ᠲᠢᠩ ᠪᠠᠭᠠᠲᠤᠷ᠄ ᠪᠢ ᠡᠭᠦᠷᠢᠳᠡ ᠨᠠᠮ ᠢᠶᠠᠨ ᠢᠲᠡᠭᠡᠵᠦ ᠬᠠᠶᠢᠷᠠᠯᠠᠨ᠎ᠠ
ᠨᠡᠶᠢᠲᠡᠯᠡᠭᠰᠡᠨ ᠴᠠᠭ᠄
2021/7/12
          7 ᠳ᠋ᠤᠭᠠᠷ ᠰᠠᠷ᠎ᠠ ᠶᠢᠨ 5 ᠤ ᠡᠳᠦᠷ ᠥᠪᠤᠷ ᠮᠤᠩᠭᠤᠯ ᠤᠨ ᠥᠪᠡᠷᠳᠡᠭᠡᠨ  ᠵᠠᠰᠠᠬᠤ  ᠤᠷᠤᠨ   ᠤ   ᠬᠢᠨ  ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ 100 ᠵᠢᠯ ᠤᠨ ᠣᠢ ᠶᠢ ᠪᠡᠯᠭᠡᠯᠡᠬᠦ ᠶᠠᠷᠢᠯᠴᠠᠬᠤ ᠬᠤᠷᠠᠯ  ᠬᠢᠵᠦ᠂  ᠨᠠᠮ ᠤᠨ ᠳᠣᠲᠣᠭᠠᠳᠤ ᠶᠢᠨ ᠭᠠᠪᠢᠶᠠᠨ ᠲᠡᠮᠳᠡᠭ ᠬᠦᠷᠲᠡᠭᠰᠡᠨ ᠲᠥᠯᠥᠭᠡᠯᠡᠭᠴᠢ᠂ ︽7  ᠰᠠᠷ᠎ᠠ   ᠶᠢᠨ  1   ᠤ  ᠭᠠᠪᠢᠶᠠᠨ  ᠲᠡᠮᠳᠡᠭ︾ ᠬᠦᠷᠲᠡᠭᠴᠢ ᠲᠢᠩ ᠪᠠᠭᠠᠲᠤᠷ ᠶᠠᠷᠢᠶ᠎ᠠ ᠲᠠᠯᠪᠢᠭᠰᠠᠨ ᠪᠠᠶᠢᠨ᠎ᠠ᠃          ᠲᠢᠩ ᠪᠠᠭᠠᠲᠤᠷ ᠬᠡᠯᠡᠬᠦ ᠳᠡᠭᠡᠨ ︽7 ᠰᠠᠷ᠎ᠠ ᠶᠢᠨ 1 ᠤ ᠭᠠᠪᠢᠶᠠᠨ ᠲᠡᠮᠳᠡᠭ︾ ᠬᠦᠷᠲᠡᠭᠰᠡᠨ ᠨᠢ ᠮᠢᠨᠤ ᠬᠤᠪᠢ ᠬᠥᠮᠥᠨ ᠤ ᠢᠷᠠᠭᠤ ᠠᠯᠳᠠᠷ ᠪᠤᠯᠬᠤ ᠪᠠᠷ ᠪᠠᠷᠠᠬᠤ ᠦᠭᠡᠢ ᠮᠥᠨ ᠴᠦ ᠥᠪᠥᠷ ᠮᠣᠩᠭᠤᠯ ᠤᠨ ᠬᠠᠮᠲᠤ ᠶᠢᠨ ᠢᠷᠠᠭᠤ ᠠᠯᠳᠠᠷ ᠮᠥᠨ᠂  ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠢ ᠮᠥᠨ ᠭᠡᠵᠡᠢ᠃  ᠤᠯᠤᠰ  ᠪᠠᠶᠢᠭᠤᠯᠤᠭᠳᠠᠬᠤ  ᠦᠶ᠎ᠡ   ᠶᠢᠨ ᠬᠤᠰᠢᠭᠤᠴᠢ ᠭᠧᠨᠧᠷᠠᠯ ᠲᠢᠩ ᠮᠣᠣ ᠶᠢᠨ ᠬᠥᠪᠡᠭᠦᠨ ᠪᠠᠶᠢᠲᠠᠯ᠎ᠠ ᠪᠠᠨ ᠮᠠᠯᠵᠢᠬᠤ ᠣᠷᠣᠨ ᠳᠤ  ᠦᠨᠳᠦᠰᠦᠯᠡᠵᠦ  ᠬᠠᠭᠠᠰ  ᠵᠠᠭᠤᠨ ᠪᠣᠯᠣᠭᠰᠠᠨ ᠲᠢᠩ ᠪᠠᠭᠠᠲᠤᠷ ᠬᠡᠯᠡᠬᠦ ᠳᠡᠭᠡᠨ᠂ ᠪᠢ ᠰᠠᠶᠢᠨ ᠮᠠᠯᠴᠢᠨ ᠪᠤᠯᠬᠤ ᠪᠠᠷ ᠦᠷᠭᠦᠯᠵᠢᠯᠡᠨ ᠴᠢᠷᠮᠠᠶᠢᠨ᠎ᠠ᠂ ᠳᠤᠮᠳᠠᠳᠤ  ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠮᠠᠨ ᠤ ᠮᠠᠯᠴᠢᠳ ᠲᠠᠯ᠎ᠠ ᠨᠤᠲᠤᠭ ᠢᠶᠠᠨ ᠨᠡᠩ ᠦᠵᠡᠰᠬᠦᠯᠡᠩᠲᠦ  ᠰᠠᠶᠢᠬᠠᠨ ᠪᠣᠯᠭᠠᠨ ᠪᠦᠲᠦᠭᠡᠨ ᠪᠠᠶᠢᠭᠤᠯᠵᠤ ᠴᠢᠳᠠᠨ᠎ᠠ ᠭᠡᠳᠡᠭ ᠲᠤ ᠪᠢ ᠢᠲᠡᠭᠡᠵᠦ ᠪᠠᠶᠢᠨ᠎ᠠ᠃ ᠨᠠᠮ ᠤᠨ ᠭᠡᠰᠢᠭᠦᠨ ᠪᠣᠯᠣᠭᠰᠠᠨ   ᠤ  ᠬᠤᠪᠢ ᠳᠤ ᠪᠢ ᠡᠭᠦᠷᠢᠳᠡ ᠨᠠᠮ ᠢᠶᠠᠨ ᠢᠲᠡᠭᠡᠵᠦ ᠬᠠᠶᠢᠷᠠᠯᠠᠨ᠎ᠠ ᠭᠡᠵᠡᠢ᠃                ᠲᠤᠰ ᠡᠳᠦᠷ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠨ ᠪᠠᠰᠠ ︽7 ᠰᠠᠷ᠎ᠠ ᠶᠢᠨ  1   ᠤ  ᠭᠠᠪᠢᠶᠠᠨ ᠲᠡᠮᠳᠡᠭ︾ ᠬᠦᠷᠲᠡᠭᠴᠢ ᠲᠢᠩ ᠪᠠᠭᠠᠲᠤᠷ ᠢ ᠤᠷᠢᠵᠤ ᠨᠠᠮ ᠤᠨ ᠬᠢᠴᠢᠶᠡᠯ ᠤᠨ ᠵᠢᠯᠣᠭᠤᠳᠤᠯᠭ᠎ᠠ ᠬᠢᠯᠭᠡᠭᠰᠡᠨ ᠪᠠᠶᠢᠨ᠎ᠠ᠃                                                  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号