ᠨᠦᠬᠦᠷ ᠬᠡᠷᠭᠡᠢ ᠬᠤᠶᠠᠭᠤᠯᠠ ᠬᠡᠦᠬᠡᠳ ᠦᠰᠭᠡᠬᠦ ᠴᠢᠯᠥᠭᠡ ᠠᠪᠴᠤ ᠪᠤᠯᠬᠤ᠂  ᠠᠵᠢᠯ ᠮᠡᠷᠭᠡᠵᠢᠯ ᠲᠠᠢ ᠡᠬᠡ ᠬᠦ᠋ᠮᠦᠨ ᠤ ᠠᠰᠢᠭ ᠣᠷᠣᠯᠭ᠎ᠠ ᠶᠢᠨ ᠭᠠᠶᠢᠯᠢ ᠶᠢ  ᠬᠠᠰᠤᠵᠤ ᠬᠡᠯᠳᠦᠷᠢᠬᠦᠯᠬᠦ ᠁  ᠲᠤᠬᠠᠢ ᠲᠤᠰᠬᠠᠶ ᠮᠡᠷᠭᠡᠵᠢᠯᠲᠡᠨ ᠳᠠᠬᠢᠨ  ᠠᠷᠭ᠎ᠠ ᠭᠠᠷᠭᠠᠪᠠ︕
ᠨᠡᠶᠢᠲᠡᠯᠡᠭᠰᠡᠨ ᠴᠠᠭ᠄
2021/7/12
         5 ᠰᠠᠷ᠎ᠠ ᠶᠢᠨ 31 ᠤ ᠡᠳᠦᠷ᠂ ᠲᠤᠮᠳᠠᠳᠤ  ᠤᠯᠤᠰ ᠤᠨ  ᠡᠪ  ᠬᠠᠮᠳᠤ  ᠨᠠᠮ ᠤᠨ  ᠲᠥᠪ  ᠬᠤᠷᠢᠶᠠᠨ ᠤ  ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ᠂ ︽ᠦᠷᠡᠵᠢᠯ ᠤᠨ ᠲᠥᠷᠥ ᠶᠢᠨ ᠪᠣᠳᠣᠯᠭ᠎ᠠ ᠶᠢ  ᠰᠢᠯᠢᠳᠡᠭᠵᠢᠭᠦᠯᠵᠦ  ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠲᠣᠭᠲᠠᠭᠠᠯ︾ ᠢ ᠬᠢᠨᠠᠨ  ᠵᠥᠪᠯᠡᠵᠦ᠂ ︽ᠨᠦᠬᠦᠷ ᠬᠡᠷᠭᠡᠢ ᠬᠤᠶᠠᠭᠤᠯᠠ ᠭᠤᠷᠪᠠᠨ ᠬᠡᠦᠬᠡᠳ  ᠠᠪᠴᠤ  ᠪᠣᠯᠬᠤ  ᠲᠥᠷᠥ ᠶᠢᠨ  ᠪᠣᠳᠣᠯᠭ᠎ᠠ  ᠵᠢᠴᠢ  ᠢᠵᠢ  ᠪᠥᠷᠢᠳᠦᠭᠰᠡᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ︾  ᠴᠢᠬᠤᠯᠠ  ᠪᠠᠶᠢᠯᠳᠤᠬᠤ  ᠪᠣᠳᠣᠯᠭ᠎ᠠ ᠶᠢᠨ  ᠪᠠᠶᠢᠷᠢᠯᠠᠭᠤᠯᠤᠯᠲᠠ  ᠬᠢᠪᠠ᠃ ᠨᠦᠬᠦᠷ ᠬᠡᠷᠭᠡᠢ ᠬᠤᠶᠠᠭᠤᠯᠠ ᠶᠢᠨ ᠨᠢᠭᠡ ᠨᠢ ᠬᠥᠮᠦᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ  ᠲᠥᠷᠥ ᠶᠢᠨ ᠪᠣᠳᠣᠯᠭ᠎ᠠ ᠪᠣᠯᠤᠨ ᠬᠤᠶᠠᠷ ᠬᠡᠦᠬᠡᠳ ᠠᠪᠴᠤ  ᠪᠣᠯᠬᠤ  ᠲᠥᠷᠥ ᠶᠢᠨ  ᠪᠣᠳᠣᠯᠭ᠎ᠠ ᠶᠢ  ᠬᠡᠷᠡᠭᠵᠢᠭᠦᠯᠦᠭᠰᠡᠨ ᠤ  ᠳᠠᠷᠠᠭ᠎ᠠ  ᠮᠠᠨ ᠤ ᠤᠯᠤᠰ ᠤᠨ ᠦᠷᠡᠵᠢᠯ ᠤᠨ ᠲᠥᠷᠥ ᠶᠢᠨ ᠪᠣᠳᠣᠯᠭ᠎ᠠ ᠳᠤ ᠪᠠᠰᠠ ᠨᠢᠭᠡ ᠤᠳᠠᠭ᠎ᠠ ᠴᠢᠬᠤᠯᠠ  ᠶᠡᠭᠡ  ᠲᠣᠬᠢᠷᠠᠭᠤᠯᠤᠯᠲᠠ  ᠬᠢᠵᠡᠶ᠃ ᠦᠷᠡᠵᠢᠯ ᠤᠨ  ᠲᠥᠷᠥ ᠶᠢᠨ  ᠪᠣᠳᠣᠯᠭ᠎ᠠ ᠶᠢ  ᠰᠢᠯᠢᠳᠡᠭᠵᠢᠭᠦᠯᠬᠦ᠂  ᠭᠤᠷᠪᠠᠨ  ᠬᠡᠦᠬᠡᠳ  ᠠᠪᠬᠤ  ᠲᠥᠷᠥ ᠶᠢᠨ  ᠪᠣᠳᠣᠯᠭ᠎ᠠ ᠶᠢ ᠬᠡᠷᠡᠭᠵᠢᠭᠦᠯᠬᠦ ᠨᠢ ᠦᠷᠡᠵᠢᠯ ᠤᠨ ᠳᠠᠯᠳᠠ ᠬᠦᠴᠦᠨ ᠢ ᠤᠯᠠᠮ ᠴᠢᠨᠠᠬᠰᠢᠳᠠ ᠠᠭᠤᠳᠠᠯᠬᠤ᠂ ᠬᠥᠮᠦᠨ  ᠠᠮᠠ ᠶᠢᠨ  ᠨᠠᠰᠤᠵᠢᠯᠲᠠ ᠶᠢ ᠤᠳᠠᠭᠠᠰᠢᠷᠠᠭᠤᠯᠬᠤ᠂ ᠬᠥᠳᠡᠯᠮᠦᠷᠢ ᠬᠦᠴᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠬᠡᠷ ᠪᠦᠯᠢ ᠶᠢᠨ ᠳᠣᠲᠣᠭᠠᠳᠤ ᠶᠢᠨ ᠳᠡᠮᠵᠢᠯᠭᠡ ᠶᠢᠨ ᠴᠢᠳᠠᠮᠵᠢ ᠶᠢ ᠴᠢᠩᠭᠠᠳᠬᠠᠬᠤ᠂  ᠬᠥᠮᠦᠨ  ᠠᠮᠠ  ᠣᠷᠳᠣ  ᠬᠤᠭᠤᠴᠠᠭ᠎ᠠ ᠪᠠᠷ  ᠲᠡᠩᠴᠡᠭᠦᠷᠢᠲᠡᠶ  ᠬᠥᠭᠵᠢᠬᠦ ᠶᠢ  ᠠᠬᠢᠭᠤᠯᠬᠤ ᠳᠤ ᠠᠰᠢᠭᠲᠠᠶ ᠶᠤᠮ᠃         ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠵᠤ᠂  ᠭᠤᠷᠪᠠᠨ  ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠰᠢᠨ᠎ᠡ ᠴᠠᠭ ᠦᠶ᠎ᠡ ᠶᠢᠨ  ᠡᠮᠡᠭᠲᠡᠶᠢᠴᠦᠳ ᠤᠨ  ᠬᠥᠭᠵᠢᠯᠲᠡ ᠶᠢ ᠠᠩᠬᠠᠷᠴᠤ᠂ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ ᠲᠠᠯ᠎ᠠ ᠠᠴᠠ ᠢᠵᠢ ᠪᠥᠷᠢᠳᠦᠭᠰᠡᠨ  ᠳᠡᠮᠵᠢᠯᠭᠡ ᠶᠢᠨ  ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ  ᠠᠪᠬᠤ  ᠬᠡᠷᠡᠭᠲᠡᠶ᠃  ᠲᠥᠷᠥ ᠶᠢᠨ  ᠪᠣᠳᠣᠯᠭ᠎ᠠ ᠶᠢᠨ  ᠵᠢᠷᠤᠭ  ᠲᠥᠯᠥᠪᠯᠡᠭᠡ ᠶᠢᠨ  ᠲᠠᠯ᠎ᠠ ᠪᠠᠷ ᠳᠤᠤᠷᠠᠬᠢ ᠭᠤᠷᠪᠠᠨ ᠬᠦᠴᠦᠯᠡᠬᠦ ᠴᠡᠭ ᠢ ᠴᠢᠩᠭᠠᠳᠬᠠᠬᠤ ᠬᠡᠷᠡᠭᠲᠡᠶ᠄         ᠨᠢᠭᠡ ᠳᠤ ᠦᠷᠡᠵᠢᠬᠦ ᠶᠢ ᠬᠦᠨᠳᠦᠳᠬᠡᠬᠦ  ᠥᠷᠲᠡᠭ ᠤᠨ  ᠣᠶᠢᠯᠠᠭᠠᠭᠳᠠᠬᠤᠨ ᠢ  ᠪᠤᠢ  ᠪᠤᠯᠭᠠᠬᠤ ᠶᠢ  ᠴᠢᠬᠤᠯᠠᠴᠢᠯᠠᠬᠤ ᠬᠡᠷᠡᠭᠳᠡᠢ᠃ ᠦᠷᠡᠵᠢᠯ ᠪᠣᠯ ᠬᠥᠮᠦᠨ ᠲᠥᠷᠥᠯᠬᠢᠲᠡᠨ ᠤ ᠥᠪᠡᠷ ᠢ ᠪᠠᠨ ᠦᠷᠡᠵᠢᠭᠦᠯᠬᠦ ᠠᠷᠭ᠎ᠠ ᠪᠠᠷᠢᠯ ᠮᠥᠨ᠂ ᠡᠬᠡ ᠬᠦᠮᠦᠨ ᠠᠮᠢ ᠨᠠᠰᠤ ᠶᠢ ᠪᠤᠶᠢᠵᠢᠭᠤᠯᠤᠭᠰᠠᠨ ᠪᠣᠯᠬᠤᠷ ᠨᠡᠶᠢᠭᠡᠮ ᠳᠠᠶᠠᠭᠠᠷ ᠤᠨ ᠬᠦᠨᠳᠦᠳᠬᠡᠯ ᠢ ᠤᠯᠬᠤ ᠶᠣᠰᠣᠲᠠᠶ᠃  ᠦᠷᠡᠵᠢᠯ ᠢ  ᠨᠡᠶᠢᠭᠡᠮ ᠤᠨ ᠲᠣᠭᠲᠠᠴᠠ᠂ ᠲᠥᠷᠥ ᠶᠢᠨ ᠪᠣᠳᠣᠯᠭ᠎ᠠ ᠪᠠ  ᠣᠷᠴᠢᠨ  ᠲᠤᠭᠤᠷᠢᠨ ᠤ  ᠵᠢᠷᠤᠭ  ᠲᠥᠯᠥᠪᠯᠡᠭᠡ ᠳᠤ  ᠠᠭᠤᠰᠬᠠᠨ  ᠣᠷᠣᠭᠤᠯᠵᠤ᠂ ᠦᠷᠡᠵᠢᠯ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ  ᠪᠣᠶ  ᠪᠣᠯᠭᠠᠵᠤ᠂  ᠡᠬᠡ  ᠬᠦ᠋ᠮᠦᠨ ᠤ  ᠣᠮᠤᠭ  ᠪᠠᠭ᠋ᠠᠳᠤᠯ ᠢ ᠨᠡᠮᠡᠭᠳᠡᠭᠦᠯᠬᠦ ᠬᠡᠷᠡᠭᠲᠡᠶ᠃         ᠬᠤᠶᠠᠷ ᠲᠤ ᠬᠡᠷ ᠪᠦᠯᠢ ᠶᠢᠨ ᠳᠣᠲᠣᠭᠠᠳᠤ ᠶᠢᠨ ᠬᠦᠢᠰᠦ ᠶᠢᠨ  ᠢᠯᠭᠠᠯ  ᠡᠷᠬᠡ  ᠲᠡᠭᠰᠢ  ᠪᠠᠶᠢᠬᠤ ᠶᠢ  ᠠᠬᠢᠭᠤᠯᠵᠤ᠂ ᠡᠷᠡᠭᠲᠡᠶ ᠬᠦᠮᠦᠨ ᠠᠰᠠᠷᠠᠨ ᠬᠥᠮᠦᠵᠢᠭᠦᠯᠬᠦ ᠬᠠᠷᠢᠭᠤᠴᠠᠯᠭ᠎ᠠ ᠪᠠᠨ ᠢᠳᠡᠪᠬᠢᠲᠡᠶ  ᠡᠭᠦᠷᠭᠡᠯᠡᠬᠦ ᠶᠢ  ᠠᠬᠢᠭᠤᠯᠬᠤ ᠶᠢ  ᠴᠢᠬᠤᠯᠠᠴᠢᠯᠠᠬᠤ ᠬᠡᠷᠡᠭᠳᠡᠢ᠃         ᠭᠤᠷᠪᠠ ᠳᠤ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠬᠤ ᠶᠢ ᠴᠢᠬᠤᠯᠠᠴᠢᠯᠠᠬᠤ ᠬᠡᠷᠡᠭᠳᠡᠢ᠃ ᠬᠠᠩᠭᠠᠯᠭ᠎ᠠ ᠶᠢᠨ ᠲᠠᠯ᠎ᠠ ᠠᠴᠠ ᠬᠦᠴᠦᠯᠡᠵᠦ᠂ ᠦᠷᠡᠵᠢᠯ ᠤᠨ ᠦᠢᠯᠡᠰ ᠢ ᠳᠡᠮᠵᠢᠬᠦ ᠨᠡᠶᠢᠭᠡᠮ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ᠦᠢᠯᠡᠴᠢᠯᠡᠭᠡᠨ ᠤ  ᠶᠠᠰᠤ  ᠴᠢᠨᠠᠷ ᠢ ᠳᠡᠭᠡᠭᠰᠢᠯᠡᠭᠦᠯᠵᠦ᠂ ᠭᠡᠷ ᠪᠦᠯᠢ ᠶᠢᠨ ᠦᠷᠡᠵᠢᠯ ᠤᠨ  ᠥᠪᠡᠷ ᠤᠨ  ᠦᠷᠳᠡᠭ ᠢ  ᠬᠠᠮᠤᠭ ᠤᠨ  ᠶᠡᠭᠡ  ᠬᠡᠮᠵᠢᠶ᠎ᠡ ᠪᠠᠷ  ᠬᠤᠪᠢᠶᠠᠨ ᠡᠭᠦᠷᠭᠡᠯᠡᠬᠦ ᠬᠡᠷᠡᠭᠳᠡᠢ᠃         ᠪᠣᠳᠠᠲᠠᠢ ᠠᠷᠭ᠎ᠠ ᠬᠡᠮᠵᠢᠶᠡᠨ ᠤ ᠲᠠᠯ᠎ᠠ ᠪᠠᠷ ᠳᠣᠣᠷᠠᠬᠢ ᠭᠤᠷᠪᠠᠨ ᠲᠠᠯ᠎ᠠ ᠶᠢ ᠪᠣᠳᠣᠯᠬᠢᠯᠠᠵᠤ ᠪᠣᠯᠤᠨ᠎ᠠ᠄         ᠨᠢᠭᠡ ᠳᠤ ᠦᠷᠡᠵᠢᠬᠦ ᠶᠢ ᠬᠦᠨᠳᠦᠳᠬᠡᠬᠦ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠡ᠃         ᠬᠤᠶᠠᠷ ᠲᠤ ᠡᠮᠡᠭᠲᠡᠶᠢᠴᠦᠳ ᠢ ᠬᠠᠪᠰᠤᠷᠤᠨ ᠭᠡᠷ ᠪᠦᠯᠢ ᠪᠣᠯᠤᠨ ᠠᠵᠢᠯ ᠢ ᠨᠢ ᠲᠠᠩᠴᠡᠭᠦᠷᠢᠰᠢᠬᠦᠯᠬᠦ ᠪᠠᠷ ᠬᠦᠴᠦᠯᠡᠨ᠎ᠠ᠃        ᠭᠤᠷᠪᠠ ᠳᠤ᠂ ᠴᠢᠨᠠᠷ ᠰᠠᠶᠢᠲᠠᠶ ᠦᠷᠡᠵᠢᠯ ᠤᠨ ᠪᠡᠶᠡᠴᠢᠯᠡᠨ ᠣᠶᠢᠯᠠᠭᠠᠬᠤ ᠦᠢᠯᠡᠴᠢᠯᠡᠭᠡ ᠬᠠᠩᠭᠠᠨ᠎ᠠ᠃                            
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号