| 7 ᠰᠠᠷ᠎ᠠ ᠶᠢᠨ 13 ᠤ ᠡᠳᠦᠷ᠂ ᠬᠤᠰᠢᠭᠤ ᠳᠡᠳ᠋ ᠳᠠᠷᠤᠭ᠎ᠠ ᠬᠥᠭᠵᠢᠯᠲᠦ ᠬᠠᠪᠢᠷᠭ᠎ᠠ ᠪᠠᠯᠭᠠᠰᠤᠨ | ᠳᠤ ᠬᠦᠷᠴᠦ ᠭᠠᠮᠰᠢᠭ ᠤᠨ ᠳᠠᠷᠠᠭᠠᠬᠢ ᠤᠰᠤ ᠤᠮᠳᠠᠨ ᠤ ᠲᠥᠬᠦᠭᠡᠷᠦᠮᠵᠢ ᠶᠢ ᠵᠠᠰᠠᠨ ᠰᠡᠯᠪᠢᠭᠰᠡᠨ ᠪᠠᠶᠢᠳᠠᠯ ᠢ | ᠪᠠᠶᠢᠴᠠᠭᠠᠨ ᠵᠢᠯᠣᠭᠤᠳᠴᠤ᠂ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠢᠵᠢᠭ ᠢ ᠰᠡᠷᠭᠡᠶᠢᠯᠡᠬᠦ ᠲᠥᠪ᠂ | ᠬᠠᠪᠢᠷᠭ᠎ᠠ ᠪᠠᠯᠭᠠᠰᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢ ᠮᠧᠨ ᠳ᠋ᠢ ᠲᠣᠰᠬᠤᠨ᠂ ᠬᠤᠩ ᠰᠢᠩ | ᠲᠣᠰᠬᠤᠨ ᠳᠤ ᠭᠦᠨᠵᠡᠭᠡᠶᠢᠷᠡᠨ ᠤᠰᠤ ᠬᠠᠩᠭᠠᠬᠤ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ ᠠᠵᠢᠯ ᠢ | ᠪᠠᠶᠢᠴᠠᠭᠠᠨ ᠦᠵᠡᠵᠦ᠂ ᠲᠣᠰᠬᠤᠨ ᠤ ᠠᠷᠠᠳ ᠤᠨ ᠤᠰᠤ ᠤᠮᠳᠠᠨ ᠤ ᠠᠮᠤᠷ ᠲᠦᠪᠰᠢᠨ ᠤ ᠪᠠᠲᠤᠯᠠᠭ᠎ᠠ ᠶᠢᠨ | ᠪᠠᠶᠢᠳᠠᠯ ᠢ ᠨᠠᠷᠢᠨ ᠦᠢᠯᠠᠭᠠᠭᠰᠠᠨ ᠤ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠤᠰᠤᠨ ᠰᠤᠷᠪᠤᠯᠵᠢ ᠶᠢᠨ | ᠬᠤᠳᠳᠤᠭ ᠤᠨ ᠬᠠᠮᠠᠭᠠᠯᠠᠯᠲᠠ ᠶᠢᠨ ᠶᠠᠪᠤᠳᠠᠯ ᠢ ᠰᠤᠳᠤᠯᠤᠨ ᠶᠠᠷᠢᠯᠴᠠᠵᠤ᠂ ᠪᠣᠳᠠᠲᠠᠶ ᠵᠢᠯᠣᠭᠤᠳᠬᠤ ᠰᠠᠨᠠᠯ | ᠳᠤᠷᠠᠳᠪᠠ᠃ | ᠬᠥᠭᠵᠢᠯᠲᠦ ᠱᠠᠭᠠᠷᠳᠠᠬᠤ ᠳᠠᠭᠠᠨ᠂ ᠬᠠᠪᠢᠷᠭ᠎ᠠ ᠪᠠᠯᠭᠠᠰᠤ ᠪᠣᠯᠤᠨ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠨᠢ ᠲᠤᠰ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠰᠤ ᠤᠮᠳᠠᠨ ᠤ ᠠᠮᠤᠷ ᠲᠦᠪᠰᠢᠨ | ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠤᠰᠤᠨ | ᠰᠤᠷᠪᠤᠯᠵᠢ ᠶᠢᠨ ᠬᠤᠳᠳᠤᠭ ᠢ ᠰᠡᠯᠪᠢᠨ ᠵᠠᠰᠠᠬᠤ ᠠᠵᠢᠯ ᠤᠨ ᠠᠬᠢᠴᠠ ᠪᠠᠨ ᠲᠦᠷᠭᠡᠳᠬᠡᠵᠦ᠂ ᠭᠠᠮᠰᠢᠭᠳᠠᠭᠰᠠᠨ | ᠭᠠᠵᠠᠷ ᠣᠷᠣᠨ ᠤ ᠬᠡᠪ ᠤᠨ ᠤᠰᠤ ᠬᠠᠩᠭᠠᠯᠲᠠ ᠶᠢ ᠪᠠᠲᠤᠯᠠᠬᠤ ᠬᠡᠷᠡᠭᠲᠡᠶ᠃ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ | ᠨᠢ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠪᠢᠷᠭ᠎ᠠ ᠪᠠᠯᠭᠠᠰᠤ ᠯᠤᠭ᠎ᠠ ᠠᠵᠢᠯ ᠢᠶᠠᠨ ᠵᠣᠬᠢᠴᠠᠭᠤᠯᠵᠤ᠂ ᠤᠰᠤᠨ | ᠰᠤᠷᠪᠤᠯᠵᠢ ᠶᠢᠨ ᠬᠤᠳᠳᠤᠭ ᠤᠨ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠴᠠᠭ ᠲᠤᠬᠠᠶ ᠳᠤᠨᠢ | ᠥᠷᠨᠢᠭᠦᠯᠵᠦ᠂ ᠲᠣᠰᠬᠤᠨ ᠤ ᠠᠷᠠᠳ ᠢ ᠵᠢᠯᠣᠭᠤᠳᠤᠨ ᠠᠷᠢᠭᠤᠳᠬᠠᠯ ᠤᠨ ᠵᠦᠢᠯᠡᠰ ᠢ ᠬᠡᠷᠡᠭᠯᠡᠭᠦᠯᠵᠦ᠂ ᠤᠰᠤ | ᠤᠮᠳᠠᠨ ᠤ ᠠᠮᠤᠷ ᠲᠦᠪᠰᠢᠨ ᠪᠠ ᠤᠰᠤ ᠪᠠᠷ ᠳᠠᠮᠵᠢᠬᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ | ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ ᠭᠡᠵᠡᠢ᠃ | ᠣᠳᠣᠬᠠᠨ ᠳᠤ ᠬᠠᠪᠢᠷᠭ᠎ᠠ ᠪᠠᠯᠭᠠᠰᠤᠨ ᠳᠤ ᠨᠡᠶᠢᠲᠡ 3 ᠭᠦᠨ ᠬᠤᠳᠳᠤᠭ᠂ 11 ᠮᠠᠰᠢᠨ | ᠬᠤᠳᠳᠤᠭ᠂ 7 ᠶᠡᠭᠡ ᠬᠤᠳᠳᠤᠭ᠂ 19 ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠪᠠᠶᠢᠭᠤᠯᠬᠤ | ᠴᠢᠬᠤᠯᠠᠲᠠᠶ ᠪᠠᠶᠢᠨ᠎ᠠ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠨᠢᠭᠡᠨᠲᠡ 9 ᠰᠠᠤᠷᠢ ᠨᠢᠭᠡᠳᠦᠯᠲᠡᠢ ᠤᠰᠤ | ᠬᠠᠩᠭᠠᠬᠤ ᠬᠤᠳᠳᠤᠭ ᠢ ᠰᠡᠯᠪᠢᠨ ᠵᠠᠰᠠᠵᠤ᠂ ᠪᠧᠶ ᠲᠠᠢ ᠲᠣᠰᠬᠤᠨ ᠤ 4 ᠲᠣᠮᠣ ᠠᠮᠠᠰᠠᠷᠲᠤ ᠬᠤᠳᠳᠤᠭ ᠢ | ᠤᠬᠢᠶᠠᠵᠤ ᠳᠠᠭᠤᠰᠬᠠᠪᠠ᠃ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠨᠢ ᠨᠢᠭᠡᠨᠲᠡ ᠤᠰᠤᠨ ᠠᠰᠢᠭᠯᠠᠯᠲᠠ ᠶᠢᠨ | ᠰᠠᠯᠠᠭ᠎ᠠ ᠮᠥᠴᠢᠷ ᠤᠨ ᠰᠡᠯᠪᠢᠨ ᠵᠠᠰᠠᠵᠤ ᠳᠠᠭᠤᠰᠬᠠᠭᠰᠠᠨ ᠨᠢᠭᠡᠳᠦᠯᠲᠡᠢ ᠤᠰᠤ ᠬᠠᠩᠭᠠᠬᠤ ᠬᠤᠳᠳᠤᠭ ᠤᠨ ᠤᠰᠤᠨ | ᠤ ᠶᠠᠩᠵᠤ ᠶᠢ ᠴᠤᠭᠯᠠᠭᠤᠯᠬᠤ ᠪᠠ ᠪᠠᠶᠢᠴᠠᠭᠠᠨ ᠬᠡᠮᠵᠢᠬᠦ ᠠᠵᠢᠯ ᠢ ᠪᠡᠶᠡᠯᠡᠭᠦᠯᠪᠡ᠃ ᠣᠷᠠᠯᠢᠭ ᠣᠷᠴᠢᠭᠤᠯᠵᠤ | ᠮᠦᠳᠡᠭ ᠬᠢᠨᠠᠪᠠ | | |