ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠶᠢᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2021/7/28
     ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠷᠤᠸᠠᠨ ᠴᠦᠨ ᠹᠦ᠋ ᠶᠢᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ      ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ      ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 26 ᠤ ᠴᠠᠬᠢᠯᠭᠠᠨ ᠮᠡᠳᠡᠭᠡ 7 ᠰᠠᠷ᠎ᠠ ᠶᠢᠨ 26 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠤᠸᠠᠨ ᠴᠦᠨ ᠹᠦ᠋ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠸᠢᠶᠧᠲᠨᠠᠮ ᠤᠨ ᠤᠯᠤᠰ ᠤᠨ ᠲᠡᠷᠢᠭᠦᠯᠡᠭᠴᠢ ᠪᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠸᠢᠶᠧᠲᠨᠠᠮ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠨᠡᠶᠢᠭᠡᠮ ᠵᠢᠷᠤᠮᠳᠤ ᠬᠥᠷᠰᠢ ᠤᠯᠤᠰ ᠮᠥᠨ᠂ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ᠂ ᠬᠠᠮᠲᠤ ᠶᠢᠨ ᠠᠰᠢᠭ ᠲᠤᠰᠠ ᠥᠷᠭᠡᠨ ᠳᠡᠯᠭᠡᠷ ᠶᠤᠮ᠃ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠭᠠᠮᠰᠢᠭ ᠬᠢᠵᠢᠭ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠪᠦᠯᠬᠦᠮᠳᠡᠯ ᠨᠥᠬᠦᠷᠯᠡᠯ ᠤᠨ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠵᠠᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠨᠡ ᠵᠢᠯ ᠠᠴᠠ ᠨᠠᠭᠠᠰᠢ᠂ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠵᠤ᠂ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠤᠢ ᠪᠠᠨ ᠤᠭᠲᠤᠨ ᠠᠪᠤᠯ᠎ᠠ᠃ ᠳᠤᠮᠳᠠᠳᠤ ᠸᠢᠶᠧᠲᠨᠠᠮ ᠤᠨ ᠬᠤᠶᠠᠷ ᠨᠠᠮ ᠪᠠ ᠤᠯᠤᠰ ᠤᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠱᠠᠲᠤᠨ ᠳᠤ ᠣᠷᠣᠪᠠ᠃ ᠪᠢ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠸᠢᠶᠧᠲᠨᠠᠮ ᠤᠨ ᠤᠳᠤᠷᠢᠳᠬᠤ ᠨᠥᠬᠦᠳ ᠲᠠᠢ ᠬᠠᠮᠲᠤ ᠪᠠᠷ ᠴᠢᠷᠮᠠᠶᠢᠵᠤ ᠪᠠᠶᠢᠭᠠᠳ ᠰᠢᠨ᠎ᠡ ᠴᠠᠭ ᠦᠶ᠎ᠡ ᠶᠢᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠳᠤᠮᠳᠠᠳᠤ ᠸᠢᠶᠧᠲᠨᠠᠮ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠬᠠᠷᠠᠯᠲᠠ ᠲᠡᠶᠢᠰᠢ ᠲᠠᠰᠤᠷᠠᠯᠳᠠ ᠦᠭᠡᠢ ᠤᠷᠤᠭᠰᠢᠯᠠᠨ᠎ᠠ ᠭᠡᠵᠦ ᠴᠢᠬᠤᠯᠠᠴᠢᠯᠠᠪᠠ᠃      ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ ᠹᠠᠨ ᠮᠢᠩ ᠵᠧᠩ ᠤᠨ ᠸᠢᠶᠧᠲᠨᠠᠮ ᠤᠨ ᠵᠠᠰᠠᠭ ᠤᠨ ᠣᠷᠳᠣᠨ ᠤ ᠶᠡᠷᠦᠩᠬᠡᠢ ᠰᠠᠶᠢᠳ ᠢᠶᠠᠷ ᠦᠷᠭᠦᠯᠵᠢᠯᠡᠨ ᠰᠣᠩᠭᠤᠭᠳᠠᠭᠰᠠᠨ ᠳᠤ ᠪᠠᠶᠠᠷ ᠬᠦᠷᠭᠡᠵᠦ᠂ ᠳᠤᠷᠠᠲᠠᠶ᠎ᠠ ᠶᠡᠷᠦᠩᠬᠡᠢ ᠰᠠᠶᠢᠳ ᠹᠠᠨ ᠮᠢᠩ ᠵᠧᠩ ᠲᠠᠢ ᠬᠠᠮᠲᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠨᠥᠬᠦᠷᠰᠡᠭ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠤᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠤᠯᠭᠠᠯᠴᠠᠭ᠎ᠠ ᠶᠢ ᠲᠦᠷᠭᠡᠳᠬᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠪᠠᠶᠢᠷᠢᠰᠢᠯ ᠢ ᠪᠠᠶᠢᠭᠤᠯᠤᠨ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠲᠠᠰᠤᠷᠠᠯᠳᠡ ᠦᠭᠡᠢ ᠤᠷᠤᠬᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号