| ︵2021 ᠣᠨ ᠤ 6 ᠰᠠᠷ᠎ᠠ ᠶᠢᠨ 17 ᠤ ᠡᠳᠦᠷ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠠᠴᠠ | ᠬᠢᠨᠠᠨ ᠶᠠᠷᠢᠯᠴᠠᠵᠤ ᠵᠥᠪᠰᠢᠶᠡᠷᠡᠪᠡ 2021 ᠣᠨ ᠤ 6 ᠰᠠᠷ᠎ᠠ ᠶᠢᠨ 26 ᠤ ᠡᠳᠦᠷ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠨᠡᠶᠢᠲᠡᠯᠡᠪᠡ︶ | ᠨᠢᠭᠡᠳᠦᠭᠡᠷ ᠵᠦᠢᠯ ᠨᠠᠮ ᠤᠨ ᠰᠦᠯᠳᠡ ᠨᠠᠮ ᠤᠨ ᠳᠤᠬ ᠢ ᠦᠢᠯᠡᠳᠬᠦ᠂ ᠬᠡᠷᠡᠭᠯᠡᠬᠦ᠂ | ᠬᠠᠮᠢᠶᠠᠷᠬᠤ ᠶᠢ ᠵᠢᠷᠤᠮᠵᠢᠭᠤᠯᠵᠤ᠂ ᠨᠠᠮ ᠤᠨ ᠰᠦᠯᠳᠡ ᠨᠠᠮ ᠤᠨ ᠳᠤᠬ ᠤᠨ ᠤᠯᠤᠰ ᠳᠦᠷᠦ ᠶᠢᠨ ᠴᠢᠳᠠᠪᠬᠢ ᠶᠢ | ᠭᠦᠢᠴᠡᠳ ᠪᠠᠳᠠᠷᠠᠭᠤᠯᠵᠤ᠂ ᠨᠠᠮ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠴᠢᠩᠭᠠᠳᠬᠠᠵᠤ᠂ ᠨᠠᠮ ᠤᠨ | ᠭᠡᠰᠢᠭᠦᠨ ᠤ ᠨᠠᠮ ᠤᠨ ᠤᠬᠠᠮᠰᠠᠷ ᠢ ᠬᠥᠭᠵᠢᠭᠡᠵᠦ᠂ ᠪᠦᠬᠦ ᠨᠠᠮ ᠤᠨ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠳᠤᠬ ᠤᠨ ᠳᠣᠣᠷ᠎ᠠ | ᠡᠷᠡᠯᠬᠡᠭᠯᠡᠨ ᠤᠷᠤᠭᠰᠢᠯᠠᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠢ | ᠦᠨᠳᠦᠰᠦᠯᠡᠨ ᠳᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠦᠯᠳᠡ ᠪᠣᠯ | ᠬᠠᠳᠤᠭᠤᠷ ᠠᠯᠤᠬ᠎ᠠ ᠪᠠᠷ ᠪᠦᠷᠢᠯᠳᠦᠭᠰᠡᠨ ᠵᠢᠷᠤᠭ ᠲᠦᠷᠰᠤ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠤᠭ ᠪᠤᠯ ᠠᠯᠲᠠᠨ ᠰᠢᠷᠭᠠᠯ ᠨᠠᠮ ᠤᠨ ᠰᠦᠯᠳᠡ ᠶᠢᠨ ᠵᠢᠷᠤᠭ ᠲᠠᠢ ᠤᠯᠠᠭᠠᠨ ᠲᠤᠭ ᠪᠤᠯᠤᠨ᠎ᠡ᠃ | ᠨᠠᠮ ᠤᠨ ᠰᠦᠯᠳᠡ ᠨᠠᠮ ᠤᠨ ᠲᠤᠭ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠣᠯ | ᠳᠤᠮᠳᠠᠳᠤ ᠤᠯᠤᠰ ᠤᠨ ᠠᠵᠢᠯᠴᠢᠨ ᠠᠩᠭᠢ ᠶᠢᠨ ᠬᠤᠰᠢᠭᠤᠴᠢ ᠠᠩᠭᠢ ᠮᠥᠨ᠂ ᠮᠥᠨ ᠴᠦ ᠳᠤᠮᠳᠠᠳᠤ ᠤᠯᠤᠰ ᠤᠨ | ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠬᠤᠰᠢᠭᠤᠴᠢ ᠠᠩᠭᠢ ᠮᠥᠨ᠂ ᠳᠤᠮᠳᠠᠳᠤ ᠤᠯᠤᠰ ᠤᠨ | ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠡᠪ | ᠬᠠᠮᠲᠤ ᠶᠣᠰᠣᠨ ᠤ ᠠᠯᠤᠰ ᠬᠡᠳᠦ ᠶᠢᠨ ᠬᠦᠰᠡᠯᠡᠩ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ | ᠲᠡᠮᠡᠴᠡᠳᠡᠭ ᠮᠠᠷᠺᠰ ᠤᠨ ᠦᠵᠡᠯ ᠤᠨ ᠲᠦᠷᠦ ᠶᠢᠨ ᠨᠠᠮ ᠮᠥᠨ ᠭᠡᠳᠡᠭ ᠢ ᠢᠯᠡᠷᠡᠬᠦᠯᠪᠠ᠃ | ᠭᠤᠷᠪᠠᠳᠤᠭᠠᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠯᠳᠡ ᠨᠠᠮ ᠤᠨ | ᠲᠤᠬ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠯᠭᠡᠳᠡᠯ ᠪᠠ ᠪᠡᠯᠭᠡ ᠲᠡᠮᠳᠡᠭ ᠮᠥᠨ᠃ | ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠨᠢᠭᠡᠪᠦᠷᠢ ᠴᠥᠮ ᠨᠠᠮ ᠤᠨ | ᠰᠦᠯᠳᠡ ᠨᠠᠮ ᠤᠨ ᠲᠤᠬ ᠤᠨ ᠨᠡᠷ᠎ᠡ ᠬᠦᠨᠳᠦ ᠶᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠵᠦᠢᠯ ᠨᠠᠮ ᠤᠨ ᠰᠦᠯᠳᠡ ᠨᠠᠮ ᠤᠨ ᠲᠤᠭ ᠢ ᠦᠢᠯᠡᠳᠬᠦ᠂ ᠬᠡᠷᠡᠭᠯᠡᠬᠦ᠂ | ᠬᠠᠮᠢᠶᠠᠷᠬᠤ ᠳᠤ ᠡᠷᠬᠡᠪᠰᠢ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠵᠢᠷᠤᠮᠵᠢᠯ ᠢ ᠪᠠᠷᠢᠮᠲᠠᠯᠠᠵᠤ᠂ ᠱᠠᠲᠤ | ᠬᠤᠪᠢᠶᠠᠨ ᠬᠠᠷᠢᠭᠤᠴᠠᠬᠤ᠂ ᠲᠥᠪᠯᠡᠷᠡᠭᠦᠯᠦᠨ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ᠃ | ᠲᠠᠪᠤᠳᠤᠭᠠᠷ ᠵᠦᠢᠯ ᠨᠠᠮ ᠤᠨ ᠰᠦᠯᠳᠡ ᠶᠢᠨ ᠳ᠋ᠢᠶᠠᠮᠧᠲᠷ ᠤᠨ ᠨᠡᠶᠢᠳᠡᠮ ᠬᠡᠷᠡᠭᠯᠡᠬᠦ | ᠪᠠᠷᠢᠮᠵᠢᠶ᠎ᠠ ᠨᠢ ᠳᠣᠣᠷᠠᠬᠢ ᠮᠡᠲᠦ 3 ᠵᠦᠢᠯ ᠪᠣᠯᠤᠨ᠎ᠠ᠄ | ︵ᠨᠢᠭᠡ︶ 100 ᠰᠠᠨᠲ᠋ᠢᠮᠧᠲᠷ︔ | ︵ᠬᠤᠶᠠᠷ︶ 80 ᠰᠠᠨᠲ᠋ᠢᠮᠧᠲᠷ︔ | ︵ᠭᠤᠷᠪᠠ︶ 60 ᠰᠠᠨᠲ᠋ᠢᠮᠧᠲᠷ᠃ | ᠨᠡᠶᠢᠲᠡᠮ ᠤᠨ ᠬᠡᠷᠡᠭᠯᠡᠭᠡᠨ ᠤ ᠪᠤᠰᠤ ᠪᠠᠷᠢᠮᠵᠢᠶ᠎ᠡ ᠲᠠᠢ ᠨᠠᠮ ᠤᠨ ᠰᠦᠯᠳᠡ ᠶᠢ ᠡᠯᠭᠦᠬᠦ | ᠴᠢᠬᠤᠯᠠᠲᠠᠢ ᠪᠠᠶᠢᠪᠠᠯ᠂ ᠨᠡᠶᠢᠳᠡᠮ ᠬᠡᠷᠡᠭᠯᠡᠬᠦ ᠪᠠᠷᠢᠮᠵᠢᠶ᠎ᠠ ᠪᠠᠷ ᠬᠠᠷᠢᠴᠠᠯ ᠪᠣᠯᠭᠠᠵᠤ ᠵᠣᠬᠢᠰᠲᠠᠢ ᠪᠠᠷ ᠶᠡᠬᠡᠰᠬᠡᠬᠦ ᠪᠤᠶᠤ | ᠪᠠᠭᠠᠰᠬᠠᠵᠤ᠂ ᠡᠯᠭᠦᠭᠰᠡᠨ ᠠᠬᠤᠢ ᠪᠠᠶᠢᠳᠠᠯ᠂ ᠲᠠᠯᠠᠪᠤᠷ ᠲᠠᠢ ᠵᠣᠬᠢᠴᠠᠭᠤᠯᠬᠤ ᠬᠡᠷᠡᠭᠲᠡᠢ᠃ | ᠨᠠᠮ ᠤᠨ ᠰᠦᠯᠳᠡ ᠶᠢᠨ ᠵᠢᠷᠤᠭ ᠳᠦᠷᠰᠦ ᠳᠤ ᠶᠡᠷᠦᠳᠡᠭᠡᠨ ᠠᠯᠲᠠᠨ ᠰᠢᠷᠭᠠᠯ ᠪᠤᠶᠤ | ᠤᠯᠠᠭᠠᠨ ᠥᠩᠭᠡ ᠶᠢ ᠬᠡᠷᠡᠭᠯᠡᠳᠡᠭ᠃ | ᠵᠢᠷᠭᠤᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠳᠤ ᠨᠠᠮ ᠤᠨ ᠰᠦᠯᠳᠡ ᠪᠤᠶᠤ | ᠨᠠᠮ ᠤᠨ ᠰᠦᠯᠳᠡ ᠶᠢᠨ ᠵᠢᠷᠤᠭ ᠲᠦᠷᠰᠤ ᠶᠢ ᠬᠡᠷᠡᠭᠯᠡᠬᠦ ᠬᠡᠷᠡᠭᠲᠡᠢ᠄ | ︵ᠨᠢᠭᠡ︶ ᠨᠠᠮ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ᠂ | ᠲᠥᠯᠥᠭᠡᠯᠡᠭᠴᠢᠳ ᠤᠨ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠲᠥᠯᠥᠭᠡᠯᠡᠭᠴᠢᠳ ᠤᠨ ᠶᠡᠭᠡ | ᠬᠤᠷᠠᠯ᠂ ᠲᠥᠯᠥᠭᠡᠯᠡᠭᠴᠢᠳ ᠤᠨ ᠬᠤᠷᠠᠯ ᠢ ᠬᠤᠷᠠᠯᠳᠤᠭᠤᠯᠬᠤ ᠳᠤ᠂ ᠢᠯᠡᠷᠬᠡᠶ ᠪᠠᠶᠢᠷᠢᠨ ᠳᠤ ᠨᠠᠮ ᠤᠨ | ᠰᠦᠯᠳᠡ ᠶᠢ ᠡᠯᠭᠦᠬᠦ ᠪᠥᠭᠡᠳ ᠨᠠᠮ ᠤᠨ ᠰᠦᠯᠳᠡ ᠶᠢᠨ ᠬᠤᠶᠠᠷ ᠲᠠᠯ᠎ᠠ ᠳᠤ ᠲᠤᠰ ᠪᠦᠷᠢ 5 ᠤᠯᠠᠭᠠᠨ ᠲᠤᠭ | ᠪᠠᠶᠢᠷᠢᠯᠠᠭᠤᠯᠤᠨ᠎ᠠ︔ | ︵ᠬᠤᠶᠠᠷ︶ ᠨᠠᠮ ᠤᠨ ᠲᠥᠪ ᠬᠤᠷᠢᠶ᠎ᠠ ᠪᠠ ᠣᠷᠣᠨ ᠨᠤᠲᠤᠭ ᠤᠨ ᠬᠤᠷᠢᠶᠠᠨ ᠤ | ᠪᠥᠬᠦᠳᠡ ᠬᠤᠷᠠᠯ ᠢ ᠬᠤᠷᠠᠯᠳᠤᠭᠤᠯᠬᠤ ᠳᠤ᠂ ᠢᠯᠡᠷᠬᠡᠶ ᠪᠠᠶᠢᠷᠢᠨ ᠳᠤ ᠨᠠᠮ ᠤᠨ ᠰᠦᠯᠳᠡ ᠶᠢ ᠡᠯᠭᠦᠨ᠎ᠡ︔ | ︵ᠭᠤᠷᠪᠠ︶ ᠨᠠᠮ ᠤᠨ ᠲᠥᠪ ᠬᠤᠷᠢᠶ᠎ᠠ ᠪᠠ ᠣᠷᠣᠨ ᠨᠤᠲᠤᠭ ᠤᠨ ᠬᠤᠷᠢᠶ᠎ᠠ ᠵᠢᠴᠢ | ᠲᠡᠭᠦᠨ ᠤ ᠠᠵᠢᠯ ᠤᠨ ᠰᠠᠯᠠᠭ᠎ᠠ ᠮᠥᠴᠢᠷ᠂ ᠨᠠᠮ ᠤᠨ ᠲᠥᠪ ᠬᠤᠷᠢᠶ᠎ᠠ ᠪᠠ ᠣᠷᠣᠨ ᠨᠤᠲᠤᠭ ᠤᠨ ᠬᠤᠷᠢᠶ᠎ᠠ ᠠᠴᠠ | ᠣᠨᠴᠠ ᠲᠣᠭᠲᠠᠭᠰᠠᠨ ᠭᠠᠵᠠᠷ ᠣᠷᠣᠨ ᠳᠤ ᠲᠣᠮᠢᠯᠠᠭᠰᠠᠨ ᠲᠥᠯᠥᠭᠡᠯᠡᠬᠦ ᠪᠠᠶᠢᠭᠤᠯᠭ᠎ᠠ ᠵᠢᠴᠢ ᠲᠡᠭᠦᠨ ᠤ | ᠠᠵᠢᠯ ᠤᠨ ᠰᠠᠯᠠᠭ᠎ᠠ ᠮᠥᠴᠢᠷ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠨᠠᠮ ᠤᠨ | ᠤᠳᠤᠷᠢᠳᠬᠤ ᠳᠤᠭᠤᠶᠢᠯᠠᠩ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠲᠠᠮᠠᠭ᠎ᠠ | ︵ᠲᠠᠮᠠᠭ᠎ᠠ ᠶᠢᠨ ᠬᠡᠪ︶ ᠶᠢᠨ ᠳᠤᠮᠳᠠ ᠨᠢ ᠨᠠᠮ ᠤᠨ ᠰᠦᠯᠳᠡ ᠶᠢᠨ ᠵᠢᠷᠤᠭ ᠰᠡᠶᠢᠯᠦᠨ᠎ᠡ᠃ | ᠳᠣᠯᠣᠳᠤᠭᠠᠷ ᠵᠦᠢᠯ ᠨᠠᠮ ᠤᠨ ᠦᠨᠳᠦᠰᠦᠨ ᠱᠠᠲᠤᠨ ᠤ ᠬᠤᠷᠢᠶ᠎ᠠ ᠨᠠᠮ ᠤᠨ ᠭᠡᠰᠢᠭᠦᠳ ᠤᠨ | ᠶᠡᠭᠡ ᠬᠤᠷᠠᠯ ᠪᠤᠶᠤ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠬᠤ ᠳᠠᠭᠠᠨ | ᠬᠡᠷᠡᠭᠴᠡᠭᠡ ᠪᠠᠨ ᠦᠨᠳᠦᠰᠦᠯᠡᠨ ᠨᠠᠮ ᠤᠨ ᠰᠦᠯᠳᠡ ᠶᠢ ᠡᠯᠭᠦᠵᠦ ᠪᠣᠯᠤᠨ᠎ᠠ᠃ | ᠳᠣᠣᠷ᠎ᠠ ᠵᠢᠭᠰᠠᠭᠠᠭᠰᠠᠨ ᠪᠠᠶᠢᠳᠠᠯ ᠳᠤ ᠨᠠᠮ ᠤᠨ ᠰᠦᠯᠳᠡ ᠶᠢᠨ ᠵᠢᠷᠤᠭ ᠲᠦ᠋ᠷᠰᠤ ᠶᠢ | ᠬᠡᠷᠡᠭᠯᠡᠵᠦ ᠪᠣᠯᠤᠨ᠎ᠠ᠄ | ︵ᠨᠢᠭᠡ︶ ᠨᠠᠮ ᠤᠨ ᠳᠣᠲᠣᠭᠠᠳᠤ ᠶᠢᠨ ᠴᠢᠬᠤᠯᠠ ᠬᠤᠷᠠᠯ᠂ ᠴᠢᠬᠤᠯᠠ ᠠᠵᠢᠯᠯᠠᠭ᠎ᠠ ᠳᠤ | ᠬᠡᠷᠡᠭᠯᠡᠬᠦ ᠦᠨᠡᠮᠯᠡᠯ᠂ ᠢᠯᠭᠠᠬᠤ ᠲᠡᠮᠳᠡᠭ ᠵᠡᠷᠭᠡ︔ | ︵ᠬᠤᠶᠠᠷ︶ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠣᠯᠭᠤᠭᠰᠠᠨ | ᠱᠠᠩᠨᠠᠯ ᠤᠨ ᠲᠡᠮᠳᠡᠭ᠂ ᠰᠦᠯᠳᠡ ᠲᠡᠮᠳᠡᠭ᠂ ᠱᠠᠩᠨᠠᠯ ᠤᠨ ᠪᠢᠴᠢᠭ᠂ ᠦᠨᠡᠮᠯᠡᠯ ᠪᠠ ᠪᠤᠰᠤᠳ ᠢᠷᠠᠭᠤ ᠠᠯᠳᠠᠷ ᠤᠨ | ᠴᠢᠨᠠᠷᠲᠠᠶ ᠪᠢᠴᠢᠭ ᠬᠠᠷ᠎ᠠ᠂ ᠭᠡᠷᠡᠴᠢ ᠦᠨᠡᠮᠯᠡᠯ᠂ ᠦᠢᠯᠡᠳᠦᠭᠰᠡᠨ ᠬᠤᠯᠪᠣᠭᠳᠠᠯ ᠪᠥᠬᠦᠶ ᠠᠵᠢᠯ ᠤᠨ ᠦᠨᠡᠮᠯᠡᠯ ᠵᠡᠷᠭᠡ︔ | ︵ᠭᠤᠷᠪᠠ︶ ᠨᠠᠮ ᠤᠨ ᠳᠣᠲᠣᠭᠠᠳᠤ ᠶᠢᠨ ᠴᠢᠬᠤᠯᠠ ᠬᠡᠪᠯᠡᠭᠳᠡᠬᠦᠨ᠂ ᠤᠬᠠᠭᠤᠯᠬᠤ ᠮᠠᠲ᠋ᠧᠷᠢᠶᠠᠯ | ᠵᠡᠷᠭᠡ︔ | ︵ᠳᠥᠷᠪᠡ︶ ᠨᠠᠮ ᠤᠨ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠦᠯᠵᠢᠶ᠎ᠡ ᠪᠠ | ᠰᠦᠯᠵᠢᠶᠡᠨ ᠤ ᠦᠷᠳᠡᠭᠡ︔ | ︵ᠲᠠᠪᠤ︶ ᠨᠠᠮ ᠤᠨ ᠭᠡᠰᠢᠭᠦᠨ ᠤ ᠬᠥᠮᠦᠵᠢᠯ ᠤᠨ ᠰᠠᠭᠤᠷᠢᠨ᠂ ᠨᠠᠮ ᠤᠨ ᠭᠡᠰᠢᠭᠦᠨ ᠤ | ᠬᠤᠰᠢᠭᠤᠴᠢ ᠠᠵᠢᠯ ᠤᠨ ᠪᠠᠶᠢᠷᠢ᠂ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ ᠶᠢᠨ ᠪᠤᠯᠤᠩ ︵ᠬᠡᠷᠡᠮ︶ ᠵᠢᠴᠢ | ᠨᠠᠮ ᠤᠨ ᠭᠡᠰᠢᠬᠦᠨ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠠᠮ ᠤᠨ ᠭᠡᠰᠢᠭᠦᠨ ᠤ ᠠᠵᠢᠯᠯᠠᠭᠠᠨ ᠤ | ᠲᠠᠰᠤᠭ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠠᠯᠠᠪᠤᠷ︔ | ︵ᠵᠢᠷᠭᠤᠭ᠎ᠠ︶ ᠨᠠᠮ ᠠᠴᠠ ᠦᠷᠨᠢᠭᠦᠯᠦᠭᠰᠡᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠃ | ᠨᠠᠢᠮᠠᠳᠤᠭᠠᠷ ᠵᠦᠢᠯ ᠨᠠᠮ ᠤᠨ ᠲᠤᠭ ᠤᠨ ᠨᠡᠶᠢᠳᠡᠮ ᠬᠡᠷᠡᠭᠯᠡᠬᠦ ᠪᠠᠷᠢᠮᠵᠢᠶ᠎ᠠ ᠨᠢ ᠳᠤᠤᠷ᠎ᠠ | ᠵᠢᠭᠰᠠᠭᠠᠭᠰᠠᠨ 5 ᠵᠦᠢᠯ ᠪᠤᠢ᠄ | ︵ᠨᠢᠭᠡ︶ ᠤᠷᠳᠤ ᠨᠢ 288 ᠰᠠᠨᠲ᠋ᠢᠮᠧᠲᠷ᠂ ᠦᠷᠭᠡᠨ ᠨᠢ 192 ᠰᠠᠨᠲ᠋ᠢᠮᠧᠲᠷ︔ | ︵ᠬᠤᠶᠠᠷ︶ ᠣᠷᠳᠣ ᠨᠢ 240 ᠰᠠᠨᠲ᠋ᠢᠮᠧᠲᠷ᠂ ᠥᠷᠭᠡᠨ ᠨᠢ 160 ᠰᠠᠨᠲ᠋ᠢᠮᠧᠲᠷ︔ | ︵ᠭᠤᠷᠪᠠ︶ ᠤᠷᠳᠤ ᠨᠢ 192 ᠰᠠᠨᠲ᠋ᠢᠮᠧᠲᠷ᠂ ᠥᠷᠭᠡᠨ ᠨᠢ 128 ᠰᠠᠨᠲ᠋ᠢᠮᠧᠲᠷ︔ | ︵ᠲᠦᠷᠪᠡ︶ ᠤᠷᠳᠦ ᠨᠢ 144 ᠰᠠᠨᠲ᠋ᠢᠮᠧᠲᠷ᠂ ᠥᠷᠭᠡᠨ ᠨᠢ 96 ᠰᠠᠨᠲ᠋ᠢᠮᠧᠲᠷ︔ | ︵ᠲᠠᠪᠤ︶ ᠤᠷᠳᠤ ᠨᠢ 96 ᠰᠠᠨᠲ᠋ᠢᠮᠧᠲᠷ᠂ ᠦᠷᠭᠡᠨ ᠨᠢ 64 ᠰᠠᠨᠲ᠋ᠢᠮᠧᠲᠷ᠃ | ᠣᠨᠴᠠ ᠲᠣᠭᠲᠠᠭᠰᠠᠨ ᠲᠠᠯᠠᠪᠤᠷ ᠲᠤ᠂ ᠨᠡᠶᠢᠳᠡᠮ ᠬᠡᠷᠡᠭᠯᠡᠬᠦ ᠪᠠᠷᠢᠮᠵᠢᠶ᠎ᠠ ᠶᠢᠨ ᠪᠤᠰᠤ | ᠨᠠᠮ ᠤᠨ ᠲᠤᠭ ᠢ ᠬᠡᠷᠡᠭᠯᠡᠬᠦ ᠴᠢᠬᠤᠯᠠᠲᠠᠢ ᠪᠠᠶᠢᠪᠠᠯ᠂ ᠨᠡᠶᠢᠳᠡᠮ ᠬᠡᠷᠡᠭᠯᠡᠬᠦ ᠪᠠᠷᠢᠮᠵᠢᠶ᠎ᠠ ᠪᠠᠷ ᠬᠠᠷᠢᠴᠠᠯ ᠪᠣᠯᠭᠠᠵᠤ | ᠵᠣᠬᠢᠰᠲᠠᠢ ᠪᠠᠷ ᠶᠡᠬᠡᠰᠬᠡᠬᠦ ᠪᠤᠶᠤ ᠪᠠᠭᠠᠰᠬᠠᠬᠤ ᠬᠡᠷᠡᠭᠲᠡᠢ᠃ | ᠶᠢᠰᠦᠳᠦᠭᠡᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠳᠤ ᠨᠠᠮ ᠤᠨ ᠲᠤᠬ ᠢ ᠬᠡᠷᠡᠭᠯᠡᠬᠦ | ᠬᠡᠷᠡᠭᠲᠡᠢ᠄ | ︵ᠨᠢᠭᠡ︶ ᠰᠢᠨ᠎ᠡ ᠨᠠᠮ ᠤᠨ ᠭᠡᠰᠢᠭᠦᠨ ᠤ ᠨᠠᠮ ᠳᠤ ᠣᠷᠣᠬᠤ ᠲᠠᠩᠭᠠᠷᠢᠬᠯᠠᠬᠤ ᠶᠣᠰᠣᠯᠠᠯ | ᠶᠠᠪᠤᠭᠤᠯᠬᠤ ᠳᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠳᠤ ᠣᠷᠣᠬᠤ ᠲᠠᠩᠭᠠᠷᠢᠭ ᠤᠨ ᠦᠭᠡᠰ ᠢ | ᠡᠷᠭᠢᠴᠡᠭᠦᠯᠦᠨ ᠤᠩᠰᠢᠬᠤ ᠦᠶᠡᠰ︔ | ︵ᠬᠤᠶᠠᠷ︶ ᠨᠠᠮ ᠤᠨ ᠳᠣᠲᠣᠭᠠᠳᠤ ᠳᠤ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ | ᠦᠷᠨᠢᠬᠦᠯᠬᠦ ᠦᠶᠡᠰ︔ | ︵ᠭᠤᠷᠪᠠ︶ ᠨᠠᠮ ᠤᠨ ᠲᠥᠪ ᠬᠤᠷᠢᠶ᠎ᠠ ᠪᠤᠯᠤᠨ ᠣᠷᠣᠨ ᠨᠤᠲᠤᠭ ᠤᠨ ᠬᠤᠷᠢᠶ᠎ᠠ ᠵᠢᠴᠢ | ᠲᠡᠭᠦᠨ ᠤ ᠠᠵᠢᠯ ᠤᠨ ᠰᠠᠯᠠᠭ᠎ᠠ ᠮᠥᠴᠢᠷ᠂ ᠨᠠᠮ ᠤᠨ ᠲᠥᠪ ᠬᠤᠷᠢᠶ᠎ᠠ ᠪᠤᠯᠤᠨ ᠣᠷᠣᠨ ᠨᠤᠲᠤᠭ ᠤᠨ ᠬᠤᠷᠢᠶ᠎ᠠ ᠠᠴᠠ | ᠣᠨᠴᠠ ᠲᠣᠭᠲᠠᠭᠰᠠᠨ ᠭᠠᠵᠠᠷ ᠣᠷᠣᠨ ᠳᠤ ᠲᠣᠮᠢᠯᠠᠭᠰᠠᠨ ᠲᠥᠯᠥᠭᠡᠯᠡᠬᠦ ᠪᠠᠶᠢᠭᠤᠯᠭ᠎ᠠ ᠵᠢᠴᠢ ᠲᠡᠭᠦᠨ ᠤ | ᠠᠵᠢᠯ ᠤᠨ ᠰᠠᠯᠠᠭ᠎ᠠ ᠮᠥᠴᠢᠷ᠂ ᠨᠠᠮ ᠤᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠬᠡᠷ᠃ | ᠠᠷᠪᠠᠳᠤᠭᠠᠷ ᠵᠦᠢᠯ ᠳᠣᠣᠷ᠎ᠠ ᠵᠢᠭᠰᠠᠭᠠᠭᠰᠠᠨ ᠪᠠᠶᠢᠳᠠᠯ ᠳᠤ ᠨᠠᠮ ᠤᠨ ᠲᠤᠬ ᠢ ᠬᠡᠷᠡᠭᠯᠡᠵᠦ | ᠪᠣᠯᠤᠨ᠎ᠠ᠄ ︵ᠨᠢᠭᠡ︶ ᠨᠠᠮ ᠤᠨ ᠭᠡᠰᠢᠭᠦᠳ ᠤᠨ ᠶᠡᠭᠡ ᠬᠤᠷᠠᠯ᠂ ᠨᠠᠮ ᠤᠨ ᠦᠨᠳᠦᠰᠦᠨ ᠱᠠᠲᠤᠨ ᠤ | ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠦᠶᠡᠰ︔ | ︵ᠬᠤᠶᠠᠷ︶ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠭᠤᠤᠯ ᠰᠡᠳᠦᠪᠳᠤ | ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠬᠦ ᠦᠶᠡᠰ︔ | ︵ᠭᠤᠷᠪᠠ︶ ᠨᠠᠮ ᠤᠨ ᠭᠡᠰᠢᠭᠦᠨ ᠤ ᠬᠥᠮᠦᠵᠢᠯ ᠤᠨ ᠰᠠᠭᠤᠷᠢᠨ ᠭᠠᠵᠠᠷ᠂ ᠨᠠᠮ ᠤᠨ ᠭᠡᠰᠢᠭᠦᠨ ᠤ | ᠬᠤᠰᠢᠭᠤᠴᠢ ᠠᠵᠢᠯ ᠤᠨ ᠪᠠᠶᠢᠷᠢ ᠵᠢᠴᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠠᠮ ᠤᠨ | ᠭᠡᠰᠢᠭᠦᠨ ᠤ ᠠᠵᠢᠯᠯᠠᠭᠠᠨ ᠤ ᠲᠠᠰᠤᠭ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠠᠵᠢᠯᠯᠠᠭᠠᠨ ᠤ ᠲᠠᠯᠠᠪᠤᠷ︔ | ︵ᠳᠥᠷᠪᠡ︶ ᠴᠢᠬᠤᠯᠠ ᠠᠵᠢᠯ᠂ ᠴᠢᠬᠤᠯᠠ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ | ᠠᠶᠤᠯ ᠭᠠᠮᠰᠢᠭ ᠠᠴᠠ ᠠᠪᠤᠷᠬᠠᠤ᠂ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ᠂ ᠨᠠᠮ ᠤᠨ ᠭᠡᠰᠢᠭᠦᠨ ᠤ ᠭᠠᠪᠰᠢᠭᠠᠶ ᠠᠩᠭᠢ ᠵᠡᠷᠭᠡ︔ | ︵ᠲᠠᠪᠤ︶ ᠨᠠᠮ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠥᠷᠨᠢᠭᠦᠯᠬᠦ ᠦᠶᠡᠰ᠃ | ᠳᠡᠭᠡᠷ᠎ᠡ ᠳᠤᠷᠠᠳᠤᠭᠰᠠᠨ ᠪᠠᠶᠢᠳᠠᠯ ᠠᠴᠠ ᠭᠠᠳᠠᠨ᠎ᠠ᠂ ᠡᠩ ᠤᠨ ᠪᠠᠶᠢᠳᠠᠯ ᠳᠤ ᠨᠠᠮ ᠤᠨ | ᠰᠦᠯᠳᠡ ᠶᠢᠨ ᠵᠢᠷᠤᠭ ᠳᠦᠷᠰᠦ ᠪᠠᠷ ᠬᠡᠷᠡᠭᠯᠡᠵᠤ ᠪᠤᠯᠬᠤ ᠪᠠᠶᠢᠳᠠᠯ ᠢᠶᠠᠷ ᠯᠠᠪᠯᠠᠯᠳᠠ ᠪᠤᠯᠭᠠᠵᠤ ᠨᠠᠮ ᠤᠨ ᠲᠤᠬ ᠤᠨ | ᠵᠢᠷᠤᠭ ᠳᠦᠷᠰᠦ ᠶᠢ ᠬᠡᠷᠡᠭᠯᠡᠵᠦ ᠪᠣᠯᠤᠨ᠎ᠠ᠃ | ᠠᠷᠪᠠᠨ ᠨᠢᠭᠡᠳᠦᠭᠡᠷ ᠵᠦᠢᠯ ᠣᠨᠴᠠᠭᠠᠢ ᠪᠠᠶᠢᠳᠠᠯ ᠳᠤ ᠨᠠᠮ ᠤᠨ ᠲᠤᠬ ᠪᠠ ᠪᠤᠰᠤᠳ | ᠲᠤᠬ ᠢ ᠵᠡᠷᠭᠡ ᠪᠠᠷ ᠡᠯᠭᠦᠬᠦ ᠴᠢᠬᠤᠯᠠᠲᠠᠢ ᠦᠶ᠎ᠠ ᠳᠤ᠂ ᠨᠠᠮ ᠤᠨ ᠲᠤᠬ ᠢ ᠲᠡᠷᠢᠭᠦᠨ ᠪᠠᠶᠢᠷᠢᠨ ᠳᠤ ᠲᠠᠯᠪᠢᠬᠤ | ᠬᠡᠷᠡᠭᠲᠡᠢ᠃ | ᠠᠷᠪᠠᠨ ᠬᠤᠶᠠᠳᠤᠭᠠᠷ ᠵᠦᠢᠯ ᠨᠡᠶᠢᠳᠡᠮ ᠬᠡᠷᠡᠭᠯᠡᠬᠦ ᠪᠠᠷᠢᠮᠵᠢᠶ᠎ᠠ ᠶᠢᠨ ᠪᠤᠰᠤ ᠨᠠᠮ ᠤᠨ | ᠰᠦᠯᠳᠡ ᠨᠠᠮ ᠤᠨ ᠲᠤᠬ ᠢ ᠦᠢᠯᠡᠳᠬᠦ ᠦᠶᠡᠰ᠂ ᠲᠣᠭᠲᠠᠭᠠᠭᠰᠠᠨ ᠪᠠᠶᠢᠳᠠᠯ ᠠᠴᠠ ᠭᠠᠳᠠᠭᠤᠷ ᠨᠠᠮ ᠤᠨ ᠰᠦᠯᠳᠡ | ᠨᠠᠮ ᠤᠨ ᠲᠤᠬ ᠵᠢᠴᠢ ᠲᠡᠭᠦᠨ ᠤ ᠵᠢᠷᠤᠭ ᠳᠦᠷᠰᠦ ᠶᠢ ᠬᠡᠷᠡᠭᠯᠡᠬᠦ ᠳᠤ ᠬᠦᠷᠪᠡᠯ᠂ ᠰᠢᠶᠠᠨ ᠤ ᠱᠠᠲᠤᠨ ᠠᠴᠠ | ᠳᠡᠭᠡᠭᠰᠢᠬᠢ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠨᠠᠮ ᠤᠨ ᠰᠦᠯᠳᠡ ᠨᠠᠮ ᠤᠨ ᠲᠤᠬ ᠵᠢᠴᠢ ᠲᠡᠭᠦᠨ ᠤ ᠵᠢᠷᠤᠭ | ᠳᠦᠷᠰᠦ ᠶᠢ ᠳᠣᠣᠷᠠᠬᠢ ᠵᠦᠢᠯ ᠳᠤ ᠬᠡᠷᠡᠭᠯᠡᠵᠦ ᠪᠣᠯᠬᠤ ᠤᠢᠭᠡᠢ᠄ | ︵ᠨᠢᠭᠡ︶ ᠲᠠᠸᠠᠷ ᠤᠨ ᠲᠡᠮᠳᠡᠭ᠂ ᠲᠤᠰᠬᠠᠢ ᠠᠰᠢᠭ ᠤᠨ ᠡᠷᠬᠡ ᠣᠯᠭᠤᠭᠰᠠᠨ ᠭᠠᠳᠠᠷ | ᠳᠦᠷᠰᠦ ᠶᠢᠨ ᠵᠢᠷᠤᠭ ᠲᠥᠯᠥᠪᠯᠡᠭᠡ ᠪᠠ ᠬᠤᠳᠠᠯᠳᠤᠭᠠᠨ ᠤ ᠵᠡᠷ︔ | ︵ᠬᠤᠶᠠᠷ︶ ᠬᠤᠪᠢ ᠬᠥᠮᠦᠨ ᠤ ᠠᠵᠢᠯᠯᠠᠭ᠎ᠠ︔ | ︵ᠭᠤᠷᠪᠠ︶ ᠬᠤᠪᠢ ᠬᠥᠮᠦᠨ ᠤ ᠲᠠᠯᠠᠪᠤᠷ᠂ ᠬᠤᠪᠢ ᠬᠥᠮᠦᠨ ᠤ ᠰᠦᠯᠵᠢᠶᠡᠨ ᠤ | ᠣᠷᠣᠨ ᠵᠠᠢ ᠶᠢᠨ ᠳᠡᠮᠳᠡᠭ ᠢᠯᠡᠷᠬᠡᠶᠢᠯᠡᠯ ᠤᠨ ᠡᠳ᠋︔ | ︵ᠳᠥᠷᠪᠡ︶ ᠬᠤᠪᠢ ᠬᠥᠮᠦᠨ ᠤ ᠡᠳᠦᠷ ᠲᠤᠲᠤᠮ ᠤᠨ ᠬᠡᠷᠡᠭᠰᠡᠯ᠂ ᠡᠳᠦᠷ ᠲᠤᠲᠤᠮ ᠤᠨ | ᠠᠮᠢᠳᠤᠷᠠᠯ ᠤᠨ ᠲᠠᠪᠢᠯᠭ᠎ᠠ ᠪᠠᠶᠢᠷᠢᠯᠠᠭᠤᠯᠤᠯᠳᠠ︔ | ︵ᠲᠠᠪᠤ︶ ᠪᠤᠰᠤᠳ ᠲᠣᠬᠢᠷᠠᠬᠤ ᠦᠭᠡᠢ ᠲᠠᠯᠠᠪᠤᠷ᠂ ᠪᠠᠶᠢᠳᠠᠯ ᠪᠠ ᠣᠷᠴᠢᠨ᠃ | ᠠᠷᠪᠠᠨ ᠳᠥᠷᠪᠡᠳᠦᠭᠡᠷ ᠵᠦᠢᠯ ᠨᠠᠮ ᠤᠨ ᠰᠦᠯᠳᠡ ᠨᠠᠮ ᠤᠨ ᠲᠤᠬ ᠳᠡᠭᠡᠷ᠎ᠡ ᠶᠠᠮᠠᠷᠪᠠ | ᠤᠢᠰᠦᠭ ᠪᠢᠴᠢᠭ᠂ ᠲᠡᠮᠳᠡᠭ ᠪᠠ ᠵᠢᠷᠤᠭ ᠲᠦᠷᠰᠦ ᠵᠡᠷᠭᠡ ᠶᠢ ᠨᠡᠮᠡᠵᠦ ᠪᠣᠯᠬᠤ ᠤᠢᠭᠡᠢ᠂ ᠡᠪᠳᠡᠷᠡᠭᠰᠡᠨ᠂ ᠭᠬᠢᠷᠲᠦᠭᠰᠡᠨ᠂ | ᠦᠡᠭᠭᠡ ᠨᠢ ᠤᠨᠠᠭᠰᠠᠨ ᠨᠠᠮ ᠤᠨ ᠰᠦᠯᠳᠡ ᠨᠠᠮ ᠤᠨ ᠲᠤᠬ ᠢ ᠬᠡᠷᠡᠭᠯᠡᠵᠦ ᠪᠣᠯᠬᠤ ᠤᠢᠭᠡᠢ᠂ ᠲᠤᠰ | ᠲᠦᠷᠢᠮ ᠳᠤ ᠳᠠᠭᠠᠯᠳᠤᠭᠤᠯᠤᠭᠰᠠᠨ ᠦᠢᠯᠡᠳᠬᠦ ᠠᠷᠭ᠎ᠠ ᠶᠢᠨ ᠳᠤᠳᠤᠷᠬᠠᠢᠢᠯᠠᠯᠳᠠ ᠳᠤ ᠨᠡᠶᠢᠴᠡᠬᠦ ᠤᠢᠭᠡᠢ | ᠶᠠᠮᠠᠷᠪᠠ ᠨᠠᠮ ᠤᠨ ᠰᠦᠯᠳᠡ ᠨᠠᠮ ᠤᠨ ᠲᠤᠬ ᠢ ᠦᠢᠯᠡᠳᠴᠦ ᠬᠡᠷᠡᠭᠯᠡᠵᠦ ᠪᠣᠯᠬᠤ ᠤᠢᠭᠡᠢ᠃ ᠲᠣᠩᠭᠤᠷᠠᠭᠤᠯᠤᠨ | ᠡᠯᠭᠦᠬᠦ᠂ ᠲᠣᠩᠭᠤᠷᠠᠭᠤᠯᠤᠨ ᠬᠠᠳᠬᠤᠬᠤ ᠪᠤᠶᠤ ᠨᠠᠮ ᠤᠨ ᠰᠦᠯᠳᠡ ᠨᠠᠮ ᠤᠨ ᠲᠤᠬ ᠤᠨ ᠨᠡᠷ᠎ᠡ ᠬᠦᠨᠳᠦ ᠶᠢ | ᠬᠤᠬᠢᠷᠠᠭᠤᠯᠬᠤ ᠪᠤᠰᠤᠳ ᠬᠡᠯᠪᠡᠷᠢ ᠪᠠᠷ ᠨᠠᠮ ᠤᠨ ᠰᠦᠯᠳᠡ ᠨᠠᠮ ᠤᠨ ᠲᠤᠬ ᠢ ᠡᠯᠭᠦᠵᠤ᠂ ᠬᠡᠷᠡᠭᠯᠡᠵᠦ ᠪᠣᠯᠬᠤ | ᠤᠢᠭᠡᠢ᠃ | ᠨᠠᠮ ᠤᠨ ᠰᠦᠯᠳᠡ ᠨᠠᠮ ᠤᠨ ᠲᠤᠭ ᠢ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠃ | ᠡᠪᠳᠡᠷᠡᠭᠰᠡᠨ᠂ ᠭᠬᠢᠷᠲᠦᠭᠰᠡᠨ᠂ ᠥᠩᠭᠡ ᠨᠢ ᠤᠨᠠᠭᠰᠠᠨ᠂ ᠦᠰᠦᠭ ᠪᠢᠴᠢᠭ ᠪᠠ ᠲᠡᠮᠳᠡᠭ ᠬᠠᠳᠠᠭᠰᠠᠨ ᠵᠡᠷᠭᠡ ᠦᠢᠯᠡᠳᠴᠦ | ᠬᠡᠷᠡᠭᠯᠡᠬᠦ ᠲᠣᠭᠲᠠᠭᠠᠯ ᠳᠤ ᠨᠡᠶᠢᠴᠡᠬᠦ ᠦᠭᠡᠶ ᠨᠠᠮ ᠤᠨ ᠰᠦᠯᠳᠡ ᠨᠠᠮ ᠤᠨ ᠲᠤᠭ ᠢ ᠲᠣᠭᠲᠠᠭᠠᠯ ᠶᠣᠰᠣᠭᠠᠷ | ᠬᠤᠷᠢᠶᠠᠨ ᠠᠪᠴᠤ ᠰᠢᠢᠳᠪᠦᠷᠢᠯᠡᠬᠦ ᠬᠡᠷᠡᠭᠲᠡᠶ᠃ ᠨᠠᠮ ᠤᠨ ᠳᠣᠲᠣᠭᠠᠳᠤ ᠳᠤ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ | ᠠᠵᠢᠯᠯᠠᠭ᠎ᠠ ᠦᠷᠨᠢᠬᠦᠯᠦᠭᠰᠡᠨ ᠤ ᠲᠠᠷᠠᠭ᠎ᠠ᠂ ᠬᠡᠨ ᠲᠠᠷᠬᠠᠭᠠᠭᠰᠠᠨ ᠪᠣᠯ ᠬᠡᠨ ᠬᠠᠷᠢᠭᠤᠴᠠᠬᠤ ᠵᠠᠷᠴᠢᠮ ᠶᠣᠰᠣᠭᠠᠷ᠂ | ᠬᠤᠯᠪᠣᠭᠳᠠᠯ ᠪᠦᠬᠦᠢ ᠨᠢᠭᠡᠴᠢ ᠠᠴᠠ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠬᠡᠷᠡᠭᠯᠡᠭᠰᠡᠨ ᠨᠠᠮ ᠤᠨ | ᠰᠦᠯᠳᠡ ᠨᠠᠮ ᠤᠨ ᠲᠤᠭ ᠢ ᠪᠤᠴᠠᠭᠠᠨ ᠠᠪᠬᠤ ᠪᠤᠶᠤ ᠵᠤᠬᠢᠰᠳᠠᠢ ᠰᠢᠢᠳᠪᠦᠷᠢᠯᠡᠬᠦ ᠬᠡᠷᠡᠭᠳᠠᠢ᠃ | ᠠᠷᠪᠠᠨ ᠲᠠᠪᠤᠳᠤᠭᠠᠷ ᠵᠦᠢᠯ ᠨᠠᠮ ᠤᠨ ᠭᠡᠰᠢᠭᠦᠨ ᠨᠠᠰᠤ ᠪᠠᠷᠠᠭᠰᠠᠨ ᠤ ᠲᠠᠷᠠᠭ᠎ᠠ᠂ ᠨᠠᠮ ᠤᠨ | ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢᠨ ᠪᠠᠶᠢᠭ᠎ᠠ ᠨᠢᠭᠡᠴᠢ ᠶᠢᠨ ᠬᠤᠯᠪᠣᠭᠳᠠᠯ ᠪᠦᠬᠦᠢ ᠬᠢᠨᠠᠨ | ᠵᠥᠪᠰᠢᠶᠡᠷᠡᠬᠦ ᠡᠷᠬᠡ ᠮᠡᠳᠡᠯ ᠲᠠᠢ ᠦᠨᠳᠦᠰᠦᠨ ᠱᠠᠲᠤᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ | ᠨᠠᠮ ᠤᠨ ᠲᠤᠬ ᠢ ᠲᠡᠭᠦᠨ ᠤ ᠴᠢᠨᠳᠠᠷ ᠪᠤᠶᠤ ᠴᠢᠨᠳᠠᠷ ᠤᠨ ᠬᠠᠶᠢᠷᠴᠠᠭ ᠳᠡᠭᠡᠷ᠎ᠡ ᠪᠦᠲᠡᠭᠡᠵᠦ ᠪᠣᠯᠤᠨ᠎ᠠ᠂ ᠭᠡᠪᠡᠴᠦ | ᠨᠠᠮ ᠤᠨ ᠲᠤᠬ ᠢ ᠭᠠᠵᠠᠷ ᠲᠠᠢ ᠬᠦᠷᠦᠯᠴᠡᠬᠦᠯᠵᠤ ᠪᠣᠯᠬᠤ ᠦᠭᠡᠢ᠂ ᠴᠢᠨᠳᠠᠷ ᠢ ᠨᠢ ᠳᠠᠭᠠᠭᠤᠯᠤᠨ ᠰᠢᠲᠠᠭᠠᠨ | ᠳᠡᠭᠳᠡᠭᠡᠵᠦ ᠪᠣᠯᠬᠤ ᠦᠭᠡᠢ᠂ ᠴᠢᠨᠳᠠᠷ ᠤᠨ ᠬᠠᠶᠢᠷᠴᠠᠭ ᠢ ᠨᠢ ᠳᠠᠭᠠᠭᠤᠯᠤᠨ ᠤᠷᠤᠰᠢᠭᠤᠯᠵᠦ ᠪᠣᠯᠬᠤ ᠦᠭᠡᠢ᠃ | ᠠᠷᠪᠠᠨ ᠵᠢᠷᠭᠤᠳᠤᠭᠠᠷ ᠵᠦᠢᠯ ᠰᠦᠯᠵᠢᠶ᠎ᠡ᠂ ᠬᠡᠪᠯᠡᠭᠳᠡᠬᠦᠨ ᠵᠡᠷᠭᠡ ᠳᠤ ᠨᠠᠮ ᠤᠨ ᠰᠦᠯᠳᠡ | ᠨᠠᠮ ᠤᠨ ᠲᠤᠬ ᠤᠨ ᠵᠢᠷᠤᠭ ᠲᠦᠷᠰᠦ ᠶᠢ ᠬᠡᠷᠡᠭᠯᠡᠬᠦ ᠳᠡᠭᠡᠨ ᠢᠯᠡᠷᠬᠡᠢ ᠪᠠᠶᠢᠷᠢᠨ ᠳᠤ ᠲᠠᠯᠪᠢᠬᠤ ᠬᠡᠷᠡᠭᠲᠡᠢ᠃ | ᠰᠦᠯᠵᠢᠶ᠎ᠡ᠂ ᠬᠡᠪᠯᠡᠭᠳᠡᠬᠦᠨ ᠵᠡᠷᠭᠡ ᠳᠤ ᠬᠡᠷᠡᠭᠯᠡᠬᠦ ᠨᠠᠮ ᠤᠨ ᠰᠦᠯᠳᠡ ᠨᠠᠮ ᠤᠨ ᠲᠤᠭ ᠤᠨ | ᠵᠢᠷᠤᠭ ᠳᠦᠷᠰᠦ ᠶᠢᠨ ᠪᠠᠷᠢᠮᠵᠢᠶ᠎ᠠ ᠬᠡᠪᠯᠡᠯ ᠢ ᠡᠪ ᠬᠠᠮᠲᠤ ᠨᠠᠮ ᠤᠨ ᠭᠡᠰᠢᠭᠦᠨ ᠤ ᠰᠦᠯᠵᠢᠶ᠎ᠡ ᠪᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠣᠨᠢᠨ ᠮᠡᠳᠡᠭᠡᠨ ᠤ ᠰᠦᠯᠵᠢᠶ᠎ᠡ ᠳᠤ ᠨᠡᠶᠢᠲᠡᠯᠡᠨ᠎ᠡ᠃ | ᠠᠷᠪᠠᠨ ᠳᠣᠯᠣᠳᠤᠭᠠᠷ ᠵᠦᠢᠯ ᠨᠠᠮ ᠤᠨ ᠰᠦᠯᠳᠡ ᠨᠠᠮ ᠤᠨ ᠲᠤᠭ ᠤᠨ ᠮᠡᠳᠡᠯᠭᠡ ᠶᠢ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠯ᠂ ᠨᠠᠮ ᠳᠤ | ᠣᠷᠣᠬᠤ ᠢᠳᠡᠪᠬᠢᠲᠡᠨ ᠤ ᠪᠣᠯᠪᠠᠰᠤᠷᠠᠯ ᠵᠡᠷᠭᠡ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠭᠡᠰᠢᠭᠦᠨ᠂ ᠡᠪ | ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ ᠪᠠ ᠠᠷᠠᠳ | ᠤᠯᠡᠠ ᠢ ᠰᠤᠷᠭᠠᠨ ᠬᠥᠮᠦᠵᠢᠭᠦᠯᠵᠦ᠂ ᠨᠠᠮ ᠤᠨ ᠰᠦᠯᠳᠡ ᠨᠠᠮ ᠤᠨ ᠲᠤᠬ ᠤᠨ ᠲᠡᠦᠬᠡ ᠪᠠ ᠵᠤᠷᠢᠭ ᠰᠠᠨᠠᠭᠠᠨ ᠤ | ᠠᠭᠤᠯᠤᠭᠳᠠᠬᠤᠨ ᠢ ᠤᠢᠢᠯᠡᠭᠠᠭᠤᠯᠵᠤ᠂ ᠨᠠᠮ ᠤᠨ ᠰᠦᠯᠳᠡ ᠨᠠᠮ ᠤᠨ ᠲᠤᠬ ᠵᠢᠴᠢ ᠲᠡᠭᠦᠨ ᠤ ᠵᠢᠷᠤᠭ ᠳᠦᠷᠰᠦ ᠶᠢ | ᠤᠬᠠᠮᠰᠠᠷ ᠠᠴᠠ ᠪᠠᠨ ᠵᠢᠷᠤᠮᠵᠢᠭᠤᠯᠤᠨ ᠬᠡᠷᠡᠭᠯᠡᠵᠦ᠂ ᠨᠠᠮ ᠤᠨ ᠰᠦᠯᠳᠡ ᠨᠠᠮ ᠤᠨ ᠲᠤᠬ ᠢ ᠬᠦᠨᠳᠦᠳᠬᠡᠨ | ᠬᠠᠶᠢᠷᠠᠯᠠᠬᠤ ᠬᠡᠷᠡᠭᠲᠡᠢ᠃ | ᠡᠯ᠎ᠡ ᠰᠣᠨᠢᠨ ᠮᠡᠳᠡᠭᠡᠯᠡᠯ᠂ ᠬᠡᠪᠯᠡᠯ ᠤᠨ ᠨᠢᠭᠡᠴᠢ ᠨᠠᠮ ᠤᠨ ᠰᠦᠯᠳᠡ ᠨᠠᠮ ᠤᠨ ᠲᠤᠭ ᠤᠨ | ᠲᠤᠬᠠᠢ ᠮᠡᠳᠡᠯᠭᠡ ᠶᠢᠨ ᠤᠬᠠᠭᠤᠯᠭ᠎ᠠ ᠪᠠᠨ ᠴᠢᠩᠭᠠᠳᠬᠠᠵᠤ᠂ ᠵᠢᠷᠦᠮᠵᠢᠬᠰᠡᠨ ᠨᠠᠮ ᠤᠨ ᠰᠦᠯᠳᠡ ᠨᠠᠮ ᠤᠨ ᠲᠤᠭ ᠤᠨ | ᠵᠢᠷᠤᠭ ᠲᠠᠢ ᠮᠡᠳᠡᠭᠡ ᠪᠠ ᠬᠡᠷᠡᠯ ᠵᠢᠷᠤᠭ ᠢ ᠮᠡᠳᠡᠭᠡᠯᠡᠬᠦ ᠪᠠ ᠬᠡᠷᠡᠭᠯᠡᠵᠦ᠂ ᠨᠠᠮ ᠤᠨ ᠲᠦᠷᠢ ᠲᠥᠷᠬᠦ ᠶᠢ ᠬᠠᠮᠠᠭᠠᠯᠠᠬᠤ | ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠨᠠᠮ ᠤᠨ ᠰᠦᠯᠳᠡ ᠨᠠᠮ ᠤᠨ ᠲᠤᠭ ᠢ ᠲᠤᠰ | ᠲᠦᠷᠢᠮ ᠳᠤ ᠳᠠᠭᠠᠯᠳᠤᠭᠤᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠦᠯᠳᠡ ᠨᠠᠮ ᠤᠨ | ᠲᠤᠭ ᠢ ᠵᠤᠬᠢᠶᠠᠨ ᠦᠢᠯᠡᠳᠬᠦ ᠠᠷᠭ᠎ᠠ ᠶᠢᠨ ᠲᠣᠳᠣᠷᠬᠠᠶᠢᠯᠠᠯᠲᠠ ᠶᠣᠰᠣᠭᠠᠷ ᠦᠢᠯᠡᠳᠬᠦ ᠬᠡᠷᠡᠭᠲᠡᠢ᠃ ᠦᠢᠯᠡᠳᠬᠦ | ᠠᠵᠤ ᠠᠬᠤᠶᠢᠯᠠᠯ ᠢ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠦᠢᠯᠡᠳᠪᠦᠷᠢᠯᠡᠯ ᠤᠨ ᠬᠢᠷᠢ ᠬᠡᠮ ᠲᠠᠢ ᠠᠵᠤ ᠠᠬᠤᠶᠢᠯᠠᠯ | ᠤᠨ ᠲᠤᠮᠳᠠ ᠠᠴᠠ ᠲᠣᠭᠲᠠᠭᠠᠨ᠎ᠠ᠃ ᠶᠠᠮᠠᠷᠪᠠ ᠨᠢᠭᠡᠴᠢ ᠪᠠ ᠬᠤᠪᠢ ᠬᠥᠮᠦᠨ ᠵᠥᠪᠰᠢᠶᠡᠷᠡᠭᠦᠯᠦᠭᠰᠡᠨ | ᠦᠭᠡᠢ ᠪᠠᠷ ᠨᠠᠮ ᠤᠨ ᠰᠦᠯᠳᠡ ᠨᠠᠮ ᠤᠨ ᠲᠤᠭ ᠢ ᠳᠤᠷ᠎ᠠ ᠪᠠᠷ ᠢᠶᠠᠨ ᠵᠤᠬᠢᠶᠠᠨ ᠦᠢᠯᠡᠳᠴᠦ ᠪᠣᠯᠬᠤ ᠦᠭᠡᠢ᠃ | ᠠᠷᠪᠠ ᠶᠢᠰᠦᠳᠦᠭᠡᠷ ᠵᠦᠢᠯ ᠨᠠᠮ ᠤᠨ ᠰᠦᠯᠳᠡ ᠨᠠᠮ ᠤᠨ ᠲᠤᠬ ᠢ ᠵᠠᠷᠴᠢᠮ | ᠳᠡᠭᠡᠷ᠎ᠡ ᠪᠠᠨ ᠲᠥᠪᠯᠡᠷᠡᠭᠦᠯᠦᠨ ᠲᠤᠬᠢᠷᠡᠭᠤᠯᠵᠦ ᠲᠠᠷᠬᠠᠭᠠᠵᠤ᠂ ᠨᠢᠭᠡ ᠨᠠᠮ ᠤᠨ ᠬᠤᠷᠢᠶ᠎ᠠ ᠳᠤ ᠨᠢᠭᠡ ᠨᠠᠮ ᠤᠨ | ᠰᠦᠯᠳᠡ ᠲᠠᠢ᠂ ᠨᠢᠭᠡ ᠨᠠᠮ ᠤᠨ ᠡᠭᠦᠷ ᠲᠤ ᠨᠢᠭᠡ ᠨᠠᠮ ᠤᠨ ᠲᠤᠬ ᠲᠠᠢ ᠪᠠᠶᠢᠯᠭᠠᠵᠤ᠂ ᠬᠡᠷᠡᠭᠰᠡᠬᠦ ᠵᠠᠷᠤᠳᠠᠯ ᠢ ᠨᠠᠮ ᠤᠨ | ᠰᠦᠢᠳᠬᠡᠯ ᠠᠴᠠ ᠭᠠᠷᠭᠠᠵᠤ ᠪᠣᠯᠤᠨ᠎ᠠ᠃ | ᠬᠤᠷᠢᠳᠤᠭᠠᠷ ᠵᠦᠢᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ | ᠰᠦᠯᠳᠡ ᠨᠠᠮ ᠤᠨ ᠲᠤᠭ ᠤᠨ ᠨᠡᠷ᠎ᠡ ᠬᠦᠨᠳᠦ ᠶᠢ ᠬᠠᠮᠠᠭᠠᠯᠠᠬᠤ ᠶᠠᠪᠤᠳᠠᠯ ᠢ ᠨᠢᠭᠡ ᠵᠦᠢᠯ ᠤᠨ ᠤᠯᠤᠰ ᠲᠦᠷᠦ ᠶᠢᠨ | ᠡᠭᠦᠷᠭᠡ ᠪᠣᠯᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ᠃ ᠰᠢᠶᠠᠨ ᠤ | ᠱᠠᠲᠤᠨ ᠠᠴᠠ ᠳᠡᠭᠡᠭᠰᠢᠬᠢ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤᠰ ᠭᠠᠵᠠᠷ | ᠣᠷᠣᠨ ᠲᠤᠰ ᠪᠠᠶᠢᠭᠤᠯᠭ᠎ᠠ ᠨᠢᠭᠡᠴᠢ ᠲᠤᠰ ᠰᠢᠰᠲ᠋ᠧᠮ ᠤᠨ ᠢᠶᠠᠨ ᠨᠠᠮ ᠤᠨ ᠰᠦᠯᠳᠡ ᠨᠠᠮ ᠤᠨ ᠲᠤᠭ ᠤᠨ ᠡᠯ᠎ᠡ | ᠵᠦᠢᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠠᠮ ᠤᠨ ᠰᠦᠯᠳᠡ ᠨᠠᠮ ᠤᠨ ᠲᠤᠭ ᠤᠨ | ᠦᠢᠯᠡᠳᠪᠦᠷᠢᠯᠡᠯ᠂ ᠪᠣᠷᠣᠯᠠᠭᠤᠯᠭ᠎ᠠ ᠪᠠ ᠬᠤᠳᠠᠯᠳᠤᠭᠠᠨ ᠤ ᠬᠡᠷᠡᠭᠯᠡᠯᠲᠡ ᠶᠢᠨ ᠲᠤᠬᠠᠢ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠳᠡᠢ᠃ | ᠨᠠᠮ ᠤᠨ ᠰᠦᠯᠳᠡ ᠨᠠᠮ ᠤᠨ ᠲᠤᠭ ᠤᠨ ᠦᠢᠯᠡᠳᠬᠦᠨ ᠢ ᠬᠠᠤᠯᠢ ᠪᠤᠰᠤ ᠪᠠᠷ | ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠠᠵᠤ ᠠᠬᠤᠶᠢᠯᠠᠯ ᠪᠠ ᠬᠤᠪᠢ ᠬᠥᠮᠦᠨ᠂ ᠲᠤᠰ ᠲᠦᠷᠢᠮ ᠢ ᠵᠥᠷᠢᠴᠡᠨ | ᠨᠠᠮ ᠤᠨ ᠰᠦᠯᠳᠡ ᠨᠠᠮ ᠤᠨ ᠲᠤᠭ ᠵᠢᠴᠢ ᠲᠡᠭᠦᠨ ᠤ ᠵᠢᠷᠤᠭ ᠳᠦᠷᠰᠦ ᠶᠢ ᠬᠡᠷᠡᠭᠯᠡᠭᠰᠡᠨ ᠠᠵᠢᠯᠯᠠᠭ᠎ᠠ ᠶᠢ | ᠰᠢᠭᠦᠮᠵᠢᠯᠡᠨ ᠰᠤᠷᠭᠠᠵᠤ᠂ ᠴᠠᠭ ᠲᠤᠬᠠᠢ ᠳᠤᠨᠢ ᠵᠠᠯᠠᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠤᠶᠤ | ᠵᠠᠯᠠᠷᠠᠭᠤᠯᠬᠤ ᠦᠭᠡᠢ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠬᠠᠤᠯᠢ ᠶᠢ | ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠨ᠎ᠡ᠃ | ᠬᠤᠷᠢᠨ ᠨᠢᠭᠡᠳᠦᠭᠡᠷ ᠵᠦᠢᠯ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠤᠰ | ᠲᠦᠷᠢᠮ ᠢ ᠦᠨᠳᠦᠰᠦᠯᠡᠵᠦ᠂ ᠬᠠᠮᠢᠶ᠎ᠠ ᠪᠦᠬᠦᠢ ᠲᠣᠭᠲᠠᠭᠠᠯ ᠢ ᠲᠣᠭᠲᠠᠭᠠᠵᠤ ᠪᠣᠯᠤᠨ᠎ᠠ᠃ | ᠬᠤᠷᠢᠨ ᠬᠤᠶᠠᠳᠤᠭᠠᠷ ᠵᠦᠢᠯ ᠨᠠᠮ ᠤᠨ ᠭᠡᠰᠢᠭᠦᠨ ᠤ ᠰᠦᠯᠳᠡ ᠲᠡᠮᠳᠡᠭ ᠪᠣᠯ ᠨᠠᠮ ᠤᠨ | ᠭᠡᠰᠢᠭᠦᠨ ᠤ ᠪᠡᠶ᠎ᠡ ᠶᠢᠨ ᠭᠠᠷᠤᠯ ᠤᠨ ᠪᠡᠯᠭᠡ ᠲᠡᠮᠳᠡᠭ ᠮᠥᠨ᠂ ᠲᠡᠭᠦᠨ ᠢ ᠵᠤᠬᠢᠶᠠᠨ ᠦᠢᠯᠡᠳᠬᠦ᠂ ᠬᠡᠷᠡᠭᠯᠡᠬᠦ᠂ | ᠬᠠᠮᠢᠶᠠᠷᠬᠤ ᠲᠤᠬᠠᠢ ᠠᠰᠲᠠᠭᠠᠨ ᠲᠣᠭᠲᠠᠭᠠᠨ᠎ᠠ᠃ | ᠬᠤᠷᠢᠨ ᠭᠤᠷᠪᠠᠳᠤᠭᠠᠷ ᠵᠦᠢᠯ ᠲᠤᠰ ᠲᠦᠷᠢᠮ ᠢ ᠲᠥᠪ ᠤᠨ ᠵᠣᠬᠢᠶᠠᠨ ᠪᠠᠶᠢᠭᠤᠯᠬᠤ | ᠬᠡᠯᠲᠡᠰ ᠠᠴᠠ ᠬᠠᠷᠢᠭᠤᠴᠠᠨ ᠲᠠᠶᠢᠯᠪᠤᠷᠢᠯᠠᠨ᠎ᠠ᠃ | ᠬᠤᠷᠢᠨ ᠳᠥᠷᠪᠡᠳᠦᠭᠡᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ ᠡᠭᠦᠨ ᠠᠴᠠ ᠡᠮᠦᠨ᠎ᠡ ᠨᠡᠶᠢᠲᠡᠯᠡᠭᠰᠡᠨ ᠨᠠᠮ ᠤᠨ ᠰᠦᠯᠳᠡ ᠨᠠᠮ ᠤᠨ ᠲᠤᠬ ᠤᠨ | ᠲᠤᠬᠠᠢ ᠲᠣᠭᠲᠠᠭᠠᠯ ᠤᠨ ᠲᠤᠲᠤᠷ᠎ᠠ ᠲᠤᠰ ᠲᠦᠷᠢᠮ ᠲᠠᠢ ᠨᠢᠭᠡᠳᠦᠯ ᠤᠢᠭᠡᠢ ᠲᠠᠯ᠎ᠠ ᠪᠠᠶᠢᠪᠠᠯ ᠲᠤᠰ ᠲᠦᠷᠢᠮ | ᠤᠨ ᠶᠣᠰᠣᠭᠠᠷ ᠬᠡᠷᠡᠭᠵᠢᠭᠦᠯᠦᠨ᠎ᠡ᠃ ︵ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 28 ᠤ ᠴᠠᠬᠢᠯᠭᠠᠨ | ᠮᠡᠳᠡᠭᠡ︶ | | | ᠠᠷᠠᠳ ᠤᠨ ᠰᠦᠯᠵᠢᠶ᠎ᠡ |