ᠰᠢᠯᠤᠭᠤᠨ ᠬᠥᠬᠡ ᠬᠤᠰᠢᠭᠤᠨ ᠤ  ᠵᠠᠰᠠᠭ ᠤᠨ ᠣᠷᠳᠣᠨ ᠪᠦᠬᠦ ᠠᠶᠢᠮᠠᠭ ᠤᠨ ᠬᠤᠷᠢᠳᠤᠭᠠᠷ ᠬᠤᠭᠤᠴᠠᠭᠠᠨ  ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠪᠡᠯᠡᠳᠬᠡᠯ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/19
              7 ᠰᠠᠷ᠎ᠠ ᠶᠢᠨ 13 ᠤ ᠡᠳᠦᠷ᠂ ᠬᠤᠰᠢᠭᠤ ᠳᠡᠳ᠋ ᠳᠠᠷᠤᠭ᠎ᠠ ᠬᠥᠭᠵᠢᠯᠲᠦ ᠪᠦᠬᠦ ᠠᠶᠢᠮᠠᠭ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠲᠠᠮᠢᠷ ᠤᠨ ᠤᠷᠤᠯᠳᠤᠭᠠᠨ ᠤ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠮᠢᠷ ᠤᠨ ᠤᠷᠤᠯᠳᠤᠭᠠᠨ ᠤ ᠪᠡᠯᠡᠳᠬᠡᠯ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠤᠬᠠᠭᠤᠯᠬᠤ ᠬᠡᠯᠲᠡᠰ᠂ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ 15 ᠰᠠᠯᠠᠭ᠎ᠠ ᠮᠥᠴᠢᠷ ᠵᠢᠴᠢ 2 ᠰᠤᠷᠭᠠᠭᠤᠯᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃               ᠬᠤᠷᠠᠯ ᠠᠴᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠪᠡᠯᠡᠳᠬᠡᠯ ᠠᠵᠢᠯ ᠤᠨ ᠠᠬᠢᠴᠠ᠂ ᠬᠤᠷᠠᠯ  ᠤᠨ ᠶᠠᠪᠤᠳᠠᠯ᠂ ᠲᠠᠯᠠᠪᠤᠷ ᠭᠠᠵᠠᠷ ᠤᠨ ᠲᠣᠬᠢᠷᠠᠭᠤᠯᠤᠯᠲᠠ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠳᠤ ᠡᠯ᠎ᠡ ᠵᠦᠶᠯ ᠤᠨ ᠠᠵᠢᠯ ᠦᠨᠳᠦᠰᠦᠨ ᠳᠡᠭᠡᠨ ᠪᠡᠯᠡᠬᠡᠨ ᠪᠣᠯᠵᠠᠶ᠃               ᠬᠥᠭᠵᠢᠯᠲᠦ ᠱᠠᠭᠠᠷᠳᠠᠬᠤ ᠳᠠᠭᠠᠨ᠂ ᠴᠠᠭ ᠠᠭᠤᠷ ᠤᠨ ᠰᠠᠯᠠᠭ᠎ᠠ ᠮᠥᠴᠢᠷ ᠨᠢ ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠤᠭᠤᠴᠠᠭᠠᠨ ᠳᠠᠬᠢ ᠢᠳᠡᠭᠡᠨ ᠤ ᠠᠶᠦᠯᠭᠦᠢ ᠪᠠᠶᠢᠳᠠᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠨᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠤᠭᠤᠴᠠᠭᠠᠨ ᠳᠤ ᠴᠠᠭᠳᠠᠭᠠᠨ ᠤ ᠬᠦᠴᠦᠨ ᠲᠣᠬᠢᠷᠠᠭᠤᠯᠵᠤ᠂ ᠬᠤᠷᠠᠯ ᠤᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠬᠤ ᠪᠠ ᠵᠠᠮ ᠢ ᠰᠠᠭᠠᠳ ᠦᠭᠡᠶ ᠨᠡᠪᠲᠡᠷᠡᠭᠦᠯᠬᠦ ᠬᠡᠷᠡᠭᠲᠡᠶ᠃ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠨᠢ ᠡᠮᠨᠡᠯᠭᠡ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠡᠪᠯᠡᠯ ᠤᠨ ᠬᠤᠷᠢᠶ᠎ᠠ ᠨᠢ ᠰᠠᠶᠢᠨ ᠲᠤᠷᠠᠴᠤᠳ ᠢ ᠵᠣᠬᠢᠶᠠᠨ ᠪᠠᠶᠢᠭᠤᠯᠤᠨ᠂ ᠬᠥᠲᠥᠯᠥᠨ ᠳᠠᠭᠠᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠨᠢ ᠪᠡᠶ᠎ᠡ ᠶᠢᠨ ᠲᠠᠮᠢᠷ  ᠤᠨ ᠤᠷᠤᠯᠳᠤᠭᠠᠨ ᠤ ᠡᠮᠦᠨ᠎ᠡ᠂ ᠤᠷᠤᠯᠳᠤᠭᠠᠨ ᠤ ᠳᠤᠮᠳᠠ᠂ ᠤᠷᠤᠯᠳᠤᠭᠠᠨ ᠤ ᠳᠠᠷᠠᠭᠠᠬᠢ ᠪᠠᠶᠢᠳᠠᠯ ᠢ ᠴᠠᠭ ᠲᠤᠬᠠᠶ  ᠳᠤᠨᠢ ᠤᠬᠠᠭᠤᠯᠤᠨ ᠮᠡᠳᠡᠭᠡᠯᠡᠬᠦ ᠬᠡᠷᠡᠭᠲᠡᠶ᠃ ᠴᠠᠬᠢᠯᠭᠠᠨ ᠬᠦᠴᠦᠨ ᠴᠢᠮᠡᠭᠡ ᠬᠤᠯᠪᠣᠭᠠᠨ ᠤ ᠰᠠᠯᠠᠭ᠎ᠠ ᠮᠥᠴᠢᠷ ᠨᠢ ᠴᠠᠬᠢᠯᠭᠠᠨ ᠬᠦᠴᠦᠨ᠂ ᠴᠢᠮᠡᠭᠡ ᠬᠤᠯᠪᠣᠭᠠᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠰᠠᠯᠠᠭ᠎ᠠ ᠮᠥᠴᠢᠷ  ᠨᠢ ᠨᠠᠷᠢᠨ ᠬᠢᠨᠠᠮᠠᠭᠠᠶ ᠬᠠᠷᠢᠭᠤᠴᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶᠴᠡᠳᠬᠡᠨ᠂ ᠨᠠᠷᠢᠨ ᠵᠦᠶᠯᠡᠰ  ᠢ ᠴᠢᠬᠤᠯᠠᠴᠢᠯᠠᠵᠤ᠂ ᠪᠥᠬᠦ ᠠᠶᠢᠮᠠᠭ ᠤᠨ 20 ᠳ᠋ᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠮᠵᠢᠯᠲᠠ ᠲᠠᠢ᠂ ᠠᠮᠤᠷ ᠲᠦᠪᠰᠢᠨ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠰᠡᠨ ᠪᠠᠶᠢᠨ᠎ᠠ᠃    ᠣᠷᠠᠯᠢᠭ ᠣᠷᠴᠢᠭᠤᠯᠵᠤ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号