ᠰᠢ ᠶᠢᠨ ᠫᠢᠩ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2021/6/29
     ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 24 ᠤ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 6 ᠰᠠᠷ᠎ᠠ ᠶᠢᠨ 24 ᠤ ᠡᠳᠦᠷ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠲᠠᠢ ᠤᠲᠠᠰᠤ ᠪᠠᠷ ᠶᠠᠷᠢᠯᠴᠠᠪᠠ᠃      ᠰᠢ ᠶᠢᠨ ᠫᠢᠩ᠂ ᠰᠧᠷᠪᠢᠶ᠎ᠠ ᠶᠢᠨ ᠠᠷᠠᠳ ᠲᠦᠮᠡᠨ ᠪᠣᠯ ᠨᠠᠶᠢᠷ ᠵᠢᠷᠤᠮ ᠢ ᠴᠢᠬᠤᠯᠠᠴᠢᠯᠠᠳᠠᠭ ᠦᠨᠳᠦᠰᠦᠲᠡᠨ ᠮᠥᠨ᠂ ᠳᠤᠮᠳᠠᠳᠤ ᠰᠧᠷᠪᠢᠶ᠎ᠠ ᠶᠢᠨ ︽ᠪᠠᠳᠤ ᠦᠨᠡᠨᠴᠢ ᠨᠥᠬᠦᠷᠯᠡᠯ︾ ᠪᠣᠯ ᠡᠷᠬᠢᠮ ᠨᠠᠨᠳᠢᠨ ᠶᠤᠮ᠂ ᠪᠢᠳᠡ ᠡᠷᠡᠰ ᠬᠠᠮᠠᠭᠠᠯᠠᠵᠤ᠂ ᠦᠶ᠎ᠡ ᠶᠢᠨ ᠦᠶ᠎ᠡ ᠳᠤ ᠪᠠᠳᠠᠷᠠᠭᠤᠯᠤᠭᠤᠰᠢᠲᠠᠢ ᠶᠤᠮ᠃ ᠣᠳᠣᠬᠠᠨ ᠳᠤ᠂ ᠳᠤᠮᠳᠠᠳᠤ ᠰᠧᠷᠪᠢᠶ᠎ᠠ ᠬᠤᠶᠠᠷ ᠤᠯᠤᠰ ᠲᠤ ᠴᠥᠮ ᠰᠢᠨ᠎ᠡ ᠠᠵᠠ ᠲᠣᠬᠢᠶᠠᠯ ᠪᠣᠯᠤᠨ ᠥᠷᠢᠰᠥᠯᠳᠦᠭᠡᠨ ᠲᠤᠯᠭᠠᠷᠠᠵᠤ ᠪᠠᠶᠢᠨ᠎ᠠ᠂ ᠳᠤᠮᠳᠠᠳᠤ ᠤᠯᠤᠰ ᠳᠤᠷᠠᠲᠠᠶ᠎ᠠ ᠰᠧᠷᠪᠢᠶ᠎ᠠ ᠶᠢᠨ ᠬᠢᠨ ᠲᠠᠢ ᠬᠠᠮᠲᠤ ᠪᠠᠷ᠂ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ ᠬᠠᠷᠢᠯᠴᠠᠭ᠎ᠠ ᠳᠤ ᠬᠠᠨᠳᠤᠵᠤ ᠬᠦᠭᠵᠢᠬᠦᠯᠦᠨ᠂ ᠳᠤᠮᠳᠠᠳᠤ ᠰᠧᠷᠪᠢᠶ᠎ᠠ ᠶᠢᠨ ᠨᠥᠬᠦᠷᠰᠡᠭ ᠬᠠᠷᠢᠯᠴᠠᠭ᠎ᠠ ᠶᠢ ᠦᠨᠢᠳᠡ ᠪᠠᠲᠤ ᠪᠣᠯᠭᠠᠨ᠎ᠠ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠪᠢᠳᠡ ᠲᠤᠰ ᠲᠤᠰ ᠤᠨ ᠤᠯᠤᠰ ᠤᠨ ᠡᠷᠬᠡ ᠮᠡᠳᠡᠯ ᠪᠣᠯᠤᠨ ᠠᠮᠤᠷ ᠲᠦᠪᠰᠢᠨ ᠢ ᠬᠠᠮᠠᠭᠠᠯᠠᠬᠤ ᠴᠢᠷᠮᠠᠶᠢᠯᠭ᠎ᠠ ᠳᠤᠮᠳᠠ ᠬᠠᠷᠢᠯᠴᠠᠨ ᠡᠷᠡᠰ ᠳᠡᠮᠵᠢᠶ᠎ᠠ᠃ ᠳᠤᠮᠳᠠᠳᠤ ᠤᠯᠤᠰ ᠰᠧᠷᠪᠢᠶ᠎ᠠ ᠶᠢᠨ ᠠᠷᠠᠳ ᠲᠦᠮᠡᠨ ᠤ ᠥᠪᠡᠷ ᠤᠨ ᠤᠯᠤᠰ ᠤᠨ ᠪᠠᠶᠢᠳᠠᠯ ᠢᠶᠠᠨ ᠦᠨᠳᠦᠰᠦᠯᠡᠨ ᠰᠣᠩᠭᠤᠭᠰᠠᠨ ᠬᠥᠭᠵᠢᠯᠲᠡ ᠶᠢᠨ ᠵᠠᠮ ᠢ ᠳᠡᠮᠵᠢᠨ᠎ᠡ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠳᠦᠬᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠶ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠠᠵᠤ ᠠᠬᠤᠢ ᠶᠢᠨ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠶ᠎ᠠ᠃ ᠰᠧᠷᠪᠢᠶ᠎ᠠ ᠶᠢᠨ ᠬᠢᠨ ᠬᠡᠷᠡᠭᠴᠡᠭᠡ ᠲᠠᠢ ᠯᠡ ᠶᠤᠮ ᠪᠣᠯ ᠳᠤᠮᠳᠠᠳᠤ ᠤᠯᠤᠰ ᠳᠤᠷᠠᠲᠠᠶ᠎ᠠ ᠰᠧᠷᠪᠢᠶ᠎ᠠ ᠶᠢᠨ ᠬᠢᠨ ᠤ ᠬᠢᠵᠢᠭ ᠲᠠᠢ ᠲᠡᠮᠡᠴᠡᠬᠦ ᠳᠤ ᠦᠷᠭᠦᠯᠵᠢᠯᠡᠨ ᠬᠠᠪᠰᠤᠷᠤᠯᠭ᠎ᠠ ᠬᠠᠩᠭᠠᠨ᠎ᠠ᠃ ᠤᠯᠠᠨ ᠲᠠᠯᠠᠲᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠢ ᠡᠷᠡᠰ ᠬᠠᠮᠠᠭᠠᠯᠠᠵᠤ᠂ ᠤᠯᠠᠨ ᠤᠯᠤᠰ ᠤᠨ ᠬᠠᠤᠯᠢ ᠪᠣᠯᠤᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠲᠦᠷᠢᠮ ᠢ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ ᠃ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠶᠢᠨ ᠤᠯᠤᠰ ᠤᠳ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠤᠨ ᠬᠠᠮᠲᠤ ᠶᠢᠨ ᠲᠠᠨᠢᠯᠲᠠ ᠪᠣᠯᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠶᠢᠨ ᠤᠯᠤᠰ ᠤᠳ ᠤᠨ ᠬᠠᠮᠲᠤᠷᠠᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠤᠶ᠎ᠠ ᠭᠡᠵᠤ ᠴᠢᠬᠤᠯᠠᠴᠢᠯᠠᠵᠠᠢ᠃      ᠥᠴᠢᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠠᠮᠵᠢᠯᠲᠠ ᠶᠢ ᠣᠯᠵᠤ᠂ ᠤᠯᠤᠰ ᠤᠨ ᠪᠠᠶᠠᠵᠢᠯ ᠬᠦᠴᠦᠷᠬᠡᠭᠵᠢᠯ ᠢ ᠪᠡᠶᠡᠯᠡᠭᠦᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠦᠷᠭᠦᠯᠵᠢᠯᠡᠨ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠲᠤᠮᠤ ᠠᠯᠬᠤᠭ᠎ᠠ ᠪᠠᠷ ᠤᠷᠤᠭᠰᠢᠯᠠᠬᠤ ᠶᠢ ᠪᠢ ᠪᠠᠲᠤ ᠢᠲᠡᠭᠡᠵᠦ ᠪᠠᠶᠢᠨ᠎ᠠ᠃ ᠳᠤᠮᠳᠠᠳᠤ ᠤᠯᠤᠰ ᠪᠣᠯ ᠰᠧᠷᠪᠢᠶ᠎ᠠ ᠶᠢᠨ ᠠᠭᠤᠤ ᠶᠡᠭᠡ ᠨᠠᠶᠢᠵᠠ ᠮᠥᠨ᠂ ᠰᠧᠷᠪᠢᠶ᠎ᠠ ᠳᠤᠮᠳᠠᠳᠤ ᠶᠢᠨ ᠬᠠᠷᠢᠯᠴᠠᠭ᠎ᠠ ᠣᠳᠣᠬᠠᠨ ᠳᠤ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠣᠷᠣᠰᠢᠵᠤ ᠪᠠᠶᠢᠨ᠎ᠠ᠂ ᠰᠧᠷᠪᠢᠶ᠎ᠠ ᠶᠢᠨ ᠬᠢᠨ ᠰᠧᠷᠪᠢᠶ᠎ᠠ ᠳᠤᠮᠳᠠᠳᠤ ᠶᠢᠨ ︽ᠪᠠᠳᠤ ᠦᠨᠡᠨᠴᠢ ᠨᠥᠬᠦᠷᠯᠡᠯ︾ ᠳᠤ ᠣᠮᠣᠭᠰᠢᠵᠤ ᠪᠠᠶᠢᠨ᠎ᠠ᠃ ᠳᠤᠮᠳᠠᠳᠤ ᠤᠯᠤᠰ ᠰᠧᠷᠪᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ ᠲᠤᠰᠠᠯᠠᠮᠵᠢ ᠬᠠᠩᠭᠠᠵᠤ᠂ ᠤᠯᠠᠮᠵᠢᠯᠠᠯᠲᠤ ᠨᠥᠬᠦᠷᠯᠡᠯ ᠢ ᠭᠦᠨᠵᠡᠭᠡᠶᠢᠷᠡᠭᠦᠯᠦᠨ ᠪᠠᠬᠢᠵᠢᠭᠦᠯᠪᠡ᠂ ᠸᠠᠺᠼᠢᠨ ᠵᠡᠷᠭᠡ ᠲᠠᠯ᠎ᠠ ᠪᠠᠷ ᠦᠷᠭᠦᠯᠵᠢᠯᠡᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠃ ᠰᠧᠷᠪᠢᠶ᠎ᠠ ᠶᠢᠨ ᠬᠢᠨ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠬᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠡᠯ᠎ᠡ ᠬᠦᠷᠢᠶ᠎ᠠ ᠴᠠᠷᠠᠭᠠᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠨ᠎ᠡ᠃ ᠰᠧᠷᠪᠢᠶ᠎ᠠ ᠶᠢᠨ ᠬᠢᠨ ᠳᠤᠮᠳᠠᠳᠤ ᠤᠯᠤᠰ — ᠳᠤᠮᠳᠠ ᠵᠡᠭᠦᠨ ᠧᠦ᠋ᠷᠣᠫᠠ ᠶᠢᠨ ᠤᠯᠤᠰ ᠤᠳ ᠤᠨ ᠬᠠᠮᠲᠤᠷᠠᠯᠴᠠᠭ᠎ᠠ ᠶᠢ ᠡᠷᠡᠰ ᠳᠡᠮᠵᠢᠬᠦ ᠪᠥᠭᠡᠳ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ᠃ ᠰᠧᠷᠪᠢᠶ᠎ᠠ ᠳᠤᠮᠳᠠᠳᠤ ᠶᠢᠨ ᠨᠥᠬᠦᠷᠯᠡᠯ ᠥᠨᠢ ᠮᠥᠩᠬᠡ ᠣᠷᠣᠰᠢᠬᠤ ᠶᠢ ᠵᠥᠩᠨᠡᠶ᠎ᠡ ᠭᠡᠵᠤ ᠢᠯᠡᠳᠭᠡᠪᠡ
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号