ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/7/22
                                ︵8 ᠳ᠋ᠤᠭᠠᠷ ᠲᠣᠭᠠᠲᠤ︶               2021 ᠣᠨ ᠤ 7 ᠰᠠᠷ᠎ᠠ ᠶᠢᠨ 20 ᠤ ᠡᠳᠦᠷ᠂ ᠨᠠᠨᠵᠢᠩ ᠬᠤᠲᠠ ᠶᠢᠨ ᠵᠢᠶᠠᠩ ᠨᠢᠩ ᠲᠣᠭᠤᠷᠢᠭ ᠤᠨ ᠯᠦ ᠺᠸᠦ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠵᠢᠯᠲᠠᠨ ᠨᠢ ᠭᠠᠷᠠᠭ ᠪᠦᠷᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠶᠠᠪᠤᠴᠠ ᠳᠠᠭᠠᠨ 7 ᠣᠨᠣᠰᠢᠯᠠᠭᠳᠠᠭᠰᠠᠨ ᠡᠪᠡᠳᠴᠢᠲᠡᠨ᠂ 2 ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠢ ᠢᠯᠡᠷᠡᠭᠦᠯᠵᠡᠢ᠃ 2021 ᠣᠨ ᠤ 7 ᠰᠠᠷ᠎ᠠ ᠶᠢᠨ 21 ᠤ ᠡᠳᠦᠷ ᠤᠨ 0 ᠴᠠᠭ ᠠᠴᠠ ᠡᠬᠢᠯᠡᠨ᠂ ᠨᠠᠨᠵᠢᠩ ᠬᠤᠲᠠ ᠶᠢᠨ ᠵᠢᠶᠠᠩ ᠨᠢᠩ ᠲᠣᠭᠤᠷᠢᠭ ᠤᠨ ᠯᠦ ᠺᠧᠤ ᠵᠡᠭᠡᠯᠢ ᠶᠢᠨ ᠰᠢᠶᠧ ᠼᠦᠨ ᠨᠡᠶᠢᠭᠡᠮ ᠲᠣᠭᠤᠷᠢᠭ᠂ ᠪᠠᠶ ᠶᠦᠨ ᠵᠠᠮ ᠤᠨ ᠨᠡᠶᠢᠭᠡᠮ ᠲᠣᠭᠤᠷᠢᠭ᠂ ᠱᠢ ᠲᠢᠩ ᠲᠣᠰᠬᠤᠨ᠂ ᠯᠢ ᠱᠦᠶ ᠲᠣᠭᠤᠷᠢᠭ ᠤᠨ ᠱᠢ ᠴᠢᠦ ᠵᠡᠭᠡᠯᠢ ᠶᠢᠨ ᠵᠢᠦ ᠲᠠᠩ ᠵᠠᠰᠠᠭ ᠵᠠᠬᠢᠷᠭᠠᠨ  ᠤ ᠲᠣᠰᠬᠤᠨ ᠤ ᠮᠤᠤ ᠵᠢᠶᠠ ᠸᠧᠶ ᠲᠣᠰᠬᠤᠨ ᠢ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠢᠶᠠᠷ ᠲᠣᠭᠲᠠᠭᠠᠪᠠ᠃ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠡᠷᠭᠡᠶᠢᠯᠡᠨ ᠬᠤᠷᠢᠭᠯᠠᠬᠤ ᠠᠵᠢᠯ  ᠢ ᠰᠠᠶᠢᠲᠤᠷ ᠬᠢᠬᠦ ᠶᠢᠨ ᠲᠤᠯᠠᠳᠠ᠂ ᠤᠳᠤ ᠬᠠᠮᠢᠶ᠎ᠠ ᠪᠦᠬᠦᠢ ᠵᠦᠢᠯ ᠢ ᠵᠠᠷᠯᠠᠶ᠎ᠠ᠄               ᠨᠢᠭᠡ᠂ ᠳᠤᠮᠳᠠ ᠥᠨᠳᠥᠷ ᠳᠡᠰ ᠤᠨ ᠬᠢᠵᠢᠭ ᠤᠨ ᠲᠦᠭᠰᠢᠭᠦᠷᠢᠲᠦ ᠭᠠᠵᠠᠷ ᠠᠴᠠ ᠰᠢᠯᠣᠭᠤᠨ ᠬᠥᠬᠡ ᠬᠤᠰᠢᠭᠤᠨ ᠳᠤ ᠪᠤᠴᠠᠵᠤ ᠢᠷᠡᠭᠰᠡᠨ ᠬᠥᠮᠦᠰ ︽7 ᠬᠤᠨᠤᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ + 14 ᠬᠤᠨᠤᠭ ᠲᠤᠰᠠᠭᠠᠷᠯᠠᠭᠰᠠᠨ ᠡᠷᠡᠭᠦᠯ ᠮᠡᠨᠳᠦ ᠶᠢᠨ ᠪᠠᠶᠢᠴᠠᠭᠠᠯᠲᠠ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ︵7 ᠳ᠋ᠤᠭᠠᠷ ᠡᠳᠦᠷ᠂ 14 ᠳ᠋ᠦ᠋ᠭᠡᠷ ᠡᠳᠦᠷ  ᠲᠤ ᠪᠠᠶᠢᠴᠠᠭᠠᠯᠭᠠᠨ᠎ᠠ︶︾ ᠪᠠᠨ ᠬᠠᠩᠭᠠᠬᠤ ᠬᠡᠷᠡᠭᠳᠡᠢ᠃ ᠬᠡᠷᠪᠡ 7 ᠬᠤᠨᠤᠭ ᠤᠨ ᠳᠣᠲᠤᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠬᠠᠩᠭᠠᠵᠤ ᠳᠡᠶᠢᠯᠬᠦ ᠥᠬᠡᠶ ᠪᠣᠯ᠂ ᠬᠤᠰᠢᠭᠤᠨ ᠳᠤ ᠪᠤᠴᠠᠵᠤ ᠢᠷᠡᠭᠰᠡᠨ ᠤ ᠳᠠᠷᠠᠭ᠎ᠠ ᠲᠡᠷᠡ ᠳᠠᠷᠤᠶ ᠳᠤᠨᠢ ᠨᠢᠭᠡᠳᠦᠯᠲᠡᠢ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 24 ᠴᠠᠭ ᠤᠨ ᠲᠣᠳᠤᠷᠠᠬᠢ ᠦᠷ᠎ᠡ ᠳ᠋ᠦᠩ ᠨᠢ ᠪᠢᠯᠢᠭ ᠴᠢᠨᠠᠷ ᠢᠯᠡᠷᠡᠪᠡᠯ 14 ᠬᠤᠨᠤᠭ ᠬᠡᠷ  ᠲᠡᠭᠡᠨ ᠲᠤᠰᠠᠭᠠᠷᠯᠠᠬᠤ ᠬᠡᠷᠡᠭᠳᠡᠢ᠃               ᠬᠤᠶᠠᠷ᠂ 2021 ᠣᠨ ᠤ 7 ᠰᠠᠷ᠎ᠠ ᠶᠢᠨ 7 ᠠᠴᠠ ᠨᠠᠰᠢ᠂ ᠨᠠᠨᠵᠢᠩ ᠤᠨ ᠯᠦ ᠺᠧᠦ ᠣᠯᠠᠨ ᠤᠯᠤᠰ ᠤᠨ ᠨᠢᠰᠬᠡᠯ ᠤᠨ ᠪᠠᠭᠤᠳᠠᠯ ᠢᠶᠠᠷ ᠥᠩᠭᠡᠷᠡᠵᠦ ᠵᠣᠭᠰᠣᠭᠰᠠᠨ ᠤᠳᠠᠭ᠎ᠠ ᠲᠠᠢ᠂ ᠨᠢᠰᠬᠡᠯ ᠤᠨ ᠪᠠᠭᠤᠳᠠᠯ ᠤᠨ ᠠᠵᠢᠯᠲᠠᠨ ᠲᠠᠢ ᠦᠢᠷᠠᠳᠤᠵᠤ ᠥᠩᠭᠡᠷᠡᠭᠰᠡᠨ᠂ ᠨᠠᠨᠵᠢᠩ ᠬᠤᠲᠠ ᠶᠢᠨ ᠵᠢᠶᠠᠩ ᠨᠢᠩ ᠲᠣᠭᠤᠷᠢᠭ ᠤᠨ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠠᠴᠠ ᠰᠢᠯᠤᠭᠤᠨ ᠬᠥᠬᠡ ᠬᠤᠰᠢᠭᠤᠨ ᠳᠤ ᠪᠤᠴᠠᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠥᠪᠡᠷ ᠤᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶᠂ ᠪᠠᠶᠢᠭᠤᠯᠭ᠎ᠠ ᠨᠢᠭᠡᠴᠡ ᠪᠣᠯᠤᠨ ᠰᠠᠭᠤᠭᠰᠠᠨ ᠪᠠᠭᠤᠳᠠᠯ ᠳᠠᠭᠠᠨ ᠮᠡᠳᠡᠭᠦᠯᠵᠦ᠂ ᠰᠡᠷᠭᠡᠶᠢᠯᠡᠯᠲᠡ ᠶᠢᠨ ᠠᠷᠭ᠎ᠠ ᠬᠡᠮᠵᠢᠶᠡᠨ ᠳᠤ ᠬᠠᠮᠵᠢᠯᠴᠠᠬᠤ ᠬᠡᠷᠡᠭᠲᠡᠶ᠃ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠳᠠᠷᠤᠶ ᠲᠦᠷᠭᠡᠨ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠪᠤᠶᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠤ ᠮᠡᠳᠡᠭᠦᠯᠵᠦ᠂ ᠠᠵᠢᠯ ᠤᠨ ᠱᠠᠭᠠᠷᠳᠠᠯᠭ᠎ᠠ ᠶᠣᠰᠣᠭᠠᠷ ᠪᠠᠶᠢᠴᠠᠭᠠᠯᠲᠠ ᠬᠢᠯᠭᠡᠬᠦ ᠬᠡᠷᠡᠭᠳᠡᠢ᠃ ᠬᠤᠪᠢ ᠬᠥᠮᠦᠨ ᠤ ᠬᠠᠩᠭᠠᠭᠰᠠᠨ ᠡᠷᠡᠭᠦᠯ ᠮᠡᠨᠳᠦ ᠶᠢᠨ ᠺᠣᠳ᠋ ᠤᠨ ᠮᠡᠳᠡᠭᠡ ᠵᠠᠩᠭᠢ ᠪᠣᠯᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠨᠢ ᠡᠷᠬᠡᠪᠰᠢ ᠦᠨᠡᠨ ᠪᠣᠳᠠᠲᠠᠶ ᠪᠠᠶᠢᠵᠤ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠪᠡᠯ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃               ᠭᠤᠷᠪᠠ᠂ ᠥᠷᠭᠡᠨ ᠣᠯᠠᠨ ᠰᠠᠭᠤᠭᠠᠯᠢ ᠠᠷᠠᠳ ᠪᠣᠯᠤᠨ ᠬᠤᠰᠢᠭᠤᠨ ᠳᠤ ᠢᠷᠡᠭᠰᠡᠨ        ︵ᠪᠤᠴᠠᠵᠤ ᠢᠷᠡᠭᠰᠡᠨ︶ ᠬᠥᠮᠦᠰ ᠬᠢᠵᠢᠭ ᠢ ᠰᠡᠷᠭᠡᠶᠢᠯᠡᠬᠦ ᠠᠵᠢᠯ ᠲᠠᠢ ᠬᠠᠮᠵᠢᠯᠴᠠᠨ᠂ ᠬᠡᠷᠪᠡ 2021 ᠣᠨ ᠤ 7 ᠰᠠᠷ᠎ᠠ ᠶᠢᠨ 7 ᠠᠴᠠ ᠨᠠᠰᠢ ᠨᠠᠨᠵᠢᠩ ᠤᠨ ᠯᠦ ᠺᠧᠦ ᠣᠯᠠᠨ ᠤᠯᠤᠰ ᠤᠨ ᠨᠢᠰᠬᠡᠯ ᠤᠨ ᠪᠠᠭᠤᠳᠠᠯ ᠢᠶᠠᠷ ᠦᠩᠭᠡᠷᠡᠵᠦ ᠵᠣᠭᠰᠤᠭᠰᠠᠨ ᠪᠣᠶᠣ ᠨᠢᠰᠬᠡᠯ ᠤᠨ ᠪᠠᠭᠤᠳᠠᠯ ᠤᠨ ᠠᠵᠢᠯᠲᠠᠳ ᠲᠠᠢ ᠦᠢᠷᠠᠳᠤᠵᠤ ᠦᠩᠭᠡᠷᠡᠭᠰᠡᠨ᠂ ᠨᠠᠨᠵᠢᠩ ᠬᠤᠲᠠ  ᠶᠢᠨ ᠵᠢᠶᠠᠩ ᠨᠢᠩ ᠲᠣᠭᠤᠷᠢᠭ ᠤᠨ ᠳᠤᠮᠳᠠ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠠᠴᠠ ᠰᠢᠯᠤᠭᠤᠨ ᠬᠥᠬᠡ ᠬᠤᠰᠢᠭᠤᠨ ᠳᠤ ᠪᠤᠴᠠᠵᠤ ᠢᠷᠡᠭᠰᠡᠨ ᠬᠥᠮᠦᠰ ᠢ ᠢᠯᠡᠷᠡᠭᠦᠯᠪᠡᠯ᠂ ᠳᠠᠷᠤᠶᠢᠬᠠᠨ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶ ᠳᠤ ᠮᠡᠳᠡᠭᠦᠯᠬᠦ ᠬᠡᠷᠡᠭᠲᠡᠶ᠃               ᠳᠥᠷᠪᠡ᠂ ᠥᠷᠭᠡᠨ ᠣᠯᠠᠨ ᠰᠠᠭᠤᠭᠠᠯᠢ ᠠᠷᠠᠳ ᠠᠯᠪᠠᠨ ᠵᠠᠭᠤᠴᠢᠯᠠᠭᠤᠷ ᠤᠨ ᠨᠡᠶᠢᠲᠡᠯᠡᠭᠰᠡᠨ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠤ ᠪᠠᠶᠢᠳᠠᠯ ᠳᠤ ᠠᠩᠬᠠᠷᠤᠯ ᠢᠶᠠᠨ ᠬᠠᠨᠳᠤᠭᠤᠯᠵᠤ᠂ ᠬᠢᠯᠢ ᠶᠢᠨ ᠭᠠᠳᠠᠨᠠᠬᠢ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠳᠡᠰ ᠤᠨ ᠬᠢᠵᠢᠭ ᠤᠨ ᠳᠦᠭᠰᠢᠭᠦᠷᠢᠲᠦ ᠭᠠᠵᠠᠷ ᠣᠷᠣᠨ ᠳᠤ ᠣᠨᠴᠠᠭᠠᠢ ᠱᠠᠭᠠᠷᠳᠠᠯᠭ᠎ᠠ ᠦᠭᠡᠢ ᠪᠣᠯ ᠪᠢᠳᠡᠭᠡᠢ ᠣᠴᠢᠭᠠᠷᠠᠢ᠃ ᠬᠡᠷᠪᠡ ᠦᠨᠡᠭᠡᠷ ᠣᠴᠢᠬᠤ ᠱᠠᠭᠠᠷᠳᠠᠯᠭ᠎ᠠ ᠲᠠᠢ ᠪᠣᠯ᠂ ᠮᠣᠷᠳᠠᠬᠤ ᠠᠴᠠ ᠪᠠᠨ ᠡᠮᠦᠨ᠎ᠡ ᠰᠠᠭᠤᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶᠂ ᠪᠠᠶᠢᠭᠤᠯᠭ᠎ᠠ ᠨᠢᠭᠡᠴᠡ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠶ᠃ ᠪᠤᠴᠠᠵᠤ ᠢᠷᠡᠬᠦ ᠠᠴᠠ ᠪᠠᠨ ᠡᠮᠦᠨ᠎ᠡ ᠡᠷᠬᠡᠪᠰᠢ ᠰᠠᠭᠤᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶᠂  ᠪᠠᠶᠢᠭᠤᠯᠭ᠎ᠠ ᠨᠢᠭᠡᠴᠡ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ᠬᠤᠰᠢᠭᠤᠨ ᠳᠤ ᠪᠤᠴᠠᠭᠰᠠᠨ ᠤ ᠳᠠᠷᠠᠭ᠎ᠠ ᠮᠠᠨ ᠤ ᠬᠤᠰᠢᠭᠤᠨ ᠤ ᠬᠠᠮᠢᠶ᠎ᠠ ᠪᠦᠬᠦᠢ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃               ᠲᠠᠪᠤ᠂ ᠥᠷᠭᠡᠨ ᠣᠯᠠᠨ ᠰᠠᠭᠤᠭᠠᠯᠢ ᠠᠷᠠᠳ ᠦᠷᠭᠦᠯᠵᠢᠯᠡᠨ ᠰᠡᠷᠭᠡᠶᠢᠯᠡᠯᠲᠡ ᠶᠢᠨ ᠤᠬᠠᠮᠰᠠᠷ ᠢᠶᠠᠨ ᠪᠠᠲᠤᠯᠠᠵᠤ᠂ ᠠᠮᠠᠪᠴᠢ ᠵᠡᠭᠦᠨ᠂ ᠭᠠᠷ ᠢᠶᠠᠨ ᠦᠷᠭᠦᠯᠵᠢ ᠤᠬᠢᠶᠠᠵᠤ᠂ ᠴᠣᠩᠬᠤ ᠪᠠᠨ ᠣᠩᠭᠤᠶᠢᠯᠭᠠᠨ᠂ ᠪᠦᠭᠡᠮᠨᠡᠷᠡᠵᠦ ᠴᠤᠭᠯᠠᠷᠠᠬᠤ ᠶᠢ ᠪᠠᠭᠠᠰᠬᠠᠵᠤ᠂ ᠬᠤᠭᠤᠷᠣᠨᠳᠤᠬᠢ ᠵᠠᠢ ᠪᠠᠨ ᠪᠠᠲᠤᠯᠠᠨ᠂ ᠥᠪᠡᠷ ᠤᠨ ᠡᠷᠡᠭᠦᠯ ᠴᠢᠭᠢᠷᠠᠭ ᠲᠠᠭᠠᠨ ᠠᠩᠬᠠᠷᠤᠭᠠᠷᠠᠢ᠃               ᠵᠢᠷᠭᠤᠭ᠎ᠠ᠂ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ ᠰᠡᠷᠭᠡᠶᠢᠯᠡᠬᠦ ᠬᠠᠮᠤᠭ ᠤᠨ ᠰᠢᠭᠤᠳ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠥᠷᠭᠡᠨ ᠣᠯᠠᠨ ᠰᠠᠭᠤᠭᠠᠯᠢ ᠠᠷᠠᠳ ᠲᠠᠷᠢᠯᠭ᠎ᠠ ᠢᠳᠡᠪᠬᠢᠲᠡᠢ ᠬᠢᠯᠭᠡᠵᠦ᠂ ᠥᠪᠡᠷ ᠤᠨ ᠪᠡᠶ᠎ᠡ ᠶᠢᠨ ᠬᠠᠮᠠᠭᠠᠯᠠᠯᠲᠠ ᠰᠡᠷᠭᠡᠶᠢᠯᠡᠯᠲᠡ ᠪᠠᠨ ᠳᠡᠭᠡᠭᠰᠢᠯᠡᠭᠦᠯᠦᠭᠡᠷᠡᠢ᠃ ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ                  2021 ᠣᠨ ᠤ 7 ᠰᠠᠷ᠎ᠠ ᠶᠢᠨ 22 ᠤᠨ ᠡᠳᠦᠷ  ᠣᠷᠠᠯᠢᠭ ᠣᠷᠴᠢᠭᠤᠯᠵᠤ ᠲᠡᠮᠣᠷᠪᠠᠭᠠᠳᠣᠷ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号