ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ‌‍ᠬᠦ᠋ᠬᠡ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ  158 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ  ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/12
            7 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ 158 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠤ ᠣᠭ ᠵᠣᠬᠢᠶᠠᠯ ᠢ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠠᠮᠢᠶ᠎ᠠ ᠪᠥᠬᠦᠶ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃             ᠯᠢ ᠪᠥᠸᠧ ᠹᠧᠩ ᠵᠢᠭᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ  ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠪᠦᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠬᠦᠯᠦᠨ᠂ ᠤᠬᠠᠮᠰᠠᠷ ᠢᠶᠠᠨ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠭᠤᠤᠯ ᠠᠭᠤᠯᠭ᠎ᠠ ᠪᠣᠯᠭᠠᠨ᠂ ᠲᠥᠪ  ᠤᠨ ᠨᠢᠭᠡᠳᠦᠯᠲᠡᠶ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠣᠳᠠᠲᠠᠶ ᠲᠣᠬᠢᠷᠠᠭᠤᠯᠤᠯᠲᠠ ᠶᠣᠰᠣᠭᠠᠷ᠂ ᠲᠥᠪ ᠴᠢᠩᠭ᠎ᠠ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠴᠠᠭ ᠦᠶ᠎ᠡ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠦᠴᠦᠨ ᠢᠶᠠᠨ ᠲᠥᠪᠯᠡᠷᠡᠭᠦᠯᠦᠨ ᠰᠤᠷᠤᠯᠴᠠᠯᠭ᠎ᠠ ᠤᠬᠠᠭᠤᠯᠭ᠎ᠠ ᠶᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠡᠷᠡᠭᠳᠡᠢ ᠭᠡᠪᠡ᠃             ᠯᠢ ᠪᠥᠸᠧ ᠹᠧᠩ ᠴᠢᠬᠤᠯᠠᠴᠢᠯᠠᠬᠤ ᠳᠠᠭᠠᠨ᠂ ᠲᠡᠷᠢᠭᠦᠯᠡᠭᠴᠢ ᠸᠠᠩ ᠶᠠᠩ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠭᠤᠯᠤᠭᠳᠠᠬᠤᠨ ᠢ ᠭᠦᠨᠵᠡᠭᠡᠶ ᠡᠵᠡᠮᠰᠢᠵᠦ᠂ ᠬᠤᠶᠠᠷ ᠢ ᠤᠶᠠᠯᠳᠤᠭᠤᠯᠬᠤ ᠴᠢᠬᠤᠯᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠶ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ  ᠤᠨ ᠬᠤᠷᠢᠶᠠᠨ ᠤ ᠱᠠᠭᠠᠷᠳᠠᠯᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠮᠢᠩᠭᠠᠨ ᠨᠠᠮ ᠤᠨ ᠭᠡᠰᠢᠭᠦᠨ ᠺᠠᠳ᠋ᠷ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ  ᠲᠠᠢ ᠤᠶᠠᠯᠳᠤᠭᠤᠯᠤᠨ᠂ ︽ᠡᠯ᠎ᠡ ᠦᠨᠳᠦᠰᠦᠲᠡᠨ ᠨᠢᠭᠲᠠᠷᠠᠨ ᠪᠦᠯᠬᠦᠮᠳᠡᠬᠦ︾ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ 38 ᠳ᠋ᠤᠭᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠰᠠᠷ᠎ᠠ ᠶᠢᠨ ᠠᠵᠢᠯ ᠢ ᠤᠷᠢᠳᠴᠢᠯᠠᠨ ᠲᠥᠯᠥᠪᠵᠢᠭᠦᠯᠵᠦ᠂ ᠡᠯ᠎ᠡ ᠦᠨᠳᠦᠰᠦᠲᠡᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠵᠦ᠂ ᠪᠦᠬᠦ ᠠᠶᠢᠮᠠᠭ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠡᠯ᠎ᠡ ᠵᠦᠢᠯ ᠤᠨ ᠠᠵᠢᠯ ᠤᠨ ᠲᠣᠭᠲᠠᠭᠤᠨ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃             ᠬᠤᠷᠠᠯ ᠠᠴᠠ ᠪᠠᠰᠠ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠡᠭᠦᠷᠭᠡ ᠪᠣᠯᠤᠨ ᠬᠤᠰᠢᠭᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠢ ᠰᠤᠳᠤᠯᠤᠨ ᠵᠥᠪᠯᠡᠪᠡ᠃              ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号