ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠹᠧᠩ ᠵᠢᠶᠠᠨ ᠵᠢᠶᠦ᠋ᠨ ᠳᠠᠭᠠᠭᠠᠴᠢᠯᠠᠨ ᠬᠠᠷᠢᠭᠤᠴᠠᠭᠰᠠᠨ ᠲᠣᠰᠬᠤᠨ ᠳᠤ ᠪᠠᠨ ᠭᠦᠨᠵᠡᠭᠡᠶᠢᠷᠡᠨ ᠭᠠᠮᠰᠢᠭ ᠤᠨ ᠪᠠᠶᠢᠳᠠᠯ ᠢ ᠪᠠᠶᠢᠴᠠᠭᠠᠭᠰᠠᠨ ᠤ ᠬᠠᠮᠲᠤ ᠭᠠᠮᠰᠢᠭ ᠠᠴᠠ ᠠᠪᠤᠷᠠᠬᠤ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/6/29
            6 ᠰᠠᠷ᠎ᠠ ᠶᠢᠨ 26 ᠤ ᠡᠳᠦᠷ᠂ ᠬᠤᠰᠢᠭᠤ ᠳᠡᠳ᠋ ᠳᠠᠷᠤᠭ᠎ᠠ ᠹᠧᠩ ᠵᠢᠶᠠᠨ ᠵᠢᠶᠦ᠋ᠨ ᠬᠠᠪᠢᠷᠭ᠎ᠠ ᠪᠠᠯᠭᠠᠰᠤᠨ ᠤ ᠴᠢᠶᠠᠨ ᠪᠠᠨ ᠲᠠᠢ ᠲᠣᠰᠬᠤᠨ᠂ ᠴᠢᠮᠡᠳ ᠲᠣᠰᠬᠤᠨ ᠳᠤ ᠬᠦᠷᠴᠦ᠂ ᠬᠡᠷ ᠪᠠᠶᠢᠰᠢᠩ᠂ ᠬᠠᠰᠢᠶ᠎ᠠ ᠰᠠᠷᠠᠪᠴᠢ᠂ ᠲᠠᠷᠢᠮᠠᠯ᠂ ᠵᠠᠮ ᠨᠡᠪᠲᠡᠷᠡᠯᠭᠡ᠂ ᠬᠥᠭᠦᠷᠭᠡ᠂ ᠭᠤᠤᠯ ᠤᠨ ᠵᠠᠮ ᠤᠨ ᠡᠪᠳᠡᠭᠳᠡᠭᠰᠡᠨ ᠪᠠᠶᠢᠳᠠᠯ ᠢ ᠪᠠᠶᠢᠴᠠᠭᠠᠵᠤ᠂ ᠬᠤᠰᠢᠭᠤ ᠵᠠᠰᠠᠭ ᠤᠨ ᠣᠷᠳᠣᠨ ᠤ ᠠᠯᠪᠠᠨ ᠬᠡᠷ᠂ ᠬᠠᠪᠢᠷᠭ᠎ᠠ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃             ᠹᠧᠩ ᠵᠢᠶᠠᠨ ᠵᠢᠶᠦ᠋ᠨ ᠲᠣᠰᠬᠤᠨ ᠤ ᠬᠤᠶᠠᠷ ᠵᠥᠪᠯᠡᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠠᠴᠠ ᠪᠣᠷᠣᠭᠠᠨ ᠤ ᠪᠠᠶᠢᠳᠠᠯ᠂ ᠦᠶᠡᠷ ᠢ ᠰᠡᠷᠭᠡᠶᠢᠯᠡᠬᠦ ᠪᠠᠶᠢᠷᠢᠯᠠᠭᠤᠯᠤᠯᠲᠠ ᠪᠠ ᠲᠠᠷᠢᠮᠠᠯ ᠤᠨ ᠭᠠᠮᠰᠢᠭᠳᠠᠭᠰᠠᠨ ᠲᠠᠯᠠᠪᠠᠢ᠂ ᠭᠠᠮᠰᠢᠭᠳᠠᠭᠰᠠᠨ ᠬᠥᠮᠦᠨ ᠤ ᠲᠤᠭ᠎ᠠ ᠵᠡᠷᠭᠡ ᠪᠣᠳᠠᠲᠠᠢ ᠪᠠᠶᠢᠳᠠᠯ ᠢ ᠨᠠᠷᠢᠨ ᠠᠰᠠᠭᠤᠵᠤ᠂ ᠬᠠᠪᠢᠷᠭ᠎ᠠ ᠪᠠᠯᠭᠠᠰᠤ ᠪᠣᠯᠣᠨ ᠭᠠᠮᠰᠢᠭᠳᠠᠭᠰᠠᠨ ᠲᠣᠰᠬᠤᠨ ᠤ ᠭᠠᠮᠰᠢᠭ ᠠᠴᠠ ᠠᠪᠤᠷᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃             ᠹᠧᠩ ᠵᠢᠶᠠᠨ ᠵᠢᠶᠦ᠋ᠨ ᠱᠠᠭᠠᠷᠳᠠᠬᠤ ᠳᠠᠭᠠᠨ᠂ ᠦᠶᠡᠷ ᠤᠨ ᠭᠠᠮᠰᠢᠭ ᠢ ᠰᠡᠷᠭᠡᠶᠢᠯᠡᠬᠦ ᠶᠢᠨ ᠴᠢᠬᠤᠯᠠ ᠴᠢᠨᠠᠷ ᠪᠣᠯᠤᠨ ᠬᠦᠨᠳᠦ ᠨᠣᠴᠢᠲᠠᠶ ᠴᠢᠨᠠᠷ ᠢ ᠭᠦᠶᠴᠡᠳ ᠲᠠᠨᠢᠵᠤ᠂ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢᠶᠠᠨ ᠲᠡᠭᠦᠯᠳᠡᠷᠵᠢᠭᠦᠯᠵᠦ᠂ ᠭᠠᠮᠰᠢᠭ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠲᠡᠶ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠩᠨᠡᠭᠡ᠂ ᠦᠶᠡᠷ ᠢ ᠰᠡᠷᠭᠡᠶᠢᠯᠡᠬᠦ ᠡᠳ᠋ ᠪᠣᠳᠠᠰ ᠵᠡᠷᠭᠡ ᠡᠯ᠎ᠡ ᠵᠦᠶᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠪᠠ ᠵᠢᠭᠠᠪᠤᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠵᠦ᠂ 24 ᠴᠠᠭ  ᠢᠶᠠᠷ ᠵᠢᠵᠢᠭᠦᠷᠯᠡᠨ᠂ ᠦᠶᠡᠷ ᠢ ᠰᠡᠷᠭᠡᠶᠢᠯᠡᠬᠦ ᠰᠠᠬᠢᠯᠭ᠎ᠠ ᠪᠠᠲᠤ ᠶᠢ ᠴᠢᠩᠭᠠᠯᠠᠬᠤ ᠬᠡᠷᠡᠭᠲᠡᠢ ᠭᠡᠪᠡ᠃ ᠲᠠᠷᠡ ᠪᠠᠰᠠ ᠬᠠᠪᠢᠷᠭ᠎ᠠ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠢ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠭᠠᠮᠰᠢᠭ ᠤᠨ ᠳᠠᠷᠠᠭᠠᠬᠢ ᠪᠦᠳᠦᠭᠡᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠵᠤ᠂ ᠵᠠᠪᠳᠤᠨ ᠲᠠᠷᠢᠬᠤ᠂ ᠨᠥᠬᠦᠵᠦ ᠲᠠᠷᠢᠬᠤ ᠠᠵᠢᠯ ᠢ ᠰᠠᠶᠢᠲᠤᠷ ᠬᠢᠵᠦ᠂ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠳᠡᠢ᠃ ᠴᠠᠭᠳᠠᠨ ᠰᠡᠷᠭᠡᠶᠢᠯᠡᠵᠦ ᠠᠶᠤᠯ ᠲᠦᠭᠰᠢᠭᠦᠷᠢ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠮᠰᠢᠭ ᠤᠨ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ᠂ ᠴᠠᠭ ᠲᠤᠬᠠᠢ ᠳᠤᠨᠢ ᠬᠦᠮᠦᠨ ᠲᠣᠮᠢᠯᠠᠬᠤ᠂ ᠴᠠᠭ ᠲᠤᠬᠠᠢ ᠳᠤᠨᠢ ᠰᠢᠢᠳᠪᠦᠷᠢᠯᠡᠵᠦ ᠠᠷᠭᠠᠴᠠᠭᠠᠬᠤ ᠶᠢ ᠦᠨᠡᠨ ᠬᠦ ᠪᠠᠲᠤᠯᠠᠵᠤ᠂ ᠠᠶᠤᠯ ᠲᠦᠭᠰᠢᠭᠦᠷᠢ ᠪᠣᠯᠤᠨ ᠭᠠᠮᠰᠢᠭ ᠤᠨ ᠬᠤᠬᠢᠷᠠᠯ ᠢ ᠬᠠᠮᠤᠭ ᠤᠨ ᠪᠠᠭ᠎ᠠ ᠬᠡᠪᠴᠢᠶᠡᠨ ᠳᠤ ᠬᠢᠵᠠᠭᠠᠷᠯᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号