ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠬᠤᠷᠯᠤ
ᠨᠡᠶᠢᠲᠡᠯᠡᠭᠰᠡᠨ ᠴᠠᠭ᠄
2021/7/13
                  ᠰᠢᠯᠤᠭᠤᠨ ᠬᠥᠬᠡ ᠬᠤᠰᠢᠭᠤᠨ ᠤ ᠳᠡᠳᠭᠦᠪᠦᠷᠢ ᠳᠤ ᠭᠠᠷᠤᠭᠰᠠᠨ ᠠᠬᠠᠮᠠᠳ ᠨᠠᠮ ᠤᠨ ᠭᠡᠰᠢᠭᠦᠨ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠬᠤᠷᠯᠣ ᠪᠣᠯ ᠱᠠᠩᠳᠤ ᠪᠠᠯᠭᠠᠰᠤᠨ ᠤ ᠴᠡᠩᠭᠡᠯᠳᠦ ᠭᠠᠴᠠᠭᠠᠨ ᠤ ᠬᠥᠮᠦᠨ᠃ ᠲᠡᠷᠡ ᠪᠠᠷ 1937 ᠣᠨ ᠳᠤ ᠡᠩ ᠤᠨ ᠨᠢᠭᠡᠨ ᠮᠠᠯᠴᠢᠨ ᠠᠶᠢᠯ ᠳᠤ ᠲᠦᠷᠦᠵᠦ᠂ 1956 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠲᠡᠷᠡ ᠬᠠᠷᠠᠬᠠᠨ ᠪᠠᠭ᠎ᠠ ᠠᠴᠠ ᠪᠠᠨ ᠬᠥᠳᠡᠭᠡ ᠨᠤᠲᠤᠭ ᠲᠤ ᠥᠰᠦᠨ ᠲᠣᠷᠨᠢᠵᠤ᠂ ᠮᠠᠯᠵᠢᠯ ᠠᠮᠢᠳᠤᠷᠠᠯ ᠳᠤ ᠭᠠᠷᠮᠠᠭᠠᠶᠢᠰᠢᠵᠠᠢ᠃                   1953 ᠣᠨ ᠳᠤ᠂ ᠬᠤᠷᠯᠣ ᠳᠤᠮᠳᠠᠳᠤ ᠤᠯᠤᠰ ᠤᠨ ᠢᠳᠡᠭᠡᠨ ᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠴᠠᠬᠠᠷ ᠠᠶᠢᠮᠠᠭ ᠤᠨ ᠠᠯᠪᠠᠨ ᠠᠴᠠ ᠡᠵᠡᠩᠨᠡᠭᠰᠡᠨ ᠮᠠᠯᠵᠢᠯ ᠤᠨ ᠲᠠᠯᠠᠪᠠᠶ ᠶᠢᠨ ᠶᠡᠷᠦᠩᠬᠡᠶ ᠵᠠᠬᠢᠷᠭ᠎ᠠ ᠪᠣᠷᠣᠬᠤᠲᠠ ᠮᠠᠯᠵᠢᠯ ᠤᠨ ᠲᠠᠯᠠᠪᠠᠶ ᠳᠤ ᠲᠣᠮᠢᠯᠠᠭᠳᠠᠨ ᠠᠵᠢᠯᠯᠠᠪᠠ᠃ ᠲᠡᠷᠡ ᠮᠠᠯᠵᠢᠯ ᠤᠨ ᠲᠠᠯᠠᠪᠠᠢ ᠳᠤ ᠭᠤᠣᠯᠳᠠᠭᠤ ᠰᠦ ᠰᠠᠭᠠᠬᠤ᠂ ᠲᠥᠯ ᠲᠣᠰᠬᠤ᠂ ᠦᠬᠡᠷ ᠬᠠᠷᠢᠭᠤᠯᠬᠤ ᠵᠡᠷᠭᠡ ᠠᠵᠢᠯ ᠬᠢᠳᠡᠭ ᠪᠠᠶᠢᠵᠠᠢ᠃ ᠠᠵᠢᠯ ᠳᠠᠭᠠᠨ ᠭᠠᠷᠮᠠᠭᠠᠢ ᠮᠥᠷᠲᠡᠭᠡᠨ ᠬᠠᠷᠢᠭᠤᠴᠠᠯᠭ᠎ᠠ ᠲᠠᠢ ᠪᠠᠶᠢᠳᠠᠭ ᠲᠡᠷᠡ ᠤᠳᠠᠯ ᠥᠬᠡᠶ ᠮᠠᠯᠵᠢᠬᠤ ᠳᠤᠭᠤᠶᠢᠯᠠᠩ ᠤᠨ ᠳᠠᠷᠤᠭ᠎ᠠ ᠪᠠᠷ ᠰᠣᠩᠭᠤᠭᠳᠠᠪᠠ᠃ ᠲᠤᠬᠠᠶ ᠶᠢᠨ ᠦᠶ᠎ᠡ ᠳᠤ ᠮᠠᠯᠵᠢᠯ ᠤᠨ ᠲᠠᠯᠠᠪᠠᠶ ᠨᠢ ᠭᠤᠤᠯᠳᠠᠭᠤ ᠨᠤᠲᠤᠭ ᠤᠨ ᠦᠬᠡᠷ ᠮᠠᠯᠵᠢᠵᠤ᠂ ᠦᠬᠡᠷ ᠤᠨ ᠮᠢᠬ᠎ᠠ ᠶᠢ ᠭᠠᠳᠠᠭᠠᠳᠤ ᠳᠤ ᠵᠥᠭᠡᠭᠡᠪᠦᠷᠢᠯᠡᠨ ᠪᠣᠷᠣᠯᠠᠭᠤᠯᠵᠤ ᠪᠠᠶᠢᠪᠠ᠃ ᠪᠠᠭ᠎ᠠ ᠠᠴᠠ ᠪᠠᠨ ᠤᠬᠠᠭᠠᠯᠢᠭ᠂ ᠰᠠᠮᠪᠠᠭᠠᠯᠢᠭ ᠪᠠᠶᠢᠳᠠᠭ ᠬᠤᠷᠯᠣ ᠦᠬᠡᠷ  ᠤᠨ ᠮᠢᠬᠠᠨ ᠤ ᠭᠠᠷᠤᠯᠲᠠ ᠶᠢ ᠬᠠᠮᠤᠭ ᠤᠨ ᠶᠡᠭᠡ ᠪᠠᠷ ᠨᠡᠮᠡᠭᠳᠡᠭᠦᠯᠬᠦ ᠶᠢᠨ ᠲᠤᠯᠠᠳᠠ᠂ ︽ᠭᠤᠷᠪᠠ ᠭᠤᠷᠪᠠ ᠬᠤᠶᠠᠷ ᠦᠬᠡᠷ ᠮᠠᠯᠵᠢᠬᠤ ᠠᠷᠭ᠎ᠠ︾ ᠶᠢ ᠡᠭᠦᠳᠪᠡ᠃ ᠲᠣᠰ ᠠᠷᠭ᠎ᠠ ᠨᠢ ᠳᠠᠷᠤᠶ ᠡᠳᠦᠷ ᠪᠦᠷᠢ ᠶᠢᠨ ᠥᠷᠯᠥᠭᠡ ᠶᠢᠨ 5 ᠴᠠᠭ ᠠᠴᠠ ᠰᠥᠨᠢ ᠶᠢᠨ 11 ᠴᠠᠭ ᠪᠣᠯᠲᠠᠯ᠎ᠠ ᠦᠬᠡᠷ ᠢᠶᠠᠨ ᠪᠡᠯᠴᠢᠭᠡᠷᠯᠡᠭᠦᠯᠦᠨ᠎ᠡ᠃ ᠡᠨᠡ ᠬᠤᠭᠤᠷᠤᠨᠳᠤ ᠭᠤᠷᠪᠠ ᠤᠳᠠᠭ᠎ᠠ ᠴᠠᠭ ᠲᠤᠭᠲᠠᠭᠠᠨ ᠤᠰᠤᠯᠠᠵᠤ᠂ ᠭᠤᠷᠪᠠ ᠤᠳᠠᠭ᠎ᠠ ᠪᠡᠯᠴᠢᠭᠡᠨ᠂ ᠬᠤᠶᠠᠷ ᠤᠳᠠᠭ᠎ᠠ ᠠᠮᠠᠷᠠᠭᠤᠯᠤᠨ᠎ᠠ᠃ ᠢᠩᠭᠢᠬᠦ ᠨᠢ ᠪᠡᠯᠴᠢᠭᠡᠬᠦ ᠬᠤᠭᠤᠴᠠᠭ᠎ᠠ ᠨᠢ ᠣᠷᠳᠣ᠂ ᠦᠬᠡᠷ ᠤᠨ ᠲᠡᠵᠢᠭᠡᠯ ᠬᠦᠷᠲᠡᠬᠦ ᠨᠢ ᠰᠠᠶᠢᠨ ᠪᠠᠶᠢᠵᠤ᠂ ᠲᠠᠷᠭᠤ ᠰᠠᠭᠤᠨ᠂ ᠰᠦᠨ ᠤ ᠭᠠᠷᠤᠯᠲᠠ ᠨᠡᠮᠡᠭᠳᠡᠵᠦ᠂ ᠲᠤᠭᠤᠯ ᠤᠨ ᠤᠨᠳᠤᠷᠤᠯᠳᠠ ᠥᠨᠳᠥᠷ  ᠪᠠᠶᠢᠳᠠᠭ᠃ ᠬᠤᠷᠯᠣ ᠶᠢᠨ ᠦᠬᠡᠷ ᠲᠡᠵᠢᠭᠡᠬᠦ ᠠᠷᠭ᠎ᠠ ᠨᠢ ᠢᠩᠭᠢᠵᠦ ᠪᠦᠬᠦ ᠣᠷᠣᠨ ᠤ ᠬᠡᠪᠴᠢᠶᠡᠨ ᠳᠤ ᠳᠡᠯᠭᠡᠷᠡᠵᠦ᠂ ᠮᠠᠰᠢ ᠰᠠᠶᠢᠨ ᠦᠷ᠎ᠡ ᠪᠦᠲᠦᠮᠵᠢ ᠣᠯᠣᠨ᠂ ᠬᠤᠷᠯᠣ ᠶᠢᠨ ᠨᠡᠷ᠎ᠡ ᠠᠯᠳᠠᠷ ᠴᠤ ᠣᠯᠠᠨ ᠳᠤ ᠳᠠᠭᠤᠷᠢᠰᠴᠠᠢ᠃                   1956 ᠣᠨ ᠤ ᠨᠠᠮᠤᠷ᠂ ᠲᠡᠷᠡ ᠴᠠᠬᠠᠷ ᠠᠶᠢᠮᠠᠭ ᠤᠨ ᠺᠠᠳ᠋ᠷᠴᠤᠳ ᠤᠨ ᠰᠣᠶᠣᠯ ᠤᠨ ᠳᠠᠪᠲᠠᠨ ᠪᠣᠯᠪᠠᠰᠤᠷᠠᠬᠤ ᠰᠤᠷᠭᠠᠭᠤᠯᠢ ᠳᠤ ᠰᠤᠷᠤᠯᠴᠠᠵᠤ᠂ 1957 ᠣᠨ ᠤ 7 ᠰᠠᠷ᠎ᠠ ᠳᠤ ᠲᠡᠭᠦᠰᠦᠭᠰᠡᠨ ᠤ ᠳᠠᠷᠠᠭ᠎ᠠ ᠪᠣᠷᠣᠬᠤᠲᠠ ᠮᠠᠯᠵᠢᠯ ᠤᠨ ᠲᠠᠯᠠᠪᠠᠶ ᠳᠤ ᠮᠠᠯ ᠤᠨ ᠡᠮᠴᠢ ᠪᠣᠯᠪᠠ᠃ 1970 ᠣᠨ ᠳᠤ᠂ ᠲᠡᠷᠡ ᠰᠠᠶᠢᠨᠬᠤᠳᠳᠤᠭ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠠᠵᠢᠯ ᠰᠢᠯᠵᠢᠵᠦ᠂ 30 ᠰᠢᠬᠠᠮ ᠵᠢᠯ ᠠᠵᠢᠯᠯᠠᠪᠠ᠃                   ᠬᠤᠷᠯᠣ ᠤᠷᠢᠳ ᠬᠤᠵᠢᠳ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠦᠢᠯᠡᠳᠪᠦᠷᠢᠯᠡᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠢᠳᠡᠭᠡᠨ ᠤ ᠺᠣᠮᠫᠠᠨᠢ ᠶᠢᠨ ᠰᠢᠰᠲ᠋ᠧᠮ ᠤᠨ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠤ᠂ ᠪᠦᠬᠦ ᠣᠷᠣᠨ ᠤ ᠤᠯᠤᠰ ᠤᠨ ᠡᠵᠡᠩᠨᠡᠯᠲᠡ ᠶᠢᠨ ᠬᠤᠳᠠᠯᠳᠤᠭᠠᠨ ᠤ ᠵᠢᠱᠢᠶᠡᠴᠢ᠂ ᠪᠦᠬᠦ ᠣᠷᠣᠨ ᠤ ᠲᠡᠷᠢᠭᠦᠨ ᠤ ᠠᠵᠢᠯᠳᠠᠨ ᠢᠶᠠᠷ ᠦᠨᠡᠯᠡᠭᠳᠡᠵᠦ᠂ 1956 ᠣᠨ ᠳᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠨ᠂ ᠪᠦᠬᠦ ᠤᠯᠤᠰ ᠤᠨ ᠲᠡᠷᠢᠭᠦᠨ ᠤ ᠠᠵᠢᠯᠲᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠵᠤ᠂ ᠮᠠᠤ ᠲᠡᠷᠢᠭᠦᠯᠡᠭᠴᠢ᠂ ᠵᠦ ᠳ᠋ᠧ᠂ ᠯᠢᠦ ᠱᠤᠤ ᠴᠢ᠂ ᠵᠧᠦ ᠧᠨ ᠯᠠᠢ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠤᠨ ᠳᠣᠲᠣᠨᠣ ᠠᠭᠤᠯᠵᠠᠯᠲᠠ ᠶᠢ ᠬᠦᠯᠢᠶᠡᠪᠡ᠃                    ᠡᠳᠦᠭᠡ ᠬᠤᠷᠯᠣ ᠨᠠᠰᠤᠲᠠᠨ᠂ ᠥᠳᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠵᠦ᠂ ᠥᠪᠡᠷ ᠤᠨ ᠬᠢᠵᠦ ᠲᠡᠶᠢᠯᠬᠦ ᠠᠵᠢᠯ ᠢᠶᠠᠨ ᠬᠢᠵᠦ᠂ ᠰᠡᠳᠬᠢᠯ ᠬᠠᠩᠬᠤᠯᠤᠭᠤᠨ ᠪᠤᠢ᠃    ᠣᠷᠠᠯᠢᠭ ᠣᠷᠴᠢᠭᠤᠯᠵᠤ ᠮᠦᠳᠡᠭ ᠣᠷᠴᠢᠭᠤᠯᠪᠠhttps://mp.weixin.qq.com/s/4pUTxAluSYJXkFd-Gh_6Rw
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号