ᠬᠤᠰᠢᠭᠤ ᠵᠠᠰᠠᠭ ᠤᠨ ᠣᠷᠳᠣᠨ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠲᠤᠰᠬᠠᠶ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/13
            7 ᠰᠠᠷ᠎ᠠ ᠶᠢᠨ 12 ᠤᠨ ᠡᠳᠦᠷ᠂ᠬᠤᠰᠢᠭᠤ ᠳᠡᠳ᠋ ᠳᠠᠷᠤᠭ᠎ᠠ ᠬᠥᠭᠵᠢᠯᠲᠦ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠲᠤᠰᠬᠠᠶ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠬᠤ ᠪᠠᠭ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠬᠤᠷᠠᠯ ᠳᠤ ᠣᠷᠣᠯᠴᠠᠪᠠ᠃             ᠬᠤᠷᠠᠯ ᠠᠴᠠ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ︵ᠴᠡᠴᠡᠷᠯᠢᠭ︶ ᠶᠢᠨ ᠬᠠᠪᠤᠷ ᠤᠨ ᠤᠯᠠᠷᠢᠯ ᠤᠨ ᠨᠢᠭᠡᠳᠦᠭᠡᠷ ᠰᠤᠷᠤᠯᠭ᠎ᠠ ᠶᠢᠨ ᠬᠤᠭᠤᠴᠠᠭᠠᠨ ᠳᠤ ᠤᠯᠤᠰ ᠤᠨ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠥᠭᠡᠮᠡᠯᠵᠢᠭᠦᠯᠦᠨ ᠬᠡᠷᠡᠭᠯᠡᠭᠰᠡᠨ᠂ ᠵᠣᠨ ᠤ ᠠᠮᠠᠷᠠᠯᠲᠠ ᠳᠤ ᠬᠡᠦᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ᠂ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠳᠤ ᠳᠡᠪᠰᠢᠬᠦ ᠠᠵᠢᠯ ᠢ ᠵᠣᠬᠢᠴᠠᠭᠤᠯᠬᠤ ᠪᠠ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠵᠡᠷᠭᠡ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ᠳᠡᠭᠡᠷ᠎ᠡ ᠬᠠᠭᠠᠰ ᠵᠢᠯ ᠳᠤ᠂ ᠮᠠᠨ ᠤ ᠬᠤᠰᠢᠭᠤᠨ ᠤ ᠤᠯᠤᠰ ᠤᠨ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠨᠡᠯᠢᠶᠡᠳ ᠤᠷᠤᠭᠰᠢᠲᠠᠶ ᠶᠠᠪᠤᠭᠳᠠᠵᠤ᠂ ᠦᠨᠳᠦᠰᠦᠲᠡᠨ  ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠪᠠᠭᠰᠢ ᠠᠵᠢᠯᠲᠠᠨ᠂ ᠰᠣᠷᠣᠭᠴᠢ ᠵᠢᠴᠢ ᠬᠡᠷ ᠤᠨ ᠠᠬᠠᠮᠠᠳ ᠤᠨ ᠦᠵᠡᠯ ᠰᠠᠨᠠᠭᠠᠨ ᠤ ᠪᠠᠶᠢᠳᠠᠯ ᠲᠣᠭᠲᠠᠭᠤᠨ ᠪᠠᠶᠢᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠲᠥᠷᠥᠯ ᠤᠨ ᠠᠵᠢᠯ ᠡᠮᠬᠢ ᠵᠢᠷᠤᠮ ᠲᠠᠢ ᠥᠷᠨᠢᠪᠡ᠃ ᠣᠳᠣᠬᠠᠨ ᠳᠤ᠂ ᠬᠡᠦᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ ᠪᠠ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠠᠵᠢᠯ ᠢ ᠶᠠᠭ ᠡᠮᠬᠢ ᠵᠢᠷᠤᠮ ᠲᠠᠢ ᠪᠠᠷ ᠵᠣᠬᠢᠴᠠᠭᠤᠯᠵᠤ ᠪᠠᠶᠢᠨ᠎ᠠ᠂ ᠨᠠᠮᠤᠷ ᠤᠨ ᠤᠯᠠᠷᠢᠯ ᠳᠤ ᠰᠢᠨ᠎ᠡ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠣᠷᠣᠭᠴᠢ ᠶᠢ ᠨᠡᠶᠢᠳᠡᠮ ᠬᠡᠷᠡᠭᠯᠡᠬᠦ ᠦᠭᠡ ᠬᠡᠯᠡ ᠪᠠᠷ ᠬᠢᠴᠢᠶᠡᠯᠯᠡᠬᠦ ᠪᠠᠭᠰᠢ ᠪᠠ ᠠᠩᠭᠢ ᠶᠢᠨ ᠡᠷᠬᠢᠯᠡᠭᠴᠢ ᠲᠠᠢ ᠠᠭᠤᠯᠵᠠᠭᠤᠯᠵᠤ᠂ ᠵᠢᠭᠠᠨ ᠰᠤᠷᠭᠠᠬᠤ ᠠᠵᠢᠯ ᠢ ᠥᠷᠨᠢᠭᠦᠯᠦᠨ᠎ᠡ᠃ ᠡᠯ᠎ᠡ ᠰᠤᠷᠭᠠᠭᠤᠯᠢ ᠣᠯᠠᠨ ᠬᠡᠯᠪᠡᠷᠢ ᠶᠠᠩᠵᠤ ᠶᠢᠨ ᠪᠠᠶᠠᠯᠢᠭ ᠠᠭᠤᠯᠭ᠎ᠠ ᠲᠠᠢ ᠬᠡᠷ ᠪᠦᠯᠢ ᠪᠠ ᠰᠤᠷᠭᠠᠭᠤᠯᠢ ᠶᠢᠨ ᠰᠢᠨ᠎ᠡ ᠰᠣᠷᠣᠭᠴᠢ ᠶᠢ ᠤᠭᠲᠤᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭ᠎ᠠ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃             ᠬᠥᠭᠵᠢᠯᠲᠦ ᠠᠴᠠ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ︵ᠴᠡᠴᠡᠷᠯᠢᠭ︶ ᠤᠳ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠣᠳᠣᠬᠠᠨ ᠤ ᠪᠠᠶᠢᠳᠠᠯ ᠢ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠦᠵᠡᠯᠲᠡ ᠲᠠᠨᠢᠯᠲᠠ ᠪᠠᠨ ᠳᠡᠭᠡᠭᠰᠢᠯᠡᠬᠦᠯᠦᠨ᠂ ᠤᠷᠢᠳᠴᠢᠯᠠᠨ ᠠᠷᠭ᠎ᠠ ᠬᠡᠮᠵᠢᠶ᠎ᠡ ᠲᠣᠭᠲᠠᠭᠠᠵᠤ᠂ ᠪᠠᠭᠰᠢ ᠶᠢᠨ ᠡᠩᠨᠡᠭᠡᠨ ᠤ ᠲᠣᠬᠢᠷᠠᠭᠤᠯᠤᠯᠲᠠ ᠪᠣᠯᠤᠨ ᠨᠥᠬᠦᠴᠡᠯ ᠤᠨ ᠪᠠᠲᠤᠯᠠᠭ᠎ᠠ ᠶᠢ ᠰᠢᠯᠢᠳᠡᠭᠵᠢᠭᠦᠯᠦᠨ᠂ ᠭᠤᠷᠪᠠᠨ ᠲᠥᠷᠥᠯ ᠤᠨ ᠪᠠᠭᠰᠢ ᠶᠢ ᠪᠦᠷᠢᠨ ᠭᠦᠶᠴᠡᠳ ᠲᠣᠬᠢᠷᠠᠭᠤᠯᠵᠤ᠂ ᠦᠵᠡᠯ ᠰᠠᠨᠠᠭᠠᠨ ᠤ ᠬᠥᠮᠦᠵᠢᠯ ᠪᠣᠯᠤᠨ ᠵᠢᠭᠠᠨ ᠰᠤᠷᠭᠠᠯᠲᠠ ᠶᠢᠨ ᠴᠢᠳᠠᠪᠤᠷᠢ  ᠶᠢᠨ ᠪᠣᠯᠪᠠᠰᠤᠷᠠᠯ ᠢ ᠴᠢᠩᠭᠠᠳᠬᠠᠨ᠂ ᠬᠤᠤᠰᠯᠠᠨ ᠬᠤᠯᠪᠣᠭᠠᠯᠠᠵᠤ ᠬᠠᠪᠰᠤᠷᠤᠨ ᠲᠡᠳᠬᠦᠬᠦ᠂ ᠬᠤᠤᠰᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠪᠠ ᠵᠢᠭᠠᠨ ᠰᠤᠷᠭᠠᠯᠲᠠ ᠶᠢᠨ ᠬᠠᠪᠰᠤᠷᠤᠮᠵᠢ ᠶᠢᠨ ᠪᠠᠲᠤᠯᠠᠭ᠎ᠠ ᠶᠢᠨ ᠠᠵᠢᠯ  ᠢ ᠰᠠᠶᠢᠲᠤᠷ ᠬᠢᠬᠦ ᠬᠡᠷᠡᠭᠲᠡᠶ᠃ ᠬᠡᠷ ᠪᠦᠯᠢ ᠪᠠ ᠰᠤᠷᠭᠠᠭᠤᠯᠢ ᠶᠢᠨ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠢ ᠤᠷᠢᠳᠴᠢᠯᠠᠨ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠳᠤ ᠰᠠᠭᠤᠷᠢ ᠲᠠᠯᠪᠢᠬᠤ ᠬᠡᠷᠡᠭᠲᠡᠶ᠃ ᠠᠮᠠᠷᠠᠯᠲᠠ ᠶᠢᠨ ᠬᠤᠭᠤᠴᠠᠭᠠᠨ ᠤ ᠪᠠᠭᠰᠢ ᠶᠢᠨ ᠪᠣᠯᠪᠠᠰᠤᠷᠠᠯ ᠢ ᠰᠠᠶᠢᠲᠤᠷ ᠬᠢᠵᠦ᠂ ᠤᠯᠠᠨ ᠠᠷᠭ᠎ᠠ ᠵᠠᠮ ᠤᠯᠠᠨ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠥᠭᠡᠮᠡᠯᠵᠢᠬᠦᠯᠬᠦ ᠵᠡᠷᠭᠡ ᠲᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠬᠤ ᠬᠡᠷᠡᠭᠲᠡᠢ᠃ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠡᠯ᠎ᠡ ᠵᠦᠢᠯ ᠤᠨ ᠠᠵᠢᠯ ᠲᠣᠭᠲᠠᠭᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃    ᠣᠷᠠᠯᠢᠭ ᠣᠷᠴᠢᠭᠤᠯᠵᠤ ᠮᠦᠳᠡᠭ ᠣᠷᠴᠢᠭᠤᠯᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号