ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2021/7/5
  ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠬᠰᠠᠨ ᠨᠢ   ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ ᠤᠯᠤᠰ ᠤᠨ ᠡᠪ ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠪᠠ᠃ ᠲᠡᠦᠬᠡ ᠶᠢᠨ ᠤᠷᠤᠰᠬᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ   ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ ᠸᠠᠩ ᠴᠢ ᠱᠠᠨ ᠬᠤ᠋ ᠶᠢᠨ ᠲᠤᠤ ᠣᠷᠣᠯᠴᠠᠵᠠᠢ   ᠵᠠᠭᠤᠨ ᠵᠢᠯ ᠤᠨ ᠠᠶᠠᠨ ᠰᠦᠷ ᠳᠠᠯᠠᠶᠢᠴᠠᠲᠠᠢ ᠶᠠᠪᠤᠭᠳᠠᠵᠤ᠂ ᠵᠠᠭᠤᠨ ᠵᠢᠯ ᠤᠨ ᠤᠬ ᠰᠠᠨᠠᠭ᠎ᠠ ᠶᠠᠪᠤᠬᠤ ᠲᠤᠳᠤᠮ ᠪᠠᠬᠢᠵᠢᠪᠡ᠃ 7 ᠰᠠᠷ᠎ᠠ ᠶᠢᠨ 1 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠡᠯ᠎ᠡ ᠡᠲᠡᠭᠡᠳ ᠤᠨ ᠲᠥᠯᠥᠭᠡᠯᠡᠭᠴᠢ 7 ᠲᠦᠮᠡ ᠭᠠᠷᠤᠶ ᠬᠥᠮᠦᠨ ᠦᠪᠡᠳᠡᠭᠰᠢ ᠶᠡᠭᠡ ᠶᠣᠰᠣᠯᠠᠯ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠵᠠᠭᠤᠨ ᠵᠢᠯ ᠤᠨ ᠣᠶ ᠶᠢ ᠪᠠᠶᠠᠷᠯᠠᠨ ᠪᠡᠯᠭᠡᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠤ᠂ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠤ ᠳᠠᠬᠢᠨ ᠮᠤᠷᠳᠠᠯ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠤᠨ ᠤ ᠠᠭᠤᠤ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ ᠲᠠᠢ ᠴᠠᠬ ᠦᠶ᠎ᠡ ᠮᠦᠨ᠃ ᠥᠩᠭᠡᠷᠡᠭᠰᠡᠨ ᠢᠶᠠᠨ ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠ ᠪᠦᠯᠬᠦᠮᠳᠡᠯ ᠪᠠᠶᠢᠬᠰᠠᠨ ᠴᠠᠭ ᠲᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ ᠬᠡᠵᠥ ᠴᠢᠬᠤᠯᠠᠴᠢᠯᠠᠪᠠ᠃
  7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠳᠠᠯᠪᠢᠵᠠᠢ᠃   ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠸᠡᠭ ᠰᠡᠭᠦᠳᠡᠷᠯᠡᠪᠡ   ᠰᠢ ᠶᠢᠨ ᠫᠢᠩ ᠨᠠᠮ ᠪᠣᠯᠤᠨ ᠠᠷᠠᠳ ᠲᠦᠮᠡᠨ ᠢ ᠲᠦᠯᠦᠭᠡᠯᠡᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠲᠠᠮᠵᠢᠵᠦ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ᠃ ᠡᠨᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠢᠷᠠᠭᠤ ᠠᠯᠳᠠᠷ ᠮᠥᠨ᠂ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠢᠷᠠᠭᠤ ᠠᠯᠳᠠᠷ ᠮᠥᠨ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠢᠷᠠᠭᠤ ᠠᠯᠳᠠᠷ ᠮᠥᠨ ᠭᠡᠵᠦ ᠲᠥᠪ ᠴᠢᠩᠭ᠎ᠠ ᠪᠠᠷ ᠲᠤᠩᠬᠠᠭᠯᠠᠪᠠ᠃   ᠨᠠᠮ ᠤᠨ ᠲᠥᠪ ᠬᠤᠷᠢᠶᠠᠨ ᠤ ᠤᠯᠣᠰ ᠳᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ ᠪᠡᠯᠬᠡᠯᠡᠬᠦ ᠶᠡᠭᠡ ᠬᠤᠷᠠᠯ ᠢ ᠡᠷᠬᠢᠯᠡᠪᠡ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ᠂ ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠣᠷᠣᠯᠴᠠᠪᠠ᠃   ᠬᠤᠪᠢᠯᠭᠠᠨ ᠣᠷᠣᠨ ᠤ ᠡᠬᠡ ᠭᠠᠵᠠᠷ ᠴᠡᠴᠡᠭᠯᠡᠨ ᠬᠥᠭᠵᠢᠵᠦ᠂ ᠲᠦᠮᠡᠨ ᠦᠵᠡᠮᠵᠢ ᠪᠦᠷᠢᠳᠦᠨ᠂ ᠨᠡᠶᠢᠰᠯᠡᠯ ᠪᠡᠭᠡᠵᠢᠩ ᠳᠤ ᠬᠤᠸᠠᠷ ᠴᠡᠴᠡᠭ ᠮᠢᠷᠠᠯᠵᠠᠨ ᠳᠡᠯᠭᠡᠷᠡᠵᠥ ᠳᠤᠬ ᠳᠠᠯᠪᠠᠭ᠎ᠠ ᠨᠠᠮᠢᠷᠠᠨ᠎ᠠ᠃ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠤᠢᠢᠷ᠎ᠠ ᠦᠶ᠎ᠡ ᠠᠴᠠ ᠨᠠᠭᠠᠰᠢ ᠤᠷᠳᠤ ᠬᠤᠭᠤᠴᠠᠭ᠎ᠠ ᠪᠠᠷ ᠬᠠᠯᠠ ᠵᠣᠪᠠᠯᠠᠩ ᠠᠮᠰᠠᠭᠰᠠᠨ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠴᠤᠬ ᠵᠤᠯᠢ ᠪᠠᠳᠠᠷᠠᠩᠭᠤᠢ ᠪᠠᠷ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠰᠦᠷ ᠵᠢᠪᠬᠤᠯᠠᠩᠲᠤ ᠠᠶᠠᠨ ᠵᠠᠮ ᠢᠶᠠᠷ ᠵᠠᠮᠨᠠᠪᠠ᠃
  7 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠦ᠂ ᠸᠠᠩ ᠶᠠᠩ᠂ ᠸᠠᠩ ᠬᠣ᠋ ᠨᠢᠩ᠂ ᠵᠤᠤ ᠯᠧ ᠵᠢᠢ ᠂ ᠬᠠᠨ ᠵᠧᠩ᠂ ᠸᠠᠩ ᠴᠢ ᠱᠠᠨ᠂ ᠬᠣ᠋ ᠶᠢᠨ ᠳᠤᠤ ᠨᠠᠷ ᠶᠡᠭᠡ ᠬᠤᠷᠠᠯ ᠳᠤ ᠤᠷᠤᠯᠴᠠᠪᠠ᠃   ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠦᠸᠧ ᠬᠦ᠋ ᠰᠡᠭᠦᠳᠡᠷᠯᠡᠪᠡ   ᠲᠢᠶᠠᠨ ᠠᠨ ᠮᠧᠨ ᠠᠰᠠᠷ ᠳᠦᠪ ᠶᠡᠬᠡᠮᠰᠦᠭ ᠰᠦᠷ ᠵᠢᠪᠬᠤᠯᠠᠩᠲᠠᠶ ᠪᠠᠶᠢᠵᠥ᠂ ᠠᠰᠠᠷ ᠤᠨ ᠤᠯᠠᠭᠠᠨ ᠬᠡᠷᠡᠮ ᠤᠨ ᠲᠦᠪ ᠳᠤᠮᠳᠠ ᠮᠠᠤ ᠽᠧ ᠳ᠋ᠦᠩ ᠤᠨ ᠪᠤᠳᠤᠭᠳᠤ ᠲᠣᠮᠣ ᠵᠢᠷᠤᠮᠡᠯ ᠬᠥᠷᠥᠭ ᠢ ᠡᠯᠭᠦᠵᠡᠶ᠃ ᠲᠢᠶᠠᠨ ᠠᠨ ᠮᠧᠨ ᠠᠭᠤᠳᠠᠮ ᠲᠠᠯᠠᠪᠠᠢ ᠳᠤ᠂ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦ᠋ᠢᠨ ᠰᠦᠨᠳᠡᠷᠯᠡᠨ᠎ᠡ᠃ ᠳᠤᠷᠠᠰᠬᠠᠯ ᠤᠨ ᠬᠥᠰᠢᠶ᠎ᠡ ᠶᠢᠨ ᠬᠤᠶᠢᠲᠤ ᠲᠠᠯ᠎ᠠ ᠳᠤ᠂ 7.1 ᠮᠧᠲᠷ ᠥᠨᠳᠥᠷ᠂ 7.1 ᠮᠧᠲᠷ ᠥᠷᠭᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠦᠯᠳᠡ ᠪᠣᠯᠤᠨ ︽1921︾ ︽2021︾ ᠭᠡᠬᠦ ᠳᠡᠮᠳᠡᠭ ᠦᠰᠦᠭ ᠣᠨᠴᠠ ᠶᠢᠨ ᠢᠯᠡ ᠲᠠᠢ ᠬᠠᠷᠠᠭᠳᠠᠨ᠎ᠠ᠃ ᠠᠭᠤᠳᠠᠮ ᠲᠠᠯᠠᠪᠠᠢ ᠶᠢᠨ ᠵᠡᠭᠦᠨ ᠪᠠᠷᠠᠭᠤᠨ ᠬᠤᠶᠠᠷ ᠲᠠᠯ᠎ᠠ ᠳᠤ᠂ 100 ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠃   ᠣᠭᠲᠠᠷᠭᠤᠢ ᠠᠴᠠ ᠪᠠᠷᠠᠯᠠᠬᠤᠶ᠎ᠠ᠂ ᠲᠢᠶᠠᠨ ᠠᠨ ᠮᠧᠨ ᠠᠭᠤᠳᠠᠮ ᠲᠠᠯᠠᠪᠠᠢ ᠶᠢᠨ ︽ᠲᠤᠮᠤ ᠬᠥᠯᠭᠡ ᠤᠩᠭᠤᠴᠠ ᠠᠶᠠᠯᠠᠯ ᠢᠶᠠᠨ ᠡᠬᠢᠯᠡᠭᠦᠯᠤᠯ᠎ᠠ︾ ᠭᠡᠬᠦ ᠳᠦᠷᠰᠦ ᠪᠦᠲᠦᠭᠡᠯᠲᠡ ᠠᠤᠭ᠎ᠠ ᠰᠦᠷᠯᠢᠭ ᠬᠠᠷᠠᠬᠳᠠᠵᠤ᠂ ᠶᠠᠭ ᠰᠠᠯᠬᠢ ᠳᠠᠪᠠᠯᠭᠠᠨ ᠢ ᠵᠦᠰᠦᠨ ᠳᠠᠷᠪᠠᠭᠤᠯ ᠬᠡᠶᠢᠰᠬᠡᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠷᠡᠯ ᠰᠠᠴᠤᠷᠠᠩᠭᠤᠢ ᠢᠷᠡᠭᠡᠳᠦᠢ ᠵᠦᠭ ᠤᠷᠤᠭᠰᠢᠯᠠᠨ᠎ᠠ᠃   ︽ᠨᠤᠳᠤᠭ ᠤᠨ ᠳᠠᠭᠤᠤ ᠪᠠᠨ ᠨᠠᠮ ᠳᠠᠭᠠᠨ ᠡᠷᠬᠦᠶ᠎ᠠ︾ ︽ᠰᠠᠷᠠᠭᠤᠯ ᠳᠠᠷᠳᠠᠩ ᠵᠠᠮ ᠢᠶᠠᠷ ᠤᠷᠤᠭᠰᠢᠯᠠᠨᠡᠮ︾ ︽ᠰᠢᠨ᠎ᠡ ᠶᠢᠷᠲᠢᠨᠴᠦ︾ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾ ᠁ ᠪᠡᠯᠭᠡᠯᠡᠬᠦ ᠶᠡᠭᠡ ᠬᠤᠷᠠᠯ ᠡᠬᠢᠯᠡᠬᠦ ᠠᠴᠠ ᠡᠮᠦᠨ᠎ᠡ᠂ ᠲᠠᠯᠠᠪᠠᠢ ᠳᠠᠶᠠᠭᠠᠷ ᠢᠶᠠᠨ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠭᠰᠠᠨ ᠰᠣᠩᠭᠤᠳᠠᠭ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠨᠠᠮ ᠳᠠᠭᠠᠨ ᠬᠠᠶᠢᠷᠠᠲᠠᠢ ᠪᠠᠶᠢᠬᠤ ᠰᠡᠳᠬᠢᠯᠬᠡ ᠪᠠᠨ ᠢᠯᠡᠳᠬᠡᠭᠰᠡᠨ ᠪᠠ ᠬᠦᠰᠡᠯ ᠵᠥᠩᠨᠡᠯ ᠢᠶᠠᠨ ᠳᠡᠪᠰᠢᠭᠦᠯᠪᠡ᠃   ᠦᠳᠡ ᠶᠢᠨ ᠡᠮᠦᠨᠡᠬᠢ 7 ᠴᠠᠭ 53 ᠮᠢᠨᠦ᠋ᠲ ᠲᠤ᠂ ᠪᠠᠶᠠᠷ ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ ᠲᠢᠶᠠᠨ ᠠᠨ ᠮᠧᠨ ᠠᠰᠠᠷ ᠤᠨ ᠲᠡᠷᠢᠭᠦᠯᠡᠭᠴᠢ ᠶᠢᠨ ᠲᠠᠶᠢᠰᠠᠨ ᠳᠤ ᠬᠦᠷᠴᠤ ᠢᠷᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃   ᠡᠷᠡᠯᠬᠡᠭ ᠪᠦᠷᠬᠦᠳ ᠵᠢᠬᠦᠷ ᠳᠡᠯᠭᠡᠨ ᠤᠭᠳᠠᠷᠭᠤᠢ ᠳᠤ ᠳᠡᠬᠦᠯᠢᠨ᠎ᠠ᠃ 7 ᠴᠠᠭ 55 ᠮᠢᠨᠦ᠋ᠲ ᠤᠨ ᠦᠶ᠎ᠡ ᠪᠠᠷ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 71 ᠪᠠᠶᠢᠯᠳᠤᠭᠠᠨ ᠤ ᠨᠢᠰᠬᠡᠯ ᠲᠢᠶᠠᠨ ᠠᠨ ᠮᠧᠨ ᠠᠭᠤᠳᠠᠮ ᠲᠠᠯᠠᠪᠠᠢ ᠶᠢ ᠴᠢᠭᠯᠡᠨ ᠨᠢᠰᠴᠤ᠂ ᠨᠠᠮ ᠳᠠᠭᠠᠨ ᠬᠦᠨᠳᠦᠳᠬᠡᠯ ᠳᠡᠪᠰᠢᠭᠦᠯᠵᠦ᠂ ᠡᠬᠡ ᠤᠯᠤᠰ ᠲᠠᠭᠠᠨ ᠬᠦᠨᠳᠦᠳᠬᠡᠯ ᠳᠡᠪᠰᠢᠭᠦᠯᠵᠦ᠂ ᠠᠷᠠᠳ ᠲᠦᠮᠡᠨ ᠳᠡᠭᠡᠨ ᠬᠦᠨᠳᠦᠳᠬᠡᠯ ᠳᠡᠪᠰᠢᠭᠦᠯᠪᠡ᠃ ᠲᠤᠭ ᠬᠠᠮᠠᠭᠠᠯᠠᠬᠤ ᠠᠭᠠᠷ ᠤᠨ ᠱᠠᠲᠤᠯᠵᠢᠨ ᠠᠩᠬᠢ ᠶᠢᠨ ᠬᠢᠨ ᠨᠢᠰᠦᠯᠲᠡ ᠶᠢᠨ ᠲᠣᠭᠯᠠᠯᠲᠠ ᠶᠢᠨ ᠬᠥᠰᠢᠭᠡ ᠶᠢ ᠰᠡᠬᠦᠵᠦ᠂ 5 ᠡᠭᠴᠡ ᠪᠤᠰᠬᠤ ᠨᠢᠰᠬᠡᠯ ᠲᠤᠰ ᠲᠤᠰ ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠲᠤᠭ ᠪᠤᠯᠤᠨ ︽ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠢ︾ ︽ᠠᠭᠤᠤ ᠶᠡᠭᠡ ᠳᠤᠮᠳᠠᠳᠤ ᠤᠯᠤᠰ ᠤᠨ ᠠᠷᠠᠳ ᠲᠦᠮᠡᠨ ᠮᠠᠨᠳᠤᠲᠤᠭᠠᠢ︾ ︽ᠠᠭᠤᠤ ᠶᠡᠭᠡ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠮᠠᠨᠳᠤᠲᠤᠭᠠᠢ︾ ︽ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠮᠠᠨᠳᠤᠲᠤᠭᠠᠢ︾ ᠭᠡᠮᠡᠬᠦ ᠪᠢᠴᠢᠭᠡᠰᠦ ᠶᠢ ᠡᠯᠭᠦᠵᠦ ᠠᠶᠠᠷᠬᠠᠨ ᠤᠷᠤᠭᠰᠢᠯᠠᠨ᠎ᠠ᠃ ᠵᠠᠯᠭᠠᠭᠠᠳ᠂ ᠡᠭᠴᠡ ᠪᠤᠰᠬᠤ ᠨᠢᠰᠬᠡᠯ᠂ ᠪᠠᠶᠢᠯᠳᠤᠭᠠᠨ ᠤ ᠨᠢᠰᠬᠡᠯ ᠲᠤᠰ ᠪᠦᠷᠢ ︽100︾ ︽71︾ ᠭᠡᠬᠦ ᠦᠰᠦᠭ ᠢ ᠪᠦᠷᠢᠯᠳᠦᠭᠦᠯᠦᠨ ᠤᠬᠳᠠᠷᠭᠤᠢ ᠪᠠᠷ ᠨᠢᠰᠤᠨ ᠦᠩᠭᠡᠷᠡᠵᠦ᠂ 15 ︽ᠰᠥᠨᠥᠭᠡᠭᠴᠢ — 20︾ ᠨᠢᠰᠬᠡᠯ 3 ᠱᠠᠲᠤᠯᠵᠢᠨ ᠠᠩᠬᠢ ᠪᠤᠯᠵᠦ ᠱᠤᠤᠬᠢᠨ ᠥᠩᠭᠡᠷᠡᠵᠦ ᠂ ᠳᠠᠰᠬᠠᠯᠵᠢᠭᠤᠯᠤᠭᠴᠢ ᠨᠢᠰᠬᠡᠯ 10 ᠵᠤᠷᠪᠤᠰ ᠰᠤᠯᠤᠩᠭᠠᠨ ᠤᠳᠤᠭ᠎ᠠ ᠲᠠᠲᠠᠭᠤᠯᠤᠨ ᠦᠩᠬᠡᠷᠡᠨ᠎ᠡ᠂ ᠡᠳᠡᠭᠡᠷ ᠭᠤᠶᠢᠳᠠ ᠰᠠᠶᠢᠬᠠᠨ ᠲᠣᠭᠯᠠᠯᠲᠠ ᠨᠤᠭᠤᠳ ᠨᠢ ᠦᠵᠡᠭᠴᠢᠳ ᠤᠨ ᠰᠡᠳᠬᠢᠯ ᠢ ᠬᠦᠭᠵᠢᠭᠡᠵᠦ ᠪᠠᠶᠢᠯ᠎ᠠ᠃   ᠲᠢᠶᠠᠨ ᠠᠨ ᠮᠧᠨ ᠠᠭᠤᠳᠠᠮ ᠲᠠᠯᠠᠪᠠᠢ ᠳᠡᠭᠡᠷᠡᠬᠢ ᠲᠣᠮᠣ ᠬᠡᠯᠪᠡᠷᠢ ᠶᠢᠨ ᠡᠯᠧᠺᠲᠷᠣᠨ ᠳᠡᠯᠭᠡᠴᠡ ᠳᠤ ᠳᠡᠭᠦᠵᠢᠩ ᠴᠠᠭ ᠤᠨ ᠵᠢᠷᠤᠭ ᠢᠯᠡᠷᠡᠪᠡ᠃ 1921᠂ 1931᠂ 1941 ᠁ 2021᠂ ᠴᠠᠭ ᠤᠨ ᠳᠡᠭᠦᠵᠢᠩ ᠢ ᠳᠠᠭᠠᠯᠳᠤᠨ ᠣᠨ ᠤ ᠲᠤᠭ᠎ᠠ ᠲᠠᠷᠠᠭᠠᠯᠠᠨ ᠰᠤᠯᠢᠭᠳᠠᠨ᠎ᠠ᠃ 8 ᠴᠠᠭ ᠲᠤ᠂ ᠲᠤᠮᠤ ᠬᠥᠯᠭᠡ ᠣᠩᠭᠤᠴᠠ ᠶᠢᠨ ᠠᠶᠠᠯᠠᠯ ᠡᠬᠢᠯᠡᠭᠰᠡᠨ ᠢ ᠪᠡᠯᠭᠡᠳᠡᠭᠰᠡᠨ ᠠᠭᠤᠷ ᠤᠨ ᠱᠤᠤᠭᠢᠯ ᠳᠤᠤᠭᠠᠷᠴᠤ᠂ ᠪᠡᠯᠭᠡᠯᠡᠬᠦ ᠶᠡᠭᠡ ᠬᠤᠷᠠᠯ ᠡᠬᠢᠯᠡᠭᠰᠡᠨ ᠪᠠᠶᠢᠨ᠎ᠠ᠃   ᠪᠦᠭᠦᠳᠡᠭᠡᠷ ᠢᠶᠠᠨ ᠲᠥᠪ ᠵᠣᠭᠰᠣᠵᠤ᠂ ᠶᠣᠰᠣᠯᠠᠯ ᠤᠨ ᠫᠤᠤ 100 ᠳᠤᠤᠭᠠᠷᠴᠤ ᠠᠭᠠᠷ ᠲᠡᠭᠷᠢ ᠶᠢ ᠲᠤᠷᠭᠢᠭᠤᠯᠵᠤ ᠂ ᠤᠯᠤᠰ ᠤᠨ ᠲᠤᠭ ᠢ ᠬᠠᠮᠠᠭᠠᠯᠠᠬᠤ ᠠᠩᠬᠢ ᠶᠢᠨ ᠳᠠᠷᠤᠭ᠎ᠠ ᠪᠠᠶᠢᠯᠳᠤᠭᠴᠢᠳ ᠲᠠᠪᠤᠨ ᠣᠳᠣᠲᠤ ᠤᠯᠠᠭᠠᠨ ᠲᠤᠭ ᠢ ᠬᠠᠮᠠᠭᠠᠯᠠᠵᠤ᠂ ᠢᠳᠡᠷᠡᠭᠦᠨ ᠠᠯᠬᠤᠭ᠎ᠠ ᠪᠠᠷ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠠᠴᠠ ᠠᠭᠤᠳᠠᠮ ᠲᠠᠯᠠᠪᠠᠢ ᠶᠢᠨ ᠬᠤᠶᠢᠲᠤ ᠲᠠᠯ᠎ᠠ ᠶᠢᠨ ᠲᠤᠭ ᠮᠠᠨᠳᠤᠭᠤᠯᠬᠤ ᠲᠤᠭᠤᠷᠢᠭ ᠲᠤ ᠬᠦᠷᠪᠡ᠃ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠬᠠᠮᠲᠤᠷᠠᠭᠰᠠᠨ ᠴᠡᠷᠢᠭ ᠤᠨ ᠬᠥᠭᠵᠢᠮ ᠤᠨ ᠠᠩᠬᠢ ᠰᠦᠷ ᠵᠢᠪᠬᠤᠯᠠᠩᠲᠤ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢ ᠬᠥᠭᠵᠢᠮᠳᠡᠵᠦ᠂ ᠲᠠᠯᠠᠪᠠᠢ ᠳᠠᠶᠠᠭᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠬᠤᠷᠴᠠ ᠰᠣᠷᠭᠤᠭ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠵᠤ᠂ ᠲᠢᠶᠠᠨ ᠠᠨ ᠮᠧᠨ ᠲᠠᠯᠠᠪᠠᠢ ᠶᠢᠨ ᠣᠭᠲᠠᠷᠭᠤᠢ ᠳᠤ ᠰᠠᠯᠬᠢᠨ ᠤ ᠠᠶ᠎ᠠ ᠪᠠᠷ ᠨᠠᠮᠢᠷᠠᠨ᠎ᠠ᠃   ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠬᠠᠮᠲᠤᠷᠠᠨ ᠪᠠᠶᠠᠷ ᠤᠨ ᠦᠭᠡ ᠬᠡᠯᠡᠵᠦ᠂ ᠭᠤᠮᠢᠨᠳᠠᠩ ᠤᠨ ᠬᠤᠪᠢᠰᠬᠠᠯᠳᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠸᠠᠨ ᠧ ᠰᠢᠶᠠᠩ ᠪᠠᠶᠠᠷ ᠤᠨ ᠦᠭᠡ ᠤᠩᠰᠢᠵᠤ᠂ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ — ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠳᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠣᠯᠤᠨ ᠬᠠᠮᠤᠭ ᠤᠨ ᠴᠢᠩ ᠰᠡᠳᠬᠢᠯ ᠤᠨ ᠪᠠᠶᠠᠷ ᠵᠦᠩᠨᠡᠯ ᠢᠶᠠᠨ ᠳᠡᠪᠰᠢᠬᠦᠯᠪᠡ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃   ᠡᠪ ᠬᠠᠮᠳᠤ ᠵᠠᠯᠠᠭᠤᠴᠤᠳ ᠤᠨ ᠡᠪᠯᠡᠯ ᠤᠨ ᠭᠡᠰᠢᠭᠦᠨ ᠪᠤᠯᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠲᠦᠯᠦᠭᠡᠯᠡᠭᠴᠢ ᠬᠠᠮᠳᠦ ᠪᠠᠷ ᠪᠠᠶᠠᠷ ᠤᠨ ᠦᠭᠡ ᠬᠡᠯᠡᠵᠤ᠂ ᠨᠠᠮ ᠳᠠᠭᠠᠨ ᠵᠠᠯᠠᠭᠤ ᠨᠠᠰᠤᠨ ᠤ ᠮᠠᠭᠳᠠᠭᠠᠯ ᠳᠡᠪᠰᠢᠭᠦᠯᠵᠤ᠂ ︽ᠨᠠᠮ ᠮᠠᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢᠳᠠ ᠪᠤᠢ︾ ᠭᠡᠵᠤ ᠪᠠᠳᠤ ᠴᠢᠩᠭ᠎ᠠ ᠪᠠᠷ ᠳᠠᠩᠭᠠᠷᠢᠭᠯᠠᠪᠠ᠃   ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠡᠳᠦᠷ ᠪᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷ᠎ᠡ ᠴᠥᠮ ᠲᠦᠢᠯ ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ ᠪᠢᠳᠡ ᠠᠳᠡ ᠦᠪᠡᠳᠡᠭᠰᠢ ᠴᠤᠭᠯᠠᠭᠠᠨ ᠪᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠪᠠᠷᠠᠯᠠᠵᠤ ᠪᠠᠶᠢᠨ᠎ᠠ ᠭᠡᠵᠦ ᠢᠯᠡᠳᠭᠡᠪᠡ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠲᠤ ᠪᠠᠶᠠᠷ ᠤᠨ ᠡᠳᠦᠷ ᠤᠨ ᠬᠠᠯᠠᠭᠤᠨ ᠮᠡᠨᠳᠤᠴᠢᠯᠡᠯ ᠳᠡᠪᠰᠢᠬᠦᠯᠪᠡ᠃   ᠰᠢ ᠶᠢᠨ ᠫᠢᠩ᠂ ᠳᠤᠮᠳᠠᠳᠤ ᠤᠯᠤᠰ ᠲᠤ ᠡᠪ ᠬᠠᠮᠲᠤ ᠨᠠᠮ ᠮᠠᠨᠳᠤᠯᠠᠪᠠ᠂ ᠡᠨᠡ ᠪᠣᠯ ᠤᠷᠢᠳ ᠡᠮᠦᠨ᠎ᠠ ᠭᠠᠷᠤᠭ᠎ᠠ ᠦᠭᠡᠢ ᠶᠡᠭᠡ ᠬᠡᠷᠡᠭ ᠬᠤᠪᠢᠰᠤᠯ ᠪᠤᠯᠤᠨ᠎ᠠ᠂ ᠡᠨᠡ ᠨᠢ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠴᠢᠭᠯᠡᠯ ᠪᠠ ᠠᠬᠢᠴᠠ ᠶᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠭᠦᠨᠵᠡᠭᠡᠢ ᠬᠤᠪᠢᠷᠠᠭᠤᠯᠵᠤ᠂ ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠭᠦᠨᠵᠡᠭᠡᠢ ᠬᠤᠪᠢᠷᠠᠭᠤᠯᠵᠠᠢ᠃   ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ‍ ᠨᠢᠭᠡ ᠭᠤᠣᠯ ᠰᠡᠳᠦᠪ ᠪᠣᠯᠤᠨ᠎ᠠ ᠭᠡᠵᠦ ᠵᠢᠭᠠᠵᠦ ᠭᠠᠷᠭᠠᠪᠠ᠃   ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ︔ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ︔ ᠦᠵᠡᠯ ᠰᠠᠨᠠᠭ᠎ᠠ ᠪᠠᠨ ᠴᠢᠯᠥᠭᠡᠯᠡᠨ᠂ ᠵᠤᠷᠢᠬᠳᠠᠢ ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠤᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ︔ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠡᠷᠬᠢᠮᠯᠡᠨ ᠰᠢᠨ᠎ᠡ ᠶᠢ ᠡᠭᠦᠳᠴᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ ᠣᠷᠣᠪᠠ ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ ᠭᠡᠵᠦ ᠴᠢᠬᠤᠯᠠᠴᠢᠯᠠᠵᠠᠢ᠃   ᠰᠢ ᠶᠢᠨ ᠫᠢᠩ᠂ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠨᠠᠨᠳᠢᠨ ᠠᠮᠢ ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ ᠦᠯᠡᠮᠵᠢ᠂ ᠨᠡᠷᠡᠨ ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠪᠤᠯᠭᠠᠬᠤ︾ ᠣᠮᠤᠭ ᠵᠣᠷᠢᠭ ᠢᠶᠠᠷ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠭᠠᠶᠢᠬᠠᠮᠰᠢᠬᠳᠦ ᠲᠤᠤᠯᠢᠰ ᠢ ᠪᠢᠴᠢᠭᠯᠡᠪᠡ᠃ ᠡᠨᠡ ᠬᠦ ᠵᠠᠭᠤᠨ ᠵᠢᠯ ᠤᠨ ᠲᠤᠷᠰᠢ ᠨᠡᠭᠡᠭᠡᠭᠰᠡᠨ ᠠᠭᠤᠤ ᠶᠡᠭᠡ ᠵᠠᠮ᠂ ᠴᠤᠬᠴᠠᠯᠠᠬᠰᠠᠨ ᠠᠭᠤᠤ ᠶᠡᠭᠡ ᠦᠢᠯᠡᠰ᠂ ᠣᠯᠤᠭᠰᠠᠨ ᠠᠭᠤᠤ ᠶᠡᠭᠡ ᠠᠮᠵᠢᠯᠲᠠ ᠨᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠬᠦ ᠨᠢ ᠯᠠᠪᠲᠠᠢ ᠶᠤᠮ ᠭᠡᠵᠦ ᠵᠢᠭᠠᠵᠦ ᠭᠠᠷᠭᠠᠪᠠ᠃   ᠰᠢ ᠶᠢᠨ ᠫᠢᠩ᠂ ᠵᠠᠭᠤᠨ ᠵᠢᠯ ᠤᠨ ᠲᠤᠷᠰᠢ᠂ ᠮᠠᠨ ᠤ ᠣᠯᠤᠭᠰᠠᠨ ᠠᠯᠢᠪᠠ ᠠᠮᠵᠢᠯᠲᠠ ᠪᠣᠯ ᠳᠤᠮᠳᠠᠳᠤ ᠤᠯᠤᠰ ᠤᠨ ᠡᠪ ᠬᠠᠮᠲᠤᠴᠤᠳ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠮᠠᠤ ᠽᠧ ᠳ᠋ᠦᠩ ᠨᠥᠬᠦᠷ᠂ ᠳ᠋ᠧᠩ ᠰᠢᠶᠤᠤ ᠫᠢᠩ ᠨᠥᠬᠦᠷ᠂ ᠵᠢᠶᠠᠩ ᠽᠧ ᠮᠢᠨ ᠨᠥᠬᠦᠷ᠂ ᠬᠤ᠋ ᠶᠢᠨ ᠲᠤᠤ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠦᠯᠦᠭᠡ ᠲᠡᠦᠬᠡ ᠰᠤᠳᠤᠷ ᠢ ᠭᠡᠶᠢᠭᠦᠯᠦᠭᠰᠡᠨ ᠠᠭᠤᠤ ᠶᠡᠭᠡ ᠭᠠᠪᠢᠶ᠎ᠠ ᠵᠢᠳᠬᠦᠯ ᠢ ᠪᠠᠶᠢᠭᠤᠯᠪᠠ᠂ ᠪᠢᠳᠡ ᠲᠡᠳᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ ᠭᠡᠵᠦ ᠢᠯᠡᠳᠭᠡᠪᠡ᠃   ᠰᠢ ᠶᠢᠨ ᠫᠢᠩ᠂ ᠡᠨᠡ ᠬᠦ ᠴᠠᠭ ᠮᠥᠴᠡ ᠳᠤ᠂ ᠪᠢᠳᠡ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠬᠤ᠂ ᠪᠠᠬᠢᠵᠢᠭᠦᠯᠬᠦ᠂ ᠬᠥᠭᠵᠢᠭᠦᠯᠬᠦ ᠶᠢᠨ ᠲᠥᠯᠥᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠮᠠᠤ ᠽᠧ ᠳ᠋ᠦᠩ᠂ ᠵᠧᠦ ᠡᠸ᠋ᠨ ᠯᠠᠢ᠂ ᠯᠢᠦ ᠱᠤᠤ ᠴᠢ᠂ ᠵᠤ᠋ ᠳ᠋ᠧ᠂ ᠳ᠋ᠧᠩ ᠰᠢᠶᠤᠤ ᠫᠢᠩ᠂ ᠴᠧᠨ ᠶᠦᠨ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠢ ᠭᠦᠨ ᠮᠥᠷᠥᠭᠡᠳᠦᠨ ᠰᠠᠨᠠᠭᠠᠯᠵᠠᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ ᠪᠦᠳᠦᠭᠡᠨ ᠪᠠᠶᠢᠭᠤᠯᠬᠤ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠤᠢᠢᠷ᠎ᠠ ᠦᠶ᠎ᠡ ᠠᠴᠠ ᠨᠠᠭᠠᠰᠢᠬᠢ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ ᠢ ᠬᠦᠨ ᠮᠦᠷᠤᠬᠡᠳᠤᠨ ᠰᠠᠨᠠᠭᠠᠯᠵᠠᠵᠤ ᠪᠠᠶᠢᠨ᠎ᠠ᠃ ᠲᠡᠳᠡᠨ ᠤ ᠡᠬᠡ ᠤᠯᠤᠰ ᠪᠣᠯᠤᠨ ᠦᠨᠳᠦᠰᠦᠲᠡᠨ ᠤ ᠪᠠᠨ ᠲᠥᠯᠥᠭᠡ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ︕ ᠲᠡᠳᠡᠨ ᠤ ᠡᠷᠬᠢᠮ ᠳᠡᠭᠡᠳᠦ ᠵᠣᠷᠢᠭ ᠰᠠᠨᠠᠭ᠎ᠠ ᠨᠢ ᠠᠷᠠᠳ ᠲᠦᠮᠡᠨ ᠤ ᠰᠡᠳᠬᠢᠯ ᠳᠤ ᠡᠭᠦᠷᠢᠳᠡ ᠬᠠᠳᠠᠩᠰᠢᠬᠤ ᠶᠤᠮ︕ ᠭᠡᠵᠦ ᠢᠯᠡᠳᠭᠡᠪᠡ᠃   ᠰᠢ ᠶᠢᠨ ᠫᠢᠩ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭᠠᠲᠤᠷ ᠮᠥᠨ᠃ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠠᠵᠢᠯᠴᠢᠨ᠂ ᠲᠠᠷᠢᠶᠠᠴᠢᠨ᠂ ᠰᠡᠬᠡᠭᠡᠲᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ᠂ ᠡᠯ᠎ᠡ ᠡᠲᠡᠭᠡᠳ ᠤᠨ ᠡᠬᠡ ᠣᠷᠣᠨᠴᠢ ᠬᠥᠮᠦᠰ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠬᠢ ᠶᠢᠨ ᠵᠢᠯᠤᠭᠤᠳᠤᠬᠴᠢ ᠪᠠᠶᠢᠯᠳᠤᠭᠴᠢ᠂ ᠪᠦᠬᠦ ᠨᠡᠶᠢᠭᠡᠮ ᠵᠢᠷᠤᠮ ᠤᠨ ᠬᠥᠳᠡᠯᠮᠦᠷᠢᠴᠢᠨ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠬᠦᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ᠃ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ ᠨᠡᠷ ᠵᠢᠴᠢ ᠥᠷᠭᠡᠨ ᠤᠯᠠᠨ ᠳᠤᠮᠳᠠᠳᠤ ᠶᠢᠨ ᠬᠠᠷᠢᠶᠠᠲᠤ ᠨᠡᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ᠃ ᠳᠤᠮᠳᠠᠳᠤ ᠤᠯᠤᠰ ᠤᠨ ᠠᠷᠠᠳ ᠲᠦᠮᠡᠨ ᠲᠠᠢ ᠨᠥᠬᠦᠷᠰᠡᠭ ᠢᠶᠠᠷ ᠶᠠᠪᠤᠯᠴᠠᠵᠤ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠠᠷᠠᠳ ᠲᠦᠮᠡᠨ ᠪᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ᠭᠡᠵᠦ ᠢᠯᠡᠳᠭᠡᠪᠡ᠃   ᠰᠢ ᠶᠢᠨ ᠫᠢᠩ᠂ ᠤᠭ ᠰᠠᠨᠠᠭ᠎ᠠ ᠶᠢ ᠲᠤᠬᠳᠠᠭᠠᠬᠤ ᠳᠤ ᠬᠢᠯᠪᠠᠷ᠂ ᠢᠮᠠᠭᠲᠠ ᠪᠠᠷᠢᠮᠳᠠᠯᠠᠬᠤ ᠳᠤ ᠬᠦᠴᠢᠷ᠃ ᠲᠡᠦᠬᠡ ᠪᠠᠷ ᠲᠤᠯᠢ ᠪᠣᠯᠭᠠᠪᠠᠯ᠂ ᠲᠦᠷᠦ ᠭᠦᠷᠦᠨ ᠤ ᠮᠠᠨᠳᠤᠵᠤ ᠮᠥᠬᠦᠬᠦ ᠰᠤᠯᠢᠬᠳᠠᠬᠤ ᠶᠤᠰᠤ ᠶᠢ ᠮᠡᠳᠡᠵᠦ ᠪᠣᠯᠤᠨ᠎ᠠ᠃ ᠪᠢᠳᠡ ᠲᠡᠦᠬᠡ ᠪᠠᠷ ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ ᠲᠣᠳᠣᠷᠬᠠᠢ ᠣᠶᠢᠯᠠᠭᠠᠵᠤ᠂ ᠡᠭᠦᠨ ᠤ ᠤᠯᠠᠮ ᠢᠶᠠᠷ ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠪᠠᠷᠢᠮᠲᠠᠯᠠᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠳᠠᠰᠤᠷᠠᠯᠳᠠ ᠦᠭᠡᠢ ᠳᠡᠬᠦᠯᠳᠡᠷᠵᠢᠬᠦᠯᠵᠦ᠂ ᠨᠠᠮ ᠠᠴᠠ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ ᠤᠳᠤᠷᠢᠳᠬᠤ ᠭᠤᠤᠯᠯᠠᠭᠴᠢ ᠶᠢᠨ ᠦᠢᠯᠡᠳᠦᠯ ᠢ ᠭᠦᠶ᠋ᠴᠡᠳ ᠪᠠᠳᠠᠷᠠᠭᠤᠯᠬᠤ ᠬᠡᠷᠡᠭᠲᠡᠶ︔ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢ ᠡᠭᠦᠳᠦᠨ ᠪᠦᠲᠦᠭᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠤᠳᠠᠳᠤ ᠠᠬᠢᠴᠠ ᠲᠠᠢ ᠪᠣᠯᠭᠠᠬᠤ ᠬᠡᠷᠡᠭᠲᠡᠢ︔ ᠡᠷᠬᠡᠪᠰᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠦᠷᠭᠦᠯᠵᠢᠯᠡᠨ ᠠᠬᠢᠭᠤᠯᠵᠤ᠂ ᠮᠠᠷᠺᠰ ᠤᠨ ᠦᠵᠡᠯ ᠤᠨ ᠦᠨᠳᠦᠰᠦᠨ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠴᠠᠭ ᠦᠶ᠎ᠡ ᠶᠢ ᠠᠵᠢᠠᠠᠯᠠᠵᠦ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠳᠦᠯᠦᠨ ᠳᠠᠭᠠᠭᠤᠯᠵᠤ ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠢ ᠦᠷᠭᠦᠯᠵᠢᠯᠡᠨ ᠬᠥᠭᠵᠢᠭᠦᠯᠬᠦ ᠬᠡᠷᠡᠭᠲᠡᠢ︔ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠨᠠᠮ ᠤᠨ ᠦᠨᠳᠦᠰᠦᠨ ᠤᠨᠤᠯ᠂ ᠦᠨᠲᠦᠰᠦᠠ ᠱᠤᠭᠤᠮ᠂ ᠦᠨᠲᠦᠰᠦᠨ ᠴᠢᠭᠯᠡᠯᠲᠡ ᠶᠢ ᠪᠠᠷᠢᠮᠲᠠᠯᠠᠵᠦ᠂ ᠥᠪᠡᠷ ᠤᠨ ᠰᠣᠩᠭᠤᠭᠰᠠᠨ ᠵᠠᠮ ᠢᠶᠠᠷ ᠢᠶᠠᠨ ᠴᠡᠭᠡᠵᠢ ᠲᠡᠨᠢᠢᠨ ᠲᠤᠮᠤ ᠠᠯᠬᠤᠮ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠭᠡᠷᠡᠭᠲᠡᠢ︔ ᠡᠷᠬᠡᠪᠰᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠴᠡᠷᠢᠭ ᠠᠩᠬᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠪᠣᠯᠭᠠᠨ ᠪᠠᠶᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠶᠢᠳᠠᠪᠤᠷᠢᠲᠠᠢ ᠠᠷᠭ᠎ᠠ ᠪᠠᠷᠢᠯ ᠢᠶᠠᠷ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ︔ ᠡᠷᠬᠡᠪᠰᠢ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ᠲᠤᠭ ᠢ ᠥᠨᠳᠥᠷ ᠮᠠᠨᠳᠤᠭᠤᠯᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠲᠡᠦᠬᠡ ᠶᠢᠨ ᠬᠦᠷᠳᠦ ᠶᠢᠨ ᠭᠡᠭᠡᠨ ᠰᠠᠷᠠᠭᠤᠯ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠭᠡᠷᠡᠭᠲᠡᠢ︔ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠬᠢᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠦᠯᠦ ᠮᠠᠷᠳᠠᠵᠤ᠂ ᠤᠯᠤᠰ ᠤᠨ ᠶᠡᠷᠦᠩᠬᠡᠢ ᠴᠤᠭᠴᠠ ᠶᠢᠨ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠭᠤᠯᠠ ᠬᠠᠷᠭᠤᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠳᠠᠯᠪᠢᠵᠦ᠂ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠭ᠋ᠤ ᠬᠡᠷᠡᠭᠲᠡᠢ︔ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ︔ ᠡᠷᠬᠡᠪᠰᠢ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠵᠤ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠶ ᠭᠡᠬᠦ ᠶᠣᠰᠣ ᠤᠴᠢᠷ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠭᠦᠷᠢᠳᠡ ᠵᠤᠬᠰᠤᠰᠢ ᠦᠭᠡᠶ ᠬᠢᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠲᠥᠪ ᠠᠴᠠ ᠰᠢᠶᠠᠩᠭᠠᠩ᠂ ᠣᠣᠮᠧᠨ ᠤ ᠤᠨᠴᠠᠭᠠᠢ ᠵᠠᠰᠠᠭ ᠵᠠᠬᠢᠷᠭᠠᠨ ᠤ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠳᠡᠢ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠬᠤ ᠬᠡᠷᠡᠭᠲᠡᠶ᠃ ᠲᠠᠶᠢᠸᠠᠨ ᠬᠤᠭᠤᠯᠠᠶ ᠶᠢᠨ ᠬᠤᠶᠠᠷ ᠬᠦᠪᠡᠬᠡᠨ ᠤ ᠠᠬ᠎ᠠ ᠳᠡᠭᠦᠦ ᠨᠡᠷ ᠢ ᠪᠠᠭᠲᠠᠭᠠᠭᠰᠠᠨ ᠪᠤᠢ ᠪᠦᠬᠦᠢ ᠳᠤᠮᠳᠠᠳᠤ ᠶᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠠᠯᠢᠪᠠ ᠭᠤᠷᠢᠳᠠᠯᠭ᠎ᠠ ᠶᠢ ᠡᠷᠡᠰ ᠪᠤᠳᠠ ᠨᠢᠷᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃ ᠶᠠᠮᠠᠷᠪᠠ ᠬᠥᠮᠦᠨ ᠭᠡᠳ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ ᠣᠷᠣᠨ ᠤ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠬᠠᠳᠠᠨ ᠵᠤᠷᠢᠭ᠂ ᠪᠠᠳᠤ ᠬᠦᠴᠦᠨ᠂ ᠬᠦᠴᠦᠷᠬᠡᠭ ᠶᠡᠭᠡ ᠴᠢᠳᠠᠪᠤᠷᠢ ᠶᠢ ᠪᠠᠰᠤᠮᠵᠢᠯᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠶ᠎ᠡ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ ᠪᠤᠯᠤᠬᠰᠠᠨ ᠤ ᠡᠷᠴᠢ ᠵᠣᠷᠢᠭ᠂ ᠰᠥᠰᠥ ᠵᠣᠷᠢᠭ᠂ ᠢᠳᠡᠬᠡᠯ ᠵᠤᠷᠢᠬ ᠢᠶᠠᠨ ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠽᠠᠨᠳᠠᠨ ᠨᠠᠰᠤ ᠰᠠᠶᠢᠬᠠᠨ ᠴᠠᠬ ᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ ᠵᠢᠭᠠᠵᠦ ᠭᠠᠷᠭᠠᠪᠠ᠃   ᠰᠢ ᠶᠢᠨ ᠫᠢᠩ᠂ ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ᠂ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠭᠰᠠᠨ ᠶᠤᠮ᠃ ᠤᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠤ ᠳᠠᠬᠢᠨ ᠮᠤᠷᠳᠠᠯ᠎ᠠ ᠭᠡᠵᠦ ᠴᠢᠬᠤᠯᠠᠴᠢᠯᠠᠪᠠ᠃ ᠰᠢ ᠶᠢᠨ ᠫᠢᠩ ᠨᠠᠮ ᠤᠨ ᠲᠦᠪ ᠬᠤᠷᠢᠶᠠᠨ ᠤ ᠡᠮᠦᠨ᠎ᠠ ᠠᠴᠠ ᠪᠦᠬᠦ᠋ᠢᠯᠡ ᠳᠤᠮᠳᠠᠳᠤ ᠤᠯᠤᠰ ᠤᠨ ᠡᠪ ᠬᠠᠮᠳᠦ ᠨᠠᠮ ᠤᠨ ᠭᠡᠰᠢᠬᠦᠨ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠵᠦ᠂ ᠬᠦᠴᠦ ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠰᠤᠭᠠᠢ ᠭᠡᠵᠦ ᠤᠷᠢᠶᠠᠯᠠᠪᠠ᠃ ︵ᠶᠠᠷᠢᠶᠠᠨ ᠤ ᠪᠦᠬᠦ ᠠᠭᠤᠯᠭ᠎ᠠ ᠶᠢ ᠠᠰᠳᠠᠭᠠᠨ ᠨᠡᠶᠢᠳᠡᠯᠡᠨ᠎ᠠ︶   ᠰᠢ ᠶᠢᠨ ᠫᠢᠩ ᠤᠨ ᠶᠠᠷᠢᠶ᠎ᠠ ᠲᠡᠭᠦᠰᠬᠦ ᠳᠤ ᠲᠠᠯᠠᠪᠠᠢ ᠳᠠᠶᠠᠭᠠᠷ ᠪᠣᠰᠴᠤ ᠵᠣᠭᠰᠣᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃   ᠶᠡᠭᠡ ᠬᠤᠷᠠᠯ ᠰᠦᠷ ᠵᠢᠪᠬᠤᠯᠠᠩᠲᠤ ᠢᠨᠲ᠋ᠧᠷᠨᠠᠼᠢᠤᠨᠠᠯ ᠤᠨ ᠳᠠᠭᠤᠤ ᠶᠢᠨ ᠳᠤᠮᠳᠠ ᠲᠡᠭᠦᠰᠪᠡ᠃   ᠣᠮᠤᠭ ᠪᠠᠳᠠᠷᠠᠩᠭᠤᠢ ᠬᠥᠭᠵᠢᠮ ᠤᠨ ᠠᠶᠠᠰ ᠬᠠᠩᠭᠢᠨᠠᠬᠤ ᠳᠤ᠂ ᠲᠠᠯᠠᠪᠠᠢ ᠳᠠᠶᠠᠭᠠᠷ ᠢᠶᠠᠨ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠮᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ 10 ᠲᠦᠮᠡᠨ ᠡᠩᠬᠡ ᠲᠠᠶᠢᠪᠤᠩ ᠤᠨ ᠲᠠᠭᠲᠠᠭ᠎ᠠ ᠵᠢᠭᠦᠷ ᠢᠶᠠᠨ ᠳᠡᠯᠭᠡᠨ ᠥᠨᠳᠥᠷ ᠲᠤ ᠨᠢᠰᠴᠦ᠂ 10 ᠲᠦᠮᠡᠨ ᠥᠩᠭᠡᠲᠦ ᠬᠡᠶᠢᠲᠦ ᠪᠥᠮᠪᠦᠭᠡ ᠠᠭᠠᠷ ᠲᠤ ᠳᠡᠭᠳᠡᠪᠡ᠃ ᠲᠢᠶᠠᠨ ᠠᠨ ᠮᠧᠨ ᠠᠭᠤᠳᠠᠮ ᠲᠠᠯᠠᠪᠠᠢ ᠳᠠᠬᠢ ᠡᠯ᠎ᠡ ᠡᠲᠡᠭᠡᠳ ᠤᠨ ᠤᠯᠠᠨ ᠲᠦᠮᠡᠨ ᠲᠢᠶᠠᠨ ᠠᠨ ᠮᠧᠨ ᠠᠰᠠᠷ ᠵᠦᠭ ᠪᠠᠶᠠᠷᠯᠠᠨ ᠤᠤᠬᠠᠢᠢᠯᠠᠵᠤ ᠬᠦᠨᠳᠦᠳᠬᠡᠯ ᠳᠡᠪᠰᠢᠭᠦᠯᠬᠦ ᠳᠤ᠂ ᠰᠢ ᠶᠢᠨ ᠫᠢᠩ ᠨᠡᠷ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠠᠰᠠᠷ ᠤᠨ ᠳᠡᠭᠡᠷ᠎ᠡ ᠳᠣᠣᠷ᠎ᠠ ᠴᠢᠩ ᠰᠡᠳᠬᠢᠯ ᠤᠨ ᠠᠭᠤᠰᠤᠯᠴᠠᠯ ᠤᠨ ᠬᠦᠬᠦᠷᠬᠡ ᠨᠡᠪᠲᠡᠷᠡᠵᠦ᠂ ᠠᠭᠤᠳᠠᠮ ᠲᠠᠯᠠᠪᠠᠢ ᠶᠢᠨ ᠳᠤᠳᠤᠨ᠎ᠠ ᠭᠠᠳᠠᠨ᠎ᠠ ᠪᠠᠶᠠᠷ ᠬᠦᠷ ᠢᠶᠠᠷ ᠪᠢᠯᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠬᠠᠮᠲᠤ ᠪᠠᠷ ᠪᠡᠯᠭᠡᠯᠡᠵᠦ᠂ ᠡᠬᠡ ᠤᠯᠤᠰ ᠪᠣᠯᠤᠨ ᠳᠡᠯᠡᠬᠡᠢ ᠶᠢᠨ ᠮᠠᠷᠭᠠᠰᠢ ᠨᠡᠩ ᠰᠠᠶᠢᠨ ᠰᠠᠶᠢᠬᠠᠨ ᠪᠣᠯᠬᠤ ᠶᠢ ᠬᠠᠮᠲᠤ ᠪᠠᠷ ᠬᠦᠰᠡᠨ ᠵᠥᠩᠨᠡᠭᠰᠡᠨ ᠪᠠᠶᠢᠨ᠎ᠠ᠃   ᠪᠡᠯᠭᠡᠯᠡᠬᠦ ᠶᠡᠭᠡ ᠬᠤᠷᠠᠯ ᠳᠤ ᠣᠷᠣᠯᠴᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠴᠢᠶᠠᠩ᠂ ᠯᠢ ᠬᠤᠩ ᠵᠥᠩ᠂ ᠶᠠᠩ ᠵᠢᠶᠧ ‍ᠤᠣᠢ᠂ ᠶᠠᠩ ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠬᠤ᠋ ᠶᠢᠨ ᠲᠤᠤ᠂ ᠯᠢ ᠷᠦᠢ ᠬᠤᠸᠠᠨ᠂ ᠡᠦ ᠪᠠᠩ ᠭᠦᠸᠧ᠂ ᠸᠧᠨ ᠵᠢᠶᠠ ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠰᠦᠩ ᠫᠢᠩ᠂ ᠯᠢ ᠯᠠᠨ ᠴᠢᠩ᠂ ᠽᠧᠩ ᠴᠢᠩ ᠬᠤᠩ᠂ ᠡᠤ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠵᠠᠩ ᠭᠤᠤ ᠯᠢ᠂ ᠶᠢᠤ ᠴᠢᠤᠸᠠᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠢᠶ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠠᠩᠯᠠᠢ᠂ ᠳ᠋ᠢᠩ ᠵᠥᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠤ ᠸᠧᠶ ᠬᠤᠸᠠ᠂ ᠸᠧᠶ ᠹᠧᠩ ᠾᠧ᠂ ᠸᠠᠩ ᠶᠦᠩ᠂ ᠸᠠᠩ ᠢ᠂ ᠰᠢᠶᠣᠤ ᠵᠢᠶᠧ᠂ ᠵᠣᠣ ᠺᠧ ᡁᠢ᠂ ᠵᠧᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠦᠦ᠂ ᠫᠠᠪᠠᠯᠠ · ᠭᠧᠯᠧᠭᠨᠡᠮᠵᠢᠯ ᠂ ᠳ᠋ᠦᠩ ᠵᠢᠶᠠᠨ ᠬᠤᠸᠠ᠂ ᠸᠠᠨ ᠭᠠᠩ᠂ ᠾᠧ ᠾᠧᠦ ᠬᠤᠸᠠ᠂ ᠯᠦ ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠤ᠋ ᠬᠤᠶ᠂ ᠵᠧᠩ ᠵᠢᠶᠠᠨ ᠪᠠᠩ᠂ ᠭᠦ᠋ ᠱᠧᠩ ᠽᠦ᠂ ᠯᠢᠦ ᠰᠢᠨ ᠴᠧᠩ᠂ ᠾᠧ ᠸᠧᠶ᠂ ᠱᠤᠤ ᠬᠤᠩ᠂ ᠭᠤᠤ ᠶᠦᠨ ᠯᠦᠩ ᠪᠣᠯᠤᠨ ᡂᠢ ᠬᠤᠤ ᠲᠢᠶᠠᠨ᠂ ᠵᠢᠶᠠᠩ ᠴᠦᠨ ᠶᠦᠨ᠂ ᠸᠠᠩ ᠯᠧ ᠴᠢᠤᠸᠠᠨ᠂ ᠸᠠᠩ ᠵᠣᠤ ᠭᠦᠸᠧ᠂ ᠬᠤᠶ ᠯᠢᠶᠠᠩ ᠢᠦᠶ᠂ ᠯᠢᠦ ᠴᠢ᠂ ᠡᠦ ᠢ᠂ ᠼᠤᠤ ᠭᠠᠩ ᠴᠤᠸᠠᠡ᠂ ᠽᠧᠩ ᠫᠸᠢ ᠶᠠᠨ᠂ ᠸᠠᠩ ᠭᠠᠩ᠂ ᠯᠢᠦ ᠶᠠᠨ ᠳ᠋ᠦᠩ᠂ ᠯᠢ ᠶᠤᠸᠠᠨ ᠴᠤᠤ᠂ ᠮᠠ ᠺᠠᠶ᠂ ᠯᠢ ᠵᠢᠶᠠᠨ ᠭᠦᠸᠧ᠂ ᠹᠠᠨ ᠴᠠᠩ ᠯᠦᠩ᠂ ᠮᠧᠩ ᠵᠢᠶᠠᠨ ᠵᠤ᠋᠂ ᠬᠦᠸᠧ ᠶᠢᠨ ᠯᠦᠩ᠂ ᠸᠠᠩ ᠬᠠᠨ ᠪᠢᠨ᠂ ᠾᠧ ᠶᠦᠩ᠂ ᠳ᠋ᠦ᠋ ᠴᠢᠩ ᠯᠢᠨ᠂ ᠵᠣᠤ ᠬᠤᠩ ᠵᠤ᠋᠂ ᠫᠧᠩ ᠫᠸᠢ ᠶᠦᠨ᠂ ᠯᠢ ᠲᠢᠶᠧ ᠶᠢᠩ᠂ ᠾᠧ ᠯᠦ ᠯᠢ᠂ ᠵᠢᠶᠠᠩ ᠵᠧᠩ ᠬᠤᠸᠠ᠂ ᠬᠥ᠋ ᠰᠢᠤ ᠯᠢᠶᠠᠨ᠂ ᠷᠧᠳᠢ᠂ ᠤᠶᠤᠨᠴᠢᠮᠡᠭ᠂ ᠴᠧᠨ ᡁᠢ ᠯᠢ᠂ ᠵᠧᠦ ᠲᠢᠶᠧ ᠨᠦᠩ᠂ ᠵᠢᠶᠠᠩ ᠱᠤ᠋ ᠱᠧᠩ᠂ ᠰᠠᠩ ᠭᠦᠸᠧ ᠸᠧᠶ᠂ ᠸᠠᠩ ᠱᠧᠩ ᠵᠢᠶᠦ᠋ᠨ᠂ ᠴᠧᠨ ᠴᠠᠩ ᡁᠢ᠂ ᠶᠠᠨ ᠵᠢᠶᠦ᠋ᠨ ᠴᠢ᠂ ᠵᠠᠩ ᠫᠢᠩ᠂ ᠵᠠᠮᠪᠠᠯᠫᠤᠩᠰᠤᠭ᠂ ᠳ᠋ᠠᠶ ᠪᠢᠩ ᠭᠦᠸᠧ᠂ ᠴᠠᠩ ᠸᠠᠨ ᠴᠢᠤᠸᠠᠨ᠂ ᠬᠠᠨ ᠵᠤ᠋ ᠪᠢᠨ᠂ ᠵᠢᠶᠠ ᠴᠦᠨ ᠸᠠᠩ᠂ ᠰᠦᠩ ᠵᠢᠶᠠᠨ᠂ ᠬᠤ᠋ ᠴᠢ ᠯᠢ᠂ ᠸᠠᠩ ᠵᠥᠩ ᠢᠦᠶ᠂ ᠬᠤᠤ ᠵᠢᠶᠠᠨ ᠰᠢᠤ᠂ ᠰᠢᠤᠢ ᠺᠤᠸᠠᠩ ᠳ᠋ᠢ᠂ ᠵᠠᠩ ᠬᠤᠸᠠᠢ ᠰᠢ᠂ ᠯᠢ ᠮᠧᠩ᠂ ᠯᠢᠶᠣᠤ ᠬᠤᠶ᠂ ᠪᠠᠶ ᠯᠢ ᠴᠧᠨ᠂ ᠴᠧᠨ ᠺᠦᠶ ᠶᠤᠸᠠᠨ᠂ ᠠᠪᠦ᠋ᠯᠠᠶᠢᠲ᠋ᠢ · ᠠᠪᠦ᠋ᠳᠦ᠋ᠷᠧᠰᠢᠲ᠋ᠢ᠂ ᠯᠢ ᠵᠣᠣ ᠵᠦᠸᠧ᠂ ᠬᠤᠸᠠᠩ ᠮᠧᠩ ᠹᠦ᠋᠂ ᠵᠠᠩ ᠮᠧᠶ ᠶᠢᠩ᠂ ᠵᠠᠩ ᠷᠦᠩ ᠮᠢᠩ᠂ ᠴᠢᠶᠠᠨ ᠶᠦᠨ ᠯᠦ᠂ ᠰᠦᠨ ᠵᠢᠶᠠ ᠵᠧᠩ᠂ ᠯᠢ ᠶᠢᠨ ᠬᠤᠸᠠ᠂ ᠵᠧᠩ ᠸᠠᠨ ᠲᠦᠩ᠂ ᠳ᠋ᠧᠩ ᠫᠦ᠋ ᠹᠠᠩ᠂ ᠴᠧᠨ ᠽᠦᠩ ᠰᠢᠩ ᠂ ᠸᠠᠩ ᡁᠢ ᠵᠧᠨ᠂ ᠬᠠᠨ ᠴᠢ ᠳ᠋ᠧ᠂ ᠯᠦᠸᠧ ᠹᠦ᠋ ᠾᠧ᠂ ᠯᠢ ᠬᠠᠢ ᠹᠧᠩ᠂ ᠴᠧᠨ ᠶᠤᠸᠠᠨ᠂ ᠵᠧᠤ ᠰᠢᠶᠣᠤ ᠴᠤᠸᠠᠨ ᠂ ᠸᠠᠩ ᠵᠢᠶᠠ ᠷᠦᠢ᠂ ᠴᠢ ᠰᠢᠦᠢ ᠴᠦᠨ᠂ ᠮᠠ ᠫᠸᠢ ᠬᠤᠸᠠ᠂ ᠯᠢᠦ ᠰᠢᠶᠤᠤ ᠹᠧᠩ᠂ ᠸᠠᠩ ᠴᠢᠨ ᠮᠢᠨ᠂ ᠵᠢᠴᠢ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠪᠣᠯᠤᠨ ᠹᠦ᠋ ᠴᠢᠤᠸᠠᠨ ᠶᠢᠦ᠂ ᠢᠦᠶ ᠶᠦᠩ ᠪᠥᠸᠧ᠂ ᠸᠠᠩ ᠺᠧ᠂ ᠴᠧᠨ ᠪᠢᠩ ᠳ᠋ᠧ᠂ ᠯᠢ ᠵᠢᠶ ᠨᠠᠢ᠂ ᠴᠢᠶᠣᠤ ᠴᠢᠩ ᠴᠧᠨ᠂ ᠵᠢᠩ ᡁᠢ ᠶᠤᠸᠠᠨ᠂ ᠵᠣᠣ ᠺᠧ ᠱᠢ᠂ ᠡᠤ ᠱᠧᠩ ᠯᠢ᠂ ᠮᠠ ᠰᠢᠶᠣᠤ ᠲᠢᠶᠠᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠨᠠᠷ ᠪᠤᠢ᠃   ᠪᠡᠭᠡᠵᠢᠩ ᠳᠤ ᠪᠠᠶᠢᠭ᠎ᠠ ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠠᠬᠠᠮᠠᠳ ᠨᠥᠬᠦᠳ ᠤᠨ ᠲᠥᠯᠥᠭᠡᠯᠡᠭᠴᠢ᠂ ᠪᠡᠭᠡᠵᠢᠩ ᠳᠠᠬᠢ ᠲᠥᠪ ᠠᠴᠠ ᠬᠠᠮᠢᠶᠠᠷᠴᠦ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠪᠡᠭᠡᠵᠢᠩ ᠳᠤ ᠪᠠᠶᠢᠭ᠎ᠠ ᠲᠥᠪ ᠬᠤᠷᠢᠶᠠᠨ ᠤ ᠭᠡᠰᠢᠭᠦᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠶᠠᠩᠭᠠᠩ ᠣᠣᠮᠧᠨ ᠲᠠᠶᠢᠸᠠᠨ ᠤ ᠠᠬ᠎ᠠ ᠳᠡᠭᠦᠦ ᠨᠡᠷ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠡᠷ ᠤᠨ ᠲᠥᠯᠥᠭᠡᠯᠡᠭᠴᠢ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶᠠᠨ ᠤ ᠪᠡᠭᠡᠵᠢᠩ ᠳᠤ ᠪᠠᠶᠢᠭ᠎ᠠ ᠭᠡᠰᠢᠭᠦᠳ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠪᠡᠭᠡᠵᠢᠩ ᠳᠤ ᠪᠠᠶᠢᠭ᠎ᠠ ᠭᠦᠢᠴᠡᠳᠬᠡᠬᠦ ᠭᠡᠰᠢᠭᠦᠨ ᠪᠠ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ᠂ ᠪᠡᠭᠡᠵᠢᠩ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠴᠢ᠂ ︽ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ᠂ ︽ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ︾᠂ ︽ᠰᠠᠨᠰᠠᠷ ᠤᠨ ᠠᠶᠠᠯᠠᠯ ᠤᠨ ᠪᠠᠭᠠᠲᠤᠷ︾᠂ ︽ᠪᠠᠭᠠᠲᠤᠷ ᠰᠠᠨᠰᠠᠷᠴᠢᠨ︾ ᠤ ᠴᠤᠯᠠ ᠬᠦᠷᠲᠡᠭᠴᠢ᠂ ᠪᠦᠬᠦ ᠤᠯᠤᠰ ᠤᠨ ᠲᠡᠷᠢᠭᠦᠨ ᠤ ᠵᠢᠱᠢᠶᠡᠴᠢ ᠬᠥᠮᠦᠰ ᠤᠨ ᠲᠥᠯᠥᠭᠡᠯᠡᠭᠴᠢ᠂ ᠠᠷᠪᠠᠨ ᠨᠢᠭᠡᠳᠦᠭᠡᠷ ᠳᠦᠷᠢ ᠶᠢᠨ ᠪᠠᠨᠴᠢᠡᠡᠷᠳᠡᠨᠢ · ᠴᠦᠢᠵᠢᠨᠵᠠᠪ᠂ ᠪᠦᠬᠦ ᠤᠯᠤᠰ ᠤᠨ ᠴᠢᠨᠠᠷᠲᠠᠶ ᠱᠠᠰᠢᠨ ᠰᠤᠷᠲᠠᠬᠤᠨ ᠤ ᠪᠦᠯᠬᠦᠮ ᠤᠨ ᠭᠤᠤᠯ ᠬᠠᠷᠢᠭᠤᠴᠠᠯᠭᠠᠲᠠᠨ᠂ ᠪᠡᠭᠡᠵᠢᠩ ᠳᠤ ᠪᠠᠶᠢᠭ᠎ᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠪᠣᠯᠤᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠢᠯᠢᠳᠡᠭ ᠴᠢᠳᠠᠪᠤᠷᠢᠲᠠᠨ ᠤ ᠲᠥᠯᠥᠭᠡᠯᠡᠭᠴᠢ᠂ ᠨᠠᠰᠤ ᠪᠠᠷᠠᠭᠰᠠᠨ ᠬᠡᠰᠡᠭ ᠠᠬᠠᠮᠠᠳ ᠨᠥᠬᠦᠳ ᠤᠨ ᠲᠦᠷᠦᠯ ᠰᠠᠳᠤᠨ᠂ ᠦᠷᠡᠭᠳᠡᠭᠰᠡᠨ ᠪᠠᠭᠠᠲᠤᠷ ᠵᠢᠴᠢ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠬᠥᠮᠦᠰ ᠤᠨ ᠭᠡᠷ ᠪᠦᠯᠢ ᠶᠢᠨ ᠬᠢᠨ᠂ ︽ᠨᠠᠮ ᠤᠨ ᠭᠡᠰᠢᠭᠦᠨ ᠪᠤᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠬᠦᠷᠲᠡᠭᠰᠡᠳ ᠤᠨ ᠲᠥᠯᠥᠭᠡᠯᠡᠭᠴᠢ᠂ 2021 ᠣᠨ ᠳᠤ ᠰᠢᠨ᠎ᠡ ᠪᠠᠷ ᠡᠯᠰᠡᠭᠳᠡᠭᠰᠡᠨ ᠨᠠᠮ ᠤᠨ ᠭᠡᠰᠢᠭᠦᠨ ᠤ ᠲᠥᠯᠥᠭᠡᠯᠡᠭᠴᠢ᠂ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ᠂ ᠪᠦᠬᠦ ᠤᠯᠤᠰ ᠤᠨ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ᠂ ᠪᠡᠭᠡᠵᠢᠩ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃   ᠪᠡᠭᠡᠵᠢᠩ ᠳᠤ ᠪᠠᠶᠢᠭ᠎ᠠ ᠳᠤᠮᠳᠠᠳᠤ ᠤᠯᠤᠰ ᠲᠤ ᠰᠠᠭᠤᠭ᠎ᠠ ᠡᠯ᠎ᠡ ᠤᠯᠤᠰ ᠤᠨ ᠡᠯᠴᠢᠨ ᠰᠠᠶᠢᠳ ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ᠂ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠴᠦ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号