᠯᠡᠭᠦᠯᠦᠨ᠎ᠡ᠃ ᠰᠤᠷᠭᠠᠨ ᠬᠥᠮᠦᠵᠢᠯ ᠤᠨ ᠭᠤᠷᠪᠠᠨ ᠵᠠᠩᠭᠢᠯᠠᠭ᠎ᠠ ᠪᠤᠯ ᠳᠠᠷᠤᠢ ᠣᠶᠤᠨ ᠰᠠᠨᠠᠭ᠎ᠠ ᠶᠢ ᠣᠶᠢᠯᠠᠭᠠᠬᠤ᠂ ᠦᠢᠯᠡᠴᠢᠯᠡᠭᠡ ᠬᠠᠩᠭᠠᠬᠤ᠂ ᠦᠰᠦᠨ ᠪᠤᠶᠢᠵᠢᠬᠤ ᠳᠤ ᠬᠠᠨᠢ ᠪᠤᠯᠬᠤ ᠪᠣᠯᠤᠨ᠎ᠠ᠃ ᠡᠬᠦᠨ ᠳᠤ ᠬᠠᠨᠢ ᠪᠣᠯᠬᠤ ᠨᠢ ᠭᠤᠤᠯ ᠠᠭᠤᠯᠭ᠎ᠠ ᠪᠤᠯᠳᠠᠬ᠃ ᠬᠡᠦᠬᠡᠳ ᠲᠠᠢ ᠤᠢᠢᠷᠠᠳᠤᠵᠤ ᠬᠠᠨᠢᠰᠬᠤ ᠦᠬᠡᠢ ᠪᠤᠯ ᠬᠡᠦᠬᠡᠳ ᠤᠨ ᠣᠶᠤᠨ ᠰᠠᠨᠠᠭ᠎ᠠ ᠶᠢ ᠣᠶᠢᠯᠠᠭᠠᠵᠤ ᠴᠢᠳᠠᠬᠤ ᠥᠬᠡᠶ᠂ ᠬᠡᠦᠬᠡᠳ ᠤᠨ ᠣᠶᠤᠨ ᠰᠠᠨᠠᠭ᠎ᠠ ᠶᠢ ᠣᠶᠢᠯᠠᠭᠠᠬᠤ ᠥᠬᠡᠶ ᠪᠣᠯ ᠬᠡᠦᠬᠡᠳ ᠤᠨ ᠣᠶᠤᠨ ᠰᠠᠨᠠᠭᠠᠨ ᠤ ᠬᠡᠷᠡᠭᠴᠡᠭᠡ ᠶᠢ ᠤᠢᠢᠯᠠᠭᠠᠵᠤ ᠴᠢᠳᠠᠬᠤ ᠥᠬᠡᠶ᠂ ᠬᠡᠦᠬᠡᠳ ᠤᠨ ᠦᠰᠦᠨ ᠪᠤᠶᠢᠵᠢᠯᠲᠠ ᠳᠤ ᠰᠠᠶᠢᠨ ᠰᠠᠶᠢᠬᠠᠨ ᠦᠢᠯᠡᠴᠢᠯᠡᠭᠡ ᠬᠠᠩᠭᠠᠵᠤ ᠴᠢᠳᠠᠬᠤ ᠥᠬᠡᠶ ᠶᠤᠮ᠃                ᠬᠡᠷᠪᠡ ᠲᠠ ᠪᠠᠭᠰᠢ ᠪᠣᠯ ᠬᠡᠦᠬᠡᠳ ᠤᠨ ᠰᠡᠳᠬᠢᠯ ᠤᠨ ᠬᠠᠨᠢᠲᠠᠨ ᠪᠣᠯᠬᠤ ᠶᠣᠰᠣᠲᠠᠢ᠃ ᠬᠡᠦᠬᠡᠳ ᠤᠨ ᠰᠡᠳᠬᠢᠯ ᠤᠨ ᠣᠷᠣᠨ ᠵᠠᠢ ᠳᠤ ᠲᠠ ᠣᠷᠣᠰᠢᠵᠤ ᠪᠠᠶᠢᠳᠠᠭ ᠯᠠ ᠪᠣᠯ ᠡᠨᠡ ᠣᠷᠣᠨ ᠵᠠᠢ ᠯᠠᠪᠳᠠᠢ ᠬᠠᠯᠠᠭᠤᠨ ᠳᠤᠯᠠᠭᠠᠨ ᠪᠠᠶᠢᠬᠤ ᠶᠤᠮ᠃ ᠣᠶᠤᠨ ᠰᠠᠨᠠᠭᠠᠨ ᠤ ᠬᠠᠨᠢ ᠪᠣᠯ ᠳᠠᠷᠤᠢ ᠬᠠᠮᠤᠭ ᠤᠨ ᠰᠠᠶᠢᠨ ᠰᠤᠷᠭᠠᠨ ᠬᠥᠮᠦᠵᠢᠯ ᠮᠥᠨ᠃ ᠪᠠᠭᠰᠢ ᠪᠤᠯᠤᠬᠰᠠᠳ ᠬᠠᠨᠢ ᠪᠤᠯᠵᠤ ᠪᠠᠶᠢᠮᠠᠨᠵᠢᠨ ᠬᠡᠦᠬᠡᠳ ᠤᠨ ᠵᠠᠩ ᠠᠷᠠᠨᠰᠢᠨ᠂ ᠰᠡᠳᠬᠢᠴᠡ ᠶᠢᠨ ᠪᠠᠶᠢᠳᠠᠯ ᠵᠡᠷᠭᠡ ᠶᠢ ᠰᠠᠶᠢᠨ ᠤᠢᠢᠯᠠᠭᠠᠵᠤ᠂ ᠵᠦᠪ ᠵᠢᠭᠠᠨ ᠵᠢᠯᠤᠭᠤᠳᠤᠯᠭ᠎ᠠ ᠦᠭᠴᠦ ᠴᠢᠳᠠᠨ᠎ᠠ᠃                ᠬᠡᠷᠪᠡ ᠲᠠ ᠭᠡᠷ ᠤᠨ ᠠᠬᠠᠮᠠᠳ ᠪᠣᠯ᠂ ᠲᠠ ᠶᠠᠭᠠᠬᠢᠭᠰᠠᠨ ᠴᠤ ᠬᠠᠨᠢ ᠪᠣᠯᠬᠤ ᠶᠢ ᠬᠡᠦᠬᠡᠳ ᠤᠨ ᠪᠦᠬᠦ ᠶᠠᠪᠤᠳᠠᠯ ᠢ ᠠᠯᠳᠠᠯ ᠦᠭᠡᠢ ᠮᠡᠳᠡᠬᠦ ᠪᠠ ᠡᠵᠡᠮᠳᠡᠬᠦ ᠲᠠᠢ ᠠᠳᠠᠯᠢᠬᠠᠨ ᠢᠶᠠᠷ ᠦᠵᠡᠵᠤ ᠪᠤᠯᠬᠤ ᠦᠭᠡᠢ᠃ ᠬᠡᠦᠬᠡᠳ ᠢ ᠴᠢᠩᠭ᠎ᠠ ᠠᠳᠬᠤᠬᠤ ᠨᠢ ᠬᠡᠦᠬᠡᠳ ᠢ ᠰᠥᠷᠭᠡᠦ ᠪᠣᠯᠭᠠᠨ᠎ᠠ᠃ ᠬᠠᠨᠢ ᠪᠣᠯᠬᠤ ᠨᠢ ᠬᠡᠦᠬᠡᠳ ᠤᠨ ᠠᠯᠢᠪᠡ ᠶᠢ ᠡᠵᠡᠨ ᠮᠡᠳᠡᠬᠦ ᠶᠠᠪᠤᠳᠠᠯ ᠭᠡᠵᠦ ᠣᠶᠢᠯᠠᠭᠠᠵᠤ ᠪᠣᠯᠬᠤ ᠦᠭᠡᠢ᠂ ᠬᠡᠦᠬᠡᠳ ᠤᠨ ᠡᠮᠦᠨ᠎ᠡ ᠠᠴᠠ ᠡᠵᠡᠨ ᠮᠡᠳᠡᠬᠦ ᠨᠢ ᠬᠡᠦᠬᠡᠳ ᠤᠨ ᠦᠰᠦᠨ ᠪᠤᠶᠢᠵᠢᠯᠲᠠ ᠶᠢ ᠬᠠᠷᠰᠢᠯᠠᠨ᠎ᠠ᠃ ᠨᠠᠩ ᠴᠤ ᠬᠠᠨᠢ ᠪᠣᠯᠬᠤ ᠶᠢ ᠰᠣᠶᠣᠯ ᠤᠨ ᠬᠢᠴᠢᠶᠡᠯ ᠤᠨ ᠬᠠᠪᠰᠤᠷᠤᠨ ᠵᠢᠯᠣᠭᠤᠳᠤᠯᠭ᠎ᠠ ᠭᠡᠵᠦ ᠣᠶᠢᠯᠠᠭᠠᠵᠤ ᠪᠣᠯᠬᠤ ᠦᠭᠡᠢ᠂ ᠲᠠ ᠬᠡᠦᠬᠡᠳ ᠤᠨ ᠢᠶᠠᠨ ᠠᠯᠢᠪᠠ ᠬᠢᠴᠢᠶᠡᠯ ᠢ ᠬᠠᠪᠰᠤᠷᠤᠨ ᠵᠢᠯᠣᠭᠤᠳᠬᠤ ᠴᠢᠳᠠᠪᠤᠷᠢ ᠦᠭᠡᠢ ᠶᠤᠮ᠃ ᠬᠠᠨᠢ ᠪᠣᠯᠬᠤ ᠨᠢ ᠬᠡᠦᠬᠡᠳ ᠤᠨ ᠰᠡᠳᠬᠢᠯ ᠤᠨ ᠣᠷᠣᠨ ᠵᠠᠶ ᠳᠤ ᠤᠷᠢᠨ ᠳᠤᠯᠠᠭᠠᠨ ᠪᠠ ᠡᠨᠧᠷᠭᠢ ᠬᠠᠩᠭᠠᠬᠤ ᠶᠢ ᠶᠠᠷᠢᠵᠤ ᠪᠤᠢ᠃                ᠬᠠᠨᠢ ᠪᠣᠯᠬᠤ ᠨᠢ ᠴᠠᠭ ᠢᠮᠠᠭᠲᠠ ᠬᠠᠮᠲᠤ ᠪᠠᠶᠢᠬᠤ ᠶᠢ ᠵᠢᠭᠠᠵᠤ ᠪᠠᠶᠢᠬᠤ ᠪᠢᠰᠢ᠃ ᠭᠤᠤᠯᠳᠠᠭᠤ ᠰᠡᠳᠬᠢᠯ ᠰᠠᠨᠠᠭᠠᠨ ᠤ ᠲᠠᠯ᠎ᠠ ᠪᠠᠷ ᠬᠠᠨᠢ ᠪᠤᠯᠬᠤ ᠳᠡᠭᠡᠷ᠎ᠡ ᠢᠯᠡᠷᠡᠵᠤ ᠪᠠᠶᠢᠳᠠᠬ᠃ ᠬᠡᠦᠬᠡᠳ ᠴᠢᠨᠢ ᠴᠢᠮᠠᠶᠢ ᠬᠡᠷᠡᠭᠰᠡᠬᠦ ᠦᠶᠡᠰ᠂ ᠲᠠ ᠪᠦᠷ ᠬᠠᠵᠠᠭᠤ ᠳᠤᠨᠢ ᠪᠠᠶᠢᠵᠤ᠂ ᠬᠡᠦᠬᠡᠳ ᠴᠢᠨᠢ ᠴᠢᠮᠠᠢᠢ ᠬᠡᠷᠡᠭᠰᠡᠬᠦ ᠦᠭᠡᠢ ᠦᠶᠡᠰ᠂ ᠲᠠ ᠲᠡᠭᠦᠨ ᠤ ᠰᠡᠳᠬᠢᠯ ᠳᠤᠨᠢ ᠪᠠᠶᠢᠳᠠᠭ᠃ ᠲᠡᠭᠦᠨ ᠳᠤ ᠨᠢᠭᠡ ᠵᠦᠢᠯ ᠤᠨ ᠰᠡᠳᠬᠢᠯ ᠰᠠᠨᠠᠭᠠᠨ ᠤ ᠦᠮᠦᠭ ᠲᠦᠰᠢᠭ ᠲᠠᠢ ᠪᠣᠯᠭᠠᠨ᠎ᠠ᠃                ᠬᠠᠨᠢ ᠪᠣᠯᠬᠤ ᠨᠢ ᠬᠡᠦᠬᠡᠳ ᠤᠨ ᠦᠰᠦᠨ ᠪᠤᠶᠢᠵᠢᠯᠲᠠ ᠶᠢ ᠠᠬᠢᠭᠤᠯᠳᠠᠭ᠃ ᠬᠠᠨᠢ ᠪᠣᠯᠪᠠᠯ ᠰᠠᠶ᠋ᠢ ᠬᠡᠦᠬᠡᠳ ᠤᠨ ᠰᠡᠳᠬᠢᠯ ᠰᠠᠨᠠᠭ᠎ᠠ ᠶᠢ ᠣᠶᠢᠯᠠᠭᠠᠵᠤ᠂ ᠲᠡᠳᠡᠨ ᠤ ᠳᠤᠷᠠᠲᠠᠢ ᠪᠠᠭ᠋ᠠᠳᠠᠢ ᠵᠦᠢᠯ ᠢᠶᠠᠷ ᠲᠡᠳᠡᠨ ᠢ ᠬᠠᠶᠢᠷᠠᠯᠠᠵᠤ ᠴᠢᠳᠠᠨ᠎ᠠ᠂ ᠬᠠᠷᠢᠨ ᠴᠢᠨᠦᠬᠢ ᠳᠤᠷᠠᠲᠠᠢ ᠵᠦᠢᠯᠡᠰ ᠢᠶᠠᠷ ᠲᠡᠳᠡᠨ ᠢ ᠬᠠᠶᠢᠷᠠᠯᠠᠵᠤ ᠪᠣᠯᠬᠤ ᠦᠭᠡᠢ᠃ ᠢᠩᠬᠢᠪᠡᠯ ᠬᠠᠨᠢ ᠪᠣᠯᠬᠤ ᠨᠢ ᠯᠤᠲᠤ ᠶᠡᠭᠡ ᠣᠶᠤᠨ ᠰᠠᠨᠠᠭᠠᠨ ᠤ ᠡᠨᠧᠷᠭᠢ ᠡᠭᠦᠰᠭᠡᠵᠦ᠂ ᠬᠡᠦᠬᠡᠳ ᠤᠨ ᠦᠰᠦᠨ ᠪᠤᠶᠢᠵᠢᠯᠲᠠ ᠶᠢ ᠪᠡᠶᠡᠯᠡᠭᠦᠯᠵᠦ ᠴᠢᠳᠠᠨ᠎ᠠ᠃                 ᠬᠠᠨᠢ ᠪᠣᠯᠬᠤ ᠨᠢ ᠪᠠᠰᠠ ᠬᠠᠨᠢ ᠪᠣᠯᠤᠭᠰᠠᠨ ᠬᠥᠮᠦᠨ ᠤ ᠥᠪᠡᠷ ᠤᠨ ᠦᠰᠦᠨ ᠪᠤᠶᠢᠵᠢᠯᠲᠠ ᠶᠢ ᠠᠬᠢᠭᠤᠯᠤᠨ᠎ᠠ᠃ ᠬᠥᠮᠦᠨ ᠪᠣᠯᠭᠠᠨ ᠳᠤ ᠬᠠᠨᠢ ᠬᠡᠷᠡᠭᠲᠡᠶ᠂ ᠴᠢ ᠬᠡᠦᠬᠡᠳ ᠲᠤ ᠬᠠᠨᠢ ᠪᠣᠯᠬᠤ ᠶᠢᠨ ᠬᠠᠮᠲᠤ᠂ ᠬᠡᠦᠬᠡᠳ ᠪᠠᠰᠠ ᠴᠢᠮ᠎ᠠ ᠳᠤ ᠬᠠᠨᠢ ᠪᠤᠯᠳᠠᠭ᠃ ᠬᠡᠦᠬᠡᠳ ᠨᠢᠭᠡ ᠪᠦᠷᠢ ᠶᠢᠨ ᠪᠣᠳᠠᠲᠤ ᠢᠯᠡᠷᠡᠯ ᠨᠢ ᠪᠦᠷ ᠭᠡᠷ ᠤᠨ ᠠᠬᠠᠮᠠᠳ ᠪᠠ ᠪᠠᠭᠰᠢ ᠶᠢᠨ ᠪᠡᠶ᠎ᠡ ᠳᠡᠭᠡᠷᠡᠬᠢ ᠰᠡᠭᠦᠳᠡᠷ ᠲᠤᠰᠬᠠᠯ ᠪᠠᠶᠢᠵᠤ᠂ ᠭᠡᠷ ᠤᠨ ᠠᠬᠠᠮᠠᠳ ᠪᠠ ᠪᠠᠭᠰᠢ ᠨᠠᠷ ᠰᠤᠷᠤᠭᠴᠢᠳ ᠲᠠᠭᠠᠨ ᠪᠠᠷ᠎ᠠ ᠪᠣᠯᠬᠤ ᠪᠠᠷ ᠳᠠᠮᠵᠢᠨ ᠥᠪᠡᠷ ᠢ ᠪᠠᠨ ᠣᠶᠢᠯᠠᠭᠠᠵᠤ᠂ ᠥᠪᠡᠷ ᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠬᠡᠦᠬᠡᠳ ᠤᠨ ᠰᠡᠳᠬᠢᠯ ᠳᠠᠬᠢ ᠦᠯᠢᠭᠡᠷ ᠳᠠᠭᠤᠷᠢᠶᠠᠯ ᠪᠣᠯᠵᠤ᠂ ᠬᠠᠮᠲᠤ ᠪᠠᠷ ᠦᠰᠦᠨ ᠪᠤᠶᠢᠵᠢᠪᠠᠯ ᠵᠤᠬᠢᠯᠳᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号