ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ ᠢᠶᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠨ ᠬᠥᠭᠵᠢᠯᠲᠡ ᠶᠢ ᠠᠬᠢᠭᠤᠯᠵᠤ ᠠᠵᠢᠯ ᠣᠯᠭᠤᠯᠲᠠ ᠶᠢ ᠥᠷᠭᠡᠳᠬᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠠᠵᠢᠯ ᠤᠳ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/6/28
  ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ ᠢᠶᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠨ ᠬᠥᠭᠵᠢᠯᠲᠡ ᠶᠢ ᠠᠬᠢᠭᠤᠯᠵᠤ ᠠᠵᠢᠯ ᠣᠯᠭᠤᠯᠲᠠ ᠶᠢ ᠥᠷᠭᠡᠳᠬᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠠᠵᠢᠯ ᠤᠳ ᠢ ᠪᠠᠶᠢᠷᠢᠯᠠᠭᠤᠯᠪᠠ   ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠠᠷᠠᠯᠵᠢᠶᠠᠨ ᠤ ᠲᠠᠰ ᠳᠡᠪᠰᠢᠬᠦ ᠶᠢ ᠠᠬᠢᠭᠤᠯᠵᠤ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠣᠶᠢᠵᠢᠭᠤᠯᠤᠨ᠎ᠠ   ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 22᠎ ᠤᠨ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ ᠢᠶᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠨ᠂ ᠬᠥᠭᠵᠢᠯᠲᠡ ᠶᠢ ᠠᠬᠢᠭᠤᠯᠬᠤ᠂ ᠠᠵᠢᠯ ᠣᠯᠭᠤᠯᠲᠠ ᠶᠢ ᠥᠷᠭᠡᠳᠬᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠵᠡᠷᠭᠡ ᠠᠵᠢᠯ ᠤᠳ ᠢ ᠪᠠᠶᠢᠷᠢᠯᠠᠭᠤᠯᠪᠠ︔ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠲᠥᠷᠭᠡᠳᠬᠡᠨ ᠬᠥᠭᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠠᠷᠠᠯᠵᠢᠶᠠᠨ ᠤ ᠲᠡᠰ ᠳᠡᠪᠰᠢᠬᠦ ᠶᠢ ᠠᠬᠢᠭᠤᠯᠤᠨ᠂ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠤᠨ᠎ᠠ᠃   ᠬᠤᠷᠠᠯ ᠠᠴᠠ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠤᠢᠢᠷ᠎ᠠ ᠶᠢᠨ ᠵᠢᠯ ᠤᠨ ᠲᠤᠷᠰᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠤᠨ᠂ ᠶᠡᠭᠡ ᠬᠡᠮᠵᠢᠶᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠢ ᠪᠣᠯᠭᠠᠵᠤ᠂ ᠠᠵᠢᠯ ᠣᠯᠭᠤᠯᠲᠠ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠳᠤ ᠬᠦᠴᠦᠲᠡᠢ ᠲᠤᠯᠭᠠᠭᠤᠷᠢᠯᠠᠵᠤ᠂ ᠰᠢᠨ᠎ᠡ ᠬᠦᠳᠡᠯᠭᠡᠭᠴᠢ ᠴᠢᠳᠠᠪᠤᠷᠢ ᠶᠢᠨ ᠲᠦᠷᠭᠡᠨ ᠪᠤᠶᠢᠵᠢᠯᠲᠠ ᠶᠢ ᠠᠬᠢᠭᠤᠯᠤᠨ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠠᠢ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠤ ᠱᠠᠭᠠᠷᠳᠠᠯᠭ᠎ᠠ ᠶᠢ ᠨᠡᠩ ᠰᠠᠶᠢᠲᠤᠷ ᠲᠤᠭᠤᠰᠢᠯᠠᠭᠤᠯᠬᠤ ᠬᠡᠷᠡᠭᠲᠡᠶ᠃ ᠨᠢᠭᠡ ᠳᠤ᠂ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠬᠤ ᠬᠡᠷᠡᠭᠲᠡᠢ᠃ ᠬᠥᠳᠡᠯᠮᠦᠷᠢ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠭᠦᠨᠵᠡᠭᠡᠶ ᠲᠣᠬᠢᠷᠠᠭᠤᠯᠬᠤ᠂ ᠠᠵᠢᠯ ᠣᠯᠭᠤᠬᠤ ᠠᠷᠭ᠎ᠠ ᠮᠠᠶ᠋ᠢᠭ ᠢ ᠨᠡᠩ ᠤᠯᠠᠨ ᠡᠰᠢᠵᠢᠭᠦᠯᠬᠦ᠂ ᠵᠠᠬ᠎ᠠ ᠳᠡᠯᠭᠡᠭᠦᠷ ᠤᠨ ᠠᠮᠢᠳᠤᠯᠢᠭ ᠴᠢᠨᠠᠷ ᠢ ᠨᠡᠮᠡᠭᠳᠡᠭᠦᠯᠬᠦ ᠵᠡᠷᠭᠡ ᠰᠢᠨ᠎ᠡ ᠪᠠᠶᠢᠳᠠᠯ ᠳᠤ ᠵᠣᠬᠢᠴᠠᠭᠤᠯᠤᠨ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠂ ᠦᠷᠭᠦᠯᠵᠢᠯᠡᠨ ᠲᠣᠭᠲᠠᠭᠤᠨ ᠢᠶᠠᠷ ᠡᠵᠡᠩᠨᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠤᠯᠠᠨ ᠪᠤᠶᠢᠵᠢᠭᠤᠯᠵᠤ᠂ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠤᠯᠠᠨ ᠠᠷᠭ᠎ᠠ ᠵᠠᠮ ᠢᠶᠠᠷ ᠦᠢᠯᠡᠰ ᠴᠣᠭᠴᠠᠯᠠᠨ ᠠᠵᠢᠯ ᠤᠯᠬᠤ ᠶᠢ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠬᠤᠶᠠᠷ ᠲᠤ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠨᠡᠩ ᠰᠢᠯᠢᠳᠡᠭ ᠬᠥᠭᠵᠢᠯᠲᠡ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠦᠶ ᠵᠣᠬᠢᠰ ᠦᠭᠡᠶ ᠬᠠᠷᠰᠢ ᠰᠠᠭᠠᠳ ᠢ ᠠᠷᠢᠯᠭᠠᠨ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠳᠠᠬᠢ ᠭᠤᠤᠯᠯᠠᠬᠤ ᠪᠠᠶᠢᠷᠢ ᠶᠢ ᠡᠵᠡᠯᠡᠵᠦ ᠪᠠᠶᠢᠭ᠎ᠠ ︽ᠬᠡᠯᠬᠢᠶᠡᠵᠢᠯ ᠤᠨ ᠡᠵᠡᠨ︾ ᠪᠣᠯᠬᠤ ᠠᠵᠤ ᠠᠬᠤᠶᠢᠯᠠᠯ ᠤᠨ ᠬᠥᠲᠥᠯᠦᠨ ᠳᠠᠭᠠᠭᠤᠯᠵᠦ ᠲᠤᠯᠭᠠᠭᠤᠷᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠂ ᠵᠠᠬ᠎ᠠ ᠳᠡᠯᠭᠡᠭᠦᠷ᠂ ᠰᠢᠨ᠎ᠡ ᠶᠢ ᠡᠭᠦᠳᠬᠦ᠂ ᠪᠠᠯᠠ ᠮᠥᠩᠭᠦ ᠵᠡᠷᠭᠡ ᠬᠦᠴᠦᠨ ᠵᠦᠢᠯ ᠤᠨ ᠡᠬᠢ ᠪᠠᠶᠠᠯᠢᠭ ᠢ ᠨᠡᠭᠡᠭᠡᠵᠦ᠂ ᠰᠤᠳᠤᠯᠤᠨ ᠬᠥᠭᠵᠢᠭᠦᠯᠬᠦ᠂ ᠨᠡᠪᠴᠢᠭᠦᠯᠬᠦ᠂ ᠪᠠᠯᠠ ᠣᠷᠣᠭᠤᠯᠬᠤ ᠶᠢ ᠨᠢᠭᠡ ᠴᠤᠭᠴᠠᠵᠢᠭᠤᠯᠤᠭᠰᠠᠨ ᠦᠢᠯᠡᠰ ᠴᠣᠭᠴᠠᠯᠠᠵᠤ ᠰᠢᠨ᠎ᠡ ᠶᠢ ᠡᠭᠦᠳᠦᠨ ᠪᠤᠶᠢᠵᠢᠭᠤᠯᠬᠤ ᠲᠥᠪ ᠢ ᠪᠥᠲᠥᠭᠡᠨ ᠪᠠᠶᠢᠭᠤᠯᠵᠤ᠂ ᠨᠠᠩ ᠣᠯᠠᠨ ︽ᠲᠤᠰᠬᠠᠶ ᠰᠣᠳᠣᠨ ᠥᠪᠡᠷᠮᠢᠴᠡ ᠰᠢᠨ᠎ᠡ︾᠂ ︽ᠵᠢᠭᠠᠬᠠᠨ ᠠᠪᠤᠷᠭᠤ︾᠂ ᠦᠢᠯᠡᠳᠬᠡᠯ ᠤᠨ ᠦᠢᠯᠡᠰ ᠤᠨ ᠭᠠᠭᠴᠠ ᠵᠦᠢᠯ ᠤᠨ ᠮᠠᠩᠯᠠᠶ ᠵᠡᠷᠭᠡ ᠳᠤᠮᠳᠠ ᠵᠢᠵᠢᠭ ᠠᠵᠤ ᠠᠬᠤᠶᠢᠯᠠᠯ ᠤᠨ ᠦᠰᠦᠨ ᠪᠤᠵᠠᠭᠠᠶᠢᠷᠠᠬᠤ ᠶᠢ ᠠᠬᠢᠭᠤᠯᠤᠨ᠎ᠠ᠃ ᠲᠥᠪ ᠭᠤᠣᠯᠴᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠭᠤᠷᠪᠠ ᠳᠤ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠢ ᠴᠢᠩᠭᠠᠳᠬᠠᠬᠤ ᠬᠡᠷᠡᠭᠲᠡᠢ᠃ ᠭᠠᠶᠢᠯᠢ ᠲᠠᠲᠠᠪᠤᠷᠢ ᠶᠢ ᠬᠥᠩᠭᠡᠯᠡᠵᠦ ᠬᠡᠯᠲᠦᠷᠢᠭᠦᠯᠬᠦ᠂ ᠰᠤᠳᠤᠯᠤᠨ ᠬᠥᠭᠵᠢᠭᠦᠯᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠬᠠᠰᠤᠬᠤ᠂ ᠦᠷᠳᠡᠭ ᠨᠡᠮᠡᠭᠳᠡᠯ ᠤᠨ ᠭᠠᠶᠢᠯᠢ ᠶᠢᠨ ᠨᠡᠮᠡᠭᠳᠡᠯ ᠤᠨ ᠬᠡᠮᠵᠢᠶ᠎ᠡ ᠶᠢ ᠦᠯᠡᠳᠡᠭᠡᠵᠦ ᠭᠠᠶᠢᠯᠢ ᠶᠢ ᠲᠤᠯᠭᠠᠨ ᠪᠤᠴᠠᠭᠠᠬᠤ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢ ᠬᠥᠲᠥᠯᠦᠨ ᠵᠢᠯᠣᠭᠤᠳᠬᠤ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠥᠷᠢᠮ ᠤᠨ ᠲᠤᠷᠰᠢᠯᠲᠠ ᠳᠤ ᠣᠷᠤᠯᠴᠠᠬᠤ ᠶᠢ ᠠᠬᠢᠭᠤᠯᠤᠨ᠎ᠠ᠃ ᠭᠠᠳᠠᠭᠠᠳᠤ ᠶᠢᠨ ᠨᠡᠩ ᠤᠯᠠᠨ ᠴᠢᠳᠠᠪᠤᠷᠢᠲᠠᠨ ᠤ ᠳᠤᠮᠳᠠᠳᠤ ᠤᠯᠤᠰ ᠲᠤ ᠢᠷᠡᠵᠤ ᠦᠢᠯᠡᠰ ᠴᠣᠭᠴᠠᠯᠠᠬᠤ ᠶᠢ ᠲᠠᠲᠠᠵᠤ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠨᠥᠬᠦᠴᠡᠯ ᠲᠠᠢ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠳᠡᠯᠡᠬᠡᠶᠢᠴᠢᠯᠡᠭᠰᠡᠨ ᠬᠥᠭᠵᠢᠯᠲᠡ ᠶᠢ ᠳᠡᠮᠵᠢᠬᠦ ᠬᠡᠷᠡᠭᠲᠡᠢ ᠭᠡᠵᠡᠢ᠃   ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠪᠣᠯ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠭᠤᠣᠯ ᠬᠦᠴᠦᠨ ᠮᠥᠨ᠂ ᠪᠠᠰᠠ ᠴᠦ ᠤᠯᠠᠨ ᠤᠯᠤᠰ ᠤᠨ ᠠᠷᠠᠯᠵᠢᠶᠠᠨ ᠤ ᠬᠥᠭᠵᠢᠯᠲᠡ ᠶᠢᠨ ᠴᠢᠬᠤᠯᠠ ᠬᠠᠨᠳᠤᠰᠢ ᠮᠥᠨ᠃ ᠣᠶᠢᠷ᠎ᠠ ᠶᠢᠨ ᠵᠢᠯ ᠤᠨ ᠲᠤᠷᠰᠢ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠲᠦᠷᠭᠡᠨ ᠢᠶᠠᠷ ᠬᠥᠭᠵᠢᠵᠦ᠂ ᠡᠭᠦᠨ ᠳᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠪᠴᠢᠶ᠎ᠡ 5 ᠵᠢᠯ ᠳᠤ 10 ᠳᠠᠬᠢᠨ ᠰᠢᠬᠠᠮ ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠢᠯᠠᠩᠭᠤᠶ᠎ᠠ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠳᠣᠤᠷ᠎ᠠ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠳᠤ ᠴᠢᠬᠤᠯᠠ ᠦᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠤᠭᠤᠯᠤᠭᠰᠠᠨ ᠲᠠᠸᠠᠷ ᠤᠨ ᠵᠢᠵᠢᠭᠯᠡᠨ ᠬᠤᠳᠠᠯᠳᠤᠬᠤ ᠨᠠᠷᠢᠨ ᠬᠠᠭᠤᠳᠠᠰᠤ ᠶᠢ ᠰᠢᠯᠢᠳᠡᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠠᠴᠠ ᠣᠷᠤᠭᠤᠯᠵᠤ ᠭᠠᠷᠭᠠᠭᠰᠠᠨ ᠪᠠᠷᠠᠭ᠎ᠠ ᠶᠢ ᠪᠤᠴᠠᠭᠠᠵᠦ ᠰᠣᠯᠢᠬᠤ ᠬᠠᠮᠢᠶᠠᠷᠤᠯᠲᠠ ᠳᠤ ᠳᠥᠭᠦᠮ ᠦᠵᠡᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠦᠭᠯᠡᠭᠦᠷ ᠢ ᠲᠣᠭᠲᠠᠭᠠᠵᠤ᠂ ᠬᠠᠭᠤᠷᠮᠠᠭ ᠮᠠᠭᠤ ᠲᠠᠸᠠᠷ ᠢ ᠰᠡᠷᠭᠡᠶᠢᠯᠡᠨ᠎ᠡ᠃ ᠬᠤᠶᠠᠷ ᠲᠤ᠂ ᠭᠠᠳᠠᠭᠠᠳᠤ ᠳᠠᠬᠢ ᠬᠥᠮᠥᠷᠭᠡ ᠶᠢᠨ ᠬᠥᠭᠵᠢᠯᠲᠡ ᠶᠢ ᠢᠳᠡᠪᠬᠢᠲᠡᠶ ᠪᠠᠷ ᠠᠬᠢᠭᠤᠯᠬᠤ ᠬᠡᠷᠡᠭᠲᠡᠶ᠃ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠵᠡᠷᠭᠡ ᠶᠢᠨ ᠭᠠᠳᠠᠭᠠᠳᠤ ᠳᠠᠬᠢ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠭᠠᠳᠠᠭᠠᠳᠤ ᠳᠠᠬᠢ ᠬᠥᠮᠥᠷᠭᠡ ᠶᠢᠨ ᠲᠣᠭᠠᠵᠢᠭᠤᠯᠤᠯᠲᠠ᠂ ᠤᠶᠤᠨᠴᠢᠯᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠣᠩᠭᠤᠴᠠ ᠵᠢᠭᠡᠯᠡᠨ ᠲᠡᠯᠡᠶ ᠳᠤ ᠭᠠᠷᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠲᠥᠷᠥᠯ ᠲᠡᠮᠳᠡᠭᠲᠦ᠂ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠢᠯᠡᠳᠬᠦᠨ ᠤ ᠣᠯᠠᠨ ᠤᠯᠤᠰ ᠤᠨ ᠵᠠᠬ᠎ᠠ ᠳᠡᠯᠭᠡᠭᠦᠷ ᠤᠨ ᠣᠷᠣᠨ ᠵᠠᠶ ᠶᠢ ᠥᠷᠭᠡᠳᠬᠡᠬᠦ ᠶᠢ ᠳᠠᠶᠢᠴᠢᠯᠠᠨ᠎ᠠ᠃ ᠭᠤᠷᠪᠠ ᠳᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶᠠᠨ ᠤ ᠠᠷᠭ᠎ᠠ ᠬᠡᠯᠪᠡᠷᠢ ᠶᠢ ᠢᠳᠡᠪᠬᠢᠲᠡᠢ ᠬᠥᠭᠵᠢᠭᠦᠯᠵᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ ᠶᠢ ᠪᠤᠴᠠᠭᠠᠬᠤ ᠠᠵᠢᠯ ᠢ ᠲᠥᠪᠯᠡᠷᠡᠭᠦᠯᠵᠦ ᠣᠷᠣᠯᠠᠨ ᠭᠦᠢᠴᠡᠳᠬᠡᠬᠦ ᠠᠵᠢᠯ ᠤᠨ ᠦᠷ᠎ᠡ ᠪᠦᠲᠦᠮᠵᠢ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠴᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠶᠢᠯᠢ ᠶᠢ ᠪᠠᠲᠤᠯᠠᠬᠤ ᠵᠠᠰᠠᠯᠲᠠ ᠥᠷᠨᠢᠭᠦᠯᠬᠦ ᠶᠢ ᠳᠡᠮᠵᠢᠵᠦ᠂ ᠨᠥᠬᠦᠴᠡᠯ ᠲᠠᠢ ᠭᠠᠵᠠᠷ ᠣᠷᠣᠨ ᠤ ᠬᠢᠯᠢ ᠶᠢᠨ ᠭᠠᠳᠠᠨᠠᠬᠢ ᠠᠷᠠᠯᠵᠢᠶ᠎ᠠ ᠶᠢ ᠬᠥᠭᠵᠢᠭᠦᠯᠬᠦ ᠶᠢ ᠳᠡᠮᠵᠢᠬᠦ ᠬᠡᠷᠡᠭᠲᠡᠢ᠃ ᠲᠦᠷᠪᠡ ᠳᠤ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠤᠯᠠᠨ ᠤᠯᠤᠰ ᠤᠨ ᠲᠦᠷᠢᠮ ᠪᠠ ᠪᠠᠷᠢᠮᠵᠢᠶ᠎ᠠ ᠶᠢ ᠲᠣᠭᠲᠠᠭᠠᠬᠤ ᠳᠤ ᠢᠳᠡᠪᠬᠢᠲᠡᠶ ᠣᠷᠣᠯᠴᠠᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠤᠯᠤᠰ ᠠᠯᠤᠰᠯᠠᠭᠰᠠᠨ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠎ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号