ᠰᠢ ᠶᠢᠨ ᠫᠢᠩ ᠹᠢᠵᠢ ᠶᠢᠨ ᠶᠡᠷᠦᠩᠬᠡᠢ ᠰᠠᠶᠢᠳ ᠮᠦᠪᠠᠶᠢᠨᠢᠮᠠᠯᠠᠮᠠ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/6/29
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 24᠎ ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 24᠎ ᠤ ᠡᠳᠦᠷ ᠹᠢᠵᠢ ᠶᠢᠨ ᠶᠡᠷᠦᠩᠬᠡᠢ ᠰᠠᠶᠢᠳ ᠮᠦᠪᠠᠶᠢᠨᠢᠮᠠᠯᠠᠮᠠ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠹᠢᠵᠢ ᠪᠣᠯ ᠰᠢᠨ᠎ᠡ ᠳᠤᠮᠳᠠᠳᠤ ᠤᠯᠤᠰ ᠲᠠᠢ ᠬᠠᠮᠤᠭ ᠤᠨ ᠡᠷᠲᠡ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠨᠣᠮᠣᠬᠠᠨ ᠲᠠᠯᠠᠢ ᠶᠢᠨ ᠠᠷᠠᠯᠲᠤ ᠤᠯᠤᠰ ᠪᠣᠯᠤᠨ᠎ᠠ᠃ ᠬᠠᠷᠢᠯᠴᠠᠭ᠎ᠠ ᠪᠠᠶᠢᠭᠤᠯᠤᠭᠰᠠᠨ 46 ᠵᠢᠯ ᠤᠨ ᠲᠤᠷᠰᠢ᠂ ᠳᠤᠮᠳᠠᠳᠤ ᠹᠢᠵᠢ ᠶᠢᠨ ᠬᠠᠷᠢᠯᠴᠠᠭ᠎ᠠ ᠯᠤᠲᠤ ᠶᠡᠭᠡ ᠬᠥᠭᠵᠢᠯᠲᠡ ᠲᠠᠢ ᠪᠣᠯᠵᠠᠢ᠂ ᠡᠭᠦᠨ ᠳᠤ ᠴᠢᠬᠤᠯᠠ ᠨᠢᠭᠡᠨ ᠲᠤᠷᠰᠢᠯᠭ᠎ᠠ ᠭᠡᠪᠡᠯ ᠬᠤᠶᠠᠷ ᠲᠠᠯ᠎ᠠ ᠪᠠᠷ ᠢᠶᠠᠨ ᠢᠮᠠᠭᠲᠠ ᠨᠦᠬᠦᠬᠡ ᠨᠢᠭᠡ ᠲᠠᠯ᠎ᠠ ᠶᠢᠨ ᠢᠶᠠᠨ ᠭᠤᠣᠯᠯᠠᠬᠤ ᠠᠰᠢᠭ ᠲᠤᠰᠠ ᠪᠠ ᠴᠢᠬᠤᠯᠠ ᠶᠡᠭᠡ ᠠᠩᠬᠠᠷᠴᠤ ᠪᠠᠶᠢᠭ᠎ᠠ ᠠᠰᠠᠭᠤᠳᠠᠯ ᠲᠡᠭᠡᠷ᠎ᠡ ᠬᠠᠷᠢᠯᠴᠠᠨ ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠹᠢᠵᠢ ᠶᠢᠨ ᠲᠤᠰ ᠤᠯᠤᠰ ᠤᠨ ᠢᠶᠠᠨ ᠪᠠᠶᠢᠳᠠᠯ ᠳᠤ ᠲᠤᠬᠢᠷᠠᠬᠰᠠᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠬᠦᠨᠳᠦᠳᠬᠡᠵᠦ᠂ ᠳᠤᠷᠠᠲᠠᠶ᠎ᠠ ᠹᠢᠵᠢ ᠲᠠᠢ ᠬᠠᠮᠲᠤ ᠪᠠᠷ ᠳᠤᠮᠳᠠᠳᠤ ᠹᠢᠵᠢ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠳᠤᠮᠳᠠᠳᠤ ᠹᠢᠵᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠯᠵᠤ᠂ ᠭᠠᠷ ᠬᠤᠯᠪᠣᠨ ᠬᠢᠵᠢᠭ ᠲᠠᠢ ᠲᠡᠮᠡᠴᠡᠵᠦ ᠂ ᠬᠤᠶᠠᠷ ᠤᠯᠤᠰ ᠤᠨ ᠨᠥᠬᠦᠷᠯᠡᠯ ᠪᠣᠯᠤᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠪᠡ᠃ ᠳᠤᠮᠳᠠᠳᠤ ᠤᠯᠤᠰ ᠳᠤᠷᠠᠲᠠᠶ᠎ᠠ ᠹᠢᠵᠢ ᠶᠢᠨ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠸᠠᠺᠼᠢᠨ ᠵᠡᠷᠭᠡ ᠳᠡᠮᠵᠢᠯᠭᠡ ᠬᠠᠩᠭᠠᠵᠤ᠂ ᠳᠤᠮᠳᠠᠳᠤ ᠤᠯᠤᠰ — ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠶᠢ ᠪᠠᠶᠢᠭᠤᠯᠵᠤ᠂ ᠹᠢᠵᠢ ᠵᠡᠷᠭᠡ ᠠᠷᠠᠯᠲᠤ ᠤᠯᠤᠰ ᠤᠳ ᠢ ᠬᠠᠪᠰᠤᠷᠤᠨ ᠤᠯᠠᠨ ᠨᠡᠶᠢᠲᠡ ᠶᠢᠨ ᠬᠦᠨᠳᠦ ᠶᠡᠭᠡ ᠡᠷᠡᠭᠦᠯ ᠬᠠᠮᠠᠭᠠᠯᠠᠯ ᠤᠨ ᠬᠡᠷᠡᠭ ᠪᠣᠯᠤᠨ ᠪᠠᠶᠢᠭᠠᠯᠢ ᠶᠢᠨ ᠭᠠᠮᠰᠢᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠹᠢᠵᠢ ᠲᠠᠢ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠥᠲᠥᠭᠡᠨ ᠪᠠᠶᠢᠭᠤᠯᠵᠤ᠂ ᠠᠷᠠᠯᠵᠢᠶ᠎ᠠ ᠪᠠᠯᠠ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠵᠠᠮ ᠬᠠᠷᠢᠯᠴᠠᠭ᠎ᠠ ᠴᠢᠮᠡᠭᠡ ᠬᠤᠯᠪᠣᠭ᠎ᠠ᠂ ᠵᠢᠭᠤᠯᠴᠢᠯᠠᠯ ᠵᠡᠷᠭᠡ ᠬᠦᠷᠢᠶ᠎ᠠ ᠴᠠᠷᠠᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠥᠭᠦ ᠶᠢᠨ ᠡᠪᠡᠰᠦ᠂ ᠲᠠᠷᠢᠶᠠᠯᠠᠩ ᠤᠨ ᠮᠡᠷᠭᠡᠵᠢᠯ ᠤᠨ ᠬᠠᠮᠲᠤᠷᠠᠯᠴᠠᠭ᠎ᠠ ᠵᠡᠷᠭᠡ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠹᠢᠵᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠹᠢᠵᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠦᠷᠭᠦᠯᠵᠢᠯᠡᠨ ᠳᠡᠮᠵᠢᠨ᠎ᠡ ᠭᠡᠵᠤ ᠴᠢᠬᠤᠯᠠᠴᠢᠯᠠᠪᠠ᠃      ᠮᠦᠪᠠᠶᠢᠨᠢᠮᠠᠯᠠᠮᠠ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠤᠨ ᠬᠤᠯᠠ ᠶᠢᠨ ᠬᠠᠷᠠᠴᠠ ᠰᠡᠴᠡᠨ ᠤᠬᠠᠭᠠᠨ ᠪᠣᠯᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠭᠡ ᠬᠥᠭᠵᠢᠯᠲᠡ ᠶᠢᠨ ᠠᠮᠵᠢᠯᠲᠠ ᠶᠢ ᠣᠯᠵᠤ᠂ ᠳᠡᠯᠡᠬᠡᠢ ᠳᠡᠭᠡᠷ᠎ᠡ ᠴᠢᠬᠤᠯᠠ ᠤᠳᠤᠷᠢᠳᠬᠤ ᠦᠢᠯᠡᠳᠦᠯ ᠦᠵᠡᠭᠦᠯᠵᠦ ᠪᠠᠶᠢᠨ᠎ᠠ᠃ ᠳᠤᠮᠳᠠᠳᠤ ᠤᠯᠤᠰ ᠹᠢᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠹᠢᠵᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠲᠤᠯᠭ᠎ᠠ ᠶᠢ ᠡᠷᠡᠰ ᠪᠠᠷᠢᠮᠳᠠᠯᠠᠵᠤ᠂ ᠲᠠᠶᠢᠸᠠᠨ ᠳᠤ ᠬᠤᠯᠪᠣᠭᠳᠠᠬᠤ᠂ ᠰᠢᠶᠠᠩᠭᠠᠩ ᠳᠤ ᠬᠤᠯᠪᠣᠭᠳᠠᠬᠤ᠂ ᠰᠢᠨᠵᠢᠶᠠᠩ ᠳᠤ ᠬᠤᠯᠪᠣᠭᠳᠠᠬᠤ ᠵᠡᠷᠭᠡ ᠠᠰᠠᠭᠤᠳᠠᠯ ᠳᠡᠭᠡᠷ᠎ᠡ ᠪᠤᠰᠤᠳᠴᠢ ᠲᠥᠪ ᠭᠤᠣᠯᠴᠢ ᠵᠣᠭᠰᠣᠯᠲᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠶᠠᠪᠤᠳᠠᠯ ᠢ ᠬᠢᠬᠦ ᠦᠭᠡᠢ᠃ ᠹᠢᠵᠢ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠤᠯᠤᠰ ᠤᠨ ᠬᠡᠷᠡᠭ ᠶᠠᠪᠤᠳᠠᠯ ᠳᠠᠬᠢ ᠤᠯᠤᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ᠃ ︽ᠨᠢᠭᠡ ᠪᠦᠰᠡ ᠨᠢᠭᠡ ᠵᠠᠮ︾᠎ ᠢ ᠬᠠᠮᠳᠤ ᠪᠠᠷ ᠪᠦᠲᠦᠭᠡᠨ ᠪᠠᠶᠢᠭᠤᠯᠬᠤ ᠶᠢᠨ ᠢᠷᠡᠭᠡᠳᠦᠢ ᠰᠠᠷᠠᠭᠤᠯ ᠠᠭᠤᠳᠠᠮ ᠪᠠᠶᠢᠵᠦ᠂ ᠹᠢᠵᠢ ᠳᠤᠮᠳᠠᠳᠤ ᠶᠢᠨ ᠬᠠᠮᠳᠤᠷᠠᠯᠴᠠᠭ᠎ᠠ ᠳᠤ ᠴᠢᠬᠤᠯᠠ ᠠᠵᠠ ᠳᠤᠬᠢᠶᠠᠯ ᠢ ᠠᠪᠴᠢᠷᠠᠬᠤ ᠪᠤᠯᠤᠨ᠎ᠠ᠂ ᠹᠢᠵᠢ ᠶᠢᠨ ᠬᠢᠨ ᠦᠷᠭᠦᠯᠵᠢᠯᠡᠨ ᠢᠳᠡᠪᠬᠢᠳᠠᠢ ᠤᠷᠤᠯᠴᠠᠨ᠎ᠠ ᠭᠡᠵᠤ ᠢᠯᠡᠷᠬᠡᠶᠢᠯᠡᠪᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠎ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号