ᠯᠢ ᠺᠧ ᠴᠢᠶᠠᠩ ᠪᠷᠦ᠋ᠨ᠋ᠸᠢ ᠶᠢᠨ ᠤᠯᠤᠰ ᠤᠨ ᠸᠠᠩ ᠬᠠᠰᠰᠠᠨᠠᠯ ᠲᠠᠢ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠷᠢᠴᠠᠭ᠎ᠠ ᠪᠠᠶᠢᠭᠤᠯᠤᠭᠰᠠᠨ 30 ᠵᠢᠯ ᠤᠨ ᠤᠢ ᠶᠢᠨ ᠲᠤᠬᠠᠢ ᠬᠠᠷᠢᠯᠴᠠᠨ ᠪᠠᠶᠠᠷ ᠤᠨ ᠴᠠᠬᠢᠯᠭᠠᠨ ᠢᠯᠡᠭᠡᠪᠡ
ᠨᠡᠶᠢᠲᠡᠯᠡᠭᠰᠡᠨ ᠴᠠᠭ᠄
2021/7/22
     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 19 ᠤ ᠡᠳᠦᠷ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠰᠢᠶᠠᠨ ᠤ ᠲᠡᠷᠢᠭᠦᠯᠡᠭᠴᠢ ᠤᠯᠤᠰ ᠪᠣᠯᠬᠤ ᠪᠷᠦ᠋ᠨ᠋ᠸᠢ ᠶᠢᠨ ᠤᠯᠤᠰ ᠤᠨ ᠸᠠᠩ ᠬᠠᠰᠰᠠᠨᠠᠯ ᠲᠠᠢ ᠬᠠᠷᠢᠯᠴᠠᠨ ᠪᠠᠶᠠᠷ ᠤᠨ ᠴᠠᠬᠢᠯᠭᠠᠨ ᠢᠯᠡᠭᠡᠵᠦ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠷᠢᠴᠠᠭ᠎ᠠ ᠪᠠᠶᠢᠭᠤᠯᠤᠭᠰᠠᠨ 30 ᠵᠢᠯ ᠤᠨ ᠣᠢ ᠶᠢ ᠳᠤᠷᠠᠳᠬᠠᠨ ᠪᠡᠯᠭᠡᠯᠡᠪᠡ᠃      ᠯᠢ ᠺᠧ ᠴᠢᠶᠠᠩ ᠪᠠᠶᠠᠷ ᠤᠨ ᠴᠠᠬᠢᠯᠭᠠᠨ ᠳᠤ ᠪᠠᠨ᠂ ᠥᠩᠭᠡᠷᠡᠭᠰᠡᠨ 30 ᠵᠢᠯ ᠤᠨ ᠲᠤᠷᠰᠢ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠡᠯ᠎ᠡ ᠤᠯᠤᠰ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠤᠯᠤᠰ ᠵᠢᠴᠢ ᠭᠠᠵᠠᠷ ᠣᠷᠣᠨ ᠤ ᠲᠣᠭᠲᠠᠭᠤᠨ ᠬᠥᠭᠵᠢᠯ ᠴᠡᠴᠡᠭᠯᠡᠯ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠬᠡᠪ ᠳᠠᠭᠤᠷᠢᠶᠠᠯ ᠪᠠ ᠦᠯᠢᠭᠡᠷ ᠵᠢᠱᠢᠶ᠎ᠡ ᠶᠢ ᠪᠤᠢ ᠪᠣᠯᠭᠠᠪᠠ᠃ ᠨᠢᠳᠤᠨᠤᠨ ᠵᠢᠯ ᠠᠴᠠ ᠨᠠᠭᠠᠰᠢ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠭᠠᠷ ᠭᠠᠷ ᠢᠶᠠᠨ ᠬᠤᠯᠪᠣᠯᠴᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠵᠦ᠂ ᠰᠠᠬᠢᠨ ᠪᠠᠷᠠᠯᠠᠯᠴᠠᠵᠤ ᠬᠠᠷᠢᠯᠴᠠᠨ ᠬᠠᠪᠰᠤᠷᠤᠯᠴᠠᠭᠰᠠᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠢᠯᠡᠷᠡᠭᠦᠯᠪᠡ ᠭᠡᠵᠡᠢ᠃      ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠣᠳᠣᠬᠠᠨ ᠳᠤ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠷᠢᠴᠠᠭ᠎ᠠ ᠪᠦᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠱᠠᠲᠤᠨ ᠳᠤ ᠣᠷᠣᠵᠤ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠯᠤᠭ᠎ᠠ ᠬᠠᠮᠲᠤ ᠪᠠᠷ ᠨᠡᠩ ᠥᠨᠳᠥᠷ ᠬᠢᠷᠢ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠶᠢ ᠪᠠᠶᠢᠭᠤᠯᠵᠤ᠂ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠣᠭᠴᠠᠯᠠᠵᠤ᠂ ᠭᠠᠵᠠᠷ ᠣᠷᠣᠨ ᠪᠣᠯᠤᠨ ᠪᠦᠬᠦ ᠪᠥᠮᠪᠥᠷᠴᠡᠭ ᠤᠨ ᠴᠢᠨᠠᠷᠲᠠᠢ ᠢᠷᠡᠭᠡᠳᠦᠢ ᠶᠢᠨ ᠥᠷᠢᠰᠥᠯᠳᠦᠭᠡᠨ ᠢ ᠨᠡᠩ ᠰᠠᠶᠢᠲᠤᠷ ᠠᠷᠭᠠᠴᠠᠭᠠᠵᠤ᠂ ᠬᠤᠶᠠᠷ ᠲᠠᠯ᠎ᠠ ᠶᠢᠨ 11 ᠤᠯᠤᠰ ᠤᠨ 20 ᠭᠠᠷᠤᠢ ᠳ᠋ᠦᠩᠰᠢᠭᠤᠷ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠡᠢ᠃      ᠬᠠᠰᠰᠠᠨᠠᠯ ᠪᠠᠶᠠᠷ ᠤᠨ ᠴᠠᠬᠢᠯᠭᠠᠨ ᠳᠤ ᠪᠠᠨ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢ ᠲᠥᠯᠥᠭᠡᠯᠡᠨ ᠬᠤᠶᠠᠷ ᠲᠠᠯ᠎ᠠ ᠶᠢᠨ ᠶᠠᠷᠢᠯᠴᠠᠭᠠᠨ ᠤ ᠬᠠᠷᠢᠴᠠᠭ᠎ᠠ ᠪᠠᠶᠢᠭᠤᠯᠤᠭᠰᠠᠨ 30 ᠵᠢᠯ ᠤᠨ ᠤᠢ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠴᠢᠩ ᠰᠡᠳᠬᠢᠯ ᠤᠨ ᠪᠠᠶᠠᠷ ᠬᠦᠷᠭᠡᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠤᠯᠤᠰ ᠤᠨ ᠬᠠᠷᠢᠴᠠᠭ᠎ᠠ 30 ᠵᠢᠯ ᠤᠨ ᠲᠤᠷᠰᠢ ᠪᠠᠶᠠᠯᠢᠭ ᠦᠷ᠎ᠡ ᠪᠦᠲᠦᠭᠡᠯ ᠣᠯᠵᠤ᠂ ᠬᠠᠮᠤᠭ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠ ᠪᠦᠬᠦ ᠲᠠᠯ᠎ᠠ ᠶᠢᠨ ᠴᠢᠨᠠᠷᠲᠠᠢ ᠬᠠᠨᠢᠲᠠᠨ ᠤ ᠬᠠᠷᠢᠴᠠᠭ᠎ᠠ ᠶᠢᠨ ᠨᠢᠭᠡ ᠪᠣᠯᠵᠠᠢ᠃ ᠬᠤᠶᠠᠷ ᠲᠠᠯ᠎ᠠ ᠪᠠᠷ ᠢᠶᠠᠨ ᠭᠠᠷ ᠭᠠᠷ ᠢᠶᠠᠨ ᠬᠤᠯᠪᠣᠯᠴᠠᠨ ᠬᠢᠵᠢᠭ ᠢ ᠡᠰᠡᠷᠭᠦᠴᠡᠨ ᠬᠠᠮᠲᠤᠷᠠᠯᠴᠠᠵᠤ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠳᠤᠮᠳᠠᠳᠤ ᠶᠢᠨ ᠲᠠᠯ᠎ᠠ ᠶᠢᠨ ᠬᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠭᠤᠣᠯ ᠪᠣᠯᠬᠤ ᠪᠠᠶᠢᠷᠢ ᠰᠠᠭᠤᠷᠢ ᠶᠢ ᠡᠷᠡᠰ ᠳᠡᠮᠵᠢᠭᠰᠡᠨ ᠳᠤ ᠪᠠᠶᠠᠷᠯᠠᠨ ᠲᠠᠯᠠᠷᠬᠠᠵᠤ ᠪᠠᠶᠢᠨ᠎ᠠ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠨᠢ ᠬᠤᠶᠠᠷ ᠲᠠᠯ᠎ᠠ ᠶᠢᠨ ᠠᠷᠠᠳ ᠲᠦᠮᠡᠨ ᠳᠤ ᠨᠡᠩ ᠰᠠᠷᠠᠭᠤᠯ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠥᠭᠬᠦ ᠶᠤᠮ ᠭᠡᠵᠦ ᠢᠯᠡᠷᠬᠡᠶᠢᠯᠡᠪᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号