ᠬᠤᠰᠢᠭᠤ ᠳᠡᠳ᠋ ᠳᠠᠷᠤᠭ᠎ᠠ ᠬᠥᠭᠵᠢᠯᠲᠦ ᠰᠢᠯᠤᠭᠤᠨ ᠬᠥᠬᠡ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ  ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/12
           7 ᠰᠠᠷ᠎ᠠ ᠶᠢᠨ 10 ᠤ ᠡᠳᠦᠷ᠂ ᠬᠤᠰᠢᠭᠤ ᠳᠡᠳ᠋ ᠳᠠᠷᠤᠭ᠎ᠠ ᠬᠥᠭᠵᠢᠯᠲᠦ ᠰᠢᠯᠤᠭᠤᠨ ᠬᠥᠬᠡ ᠬᠤᠰᠢᠭᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠡᠯ᠎ᠡ ᠰᠤᠮᠤ ᠪᠠᠯᠭᠠᠰᠤ ︵ᠲᠠᠯᠠᠪᠠᠶ︶᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃            ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠪᠠᠶᠢᠳᠠᠯ ᠢ ᠮᠡᠳᠡᠭᠳᠡᠵᠦ᠂ ᠬᠤᠰᠢᠭᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠨᠢ ᠲᠣᠰ ᠲᠣᠰ ᠣᠶᠢᠷ᠎ᠠ ᠶᠢᠨ ᠬᠤᠭᠤᠴᠠᠭᠠᠨ ᠤ ᠦᠶᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃            ᠴᠠᠭ ᠠᠭᠤᠷ ᠤᠨ ᠰᠠᠯᠠᠭ᠎ᠠ ᠮᠥᠴᠢᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠵᠢᠱᠢᠯᠲᠡ ᠪᠠᠷ   11 ᠤ ᠰᠥᠨᠢ ᠠᠴᠠ 13 ᠤ ᠡᠳᠦᠷ ᠪᠣᠯᠲᠠᠯ᠎ᠠ᠂ ᠮᠠᠨ ᠤ ᠬᠤᠰᠢᠭᠤᠨ ᠳᠤ ᠰᠢᠷᠦᠭᠦᠨ ᠪᠣᠷᠤᠭᠠᠨ  ᠲᠠᠢ᠂ ᠠᠭᠤᠯᠠᠨ ᠦᠶᠡᠷ᠂ ᠳᠤᠮᠳᠠ ᠪᠠᠭ᠎ᠠ ᠤᠷᠤᠰᠬᠠᠯᠲᠤ ᠭᠤᠤᠯ ᠮᠥᠷᠡᠨ ᠤ ᠦᠶᠡᠷ᠂ ᠬᠤᠲᠠ ᠪᠠᠯᠭᠠᠰᠤᠨ ᠤ ᠤᠰᠤᠲᠤᠯ ᠳᠤ ᠠᠪᠲᠠᠬᠤ ᠵᠡᠷᠭᠡ ᠳᠠᠭᠠᠯᠲᠠ ᠭᠠᠮᠰᠢᠭ ᠡᠭᠦᠰᠬᠦ ᠪᠣᠯᠣᠮᠵᠢ ᠲᠠᠢ᠃ ᠬᠥᠭᠵᠢᠯᠲᠦ ᠱᠠᠭᠠᠷᠳᠠᠬᠤ ᠳᠠᠭᠠᠨ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠬᠠᠮᠢᠶ᠎ᠠ ᠪᠦᠬᠦᠢ ᠠᠵᠢᠯ ᠢᠶᠠᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ᠂ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠴᠠᠭ ᠠᠭᠤᠷ ᠤᠨ ᠰᠠᠯᠠᠭ᠎ᠠ ᠮᠥᠴᠢᠷ ᠨᠢ ᠴᠠᠭ ᠠᠭᠠᠷ ᠢ ᠨᠠᠷᠢᠯᠢᠭ ᠣᠨᠣᠪᠴᠢᠲᠠᠶ ᠬᠢᠨᠠᠨ ᠬᠡᠮᠵᠢᠵᠦ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠢ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠴᠢᠬᠤᠯᠠ ᠴᠠᠭ ᠠᠭᠤᠷ ᠢ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠤᠲᠠᠰᠤ᠂ ᠸᠢᠴᠠᠲ ᠬᠤᠯᠪᠤᠭ᠎ᠠ ᠵᠡᠷᠭᠡ ᠣᠯᠠᠨ ᠵᠦᠶᠯ ᠤᠨ ᠠᠷᠭ᠎ᠠ ᠬᠡᠯᠪᠡᠷᠢ ᠪᠠᠷ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠳᠡᠵᠦ᠂ ᠭᠠᠴᠠᠭ᠎ᠠ ᠲᠣᠰᠬᠤᠨ ᠤ ᠴᠠᠭ ᠠᠭᠤᠷ ᠤᠨ ᠴᠢᠮᠡᠭᠡᠯᠡᠭᠴᠢ ᠠᠴᠠ ᠴᠠᠭ ᠲᠤᠬᠠᠶ ᠳᠤᠨᠢ ᠮᠠᠯᠴᠢᠨ ᠲᠠᠷᠢᠶᠠᠴᠢᠨ ᠳᠤ ᠮᠡᠳᠡᠭᠳᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ  ᠤᠳ ᠨᠢ ᠠᠶᠤᠯ ᠠᠴᠠ ᠠᠪᠤᠷᠠᠬᠤ ᠡᠩᠨᠡᠭᠡ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠪᠠᠶᠢᠴᠠᠭᠠᠨ᠂ ᠭᠠᠮᠰᠢᠭ  ᠠᠴᠠ ᠠᠪᠤᠷᠠᠬᠤ ᠡᠳ᠋ ᠪᠠᠷᠠᠭ᠎ᠠ ᠶᠢᠨ ᠬᠠᠩᠭᠠᠯᠭ᠎ᠠ ᠭᠦᠶᠴᠡᠳ ᠪᠠᠶᠢᠬᠤ ᠶᠢ ᠪᠠᠲᠤᠯᠠᠬᠤ ᠬᠡᠷᠡᠭᠲᠡᠶ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠭᠤᠤᠯᠳᠠᠯᠭ᠎ᠠ ᠲᠠᠢ ᠣᠷᠣᠨ ᠢ ᠴᠠᠭᠳᠠᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠢᠯᠠᠩᠭᠤᠶ᠎ᠠ ᠡᠮᠦᠨ᠎ᠡ ᠬᠡᠰᠡᠭ ᠬᠤᠭᠤᠴᠠᠭᠠᠨ ᠳᠤ ᠭᠠᠮᠰᠢᠭᠳᠠᠭᠰᠠᠨ ᠭᠠᠵᠠᠷ ᠣᠷᠣᠨ ᠤ ᠦᠶᠡᠷ ᠲᠤ ᠳᠠᠬᠢᠨ ᠠᠪᠲᠠᠬᠤ ᠶᠢ ᠰᠡᠷᠭᠡᠶᠢᠯᠡᠨ ᠰᠢᠢᠳᠪᠦᠷᠢᠯᠡᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠲᠠᠯᠠᠪᠠᠶ ᠶᠢᠨ ᠬᠢᠨ ᠨᠢ ᠤᠬᠠᠭᠤᠯᠭ᠎ᠠ ᠶᠢᠨ ᠠᠵᠢᠯ  ᠢ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠦᠶᠡᠷ ᠢ ᠰᠡᠷᠭᠡᠶᠢᠯᠡᠬᠦ ᠠᠵᠢᠯ ᠢ ᠤᠷᠢᠳᠴᠢᠯᠠᠨ ᠰᠠᠶᠢᠲᠤᠷ ᠬᠢᠯᠭᠡᠵᠦ᠂ ᠬᠡᠭᠡᠷ᠎ᠡ ᠭᠠᠳᠠᠨ᠎ᠠ ᠪᠠᠶᠢᠭ᠎ᠠ ᠮᠠᠯᠴᠢᠨ ᠲᠥᠮᠡᠨ ᠳᠤ ᠰᠠᠨᠠᠭᠤᠯᠤᠨ ᠰᠡᠷᠡᠮᠵᠢᠯᠡᠬᠦᠯᠬᠦ ᠬᠡᠷᠡᠭᠳᠡᠢ᠃ ᠬᠠᠷᠢᠶ᠎ᠠ ᠣᠷᠣᠨ ᠤ ᠦᠶᠡᠷ ᠤᠨ ᠭᠠᠮᠰᠢᠭ ᠤᠨ ᠠᠶᠤᠯ ᠢ ᠳᠠᠬᠢᠨ ᠪᠠᠶᠢᠴᠠᠭᠠᠵᠤ᠂ ᠢᠯᠠᠩᠭᠤᠶ᠎ᠠ ᠳᠡᠭᠡᠷ᠎ᠡ ᠤᠳᠠᠭ᠎ᠠ ᠬᠦᠨᠳᠦ ᠨᠣᠴᠢᠲᠠᠶ ᠭᠠᠮᠰᠢᠭᠳᠠᠭᠰᠠᠨ ᠬᠠᠪᠢᠷᠭ᠎ᠠ ᠪᠠᠯᠭᠠᠰᠤ᠂ ᠱᠠᠩᠳᠤ ᠪᠠᠯᠭᠠᠰᠤ ᠵᠡᠷᠭᠡ ᠭᠠᠵᠠᠷ ᠤᠳ ᠤᠨ D ᠲᠠᠰ  ᠤᠨ ᠨᠤᠷᠠᠬᠤ ᠠᠶᠤᠯᠲᠠᠶ ᠭᠡᠷ ᠪᠠᠶᠢᠰᠢᠩ ᠲᠠᠢ ᠲᠣᠰᠬᠤᠨ ᠤ ᠠᠷᠠᠳ ᠲᠤ ᠦᠵᠡᠯ ᠰᠠᠨᠠᠭᠠᠨ ᠤ ᠠᠵᠢᠯ ᠬᠢᠵᠦ᠂ D ᠲᠠᠰ ᠤᠨ ᠭᠡᠷ ᠪᠠᠶᠢᠰᠢᠩ ᠳᠤ ᠰᠠᠭᠤᠵᠤ ᠪᠠᠶᠢᠭ᠎ᠠ ᠰᠠᠭᠤᠭᠠᠯᠢ ᠠᠷᠠᠳ ᠢ ᠪᠦᠬᠦᠨ ᠢ ᠰᠢᠯᠵᠢᠭᠦᠯᠦᠨ ᠲᠥᠪᠬᠢᠨᠡᠭᠦᠯᠬᠦ ᠶᠢ ᠪᠠᠲᠤᠯᠠᠵᠤ᠂ C ᠲᠠᠰ ᠤᠨ ᠨᠤᠷᠠᠬᠤ ᠠᠶᠤᠯᠲᠠᠶ ᠭᠡᠷ ᠪᠠᠶᠢᠰᠢᠩ ᠳᠤ ᠳᠠᠬᠢᠨ ᠪᠠᠶᠢᠴᠠᠭᠠᠯᠲᠠ ᠬᠢᠵᠦ᠂ ᠭᠠᠮᠰᠢᠭ ᠤᠨ ᠠᠶᠤᠯ ᠢ ᠪᠠᠶᠢᠴᠠᠭᠠᠨ ᠢᠯᠡᠷᠡᠭᠦᠯᠵᠦ᠂ ᠭᠡᠷ ᠪᠠᠶᠢᠰᠢᠩ ᠢ ᠪᠠᠬᠢᠵᠢᠭᠦᠯᠬᠦ ᠪᠠ ᠰᠡᠯᠪᠢᠨ ᠵᠠᠰᠠᠬᠤ ᠠᠵᠢᠯ ᠢ ᠴᠠᠭ ᠲᠤᠬᠠᠶ  ᠳᠤᠨᠢ ᠥᠷᠨᠢᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ ᠤᠨ ᠨᠤᠷᠠᠬᠤ ᠠᠴᠠ ᠰᠡᠷᠭᠡᠶᠢᠯᠡᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢ ᠬᠠᠮᠠᠭᠠᠯᠠᠬᠤ ᠬᠡᠷᠡᠭᠲᠡᠶ᠃ ᠡᠭᠦᠨ ᠤ ᠬᠠᠮᠲᠤ᠂ ᠬᠠᠪᠢᠷᠭ᠎ᠠ ᠪᠠᠯᠭᠠᠰᠤᠨ ᠤ ᠬᠢᠨ ᠭᠠᠮᠰᠢᠭ ᠤᠨ ᠳᠠᠷᠠᠭᠠᠬᠢ ᠰᠡᠷᠭᠦᠭᠡᠨ ᠪᠠᠶᠢᠭᠤᠯᠤᠯᠲᠠ ᠶᠢᠨ ᠠᠵᠢᠯ ᠤᠨ ᠲᠥᠰᠦᠯ ᠢ ᠲᠦᠷᠭᠡᠬᠡᠨ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ᠂ ᠪᠣᠳᠠᠲᠠᠶ ᠠᠵᠢᠯ ᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ 24 ᠴᠠᠭ ᠤᠨ ᠵᠢᠵᠢᠭᠦᠷ ᠪᠠ ᠰᠠᠯᠠᠭ᠎ᠠ ᠮᠥᠴᠢᠷ ᠢᠶᠠᠷ ᠢᠶᠠᠨ ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠠᠵᠢᠯᠯᠠᠬᠤ ᠲᠤᠭᠲᠠᠴᠠ ᠪᠠᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠭᠤᠭᠴᠤᠭ᠎ᠠ ᠶᠢᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠪᠠᠶᠢᠴᠠᠭᠠᠯᠲᠠ ᠪᠠ ᠳᠠᠯᠳᠠ ᠭᠡᠮ ᠢ ᠪᠠᠶᠢᠴᠠᠭᠠᠬᠤ ᠠᠵᠢᠯ ᠢ ᠴᠢᠩᠭᠠᠳᠬᠠᠵᠤ᠂ ᠬᠠᠷᠢᠶ᠎ᠠ ᠣᠷᠣᠨ ᠳᠤ ᠣᠷᠣᠰᠢᠵᠤ ᠪᠠᠶᠢᠭ᠎ᠠ ᠦᠶᠡᠷ ᠤᠨ ᠭᠠᠮᠰᠢᠭ ᠡᠭᠦᠰᠴᠦ ᠮᠡᠳᠡᠬᠦ ᠠᠶᠤᠯ ᠪᠠ ᠪᠠᠭᠤᠷᠠᠢ ᠲᠠᠯ᠎ᠠ ᠶᠢ ᠲᠣᠳᠣᠷᠬᠠᠢ ᠡᠵᠡᠮᠰᠢᠵᠦ᠂ ᠪᠦᠬᠦᠨ ᠢ ᠪᠠᠶᠢᠴᠠᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃   ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号