ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠲᠥᠪ ᠤᠨ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/7/19
  ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠲᠡᠢ ᠭᠡᠵᠡᠢ᠃   ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 14 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠲᠥᠰᠦᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ︔ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠲᠡᠢ ᠭᠡᠵᠡᠢ᠃   ᠬᠤᠷᠠᠯ ᠠᠴᠠ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ 2020 ᠣᠨ ᠤ ᠲᠥᠪ ᠤᠨ ᠲᠥᠰᠦᠪ ᠤᠨ ᠭᠦᠢᠴᠡᠳᠬᠡᠯ ᠪᠣᠯᠤᠨ ᠪᠤᠰᠤᠳ ᠡᠳ᠋ ᠤᠨ ᠵᠠᠰᠠᠭ ᠤᠨ ᠵᠠᠷᠤᠯᠭ᠎ᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠵᠡᠷᠭᠡ ᠳᠤ ᠬᠢᠨᠠᠨ ᠪᠤᠳᠤᠯᠳᠠ ᠬᠢᠵᠦ᠂ ᠦᠷ᠎ᠡ ᠳ᠋ᠦᠩ ᠢ ᠤᠢᠢᠷ᠎ᠠ ᠳᠤ ᠨᠡᠶᠢᠲᠡᠯᠡᠪᠡ᠃ ᠬᠤᠷᠠᠯ ᠠᠴᠠ ᠱᠠᠭᠠᠷᠳᠠᠬᠤ ᠳᠤ ᠪᠠᠨ᠂ ᠨᠢᠭᠡ ᠳᠤ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠂ ᠬᠤᠯᠪᠣᠭᠳᠠᠯ ᠪᠥᠬᠦᠶ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠱᠠᠯᠠᠪᠳᠠᠨ ᠲᠣᠭᠲᠠᠭᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠯᠠᠪᠳᠠᠭᠤᠨ ᠪᠠᠲᠤᠲᠠᠶ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠠᠬᠢᠭᠤᠯᠤᠭᠰᠠᠨ ᠢᠶᠠᠷ ᠰᠤᠯᠠ᠂ ᠠᠯᠪᠠ ᠬᠠᠰᠢᠵᠤ ᠠᠮᠠ ᠪᠥᠭᠯᠡᠬᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠠᠵᠢᠯᠯᠠᠭ᠎ᠠ ᠶᠢ ᠡᠷᠡᠰ ᠵᠠᠯᠠᠷᠠᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠡᠨᠡ ᠵᠢᠯ ᠤᠨ 10 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠬᠦ ᠶᠢᠨ ᠬᠠᠮᠲᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠶᠢ ᠠᠳᠬᠤᠨ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠡᠭᠡᠷᠯᠡᠯ ᠪᠣᠯᠭᠠᠬᠤ ᠬᠡᠷᠡᠭᠲᠡᠶ᠃ ᠬᠢᠨᠠᠨ ᠪᠤᠳᠤᠯᠲᠠ ᠳᠤ ᠲᠣᠭᠲᠠᠭᠠᠯ ᠢ ᠵᠥᠷᠢᠴᠡᠨ ᠥᠷᠭᠡᠨ ᠬᠡᠷᠡᠭᠴᠡᠭᠡᠨ ᠤ ᠲᠠᠸᠠᠷ ᠢ ᠰᠠᠷᠢᠭᠠᠯᠠᠭᠰᠠᠨ᠂ ᠭᠠᠶᠢᠯᠢ ᠶᠢᠨ ᠵᠣᠭᠤᠰ ᠢ ᠳᠠᠷᠤᠭᠰᠠᠨ ᠭᠠᠶᠢᠯᠢ ᠠᠴᠠ ᠵᠠᠶᠢᠯᠠᠭᠰᠠᠨ ᠵᠡᠷᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠦᠨᠳᠦ ᠶᠡᠭᠡ ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠬᠡᠷᠡᠭᠲᠡᠢ᠂ ᠡᠳᠡᠭᠡᠷ ᠠᠰᠠᠭᠤᠳᠠᠯ ᠨᠢ ᠬᠡᠪ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠠᠮᠠᠭᠤᠷᠠᠭᠤᠯᠵᠤ᠂ ᠤᠯᠤᠰ ᠤᠨ ᠬᠠᠤᠯᠢ ᠪᠠᠷ ᠲᠣᠭᠲᠠᠭᠠᠭᠰᠠᠨ ᠭᠠᠶᠢᠯᠢ ᠲᠠᠲᠠᠪᠤᠷᠢ ᠶᠢᠨ ᠰᠠᠭᠤᠷᠢ ᠶᠢ ᠬᠤᠬᠢᠷᠠᠭᠤᠯᠤᠭᠰᠠᠨ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠶᠠᠮᠠᠷ ᠨᠢᠭᠡᠴᠢ᠂ ᠶᠠᠮᠠᠷ ᠳᠠᠪᠬᠤᠷᠭ᠎ᠠ ᠳᠤ ᠬᠤᠯᠪᠣᠭᠳᠠᠭᠰᠠᠨ ᠴᠤ ᠴᠥᠮ ᠲᠤᠭᠤᠰᠢᠲᠠᠢ ᠪᠠᠶᠢᠴᠠᠭᠠᠵᠤ᠂ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠠᠤᠯᠢ ᠲᠣᠭᠲᠠᠭᠠᠯ ᠶᠣᠰᠣᠭᠠᠷ ᠲᠣᠷᠭᠠᠬᠤ ᠶᠣᠰᠣᠲᠠᠢ ᠶᠢ ᠨᠢ ᠲᠣᠷᠭᠠᠵᠤ᠂ ᠰᠢᠢᠳᠪᠦᠷᠢᠯᠡᠬᠦ ᠶᠣᠰᠣᠲᠠᠢ ᠶᠢ ᠨᠢ ᠰᠢᠢᠳᠪᠦᠷᠢᠯᠡᠵᠦ᠂ ᠪᠠᠷᠢᠪᠴᠢᠯᠠᠬᠤ ᠶᠣᠰᠣᠲᠠᠢ ᠶᠢ ᠨᠢ ᠪᠠᠷᠢᠪᠴᠢᠯᠠᠵᠤ᠂ ᠶᠠᠭᠠᠬᠢᠭᠰᠠᠨ ᠴᠤ ᠢᠯᠳᠠᠷ ᠬᠠᠶᠠᠵᠤ ᠨᠢᠭᠤᠷ ᠥᠭᠴᠦ ᠪᠣᠯᠬᠤ ᠦᠭᠡᠢ᠃ ᠮᠠᠭᠤ ᠰᠠᠨᠠᠭ᠎ᠠ ᠲᠠᠢ ᠪᠠᠷ ᠬᠠᠤᠯᠢ ᠲᠣᠭᠲᠠᠭᠠᠯ ᠢ ᠵᠥᠷᠢᠴᠡᠭᠰᠡᠳ ᠲᠤ ᠬᠠᠤᠯᠢ ᠶᠣᠰᠣᠭᠠᠷ ᠬᠦᠨᠳᠦ ᠴᠣᠬᠢᠯᠲᠠ ᠥᠭᠬᠦ ᠬᠡᠷᠡᠭᠲᠡᠶ᠃ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠠᠷ ᠢᠯᠡᠴᠢᠯᠡᠬᠦ ᠬᠡᠷᠡᠭᠲᠡᠶ᠃ ᠭᠤᠷᠪᠠ ᠳᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠬᠠᠨᠳᠤᠯᠭᠠᠲᠤ ᠴᠢᠨᠠᠷᠲᠠᠶ ᠪᠠᠷ ᠪᠦᠷᠢᠨᠰᠢᠭᠦᠯᠵᠦ᠂ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠪᠠᠯ ᠱᠠᠯᠠᠪᠬᠠᠨ ᠵᠠᠰᠠᠪᠤᠷᠢ ᠣᠷᠣᠭᠤᠯᠵᠤ᠂ ᠳᠦᠷᠢᠮ ᠢ ᠬᠡᠷᠡᠭᠵᠢᠭᠦᠯᠬᠦ ᠪᠠ ᠬᠢᠨᠠᠨ ᠪᠤᠳᠤᠬᠤ᠂ ᠰᠢᠮᠳᠠᠭᠤᠯᠤᠨ ᠪᠠᠶᠢᠴᠠᠭᠠᠬᠤ ᠵᠡᠷᠭᠡ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠬᠡᠷᠡᠭᠲᠡᠶ᠃ ᠲᠦᠷᠪᠡ ᠳᠤ᠂ ᠵᠠᠰᠠᠭ ᠤᠨ ᠣᠷᠳᠣᠨ ᠠᠷᠪᠢᠴᠢ ᠭᠠᠮᠲᠠᠢ᠂ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠣᠳᠣᠬᠠᠨ ᠳᠤ ᠡᠳ᠋ ᠤᠨ ᠵᠠᠰᠠᠭ ᠤᠨ ᠪᠠᠶᠢᠳᠠᠯ ᠰᠠᠶᠢᠵᠢᠷᠠᠬᠤ ᠬᠠᠨᠳᠤᠰᠢ ᠲᠠᠢ ᠪᠠᠶᠢᠭ᠎ᠠ ᠪᠣᠯᠪᠠᠴᠤ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠬᠤ ᠶᠢ ᠰᠤᠯᠠᠷᠠᠭᠤᠯᠵᠤ ᠪᠣᠯᠬᠤ ᠦᠭᠡᠢ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠂ ᠲᠣᠭᠲᠠᠭᠠᠯ ᠢ ᠵᠥᠷᠢᠴᠡᠨ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠦᠷᠳᠡᠭ ᠢ ᠨᠡᠮᠡᠭᠳᠡᠭᠦᠯᠵᠦ ᠪᠣᠯᠬᠤ ᠦᠭᠡᠢ᠃ ᠲᠠᠪᠤ ᠳᠤ᠂ ᠨᠢᠭᠡᠨᠲᠡ ᠲᠣᠭᠲᠠᠭᠠᠭᠰᠠᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠶ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠵᠡᠷᠭᠡ ᠠᠵᠤ ᠠᠬᠤᠶᠢᠯᠠᠯ ᠳᠤ ᠳᠥᠭᠦᠮ ᠦᠵᠡᠭᠦᠯᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠰᠠᠶᠢᠲᠤᠷ ᠬᠠᠮᠢᠶᠠᠷᠤᠨ ᠬᠡᠷᠡᠭᠯᠡᠬᠦ ᠬᠡᠷᠡᠭᠲᠡᠢ᠂ ᠡᠵᠡᠯᠡᠨ ᠬᠡᠷᠡᠭᠯᠡᠬᠦ ᠪᠠ ᠨᠡᠭᠦᠯᠭᠡᠨ ᠬᠡᠷᠡᠭᠯᠡᠵᠦ ᠣᠭᠲᠣ ᠪᠣᠯᠬᠤ ᠦᠭᠡᠢ᠃ ᠣᠯᠠᠨ ᠨᠡᠶᠢᠲᠡ ᠶᠢᠨ ᠪᠡᠯᠡ ᠮᠥᠩᠭᠦ᠂ ᠣᠯᠠᠨ ᠨᠡᠶᠢᠲᠡ ᠶᠢᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠷᠠᠳ ᠲᠦᠮᠡᠨ ᠳᠤ ᠬᠠᠷᠢᠭᠤᠴᠠᠬᠤ ᠬᠡᠷᠡᠭᠲᠡᠢ ᠭᠡᠵᠡᠢ᠃   ᠬᠤᠷᠠᠯ ᠠᠴᠠ ᠵᠢᠭᠠᠬᠤ ᠳᠤ ᠪᠠᠨ᠂ ᠬᠥᠳᠡᠭᠡ ᠲᠣᠰᠬᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢ ᠲᠦᠷᠭᠡᠨ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠳᠠ ᠳᠤ ᠣᠷᠣᠭᠤᠯᠬᠤ᠂ ᠬᠡᠷᠡᠭᠯᠡᠭᠡᠨ ᠤ ᠡᠳ᠋ ᠢ ᠬᠥᠳᠡᠭᠡ ᠲᠣᠰᠬᠤᠨ ᠳᠤ ᠬᠦᠷᠭᠡᠬᠦ ᠳᠤ ᠴᠢᠨᠠᠭᠰᠢᠳᠠ ᠲᠦᠬᠦᠮ ᠦᠵᠡᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠢᠭᠡ ᠳᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠣᠯᠤᠨ ᠬᠥᠳᠡᠭᠡ ᠲᠣᠰᠬᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ︽ᠢᠨᠲ᠋ᠧᠷ ᠰᠦᠯᠵᠢᠶ᠎ᠡ +︾ ᠳᠤ ᠲᠦᠰᠢᠭᠯᠡᠨ᠂ ᠬᠤᠲᠠ ᠶᠢᠨ ᠵᠠᠬ᠎ᠠ ᠳᠡᠯᠭᠡᠭᠦᠷ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠠᠷᠢᠶᠠᠴᠢᠨ ᠡᠷᠦᠬᠡ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶᠠᠵᠢᠯ ᠵᠡᠷᠭᠡ ᠲᠠᠢ ᠵᠣᠯᠭᠠᠭᠤᠯᠬᠤ ᠶᠢ ᠴᠢᠩᠭᠠᠳᠬᠠᠵᠤ᠂ ᠲᠤᠰᠬᠠᠶᠢᠵᠢᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠢᠯᠡᠭᠡᠯᠲᠡ ᠶᠢᠨ ᠦᠢᠯᠡᠴᠢᠯᠡᠭᠡ ᠪᠠ ᠬᠦᠢᠲᠡᠨ ᠬᠡᠯᠬᠢᠶᠡᠲᠦ ᠬᠥᠮᠥᠷᠭᠡᠯᠡᠨ ᠪᠣᠯᠪᠠᠰᠤᠷᠠᠭᠤᠯᠬᠤ ᠪᠡᠯᠡᠳᠬᠡᠮᠵᠢ ᠶᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠳᠤ ᠬᠦᠴᠦᠨ ᠨᠡᠮᠡᠷᠢᠯᠡᠵᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ᠂ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾ ᠶᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠢᠯᠡᠭᠡᠯᠲᠡ ᠶᠢᠨ ᠡᠳ᠋ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠠᠵᠢᠯ ᠢ ᠲᠥᠷᠭᠡᠳᠬᠡᠬᠦ ᠬᠡᠷᠡᠭᠲᠡᠢ᠃ ᠵᠡᠭᠦᠨ ᠳᠤᠮᠳᠠ ᠬᠡᠰᠡᠭ ᠤᠨ ᠬᠥᠳᠡᠭᠡ ᠲᠣᠰᠬᠤᠨ ᠤ ᠭᠠᠵᠠᠷ ᠣᠷᠣᠨ ᠳᠤ᠂ ᠵᠠᠬ᠎ᠠ ᠳᠡᠯᠭᠡᠭᠦᠷ ᠤᠨ ᠬᠦᠴᠦᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠠᠵᠤ ᠠᠬᠤᠶᠢᠯᠠᠯ ᠤᠨ ᠲᠣᠰᠬᠤᠨ ᠳᠤ ᠰᠠᠭᠤᠵᠤ ᠴᠡᠭ ᠭᠠᠷᠭᠠᠬᠤ ᠶᠢ ᠬᠥᠲᠥᠯᠥᠨ ᠵᠢᠯᠣᠭᠤᠳᠴᠤ᠂ ᠲᠦᠷᠭᠡᠨ ᠢᠯᠡᠭᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠠᠷᠠᠭᠤᠨ ᠬᠡᠰᠡᠭ ᠤᠨ ᠬᠥᠳᠡᠭᠡ ᠲᠣᠰᠬᠤᠨ ᠤ ᠭᠠᠵᠠᠷ ᠣᠷᠣᠨ ᠳᠤ᠂ ᠰᠢᠦᠳᠠᠨ ᠤ ᠶᠠᠪᠤᠳᠠᠯ ᠤᠨ ᠦᠵᠦᠭᠦᠷᠯᠢᠭ ᠢᠯᠡᠭᠡᠯᠲᠡ ᠳᠠᠬᠢ ᠰᠠᠭᠤᠷᠢᠯᠠᠬᠤ ᠴᠢᠨᠠᠷᠲᠠᠢ ᠦᠢᠯᠡᠳᠦᠯ ᠢ ᠨᠢ ᠪᠠᠳᠠᠷᠠᠭᠤᠯᠵᠤ᠂ ᠲᠦᠷᠭᠡᠨ ᠢᠯᠡᠭᠡᠯᠲᠡ᠂ ᠬᠠᠩᠭᠠᠨ ᠪᠣᠷᠣᠯᠠᠭᠤᠯᠬᠤ ᠵᠡᠷᠭᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ︽ᠲᠦᠷᠭᠡᠨ ᠢᠯᠡᠭᠡᠯᠲᠡ ᠶᠢ ᠲᠣᠰᠬᠤᠨ ᠳᠤ ᠣᠷᠣᠭᠤᠯᠬᠤ︾ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠭᠤᠷᠪᠠ ᠳᠤ᠂ ᠢᠯᠡᠭᠡᠯᠲᠡ ᠶᠢᠨ ᠬᠦᠷᠢᠶᠡᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠵᠦᠶ ᠵᠣᠬᠢᠰ ᠥᠬᠡᠶ᠂ ᠴᠢᠬᠤᠯᠠ ᠥᠬᠡᠶ ᠬᠢᠵᠠᠭᠠᠷᠯᠠᠯ ᠢ ᠬᠦᠴᠦᠨ ᠥᠬᠡᠶ ᠪᠣᠯᠭᠠᠵᠤ᠂ ᠬᠥᠳᠡᠭᠡ ᠲᠣᠰᠬᠤᠨ ᠤ ᠲᠦᠷᠭᠡᠨ ᠢᠯᠡᠭᠡᠯᠲᠡ ᠶᠢᠨ ᠦᠵᠦᠭᠦᠷᠯᠢᠭ ᠤᠨ ᠦᠢᠯᠡᠴᠢᠯᠡᠭᠡ ᠶᠢ ᠵᠣᠷᠢᠭᠵᠢᠭᠤᠯᠤᠨ ᠬᠥᠭᠵᠢᠭᠦᠯᠵᠦ᠂ ᠲᠣᠰᠬᠤᠨ ᠤ ᠳᠣᠲᠣᠷᠠᠬᠢ ᠣᠲᠣ ᠶᠢᠨ ᠪᠠᠶᠢᠭ᠎ᠠ ᠪᠡᠯᠡᠳᠬᠡᠮᠵᠢ ᠶᠢ ᠠᠰᠢᠭᠯᠠᠬᠤ ᠶᠢ ᠬᠥᠲᠥᠯᠦᠨ ᠵᠢᠯᠣᠭᠤᠳᠴᠤ᠂ ᠲᠣᠰᠬᠤᠨ ᠤ ᠱᠠᠲᠤᠨ ᠤ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠬᠥᠳᠡᠭᠡ ᠲᠣᠰᠬᠤᠨ ᠤ ᠦᠵᠦᠭᠦᠷᠯᠢᠭ ᠤᠨ ᠢᠯᠡᠭᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠢᠯᠡᠭᠡᠯᠲᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠣᠯᠴᠢ ᠥᠷᠢᠰᠥᠯᠳᠦᠭᠡᠨ ᠢ ᠠᠬᠢᠭᠤᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ ᠭᠡᠵᠡᠢ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号