ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/7/5
ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ               ︵2021 ᠣᠨ ᠤ 7 ᠰᠠᠷ᠎ᠠ ᠶᠢᠨ 1 ᠤ ᠡᠳᠦᠷ︶                            ᠰᠢ ᠶᠢᠨ ᠫᠢᠩᠨᠥᠬᠦᠳ ᠡ᠂ ᠨᠠᠶᠢᠵᠠ ᠨᠠᠷ ᠡ᠄      ᠡᠨᠡ ᠡᠳᠦᠷ ᠪᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡᠨ ᠳᠡᠭᠡᠷ᠎ᠡ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷ᠎ᠡ ᠴᠥᠮ ᠲᠦᠢᠯ ᠤᠨ ᠴᠢᠬᠤᠯᠠ ᠪᠥᠭᠡᠳ ᠲᠦᠪ ᠶᠡᠬᠡᠮᠰᠦᠭ ᠡᠳᠦᠷ ᠪᠤᠯᠤᠨ᠎ᠠ᠃ ᠪᠢᠳᠡ ᠠᠳᠡ ᠦᠪᠡᠳᠡᠭᠰᠢ ᠴᠤᠭᠯᠠᠭᠠᠨ ᠪᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠪᠠᠷᠠᠯᠠᠵᠤ ᠪᠠᠶᠢᠨ᠎ᠠ᠃      ᠡᠩ ᠲᠡᠷᠢᠭᠦᠨ ᠳᠤ᠂ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠲᠤ ᠪᠠᠶᠠᠷ ᠤᠨ ᠡᠳᠦᠷ ᠤᠨ ᠬᠠᠯᠠᠭᠤᠨ ᠪᠠᠶᠠᠷ ᠬᠦᠷᠭᠡᠵᠦ ᠪᠠᠶᠢᠨ᠎ᠠ︕      ᠠᠳᠡ᠂ ᠪᠢ ᠨᠠᠮ ᠪᠣᠯᠤᠨ ᠠᠷᠠᠳ ᠲᠦᠮᠡᠨ ᠤ ᠡᠮᠦᠨ᠎ᠡ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠳᠠ ᠦᠭᠡᠢ ᠴᠢᠷᠮᠠᠶᠢᠨ ᠲᠡᠮᠡᠴᠡᠬᠦ ᠪᠠᠷ ᠲᠠᠮᠵᠢᠵᠦ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ ᠤᠷᠤᠭᠰᠢᠯᠠᠵᠤ ᠪᠠᠶᠢᠨ᠎ᠠ ᠭᠡᠵᠦ ᠲᠥᠪ ᠴᠢᠩᠭ᠎ᠠ ᠪᠠᠷ ᠲᠤᠩᠬᠠᠭᠯᠠᠶ᠎ᠠ᠃ ᠡᠨᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠢᠷᠠᠭᠤ ᠠᠯᠳᠠᠷ ᠮᠥᠨ︕ ᠡᠨᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠠᠭᠤᠤ ᠶᠡᠭᠡ ᠢᠷᠠᠭᠤ ᠠᠯᠳᠠᠷ ᠮᠥᠨ︕ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠶᠡᠭᠡ ᠢᠷᠠᠭᠤ ᠠᠯᠳᠠᠷ ᠮᠥᠨ︕      ᠨᠥᠬᠦᠳ ᠡ᠂ ᠨᠠᠶᠢᠵᠠ ᠨᠠᠷ ᠡ︕      ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠮᠥᠨ᠂ 5000 ᠭᠠᠷᠤᠢ ᠵᠢᠯ ᠤᠨ ᠥᠨᠢ ᠤᠳᠠᠭᠠᠨ ᠪᠤᠯᠪᠠᠰᠤᠨ ᠲᠡᠦᠬᠡ ᠲᠠᠢ ᠶᠤᠮ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠦᠭᠰᠡᠨ ᠶᠤᠮ᠃ 1840 ᠣᠨ ᠤ ᠬᠠᠷ᠎ᠠ ᠲᠠᠮᠠᠬᠢ ᠶᠢᠨ ᠲᠠᠶᠢᠨ ᠤ ᠲᠠᠷᠠᠭ᠎ᠠ᠂ ᠳᠤᠮᠳᠠᠳᠤ ᠤᠯᠤᠰ ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠳᠤ ᠤᠷᠤᠵᠤ᠂ ᠤᠯᠤᠰ ᠭᠦᠷᠦᠨ ᠭᠤᠳᠤᠭᠠᠯ ᠲᠤᠷᠤᠮᠵᠢᠯᠠᠯ ᠠᠮᠰᠠᠵᠤ᠂ ᠠᠷᠠᠳ ᠲᠦᠮᠡᠨ ᠭᠠᠮᠰᠢᠭ ᠵᠣᠪᠠᠯᠠᠩ ᠳᠤ ᠤᠨᠠᠵᠤ᠂ ᠰᠤᠶᠤᠯ ᠪᠣᠯᠪᠠᠰᠤᠨ ᠲᠣᠭᠤᠰᠣ ᠲᠤᠷᠳᠤᠭ ᠲᠤ ᠳᠠᠷᠤᠭᠳᠠᠵᠤ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ ᠵᠤᠪᠠᠯᠠᠩ ᠳᠤ ᠤᠴᠠᠷᠠᠪᠠ᠃ ᠲᠡᠷᠡ ᠦᠶ᠎ᠡ ᠠᠴᠠ ᠡᠬᠢᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ ᠪᠣᠯᠵᠠᠢ᠃      ᠦᠨᠳᠦᠰᠦᠲᠡᠨ ᠢᠶᠠᠨ ᠮᠥᠬᠦᠯ ᠤᠨ ᠠᠶᠤᠯ ᠠᠴᠠ ᠠᠪᠤᠷᠠᠬᠤ ᠶᠢᠨ ᠲᠥᠯᠥᠭᠡ᠂ ᠳᠤᠮᠳᠠᠳᠤ ᠤᠯᠤᠰ ᠤᠨ ᠠᠷᠠᠳ ᠲᠦᠮᠡᠨ ᠪᠠᠭᠠᠲᠤᠷᠯᠢᠭ ᠢᠶᠠᠷ ᠡᠰᠡᠷᠭᠦᠴᠡᠵᠦ᠂ ᠴᠢᠩ ᠵᠤᠷᠢᠭᠳᠠᠨ ᠪᠤᠰᠤᠯᠴᠠᠨ ᠬᠠᠰᠬᠢᠷᠤᠯᠳᠤᠵᠤ᠂ ᠲᠠᠢ ᠫᠢᠩ ᠲᠢᠶᠠᠨ ᠭᠦᠸᠧ ᠶᠢᠨ ᠬᠥᠳᠡᠯᠭᠡᠭᠡᠨ᠂ ᠰᠢᠷ᠎ᠠ ᠨᠣᠬᠠᠢ ᠵᠢᠯ ᠤᠨ ᠬᠠᠤᠯᠢ ᠶᠢᠨ ᠥᠭᠡᠷᠡᠴᠢᠯᠡᠯᠲᠡ᠂ ᠢ ᠾᠧ ᠲᠤᠸᠠᠨ ᠤ ᠬᠥᠳᠡᠯᠭᠡᠭᠡᠨ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠵᠠᠯᠭᠠᠭ᠎ᠠ ᠪᠠᠷ ᠥᠷᠨᠢᠵᠦ᠂ ᠡᠯ᠎ᠠ ᠵᠦᠢᠯ ᠤᠨ ᠤᠯᠤᠰ ᠢᠶᠠᠨ ᠠᠪᠤᠷᠠᠬᠤ ᠲᠥᠰᠦᠯ ᠵᠠᠯᠭᠠᠭ᠎ᠠ ᠪᠠᠷ ᠭᠠᠷᠤᠭᠰᠠᠨ ᠪᠣᠯᠪᠠᠴᠤ ᠴᠥᠮ ᠢᠯᠠᠭᠳᠠᠯ ᠢᠶᠠᠷ ᠲᠡᠭᠦᠰᠪᠡ᠃ ᠳᠤᠮᠳᠠᠳᠤ ᠤᠯᠤᠰ ᠰᠢᠨ᠎ᠡ ᠦᠵᠡᠯ ᠰᠠᠨᠠᠭ᠎ᠠ ᠪᠠᠷ ᠤᠯᠤᠰ ᠢᠶᠠᠨ ᠠᠪᠤᠷᠠᠬᠤ ᠬᠥᠳᠡᠯᠭᠡᠭᠡᠨ ᠢ ᠬᠦᠲᠦᠯᠦᠨ ᠳᠠᠭᠠᠭᠤᠯᠬᠤ ᠶᠢ ᠲᠤᠯᠭᠠᠮ ᠱᠠᠭᠠᠷᠳᠠᠵᠤ᠂ ᠰᠢᠨ᠎ᠡ ᠵᠣᠬᠢᠶᠠᠨ ᠪᠠᠶᠢᠭᠤᠯᠤᠯᠲᠠ ᠪᠠᠷ ᠬᠤᠪᠢᠰᠬᠠᠯ ᠤᠨ ᠬᠦᠴᠦᠨ ᠢ ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠪᠠ᠃      ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠲᠠᠭᠤᠨ ᠳᠤᠮᠳᠠᠳᠤ ᠤᠯᠤᠰ ᠲᠤ ᠮᠠᠷᠺᠰ ᠯᠧᠨᠢᠨ ᠤ ᠦᠵᠡᠯ ᠢ ᠠᠪᠴᠢᠷᠠᠵᠤ ᠥᠭᠪᠡ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠭᠡᠭᠡᠷᠡᠯᠳᠡ ᠶᠢᠨ ᠶᠠᠪᠤᠴᠠ ᠳᠤ᠂ ᠮᠠᠷᠺᠰ ᠯᠧᠨᠢᠨ ᠤ ᠦᠵᠡᠯ ᠪᠤᠯᠤᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠨᠢᠭᠲᠠ ᠤᠶᠠᠯᠳᠤᠬᠤ ᠶᠠᠪᠤᠴᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠴᠠᠭ ᠤᠨ ᠪᠠᠶᠢᠳᠠᠯ ᠢ ᠲᠠᠭᠠᠨ ᠮᠡᠨᠳᠦᠯᠡᠵᠡᠢ᠃ ᠳᠤᠮᠳᠠᠳᠤ ᠤᠯᠤᠰ ᠲᠤ ᠡᠪ ᠬᠠᠮᠲᠤ ᠨᠠᠮ ᠮᠡᠨᠳᠦᠯᠡᠪᠠ᠂ ᠡᠨᠡ ᠪᠣᠯ ᠤᠷᠢᠳ ᠡᠮᠦᠨ᠎ᠡ ᠭᠠᠷᠤᠭ᠎ᠠ ᠦᠬᠡᠢ ᠶᠡᠭᠡ ᠬᠡᠷᠡᠭ ᠬᠤᠪᠢᠰᠤᠯ ᠪᠤᠯᠤᠨ᠎ᠠ᠂ ᠡᠨᠡ ᠨᠢ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠴᠢᠭᠯᠡᠯ ᠪᠠ ᠠᠬᠢᠴᠠ ᠶᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠦᠰᠦᠲᠡᠨ ᠤ ᠢᠷᠡᠭᠡᠳᠦᠢ ᠪᠠ ᠬᠤᠪᠢ ᠵᠠᠶᠠᠭ᠎ᠠ ᠶᠢ ᠭᠦᠨᠵᠡᠭᠡᠢ ᠬᠤᠪᠢᠷᠠᠭᠤᠯᠵᠤ᠂ ᠳᠡᠯᠡᠬᠡᠢ ᠶᠢᠨ ᠬᠥᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠭᠦᠨᠵᠡᠭᠡᠢ ᠬᠤᠪᠢᠷᠠᠭᠤᠯᠵᠠᠢ᠃      ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠬᠦᠯᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ‍ ᠨᠢᠭᠡ ᠭᠤᠣᠯ ᠰᠡᠳᠦᠪ ᠪᠣᠯᠤᠨ᠎ᠠ᠃      — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠰᠤ ᠤᠷᠤᠰᠬᠠᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠪᠢᠳᠡ ᠤᠮᠠᠷᠠᠰᠢ ᠳᠠᠶᠢᠯᠠᠬᠤ ᠲᠠᠶᠢᠨ᠂ ᠭᠠᠵᠠᠷ ᠲᠠᠷᠢᠶᠠᠨ ᠤ ᠬᠤᠪᠢᠰᠬᠠᠯᠲᠤ ᠲᠠᠶᠢᠨ᠂ ᠶᠠᠫᠣᠨ ᠢ ᠡᠰᠡᠷᠭᠦᠴᠡᠬᠦ ᠲᠠᠶᠢᠨ᠂ ᠴᠢᠯᠥᠭᠡᠯᠡᠬᠦ ᠲᠠᠶᠢᠨ ᠢ ᠥᠩᠭᠡᠷᠡᠭᠡᠵᠦ᠂ ᠵᠡᠪᠰᠡᠭᠲᠦ ᠬᠤᠪᠢᠰᠬᠠᠯ ᠢᠶᠠᠷ ᠵᠡᠪᠰᠡᠭᠲᠦ ᠬᠤᠪᠢᠰᠬᠠᠯ ᠤᠨ ᠡᠰᠡᠷᠭᠦᠴᠦᠳ ᠢ ᠡᠰᠡᠷᠭᠦᠴᠡᠵᠦ᠂ ᠡᠵᠡᠷᠬᠡᠭ ᠲᠦᠷᠢᠮᠡᠬᠡᠢ ᠶᠣᠰᠣ᠂ ᠹᠸᠤᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠵᠡᠷᠭᠡ ᠭᠤᠷᠪᠠᠨ ᠶᠡᠭᠡ ᠠᠭᠤᠯᠠ ᠶᠢ ᠲᠦᠯᠬᠢᠨ ᠤᠨᠠᠭᠠᠵᠤ ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠪᠡ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠨᠢ ᠬᠠᠭᠤᠴᠢᠨ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠬᠠᠭᠤᠴᠢᠨ ᠳᠤᠮᠳᠠᠳᠤ ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ ᠤᠯᠤᠰ ᠤᠳ ᠤᠨ ᠳᠤᠮᠳᠠᠳᠤ ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠣᠯᠤᠨ ᠡᠵᠡᠷᠬᠡᠭ ᠲᠦᠷᠢᠮᠡᠬᠡᠶ ᠶᠣᠰᠣᠨ ᠤ ᠳᠤᠮᠳᠠᠳᠤ ᠤᠯᠤᠰ ᠲᠠᠬᠢ ᠠᠯᠢᠪᠠ ᠣᠨᠴᠠ ᠡᠷᠬᠡ ᠶᠢ ᠲᠦᠢᠯᠪᠤᠷᠢᠲᠠᠶ ᠤᠰᠠᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠨᠡᠶᠢᠭᠡᠮ ᠤᠨ ᠨᠥᠬᠦᠴᠡᠯ ᠢ ᠪᠦᠷᠢᠯᠳᠦᠭᠦᠯᠵᠦ ᠥᠭᠴᠡᠶ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠤᠯᠤᠰ ᠤᠨ ᠠᠷᠠᠳ ᠲᠦᠮᠡᠨ ᠪᠣᠰᠴᠤ ᠵᠣᠭᠰᠣᠯ᠎ᠠ᠂ ᠳᠤᠮᠳᠠᠳᠤ ᠶᠢᠨ ᠦᠨᠳᠦᠰᠦᠲᠡᠨ ᠬᠥᠮᠦᠨ ᠪᠦᠬᠦᠨ ᠳᠤ ᠳᠠᠷᠤᠯᠠᠭᠳᠠᠵᠤ᠂ ᠳᠠᠷᠤᠯᠠᠯ ᠲᠤᠷᠤᠮᠵᠢᠯᠠᠯ ᠢ ᠬᠠᠰᠢᠷᠠᠲᠠᠯ᠎ᠠ ᠠᠮᠰᠠᠭᠰᠠᠨ ᠴᠠᠭ ᠦᠶ᠎ᠡ ᠪᠤᠴᠠᠯᠲᠠ ᠦᠭᠡᠢ ᠡᠴᠦᠰᠯᠡᠵᠡᠢ ᠭᠡᠵᠤ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ︕      — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠪᠢᠳᠡ ᠨᠡᠶᠢᠭᠡᠮ ᠵᠢᠷᠤᠮᠲᠤ ᠬᠤᠪᠢᠰᠬᠠᠯ ᠬᠢᠵᠦ᠂ ᠳᠤᠮᠳᠠᠳᠤ ᠤᠯᠤᠰ ᠲᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠹᠸᠤᠳᠠᠯ ᠤᠨ ᠲᠠᠷᠤᠯᠠᠯ ᠮᠦᠯᠵᠢᠯᠳᠤ ᠪᠠᠶᠢᠭᠤᠯᠤᠯ ᠢ ᠤᠰᠠᠳᠬᠠᠵᠤ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠲᠣᠭᠲᠠᠭᠠᠵᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠵᠡᠷᠬᠡᠭ ᠲᠦᠷᠢᠮᠡᠬᠡᠢ ᠶᠣᠰᠣ᠂ ᠡᠵᠡᠷᠬᠡᠬᠦ ᠦᠵᠡᠯ ᠤᠨ ᠨᠤᠷᠠᠭᠠᠯᠲᠠ ᠡᠪᠳᠡᠯᠡᠭᠡ ᠪᠠ ᠵᠡᠪᠰᠡᠭᠲᠦ ᠥᠳᠥᠭᠡᠯᠭᠡ ᠶᠢ ᠢᠯᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠣᠨ᠂ ᠬᠥᠮᠦᠨ ᠠᠮᠠ ᠤᠯᠠᠨ ᠳᠣᠷᠣᠨᠠᠳᠠᠬᠢᠨ ᠤ ᠶᠡᠭᠡ ᠤᠯᠤᠰ ᠲᠤᠮᠤ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠲᠠᠪᠰᠢᠨ ᠤᠷᠤᠬᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠴᠡᠢ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠡᠭᠡᠨ ᠴᠢᠳᠠᠮᠠᠭᠠᠢ ᠪᠠᠶᠢᠬᠤ ᠪᠠᠷ ᠪᠠᠷᠠᠬᠤ ᠦᠭᠡᠢ ᠪᠠᠰᠠ ᠰᠢᠨ᠎ᠡ ᠶᠢᠷᠲᠢᠨᠴᠦ ᠶᠢ ᠪᠠᠶᠢᠭᠤᠯᠬᠤ ᠳᠠᠭᠠᠨ ᠴᠤ ᠴᠢᠳᠠᠮᠠᠭᠠᠢ ᠪᠠᠶᠢᠭ᠎ᠠ ᠶᠤᠮ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠵᠤ ᠲᠡᠯᠡᠭᠡᠢ ᠳ᠋ᠠᠬᠢᠨ ᠳᠤ ᠲᠦᠪ ᠴᠢᠩᠭ᠎ᠠ ᠪᠠᠷ ᠲᠤᠩᠬᠠᠬᠯᠠᠪᠠ︕      — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠵᠤᠷᠢᠬᠳᠠᠢ ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠤᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠪᠢᠳᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠦᠬᠡᠨ ᠳᠡᠭᠡᠷᠡᠬᠢ ᠠᠯᠤᠰ ᠬᠡᠳᠦ ᠶᠢᠨ ᠠᠴᠢ ᠬᠤᠯᠪᠣᠭᠳᠠᠯ ᠲᠠᠢ ᠠᠭᠤᠤ ᠶᠡᠭᠡ ᠡᠷᠭᠢᠯᠲᠡ ᠶᠢ ᠪᠡᠶᠡᠯᠡᠭᠦᠯᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠠᠬᠢ ᠨᠠᠮ ᠤᠨ ᠦᠨᠳᠦᠰᠦᠨ ᠱᠤᠭᠤᠮ ᠢ ᠲᠣᠭᠲᠠᠭᠠᠵᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠡᠯ᠎ᠡ ᠲᠠᠯ᠎ᠠ ᠶᠢᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠡᠭᠦᠳᠦᠨ ᠪᠠᠶᠢᠭᠤᠯᠵᠤ᠂ ᠪᠠᠷᠢᠮᠲᠠᠯᠠᠵᠦ᠂ ᠬᠠᠮᠠᠭᠠᠯᠠᠵᠤ᠂ ᠬᠥᠭᠵᠢᠭᠦᠯᠵᠤ᠂ ᠳᠡᠭᠡᠳᠦ ᠬᠡᠮᠵᠢᠶ᠎ᠡ ᠪᠠᠷ ᠲᠥᠪᠯᠡᠷᠡᠭᠰᠡᠨ ᠲᠥᠯᠥᠪᠯᠡᠭᠡᠲᠦ ᠠᠵᠤ ᠠᠬᠤᠶ ᠶᠢᠨ ᠪᠠᠶᠢᠭᠤᠯᠤᠮᠵᠢ ᠠᠴᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠬᠦᠷᠲᠡᠯ᠎ᠡ᠂ ᠲᠦᠭᠵᠢᠮᠡᠯ ᠬᠠᠭᠠᠰ ᠲᠦᠭᠵᠢᠮᠡᠯ ᠪᠠᠶᠢᠳᠠᠯ ᠠᠴᠠ ᠪᠦᠬᠦ ᠲᠠᠯ᠎ᠠ ᠪᠠᠷ ᠨᠡᠭᠡᠭᠡᠯᠲᠡ ᠬᠢᠬᠦ ᠬᠦᠷᠳᠡᠯᠡᠬᠢ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠤ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠪᠠᠷ ᠬᠤᠴᠣᠷᠤᠩᠭᠤᠶ ᠪᠠᠶᠢᠭᠰᠠᠨ ᠠᠴᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠤᠷᠤᠭᠰᠠᠨ ᠲᠡᠦᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠤᠨ᠂ ᠠᠷᠠᠳ ᠤᠨ ᠠᠮᠢᠳᠤᠷᠠᠯ ᠢᠳᠡᠵᠦ ᠡᠮᠦᠰᠬᠦ ᠳᠡᠭᠡᠨ ᠵᠥᠪ ᠦᠭᠡᠢ ᠪᠠᠶᠢᠭᠰᠠᠨ ᠠᠴᠠ ᠶᠡᠷᠦᠩᠬᠡᠶ ᠳᠡᠭᠡᠨ ᠴᠢᠨᠡᠭᠡᠯᠢᠭ ᠪᠣᠯᠬᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠭᠤᠯᠤᠮᠵᠢ ᠶᠢᠨ ᠪᠠᠲᠤᠯᠠᠭ᠎ᠠ ᠪᠠ ᠲᠦᠷᠭᠡᠨ ᠬᠥᠭᠵᠢᠬᠦ ᠪᠣᠳᠠᠰ ᠤᠨ ᠨᠥᠬᠦᠴᠡᠯ ᠢ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠵᠡᠢ ᠭᠡᠵᠦ ᠳᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ︕      — ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠡᠷᠬᠢᠮᠯᠠᠨ ᠰᠢᠨ᠎ᠡ ᠶᠢ ᠡᠭᠦᠳᠴᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠦᠭᠰᠡᠨ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠤᠨ ᠠᠬᠢᠭᠤᠯᠵᠤ ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠤ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠲᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠤ᠂ ᠠᠯᠢ ᠣᠯᠠᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠶᠢ ᠲᠣᠳᠣᠷᠬᠠᠶᠢᠯᠠᠵᠤ᠂ ᠨᠠᠮ ᠪᠣᠯᠤᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠤᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠠᠩ ᠪᠦᠷᠢᠨ ᠲᠡᠭᠦᠯᠳᠡᠷ ᠳᠦᠷᠢᠮ ᠤᠨ ᠪᠠᠲᠤᠯᠠᠭ᠎ᠠ᠂ ᠨᠠᠩ ᠪᠠᠲᠤ ᠪᠠᠬᠢ ᠪᠣᠳᠠᠰ ᠤᠨ ᠰᠠᠭᠤᠷᠢ᠂ ᠨᠠᠩ ᠰᠠᠨᠠᠭᠠᠴᠢᠯᠠᠭᠠᠳᠤ ᠣᠶᠤᠨ ᠰᠠᠨᠠᠭᠠᠨ ᠤ ᠬᠦᠴᠦᠨ ᠢ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠡᠶᠡᠯᠡᠭᠳᠡᠭᠦ ᠨᠢ ᠰᠦᠷᠦᠰᠢ ᠦᠭᠡᠢ ᠲᠡᠦᠭᠡᠨ ᠤᠷᠤᠰᠬᠠᠯ ᠪᠤᠯᠪᠠ ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃      ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠨᠠᠨᠳᠢᠨ ᠠᠮᠢ ᠪᠠᠨ ᠴᠦᠯᠡᠨ ᠦᠷᠡᠭᠳᠡᠭᠦᠯᠬᠦ ᠠᠤᠭ᠎ᠠ ᠵᠤᠷᠢᠬ ᠦᠯᠡᠮᠵᠢ ᠂ ᠨᠡᠷᠡᠨ ᠰᠠᠷᠠᠨ ᠢ ᠵᠢᠭᠠᠨ ᠵᠠᠬᠢᠷᠴᠤ ᠰᠢᠨ᠎ᠡ ᠣᠷᠴᠢᠯᠠᠩ ᠪᠤᠯᠭᠠᠬᠤ︾ ᠣᠮᠤᠭ ᠵᠣᠷᠢᠭ ᠢᠶᠠᠷ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠭᠠᠶᠢᠬᠠᠮᠰᠢᠬᠳᠦ ᠲᠤᠤᠯᠢᠰ ᠢ ᠪᠢᠴᠢᠭᠯᠡᠪᠡ᠃ ᠡᠨᠡᠬᠦ ᠵᠠᠭᠤᠨ ᠵᠢᠯ ᠤᠨ ᠲᠤᠷᠰᠢ ᠨᠡᠭᠡᠭᠡᠭᠰᠡᠨ ᠠᠭᠤᠤ ᠶᠡᠭᠡ ᠵᠠᠮ᠂ ᠴᠤᠬᠴᠠᠯᠠᠬᠰᠠᠨ ᠠᠭᠤᠤ ᠶᠡᠭᠡ ᠦᠢᠯᠡᠰ᠂ ᠣᠯᠤᠭᠰᠠᠨ ᠠᠭᠤᠤ ᠶᠡᠭᠡ ᠠᠮᠵᠢᠯᠲᠠ ᠨᠢ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ ᠬᠠᠭᠤᠳᠠᠰᠤᠨ᠎ᠠ ᠲᠡᠮᠳᠡᠭᠯᠡᠭᠳᠡᠬᠦ ᠨᠢ ᠯᠠᠪᠲᠠᠢ ᠶᠤᠮ︕      ᠨᠥᠬᠦᠳ ᠡ᠂ ᠨᠠᠶᠢᠵᠠ ᠨᠠᠷ ᠡ︕      ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ ᠤᠯᠤᠰ ᠤᠨ ᠡᠪ ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠣᠰᠣᠯᠳᠠᠬᠤ ᠦᠭᠡᠢ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃      ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠪᠠ᠃ ᠲᠡᠦᠬᠡ ᠶᠢᠨ ᠤᠷᠤᠰᠬᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ︕      ᠨᠥᠬᠦᠳ ᠡ᠂ ᠨᠠᠶᠢᠵᠠ ᠨᠠᠷ ᠡ︕      ᠵᠠᠭᠤᠨ ᠵᠢᠯ ᠤᠨ ᠲᠤᠷᠰᠢ᠂ ᠮᠠᠨ ᠤ ᠣᠯᠤᠭᠰᠠᠨ ᠠᠯᠢᠪᠠ ᠠᠮᠵᠢᠯᠲᠠ ᠪᠣᠯ ᠳᠤᠮᠳᠠᠳᠤ ᠤᠯᠤᠰ ᠤᠨ ᠡᠪ ᠬᠠᠮᠲᠤᠴᠤᠳ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠮᠠᠤ ᠽᠧ ᠳ᠋ᠦᠩ ᠨᠥᠬᠦᠷ᠂ ᠳ᠋ᠧᠩ ᠰᠢᠶᠤᠤ ᠫᠢᠩ ᠨᠥᠬᠦᠷ᠂ ᠵᠢᠶᠠᠩ ᠽᠧ ᠮᠢᠨ ᠨᠥᠬᠦᠷ᠂ ᠬᠤ᠋ ᠶᠢᠨ ᠲᠤᠤ ᠨᠥᠬᠦᠷ ᠢᠶᠠᠷ ᠭᠤᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠦᠯᠦᠭᠡ ᠲᠡᠦᠬᠡ ᠰᠤᠳᠤᠷ ᠢ ᠭᠡᠶᠢᠭᠦᠯᠦᠭᠰᠡᠨ ᠠᠭᠤᠤ ᠶᠡᠭᠡ ᠭᠠᠪᠢᠶ᠎ᠠ ᠵᠢᠳᠬᠦᠯ ᠪᠠᠶᠢᠭᠤᠯᠪᠠ︕ ᠪᠢᠳᠡ ᠲᠡᠳᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠡᠨᠡ ᠬᠦ ᠴᠠᠭ ᠮᠥᠴᠡ ᠳᠤ᠂ ᠪᠢᠳᠡ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠢ ᠪᠠᠶᠢᠭᠤᠯᠬᠤ᠂ ᠪᠠᠬᠢᠵᠢᠭᠦᠯᠬᠦ᠂ ᠬᠥᠭᠵᠢᠭᠦᠯᠬᠦ ᠶᠢᠨ ᠲᠥᠯᠥᠭᠡ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠮᠠᠤ ᠽᠧ ᠳ᠋ᠦᠩ᠂ ᠵᠧᠦ ᠡᠸ᠋ᠨ ᠯᠠᠢ᠂ ᠯᠢᠦ ᠱᠤᠤ ᠴᠢ᠂ ᠵᠤ᠋ ᠳ᠋ᠧ᠂ ᠳ᠋ᠧᠩ ᠰᠢᠶᠤᠤ ᠫᠢᠩ᠂ ᠴᠧᠨ ᠶᠦᠨ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠢ ᠭᠦᠨ ᠮᠥᠷᠥᠭᠡᠳᠦᠨ ᠰᠠᠨᠠᠭᠠᠯᠵᠠᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ ᠪᠦᠳᠦᠭᠡᠨ ᠪᠠᠶᠢᠭᠤᠯᠬᠤ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠤᠢᠢᠷ᠎ᠠ ᠦᠶ᠎ᠡ ᠠᠴᠠ ᠨᠠᠭᠠᠰᠢᠬᠢ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢᠨ ᠲᠥᠯᠥᠭᠡ ᠨᠤᠭᠤᠷᠠᠰᠢ ᠦᠭᠡᠢ ᠲᠡᠮᠡᠴᠡᠭᠰᠡᠨ ᠴᠢᠬᠡᠴᠢ ᠵᠢᠷᠤᠮᠳᠡᠳ ᠢ ᠬᠦᠨ ᠮᠦᠷᠤᠬᠡᠳᠤᠨ ᠰᠠᠨᠠᠭᠠᠯᠵᠠᠵᠤ ᠪᠠᠶᠢᠨ᠎ᠠ᠃ ᠲᠡᠳᠡᠨ ᠤ ᠡᠬᠡ ᠤᠯᠤᠰ ᠪᠣᠯᠤᠨ ᠦᠨᠳᠦᠰᠦᠲᠡᠨ ᠤ ᠪᠠᠨ ᠲᠥᠯᠥᠭᠡ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠬᠦ ᠶᠤᠮ︕ ᠲᠡᠳᠡᠨ ᠤ ᠡᠷᠬᠢᠮ ᠳᠡᠭᠡᠳᠦ ᠵᠣᠷᠢᠭ ᠰᠠᠨᠠᠭ᠎ᠠ ᠨᠢ ᠠᠷᠠᠳ ᠲᠦᠮᠡᠨ ᠤ ᠰᠡᠳᠬᠢᠯ ᠳᠤ ᠡᠭᠦᠷᠢᠳᠡ ᠬᠠᠳᠠᠩᠰᠢᠬᠤ ᠶᠤᠮ︕      ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭᠠᠲᠤᠷ ᠮᠥᠨ᠃ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ᠪᠦᠬᠦ ᠤᠯᠤᠰ ᠤᠨ ᠥᠷᠭᠡᠨ ᠤᠯᠠᠨ ᠠᠵᠢᠯᠴᠢᠨ᠂ ᠲᠠᠷᠢᠶᠠᠴᠢᠨ᠂ ᠰᠡᠬᠡᠭᠡᠲᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ᠂ ᠡᠯ᠎ᠡ ᠡᠲᠡᠭᠡᠳ ᠤᠨ ᠡᠬᠡ ᠣᠷᠣᠨᠴᠢ ᠬᠥᠮᠦᠰ᠂ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠰᠡᠷᠭᠡᠶᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ ᠵᠢᠯᠤᠭᠤᠳᠤᠬᠴᠢ ᠪᠠᠶᠢᠯᠳᠤᠭᠴᠢ᠂ ᠪᠦᠬᠦ ᠨᠡᠶᠢᠭᠡᠮ ᠵᠢᠷᠤᠮ ᠤᠨ ᠬᠥᠳᠡᠯᠮᠦᠷᠢᠴᠢᠨ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠬᠦᠨ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠦᠶ᠎ᠠ︕ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ ᠨᠡᠷ ᠵᠢᠴᠢ ᠥᠷᠭᠡᠨ ᠤᠯᠠᠨ ᠳᠤᠮᠳᠠᠳᠤ ᠶᠢᠨ ᠬᠠᠷᠢᠶᠠᠲᠤ ᠨᠡᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ︕ ᠳᠤᠮᠳᠠᠳᠤ ᠤᠯᠤᠰ ᠤᠨ ᠠᠷᠠᠳ ᠲᠦᠮᠡᠨ ᠲᠠᠢ ᠨᠥᠬᠦᠷᠰᠡᠭ ᠢᠶᠠᠷ ᠶᠠᠪᠤᠯᠴᠠᠵᠤ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠠᠷᠠᠳ ᠲᠦᠮᠡᠨ ᠪᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠨᠥᠬᠦᠳ ᠡ᠂ ᠨᠠᠶᠢᠵᠠ ᠨᠠᠷ ᠡ︕      ᠤᠭ ᠰᠠᠨᠠᠭ᠎ᠠ ᠶᠢ ᠲᠤᠬᠳᠠᠭᠠᠬᠤ ᠳᠤ ᠬᠢᠯᠪᠠᠷ᠂ ᠢᠮᠠᠭᠲᠠ ᠵᠢᠷᠤᠮᠯᠠᠬᠤ ᠳᠤ ᠬᠦᠴᠢᠷ᠃ ᠲᠡᠦᠬᠡ ᠪᠠᠷ ᠲᠤᠯᠢ ᠪᠣᠯᠭᠠᠪᠠᠯ᠂ ᠲᠦᠷᠦ ᠭᠦᠷᠦᠨ ᠤ ᠮᠠᠨᠳᠤᠵᠤ ᠮᠥᠬᠦᠬᠦ ᠰᠤᠯᠢᠬᠳᠠᠬᠤ ᠶᠤᠰᠤ ᠶᠢ ᠮᠡᠳᠡᠵᠦ ᠪᠣᠯᠤᠨ᠎ᠠ᠃ ᠪᠢᠳᠡ ᠲᠡᠦᠬᠡ ᠪᠠᠷ ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ ᠲᠣᠳᠣᠷᠬᠠᠢ ᠣᠶᠢᠯᠠᠭᠠᠵᠤ᠂ ᠡᠭᠦᠨ ᠤ ᠤᠯᠠᠮ ᠢᠶᠠᠷ ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠬᠡᠷᠡᠭᠲᠡᠢ᠃      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠳᠤᠮᠳᠠᠳᠤ ᠶᠢᠨ ᠦᠨᠳᠦᠰᠦᠲᠡᠨ ᠤ ᠤᠢᠢᠷ᠎ᠠ ᠦᠶ᠎ᠡ ᠠᠴᠠ ᠨᠠᠭᠠᠰᠢᠬᠢ 180 ᠭᠠᠷᠤᠢ ᠵᠢᠯ ᠤᠨ ᠲᠡᠦᠬᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ 100 ᠵᠢᠯ ᠤᠨ ᠲᠡᠦᠬᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ 70 ᠭᠠᠷᠤᠢ ᠵᠢᠯ ᠤᠨ ᠲᠡᠦᠬᠡ ᠴᠥᠮ ᠳᠤᠮᠳᠠᠳᠤ ᠤᠯᠤᠰ ᠤᠨ ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠦ ᠴᠢᠳᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ ᠭᠦᠢᠴᠡᠳ ᠭᠡᠷᠡᠴᠢᠯᠡᠪᠡ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ ᠰᠣᠩᠭᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠢᠯᠠ ᠲᠤᠳᠤ ᠮᠥᠨ ᠴᠢᠨᠠᠷ ᠤᠨ ᠣᠨᠴᠠᠯᠢᠭ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠮᠥᠨ᠂ ᠨᠠᠮ ᠪᠣᠯᠤᠨ ᠤᠯᠤᠰ ᠤᠨ ᠦᠨᠳᠦᠰᠦ ᠰᠠᠭᠤᠷᠢ᠂ ᠠᠮᠢᠨ ᠰᠤᠳᠠᠰᠤ ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ᠂ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠭ᠎ᠠ ᠶᠤᠮ᠃      ᠰᠢᠨ᠎ᠡ ᠠᠶᠠᠨ ᠳᠠᠭᠠᠨ᠂ ᠪᠢᠳᠡ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠨᠠᠮ ᠤᠨ ᠰᠢᠨᠵᠢᠯᠡᠬᠦ ᠤᠬᠠᠭᠠᠨᠴᠢ ᠪᠠᠷ ᠲᠥᠷᠥ ᠪᠠᠷᠢᠬᠤ᠂ ᠠᠷᠠᠳᠴᠢᠯᠠᠯ ᠢᠶᠠᠷ ᠲᠥᠷᠥ ᠪᠠᠷᠢᠬᠤ᠂ ᠬᠠᠤᠯᠢ ᠶᠣᠰᠣᠭᠠᠷ ᠲᠥᠷᠥ ᠪᠠᠷᠢᠬᠤ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠮ ᠤᠨ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠵᠤ ᠤᠳᠤᠷᠢᠳᠬᠤ ᠭᠤᠤᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ︕      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠢ᠃ ᠲᠥᠷᠥ ᠵᠠᠰᠠᠭ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ ᠵᠠᠰᠠᠭ ᠮᠦᠨ᠂ ᠲᠥᠷᠥ ᠵᠠᠰᠠᠭ ᠢ ᠪᠠᠶᠢᠭᠤᠯᠬᠤ᠂ ᠲᠥᠷᠥ ᠵᠠᠰᠠᠭ ᠢ ᠰᠠᠬᠢᠬᠤ ᠨᠢ ᠠᠷᠠᠳ ᠲᠦᠮᠡᠨ ᠤ ᠰᠡᠳᠬᠢᠯ ᠢ ᠰᠠᠬᠢᠵᠦ ᠪᠠᠶᠢᠭ᠎ᠠ ᠶᠠᠪᠤᠳᠠᠯ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ᠂ ᠠᠷᠠᠳ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠦᠬᠦᠵᠦ ᠰᠡᠭᠡᠬᠦ ᠪᠠᠨ ᠬᠠᠮᠲᠤᠳᠬᠠᠵᠤ ᠪᠠᠶᠢᠭ᠎ᠠ ᠶᠤᠮ᠂ ᠶᠠᠮᠠᠷ ᠴᠤ ᠥᠪᠡᠷ ᠤᠨ ᠣᠨᠴᠠᠭᠠᠢ ᠠᠰᠢᠭ ᠲᠤᠰᠠ ᠭᠡᠵᠦ ᠪᠠᠶᠢᠬᠤ ᠦᠭᠡᠢ᠂ ᠶᠡᠷᠦ ᠠᠴᠠ ᠶᠠᠮᠠᠷᠪᠠ ᠠᠰᠢᠭ ᠲᠤᠰᠠ ᠶᠢᠨ ᠪᠦᠯᠦᠭᠯᠡᠯ᠂ ᠶᠠᠮᠠᠷᠪᠠ ᠡᠷᠬᠡ ᠰᠦᠷᠲᠦ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠳᠡᠭ ᠦᠭᠡᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠢ ᠳᠤᠮᠳᠠᠳᠤ ᠤᠯᠤᠰ ᠤᠨ ᠠᠷᠠᠳ ᠲᠦᠮᠡᠨ ᠠᠴᠠ ᠰᠠᠯᠭᠠᠵᠤ᠂ ᠡᠰᠡᠷᠭᠦᠴᠡᠯᠳᠦᠭᠦᠯᠬᠦ ᠭᠡᠰᠡᠨ ᠶᠠᠮᠠᠷᠪᠠ ᠤᠷᠤᠯᠳᠤᠯᠭ᠎ᠠ ᠪᠣᠯ ᠴᠥᠮ ᠪᠡᠶᠡᠯᠡᠭᠳᠡᠰᠢ ᠦᠭᠡᠢ ᠶᠤᠮ︕ ᠡᠭᠦᠨ ᠢ 9500 ᠭᠠᠷᠤᠢ ᠲᠦᠮᠡᠨ ᠳᠤᠮᠳᠠᠳᠤ ᠤᠯᠤᠰ ᠤᠨ ᠡᠪ ᠬᠠᠮᠲᠤᠴᠤᠳ ᠵᠥᠪᠰᠢᠶᠡᠷᠡᠬᠦ ᠦᠭᠡᠢ ᠶᠤᠮ︕ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠴᠦ ᠵᠥᠪᠰᠢᠶᠡᠷᠡᠬᠦ ᠦᠭᠡᠢ ᠶᠤᠮ︕      ᠰᠢᠨ᠎ᠡ ᠠᠶᠠᠨ ᠳᠠᠭᠠᠨ᠂ ᠪᠢᠳᠡ ᠡᠷᠬᠡᠪᠰᠢ ᠠᠷᠠᠳ ᠲᠦᠮᠡᠨ ᠳᠤ ᠴᠢᠩᠭ᠎ᠠ ᠲᠦᠰᠢᠭᠯᠡᠨ ᠲᠡᠦᠬᠡ ᠶᠢ ᠡᠭᠦᠳᠦᠨ ᠪᠦᠲᠦᠭᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ ᠪᠦᠳᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠪᠠ ᠠᠷᠠᠳ ᠤᠯᠠᠨ ᠤ ᠲᠤᠯᠭᠠᠮ ᠱᠠᠭᠠᠷᠳᠠᠵᠦ ᠪᠠᠶᠢᠭ᠎ᠠ ᠬᠦᠴᠢᠷᠳᠡᠵᠦ ᠪᠠᠶᠢᠭ᠎ᠠ ᠬᠦᠰᠡᠨ ᠬᠦᠯᠢᠶᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠢ ᠨᠡᠩ ᠢᠯᠡᠷᠬᠡᠢ ᠪᠤᠳᠠᠳᠤ ᠠᠬᠢᠴᠠ ᠲᠠᠢ ᠪᠣᠯᠭᠠᠬᠤ ᠬᠡᠷᠡᠭᠲᠡᠢ︕      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠠᠷᠺᠰ ᠤᠨ ᠦᠵᠡᠯ ᠪᠣᠯ ᠮᠠᠨ ᠤ ᠨᠠᠮ ᠪᠠᠶᠢᠭᠤᠯᠬᠤ ᠤᠯᠤᠰ ᠪᠠᠶᠢᠭᠤᠯᠬᠤ ᠶᠢᠨ ᠦᠨᠳᠦᠰᠦᠨ ᠵᠢᠯᠣᠭᠤᠳᠬᠤ ᠦᠵᠡᠯ ᠰᠠᠨᠠᠭ᠎ᠠ ᠮᠥᠨ᠂ ᠮᠠᠨ ᠤ ᠨᠠᠮ ᠤᠨ ᠰᠦᠭ ᠰᠦᠨᠡᠰᠦ ᠪᠠ ᠲᠤᠭ ᠲᠡᠮᠳᠡᠭ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠤᠨ ᠦᠵᠡᠯ ᠤᠨ ᠦᠨᠳᠦᠰᠦᠨ ᠶᠣᠰᠣ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠨ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠠᠴᠠ ᠡᠭᠦᠰᠴᠦ᠂ ᠴᠠᠭ ᠦᠶ᠎ᠡ ᠶᠢᠨ ᠶᠡᠭᠡ ᠬᠠᠨᠳᠤᠰᠢ ᠶᠢ ᠨᠡᠪᠲᠡ ᠠᠵᠢᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠰᠢᠷᠭᠠᠭᠤ ᠬᠠᠲᠠᠭᠤᠵᠢᠯᠲᠠᠢ ᠪᠠᠷ ᠬᠠᠶᠢᠨ ᠰᠦᠪᠡᠭᠴᠢᠯᠡᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠵᠢᠯᠣᠭᠤᠳᠤᠨ ᠠᠭᠤᠤ ᠶᠡᠭᠡ ᠨᠡᠶᠢᠭᠡᠮ ᠤᠨ ᠬᠤᠪᠢᠰᠬᠠᠯ ᠢ ᠲᠠᠰᠤᠷᠠᠯᠲᠠ ᠦᠭᠡᠢ ᠠᠬᠢᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠭᠰᠠᠨ ᠠᠴᠠ ᠪᠣᠯᠤᠭᠰᠠᠨ ᠶᠤᠮ︕      ᠰᠢᠨ᠎ᠡ ᠠᠶᠠᠨ ᠳᠠᠭᠠᠨ᠂ ᠪᠢᠳᠠ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠦᠨᠳᠦᠰᠦᠨ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠴᠠᠭ ᠦᠶ᠎ᠡ ᠶᠢ ᠠᠵᠢᠠᠠᠯᠠᠵᠦ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠳᠦᠯᠦᠨ ᠳᠠᠭᠠᠭᠤᠯᠵᠤ ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ 21 ᠳ᠋ᠤᠭᠡᠷ ᠵᠠᠭᠤᠨ ᠤ ᠮᠠᠷᠺᠰ ᠤᠨ ᠦᠵᠡᠯ ᠢ ᠦᠷᠭᠦᠯᠵᠢᠯᠡᠨ ᠬᠥᠭᠵᠢᠭᠦᠯᠬᠦ ᠬᠡᠷᠡᠭᠲᠡᠢ︕      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃ ᠥᠪᠡᠷ ᠤᠨ ᠵᠠᠮ ᠢᠶᠠᠷ ᠢᠶᠠᠨ ᠵᠠᠮᠨᠠᠬᠤ ᠪᠣᠯ ᠨᠠᠮ ᠤᠨ ᠪᠦᠬᠦ ᠤᠨᠤᠯ ᠪᠠ ᠦᠢᠯᠡᠳᠦᠯᠭᠡ ᠶᠢᠨ ᠵᠣᠭᠰᠣᠴᠠ ᠮᠥᠨ᠂ ᠨᠡᠩ ᠴᠤ ᠨᠠᠮ ᠤᠨ ᠵᠠᠭᠤᠨ ᠵᠢᠯ ᠤᠨ ᠲᠡᠮᠡᠴᠡᠯ ᠢᠶᠠᠷ ᠳᠠᠮᠵᠢᠨ ᠣᠯᠤᠭᠰᠠᠨ ᠲᠡᠦᠬᠡᠨ ᠳ᠋ᠦᠩᠨᠡᠯᠲᠡ ᠮᠥᠨ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠨᠠᠮ ᠪᠠ ᠠᠷᠠᠳ ᠲᠦᠮᠡᠨ ᠤ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ ᠣᠯᠤᠭᠰᠠᠨ ᠦᠨᠳᠦᠰᠦᠨ ᠠᠮᠵᠢᠯᠲᠠ ᠪᠦᠲᠦᠮᠵᠢ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠮᠥᠨ᠃ ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠪᠣᠳᠠᠰ ᠤᠨ ᠪᠣᠯᠪᠠᠰᠤᠨ᠂ ᠤᠯᠤᠰ ᠲᠦᠷᠦ ᠶᠢᠨ ᠪᠣᠯᠪᠠᠰᠤᠨ᠂ ᠤᠶᠤᠨ ᠤ ᠪᠣᠯᠪᠠᠰᠤᠨ᠂ ᠨᠡᠶᠢᠭᠡᠮ ᠤᠨ ᠪᠣᠯᠪᠠᠰᠤᠨ᠂ ᠠᠮᠢ ᠠᠬᠤᠢ ᠶᠢᠨ ᠪᠣᠯᠪᠠᠰᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ ᠢ ᠨᠡᠬᠡᠭᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠠᠯ ᠢ ᠪᠤᠢ ᠪᠤᠯᠭᠠᠵᠠᠢ᠃      ᠰᠢᠨ᠎ᠡ ᠠᠶᠠᠨ ᠳᠠᠭᠠᠨ᠂ ᠪᠢᠳᠡ ᠡᠷᠬᠡᠪᠰᠢ ᠨᠠᠮ ᠤᠨ ᠦᠨᠳᠦᠰᠦᠨ ᠤᠨᠤᠯ᠂ ᠦᠨᠲᠦᠰᠦᠠ ᠱᠤᠭᠤᠮ᠂ ᠦᠨᠲᠦᠰᠦᠨ ᠴᠢᠭᠯᠡᠯᠲᠡ ᠶᠢ ᠪᠠᠷᠢᠮᠲᠠᠯᠠᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠦ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠨ᠂ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠭᠤᠣᠯᠯᠠᠬᠴᠢ ᠥᠷᠳᠡᠭ ᠤᠨ ᠰᠢᠰᠲ᠋ᠧᠮ ᠢ ᠪᠠᠷᠢᠮᠲᠠᠯᠠᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠶᠢ ᠪᠠᠷᠢᠮᠲᠠᠯᠠᠵᠦ᠂ ᠠᠷᠠᠳ ᠲᠦᠮᠡᠨ ᠢ ᠴᠢᠨᠡᠭᠡᠯᠢᠭᠵᠢᠬᠦᠯᠬᠦ᠂ ᠤᠯᠤᠰ ᠬᠦᠷᠦᠨ ᠢ ᠬᠦᠴᠦᠷᠭᠡᠭᠵᠢᠬᠦᠯᠬᠦ᠂ ᠳᠤᠮᠳᠠᠳᠤ ᠤᠯᠤᠰ ᠢ ᠦᠵᠡᠰᠬᠦᠯᠡᠩᠳᠦ ᠰᠠᠶᠢᠬᠠᠨ ᠪᠤᠯᠭᠠᠬᠤ ᠶᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ᠃      ᠳᠤᠮᠳᠠᠳᠤ ᠶᠢᠨ ᠦᠨᠳᠦᠰᠦᠲᠡᠨ ᠳᠤ 5000 ᠭᠠᠷᠤᠢ ᠵᠢᠯ ᠤᠨ ᠲᠡᠦᠬᠡ ᠶᠢᠨ ᠤᠯᠠᠷᠢᠯ ᠬᠤᠪᠢᠰᠤᠯ ᠤᠨ ᠳᠤᠮᠳᠠ ᠪᠦᠷᠢᠯᠳᠦᠭᠰᠡᠨ ᠭᠡᠷᠡᠯ ᠰᠠᠴᠤᠷᠠᠩᠭᠤᠢ ᠪᠣᠯᠪᠠᠰᠤᠨ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠵᠠᠭᠤᠨ ᠵᠢᠯ ᠤᠨ ᠲᠡᠮᠡᠴᠡᠯ ᠤᠨ ᠦᠢᠯᠡᠳᠦᠯᠭᠡ ᠪᠣᠯᠤᠨ 70 ᠭᠠᠷᠤᠢ ᠵᠢᠯ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠤᠭᠰᠠᠠ ᠲᠤᠷᠰᠢᠯᠭ᠎ᠠ ᠲᠠᠢ ᠶᠤᠮ᠂ ᠪᠢᠳᠡ ᠬᠥᠮᠦᠨ ᠲᠥᠷᠥᠯᠬᠢᠲᠡᠨ ᠤ ᠪᠣᠯᠪᠠᠰᠤᠨ ᠤ ᠠᠰᠢᠭᠲᠠᠢ ᠦᠷ᠎ᠡ ᠪᠦᠲᠦᠭᠡᠯ ᠪᠦᠬᠦᠨ ᠢ ᠢᠳᠡᠪᠬᠢᠲᠡᠢ ᠰᠤᠷᠤᠯᠴᠠᠨ ᠲᠡᠭᠦᠨ ᠢᠶᠠᠷ ᠲᠤᠯᠢ ᠪᠣᠯᠭᠠᠵᠤ᠂ ᠠᠰᠢᠭᠲᠠᠢ ᠰᠠᠨᠠᠭᠤᠯᠭ᠎ᠠ ᠪᠠ ᠰᠠᠶᠢᠨ ᠰᠠᠨᠠᠭᠠᠨ ᠤ ᠰᠢᠭᠦᠮᠵᠢᠯᠡᠯ ᠪᠦᠬᠦᠨ ᠢ ᠪᠠᠶᠠᠷᠯᠠᠨ ᠤᠭᠲᠤᠨ᠎ᠠ᠂ ᠭᠡᠪᠡᠴᠦ ᠪᠢᠳᠡ ᠶᠠᠭᠠᠬᠢᠭᠰᠠᠨ ᠴᠤ ︽ᠪᠠᠭᠰᠢᠳᠠᠨ︾ ᠢᠶᠠᠷ ᠠᠪᠤᠷᠢᠯᠠᠨ ᠵᠢᠭᠠᠵᠤ ᠲᠤᠬᠢᠬᠤ ᠰᠤᠷᠭᠠᠯ ᠢ ᠤᠭᠲᠤ ᠬᠦᠯᠢᠶᠡᠬᠦ ᠦᠭᠡᠢ︕ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠰᠣᠩᠭᠤᠭᠰᠠᠨ ᠵᠠᠮ ᠢᠶᠠᠷ ᠢᠶᠠᠨ ᠴᠡᠭᠡᠵᠢ ᠲᠡᠨᠢᠢᠨ ᠲᠤᠮᠤ ᠠᠯᠬᠤᠮ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠨ᠎ᠠ︕      — ᠲᠡᠤᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ᠃ ᠤᠯᠤᠰ ᠬᠦᠷᠦᠨ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢ ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭ ᠪᠣᠯ ᠰᠠᠶ᠋ᠢ ᠤᠯᠤᠰ ᠬᠦᠷᠦᠨ ᠠᠮᠤᠷ ᠲᠠᠶᠢᠪᠤᠩ ᠪᠠᠶᠢᠵᠤ ᠴᠢᠳᠠᠨ᠎ᠠ᠃ ᠨᠠᠮ ᠠᠴᠠ ᠵᠡᠪᠰᠡᠭ ᠢ ᠵᠢᠯᠤᠭᠤᠳᠬᠤ᠂ ᠥᠪᠡᠷ ᠤᠨ ᠠᠷᠠᠳ ᠤᠨ ᠴᠡᠷᠢᠭ ᠠᠩᠬᠢ ᠪᠠᠨ ᠪᠠᠶᠢᠭᠤᠯᠬᠤ ᠶᠢ ᠪᠠᠷᠢᠮᠲᠠᠯᠠᠬᠤ ᠪᠣᠯ ᠨᠠᠮ ᠤᠨ ᠴᠢᠰᠤᠲᠤ ᠲᠡᠮᠡᠴᠡᠯ ᠤᠨ ᠳᠤᠮᠳᠠ ᠠᠴᠠ ᠣᠯᠤᠭᠰᠠᠨ ᠨᠢᠴᠤᠭᠠᠭᠳᠠᠰᠢ ᠤᠢᠭᠡᠢ ᠦᠨᠡᠨ ᠶᠣᠰᠣ ᠮᠥᠨ᠃ ᠠᠷᠠᠳ ᠤᠨ ᠴᠡᠷᠢᠭ ᠠᠩᠬᠢ ᠨᠢ ᠨᠠᠮ ᠪᠣᠯᠤᠨ ᠠᠷᠠᠳ ᠲᠦᠮᠡᠨ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠤᠭᠰᠠᠨ ᠶᠤᠮ᠂ ᠡᠨᠡ ᠪᠣᠯ ᠬᠤᠪᠢᠰᠬᠠᠯᠲᠤ ᠲᠦᠷᠦ ᠵᠠᠰᠠᠭ ᠢ ᠬᠠᠮᠠᠭᠠᠯᠠᠬᠤ ᠂ ᠦᠨᠳᠦᠰᠦᠲᠡᠨ ᠤ ᠨᠡᠷ᠎ᠡ ᠬᠦᠨᠳᠦ ᠶᠢ ᠬᠠᠮᠠᠭᠠᠯᠠᠬᠤ ᠪᠠᠲᠤ ᠴᠢᠩᠭ᠎ᠠ ᠲᠤᠯᠭᠠᠭᠤᠷᠢ ᠮᠥᠨ᠂ ᠪᠠᠰᠠ ᠴᠤ ᠭᠠᠵᠠᠷ ᠣᠷᠣᠨ ᠪᠣᠯᠤᠨ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠬᠦᠴᠦᠷᠬᠡᠭ ᠶᠡᠭᠡ ᠬᠦᠴᠦᠨ ᠮᠥᠨ᠃      ᠰᠢᠨ᠎ᠡ ᠠᠶᠠᠨ ᠳᠠᠭᠠᠨ᠂ ᠪᠢᠳᠡ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠠᠷᠠᠳ ᠤᠨ ᠴᠡᠷᠢᠭ ᠠᠩᠬᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠤᠰᠤᠭᠠᠷ ᠴᠡᠷᠢᠭ ᠢ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠪᠣᠯᠭᠠᠨ ᠪᠠᠶᠢᠭᠤᠯᠵᠤ᠂ ᠨᠡᠩ ᠬᠦᠴᠦᠷᠬᠡᠭ ᠶᠡᠭᠡ ᠴᠢᠳᠠᠪᠤᠷᠢ᠂ ᠨᠡᠩ ᠨᠠᠶᠢᠳᠠᠪᠤᠷᠢᠲᠠᠢ ᠠᠷᠭ᠎ᠠ ᠪᠠᠷᠢᠯ ᠢᠶᠠᠷ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ︕      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠬᠡᠬᠡᠬᠦ ᠳᠤ᠂ ᠡᠷᠬᠡᠪᠰᠢ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠡᠩᠬᠡ ᠲᠠᠶᠢᠪᠤᠩ᠂ ᠡᠶ᠎ᠡ ᠨᠠᠶᠢᠷᠠᠮᠳᠠᠭᠤ᠂ ᠡᠶ᠎ᠡ ᠵᠣᠬᠢᠴᠠᠩᠭᠤᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ 5000 ᠭᠠᠷᠤᠢ ᠵᠢᠯ ᠤᠨ ᠲᠤᠷᠰᠢ ᠬᠥᠭᠡᠭᠡᠴᠡᠯᠳᠦᠭᠰᠡᠭᠡᠷ ᠢᠷᠡᠭᠰᠡᠨ ᠪᠥᠭᠡᠳ ᠵᠠᠯᠭᠠᠮᠵᠢᠯᠠᠭᠰᠠᠭᠠᠷ ᠢᠷᠡᠭᠰᠡᠨ ᠣᠶᠢᠯᠠᠭᠠᠭᠳᠠᠬᠤᠨ ᠮᠥᠨ᠂ ᠳᠤᠮᠳᠠᠳᠤ ᠶᠢᠨ ᠦᠨᠳᠦᠰᠦᠲᠡᠨ ᠤ ᠴᠢᠰᠤᠨ ᠳᠤ ᠪᠤᠰᠤᠳ ᠢ ᠲᠦᠷᠢᠮᠡᠬᠡᠶᠢᠯᠡᠬᠦ᠂ ᠡᠵᠡᠨ ᠮᠡᠳᠡᠵᠤ ᠡᠵᠡᠷᠬᠡᠨ ᠠᠭᠠᠰᠢᠯᠠᠬᠤ ᠤᠳᠤᠮᠰᠢᠯ ᠬᠡᠵᠤ ᠪᠠᠶᠢᠬᠤ ᠦᠭᠡᠢ᠃ ᠳᠤᠮᠳᠠᠳᠤ ᠤᠯᠤᠰ ᠤᠨ ᠡᠪ ᠬᠠᠮᠲᠤ ᠨᠠᠮ ᠬᠥᠮᠦᠨ ᠲᠥᠷᠥᠯᠬᠢᠲᠡᠨ ᠤ ᠢᠷᠡᠭᠡᠳᠦᠢ ᠶᠢᠨ ᠬᠤᠪᠢ ᠵᠠᠶᠠᠭ᠎ᠠ ᠶᠢ ᠠᠩᠬᠠᠷᠴᠤ᠂ ᠳᠡᠯᠡᠬᠡᠢ ᠳᠡᠭᠡᠷᠡᠬᠢ ᠠᠯᠢᠪᠠ ᠳᠠᠪᠰᠢᠩᠭᠤᠢ ᠬᠦᠴᠦᠨ ᠲᠠᠢ ᠭᠠᠷ ᠬᠤᠯᠪᠣᠨ ᠤᠷᠤᠭᠰᠢᠯᠠᠨ᠎ᠠ᠂ ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ︕      ᠰᠢᠨ᠎ᠡ ᠠᠶᠠᠨ ᠳᠠᠭᠠᠨ᠂ ᠪᠢᠳᠡ ᠡᠷᠬᠡᠪᠰᠢ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ᠲᠤᠭ ᠢ ᠥᠨᠳᠥᠷ ᠮᠠᠨᠳᠤᠭᠤᠯᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠣᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠶ ᠳ᠋ᠠᠬᠢᠨ ᠳᠤ ᠰᠢᠨ᠎ᠡ ᠠᠵᠠ ᠲᠣᠬᠢᠶᠠᠯ ᠤᠯᠭᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠦᠷᠭᠦᠯᠵᠢᠯᠡᠨ ᠡᠩᠬᠡ ᠲᠠᠶᠢᠪᠤᠩ ᠢ ᠡᠷᠬᠢᠮᠯᠡᠳᠡᠭ ᠠᠯᠢᠪᠠ ᠤᠯᠤᠰ ᠪᠠ ᠠᠷᠠᠳ ᠲᠦᠮᠡᠨ ᠲᠠᠢ ᠬᠠᠮᠲᠤ ᠪᠠᠷ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠲᠠᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠬᠠᠮᠲᠤᠷᠠᠯᠴᠠᠬᠤ ᠠᠴᠠ ᠪᠢᠰᠢ ᠡᠰᠡᠷᠭᠦᠴᠡᠯᠳᠦᠬᠦ ᠦᠭᠡᠢ᠂ ᠨᠡᠭᠡᠭᠡᠯᠳᠡ ᠬᠢᠬᠦ ᠠᠴᠠ ᠪᠢᠰᠢ ᠡᠬᠦᠳᠡ ᠪᠠᠨ ᠲᠦᠭᠵᠢᠬᠦ ᠦᠭᠡᠢ ᠪᠠᠶᠢᠬᠤ ᠶᠢ ᠪᠠᠷᠢᠮᠲᠠᠯᠠᠵᠤ᠂ ᠬᠠᠷᠢᠯᠴᠠᠨ ᠠᠰᠢᠭᠳᠠᠢ ᠬᠠᠮᠲᠤ ᠪᠠᠷ ᠠᠰᠢᠬ ᠬᠥᠷᠳᠡᠬᠦ ᠶᠢ ᠪᠠᠷᠢᠮᠲᠠᠯᠠᠨ᠂ ᠲᠡᠭ ᠨᠡᠶᠢᠯᠡᠪᠤᠷᠢ ᠶᠢᠨ ᠦᠵᠡᠯᠴᠡᠭᠡᠨ ᠢ ᠬᠢᠬᠦ ᠦᠭᠡᠢ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠤ ᠶᠢ ᠡᠰᠡᠷᠭᠦᠴᠡᠵᠦ᠂ ᠲᠡᠦᠬᠡ ᠶᠢᠨ ᠬᠦᠷᠳᠦ ᠶᠢᠨ ᠭᠡᠭᠡᠨ ᠰᠠᠷᠠᠭᠤᠯ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠤᠨ᠎ᠠ︕      ᠳᠤᠮᠳᠠᠳᠤ ᠤᠯᠤᠰ ᠤᠨ ᠠᠷᠠᠳ ᠲᠦᠮᠡᠨ ᠪᠣᠯ ᠰᠢᠳᠤᠷᠭᠤ ᠶᠣᠰᠣ ᠶᠢ ᠡᠷᠬᠢᠮᠯᠡᠵᠦ᠂ ᠬᠦᠴᠦᠷᠬᠡᠭᠯᠡᠯ ᠠᠴᠠ ᠰᠦᠷᠳᠡᠳᠡᠭ ᠦᠭᠡᠢ ᠠᠷᠠᠳ ᠲᠦᠮᠡᠨ ᠮᠥᠨ᠂ ᠳᠤᠮᠳᠠᠳᠤ ᠶᠢᠨ ᠦᠨᠳᠦᠰᠦᠲᠡᠨ ᠪᠣᠯ ᠪᠠᠲᠤ ᠴᠢᠩᠭ᠎ᠠ ᠦᠨᠳᠦᠰᠦᠲᠡᠨ ᠤ ᠤᠮᠤᠬᠰᠢᠯᠳᠦ ᠰᠡᠳᠬᠢᠯᠭᠡ ᠪᠠ ᠢᠲᠡᠭᠡᠯ ᠵᠣᠷᠢᠭ ᠲᠠᠢ ᠦᠨᠳᠦᠰᠦᠲᠡᠨ ᠮᠥᠨ᠃ ᠳᠤᠮᠳᠠᠳᠤ ᠤᠯᠤᠰ ᠤᠨ ᠠᠷᠠᠳ ᠲᠦᠮᠡᠨ ᠶᠡᠷᠦ ᠠᠴᠠ ᠪᠤᠰᠤᠳ ᠤᠯᠤᠰ ᠤᠨ ᠠᠷᠠᠳ ᠲᠦᠮᠡᠨ ᠢ ᠲᠤᠷᠤᠮᠵᠢᠯᠠᠵᠤ᠂ ᠳᠠᠷᠤᠯᠠᠵᠤ᠂ ᠪᠣᠭᠤᠯᠴᠢᠯᠠᠵᠤ ᠥᠩᠭᠡᠷᠡᠭᠰᠡᠨ ᠦᠭᠡᠢ᠂ ᠦᠩᠭᠡᠷᠡᠭᠰᠡᠨ ᠳᠤ ᠪᠠᠶᠢᠬᠤ ᠦᠭᠡᠢ᠂ ᠤᠳᠤ ᠴᠤ ᠪᠠᠶᠢᠬᠤ ᠦᠭᠡᠢ᠂ ᠢᠷᠡᠭᠡᠳᠦᠢ ᠳᠤ ᠴᠦ ᠪᠠᠶᠢᠬᠤ ᠦᠭᠡᠢ ᠶᠤᠮ᠃ ᠡᠭᠦᠨ ᠤ ᠬᠠᠮᠲᠤ᠂ ᠳᠤᠮᠳᠠᠳᠤ ᠤᠯᠤᠰ ᠤᠨ ᠠᠷᠠᠳ ᠲᠦᠮᠡᠨ ᠪᠠᠰᠠ ᠶᠠᠮᠠᠷᠪᠠ ᠭᠠᠳᠠᠭᠠᠳᠤ ᠶᠢᠨ ᠬᠦᠴᠦᠨ ᠤ ᠪᠢᠳᠡᠨ ᠢ ᠲᠤᠷᠤᠮᠵᠢᠯᠠᠵᠤ᠂ ᠳᠠᠷᠤᠯᠠᠵᠤ᠂ ᠪᠣᠭᠤᠯᠴᠢᠯᠠᠬᠤ ᠶᠢ ᠤᠬᠳᠤ ᠵᠥᠪᠰᠢᠶᠡᠷᠡᠬᠦ ᠦᠭᠡᠢ᠂ ᠬᠡᠨ ᠢᠩᠭᠢᠵᠦ ᠬᠢᠬᠦ ᠪᠠᠷ ᠭᠤᠷᠢᠳᠠᠪᠠᠯ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠢᠰᠤ ᠮᠢᠬ᠎ᠠ ᠪᠠᠷ ᠢᠶᠠᠨ ᠴᠣᠭᠴᠠᠯᠠᠭᠰᠠᠨ ᠪᠤᠯᠤᠳ ᠲᠡᠮᠤᠷ ᠮᠠᠳᠤ ᠤᠷᠳᠤ ᠴᠠᠭᠠᠨ ᠬᠡᠷᠡᠮ ᠤᠨ ᠡᠮᠦᠨ᠎ᠡ ᠲᠤᠬᠤ ᠲᠤᠯᠤᠭᠠᠢ ᠪᠠᠨ ᠬᠠᠭᠠᠷᠠᠳᠠᠯ᠎ᠠ ᠴᠤᠬᠢᠭᠳᠠᠬᠤ ᠨᠢ ᠯᠠᠪᠲᠠᠢ ᠶᠤᠮ︕      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠬᠢᠬᠦ ᠬᠡᠷᠡᠭᠲᠡᠢ᠃ ᠵᠣᠷᠢᠭᠲᠠᠢ ᠪᠠᠷ ᠲᠡᠮᠡᠴᠡᠯ ᠬᠢᠵᠦ᠂ ᠵᠣᠷᠢᠭᠲᠠᠢ ᠪᠠᠷ ᠢᠯᠠᠯᠲᠠ ᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠯᠠᠭᠳᠠᠰᠢ ᠦᠭᠡᠢ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠃ ᠠᠭᠤᠤ ᠶᠡᠭᠡ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠠᠮᠢ ᠴᠦᠯᠡᠨ ᠲᠡᠮᠡᠴᠡᠵᠤ᠂ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ ᠥᠨᠥᠳᠦᠷ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠳᠤ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠣᠶᠢᠷᠠᠳᠴᠤ᠂ ᠡᠨᠡ ᠬᠦ ᠬᠠᠷᠠᠯᠳᠠ ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠡᠤᠬᠡ ᠶᠢᠨ ᠠᠯᠢ ᠴᠦ ᠦᠶ᠎ᠡ ᠠᠴᠠ ᠢᠯᠡᠭᠦᠦ ᠴᠢᠩᠭᠠᠷᠠᠵᠠᠢ᠂ ᠡᠭᠦᠨ ᠤ ᠬᠠᠮᠲᠤ ᠡᠷᠬᠡᠪᠰᠢ ᠨᠡᠩ ᠬᠦᠴᠢᠷ ᠪᠡᠷᠬᠡᠰᠢᠶᠡᠯ ᠲᠠᠢ᠂ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠪᠠᠷ ᠪᠡᠯᠡᠳᠬᠡᠬᠦ ᠬᠡᠷᠡᠭᠲᠡᠢ᠃      ᠰᠢᠨ᠎ᠡ ᠠᠶᠠᠨ ᠳᠠᠭᠠᠨ᠂ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠦᠯᠦ ᠮᠠᠷᠳᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠠᠴᠠ ᠪᠣᠯᠤᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠤᠯᠠᠨ ᠤᠯᠤᠰ ᠤᠨ ᠣᠷᠴᠢᠨ ᠲᠤᠭᠤᠷᠢᠨ ᠠᠴᠠ ᠪᠣᠯᠤᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ ᠭᠦᠨᠵᠡᠭᠡᠢ ᠲᠠᠨᠢᠵᠤ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠠᠭᠤᠯᠠ ᠬᠠᠷᠭᠤᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠭ᠋ᠤ ᠬᠡᠷᠡᠭᠲᠡᠢ︕      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠬᠡᠷᠡᠭᠲᠡᠢ᠃ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠨᠢᠭᠡᠳᠦᠮᠡᠯ ᠹᠷᠣᠨᠲ ᠢ ᠴᠢᠬᠤᠯᠠ ᠪᠠᠶᠢᠷᠢᠨ ᠳᠤ ᠲᠠᠯᠪᠢᠵᠤ᠂ ᠬᠠᠮᠤᠭ ᠤᠨ ᠥᠷᠭᠡᠨ ᠳᠡᠯᠭᠡᠷ ᠨᠢᠭᠡᠳᠦᠮᠡᠯ ᠹᠷᠣᠨᠲ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠠ ᠪᠠᠷ ᠨᠢᠭᠲᠠᠷᠠᠭᠤᠯᠪᠠ᠃ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠤᠨ ᠳᠣᠲᠣᠭᠠᠳᠤ ᠭᠠᠳᠠᠭᠠᠳᠤ ᠳᠠᠬᠢ ᠪᠦᠬᠦ ᠳᠤᠮᠳᠠᠳᠤ ᠶᠢᠨ ᠬᠥᠪᠡᠭᠦᠳ ᠥᠬᠢᠳ ᠢ ᠪᠦᠯᠬᠦᠮᠳᠡᠭᠦᠯᠦᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠢᠬᠤᠯᠠ ᠡᠷᠳᠡᠨᠢ ᠮᠥᠨ᠃      ᠰᠢᠨ᠎ᠡ ᠠᠶᠠᠨ ᠳᠠᠭᠠᠨ᠂ ᠪᠢᠳᠠ ᠡᠷᠬᠡᠪᠰᠢ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠣᠯᠤᠨ ᠤᠯᠠᠨ ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠪᠠᠷ ᠬᠦᠲᠦᠯᠦᠨ ᠲᠠᠭᠠᠭᠤᠯᠬᠤ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠵᠤ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠢᠵᠢᠯᠢ ᠲᠥᠪᠳᠤ ᠲᠣᠭᠤᠷᠢᠭ ᠢ ᠵᠢᠷᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ︕      — ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ ᠪᠡᠯᠭᠡ ᠲᠡᠮᠳᠡᠭ ᠮᠥᠨ᠃ ᠮᠠᠨ ᠤ ᠨᠠᠮ ᠵᠠᠭᠤᠨ ᠪᠡᠷᠬᠡ ᠮᠢᠩᠭᠠᠨ ᠪᠠᠷᠳᠠᠭ᠎ᠠ ᠶᠢ ᠲᠠᠪᠠᠭᠰᠠᠨ ᠴᠤ ᠴᠤᠭ ᠰᠦᠯᠳᠡ ᠪᠠᠳᠠᠷᠠᠩᠭᠤᠢ ᠪᠠᠶᠢᠳᠠᠭ ᠤᠨ ᠨᠢᠭᠡᠨ ᠮᠠᠰᠢ ᠴᠢᠬᠤᠯᠠ ᠰᠢᠯᠲᠠᠭᠠᠨ ᠪᠣᠯ ᠪᠢᠳᠡ ᠨᠠᠮ ᠨᠢ ᠨᠠᠮ ᠢ ᠬᠠᠮᠢᠶᠠᠷᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ ᠲᠤᠰ ᠪᠡᠶ᠎ᠡ ᠶᠢᠨ ᠢᠶᠠᠨ ᠡᠯ᠎ᠡ ᠲᠡᠦᠬᠡᠨ ᠴᠠᠭ ᠦᠶ᠎ᠡ ᠳᠤ ᠲᠤᠯᠭᠠᠷᠠᠭᠰᠠᠨ ᠠᠶᠤᠯ ᠲᠦᠭᠰᠢᠭᠦᠷᠢ ᠪᠠ ᠰᠢᠯᠭᠠᠯᠲᠠ ᠶᠢ ᠲᠠᠰᠤᠷᠠᠯᠲᠠ ᠦᠭᠡᠢ ᠰᠠᠶᠢᠲᠤᠷ ᠠᠷᠭᠠᠴᠠᠭᠠᠵᠤ᠂ ᠮᠠᠨ ᠤ ᠨᠠᠮ ᠤᠨ ᠳᠡᠯᠡᠬᠡᠢ ᠶᠢᠨ ᠪᠠᠶᠢᠳᠠᠯ ᠳᠤ ᠭᠦᠨᠵᠡᠭᠡᠢ ᠬᠤᠪᠢᠷᠠᠯᠲᠠ ᠭᠠᠷᠴᠤ ᠪᠠᠶᠢᠭ᠎ᠠ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠬᠦ ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠪᠣᠯᠬᠤ ᠶᠢ ᠦᠨᠡᠨ ᠬᠦ ᠪᠠᠲᠤᠯᠠᠭᠰᠠᠨ ᠳᠤ ᠪᠠᠶᠢᠨ᠎ᠠ︕      ᠰᠢᠨ᠎ᠡ ᠠᠶᠠᠨ ᠳᠠᠭᠠᠨ᠂ ᠪᠢᠳᠡ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠬᠡᠷᠡᠭᠲᠡᠶ ᠭᠡᠬᠦ ᠶᠣᠰᠣ ᠤᠴᠢᠷ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠭᠦᠷᠢᠳᠡ ᠵᠤᠬᠰᠤᠰᠢ ᠦᠭᠡᠶ ᠬᠢᠬᠦ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠠᠰᠤᠷᠠᠯᠲᠠ ᠦᠭᠡᠶ ᠨᠢᠭᠲᠠᠷᠠᠭᠤᠯᠵᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠺᠠᠳ᠋ᠷᠴᠤᠳ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠶ ᠪᠠᠷ ᠠᠬᠢᠭᠤᠯᠵᠤ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠦᠴᠦᠨ ᠵᠦᠢᠯ ᠢ ᠡᠷᠡᠰ ᠠᠷᠢᠯᠭᠠᠵᠤ᠂ ᠨᠠᠮ ᠤᠨ ᠡᠷᠡᠭᠦᠯ ᠴᠣᠭᠴᠠ ᠶᠢ ᠬᠤᠣᠷᠳᠠᠭᠤᠯᠬᠤ ᠠᠯᠢᠪᠠ ᠸᠢᠷᠦ᠋ᠰ ᠢ ᠠᠷᠢᠯᠭᠠᠵᠤ᠂ ᠨᠠᠮ ᠤᠨ ᠴᠢᠨᠠᠷ ᠬᠤᠪᠢᠷᠠᠬᠤ ᠦᠭᠡᠢ᠂ ᠦᠡᠭᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ ᠪᠠᠶᠢᠬᠤ ᠶᠢ ᠪᠠᠲᠤᠯᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠪᠠᠲᠤᠯᠠᠬᠤ ᠬᠡᠷᠡᠭᠲᠡᠢ︕      ᠨᠥᠬᠦᠳ ᠡ᠂ ᠨᠠᠶᠢᠵᠠ ᠨᠠᠷ ᠡ︕      ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠬᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠲᠥᠪ ᠠᠴᠠ ᠰᠢᠶᠠᠩᠭᠠᠩ᠂ ᠣᠣᠮᠧᠨ ᠵᠠᠰᠠᠭ ᠵᠠᠬᠢᠷᠭᠠᠨ ᠤ ᠣᠨᠴᠠᠭᠠᠶ ᠣᠷᠣᠨ ᠢ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠪᠠ ᠭᠦᠢᠴᠡᠳᠬᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠳᠡᠢ᠃      ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠶᠢᠪᠢᠰᠢ ᠦᠭᠡᠢ ᠲᠡᠦᠬᠡᠨ ᠡᠭᠦᠷᠭᠡ ᠮᠥᠨ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠬᠤ ᠬᠡᠷᠡᠭᠲᠡᠶ᠃ ᠲᠠᠶᠢᠸᠠᠨ ᠬᠤᠭᠤᠯᠠᠶ ᠶᠢᠨ ᠬᠤᠶᠠᠷ ᠬᠦᠪᠡᠬᠡᠨ ᠤ ᠠᠬ᠎ᠠ ᠳᠡᠭᠦᠦ ᠨᠡᠷ ᠢ ᠪᠠᠭᠲᠠᠭᠠᠭᠰᠠᠨ ᠪᠤᠢ ᠪᠦᠬᠦᠢ ᠳᠤᠮᠳᠠᠳᠤ ᠶᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠤᠷᠤᠭᠰᠢᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠠᠯᠢᠪᠠ ᠭᠤᠷᠢᠳᠠᠯᠭ᠎ᠠ ᠶᠢ ᠡᠷᠡᠰ ᠪᠤᠳᠠ ᠨᠢᠷᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ ᠪᠠᠶᠢᠭᠤᠯᠬᠤ ᠬᠡᠷᠡᠭᠲᠡᠶ᠃ ᠶᠠᠮᠠᠷᠴᠤ ᠬᠥᠮᠦᠨ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ ᠣᠷᠣᠨ ᠤ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠬᠠᠳᠠᠨ ᠵᠤᠷᠢᠭ᠂ ᠪᠠᠳᠤ ᠬᠦᠴᠦᠨ᠂ ᠬᠦᠴᠦᠷᠬᠡᠭ ᠶᠡᠭᠡ ᠴᠢᠳᠠᠪᠤᠷᠢ ᠶᠢ ᠪᠠᠰᠤᠮᠵᠢᠯᠠᠵᠤ ᠪᠣᠯᠬᠤ ᠦᠭᠡᠢ︕      ᠨᠥᠬᠦᠳ ᠡ᠂ ᠨᠠᠶᠢᠵᠠ ᠨᠠᠷ ᠡ︕      ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠶ᠎ᠡ᠃ ᠵᠠᠭᠤᠨ ᠵᠢᠯ ᠤᠨ ᠡᠮᠦᠨ᠎ᠡ᠂ ᠨᠢᠭᠡ ᠪᠦᠯᠦᠭ ᠰᠢᠨ᠎ᠡ ᠵᠠᠯᠠᠭᠤᠴᠤᠳ ᠮᠠᠷᠺᠰ ᠤᠨ ᠦᠵᠡᠯ ᠤᠨ ᠦᠵᠡᠯ ᠰᠠᠨᠠᠭᠠᠨ ᠤ ᠭᠠᠯ ᠪᠠᠮᠪᠠᠷ ᠢ ᠥᠨᠳᠥᠷ ᠮᠠᠨᠳᠤᠭᠤᠯᠵᠤ᠂ ᠰᠠᠯᠬᠢᠨ ᠪᠤᠷᠤᠭᠠᠨᠳᠤ ᠬᠠᠷᠠᠩᠭᠤᠢ ᠪᠦᠷᠦᠩᠭᠦᠢ ᠳᠤᠮᠳᠠᠳᠤ ᠤᠯᠤᠰ ᠲᠤ ᠨᠢᠬᠡ ᠯᠡ ᠰᠡᠳᠬᠢᠯ ᠢᠶᠠᠷ ᠦᠨᠳᠦᠰᠦᠲᠡᠨ ᠤ ᠰᠡᠷᠭᠦᠨ ᠮᠠᠨᠳᠤᠯᠲᠠ ᠶᠢᠨ ᠢᠷᠡᠭᠡᠳᠦᠢ ᠶᠢ ᠡᠷᠢᠯᠬᠢᠯᠡᠪᠡ᠃ ᠵᠠᠭᠤᠨ ᠵᠢᠯ ᠤᠨ ᠲᠤᠷᠰᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠳᠣᠣᠷ᠎ᠠ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠵᠠᠯᠠᠭᠤ ᠨᠠᠰᠤᠨ ᠤ ᠲᠡᠮᠡᠴᠡᠯ ᠢᠶᠠᠨ ᠨᠠᠮ ᠪᠠ ᠠᠷᠠᠳ ᠲᠦᠮᠡᠨ ᠤ ᠦᠢᠯᠡᠰ ᠲᠤ ᠠᠭᠤᠰᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠤᠰᠢᠭᠤᠴᠢ ᠬᠦᠴᠦᠨ ᠪᠣᠯᠤᠭᠰᠠᠨ ᠪᠠᠶᠢᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ ᠪᠤᠯᠤᠬᠰᠠᠨ ᠤ ᠡᠷᠴᠢ ᠵᠣᠷᠢᠭ᠂ ᠰᠥᠰᠥ ᠵᠣᠷᠢᠭ᠂ ᠢᠳᠡᠬᠡᠯ ᠵᠤᠷᠢᠬ ᠢᠶᠠᠨ ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠽᠠᠨᠳᠠᠨ ᠨᠠᠰᠤ ᠰᠠᠶᠢᠬᠠᠨ ᠴᠠᠬ ᠶᠢ ᠬᠥᠰᠡᠷᠳᠡᠭᠦᠯᠬᠦ ᠦᠭᠡᠢ ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ︕      ᠨᠥᠬᠦᠳ ᠡ᠂ ᠨᠠᠶᠢᠵᠠ ᠨᠠᠷ ᠡ︕      ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠬᠤ ᠦᠶ᠎ᠡ ᠳᠤ 50 ᠭᠠᠷᠦ᠋ᠢᠬᠠᠨ ᠨᠠᠮ ᠤᠨ ᠭᠡᠰᠢᠭᠦᠨ ᠲᠠᠢ ᠪᠠᠶᠢᠪᠠ᠂ ᠥᠨᠥᠳᠦᠷ ᠨᠢᠭᠡᠨᠲᠡ 9500 ᠭᠠᠷᠤᠢ ᠲᠦᠮᠡᠨ ᠨᠠᠮ ᠤᠨ ᠭᠡᠰᠢᠭᠦᠨ ᠲᠠᠢ᠂ 14 ᠳ᠋ᠦᠩᠰᠢᠭᠤᠷ ᠭᠠᠷᠤᠢ ᠬᠥᠮᠦᠨ ᠠᠮᠠ ᠲᠠᠢ ᠲᠤᠮᠤ ᠤᠯᠤᠰ ᠢ ᠤᠳᠤᠷᠢᠳᠤᠭᠰᠠᠨ᠂ ᠪᠦᠬᠦ ᠳᠡᠯᠡᠬᠡᠢ ᠶᠢᠨ ᠴᠢᠬᠤᠯᠠ ᠶᠡᠭᠡ ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠨᠢᠭᠡᠳᠦᠭᠡᠷ ᠲᠤᠮᠤ ᠲᠦᠷᠦ ᠪᠠᠷᠢᠭᠴᠢ ᠨᠠᠮ ᠪᠣᠯᠵᠠᠢ᠃      ᠵᠠᠭᠤᠨ ᠵᠢᠯ ᠤᠨ ᠡᠮᠦᠨ᠎ᠡ᠂ ᠳᠡᠯᠡᠬᠡᠶ ᠳ᠋ᠠᠬᠢᠨ ᠤ ᠬᠠᠷᠠᠭᠠᠨ ᠳᠤ ᠢᠯᠡᠷᠡᠭᠰᠡᠨ ᠲᠤᠮᠳᠠᠳᠤ ᠶᠢᠨ ᠦᠨᠳᠦᠰᠦᠳᠡᠨ ᠤ ᠲᠦᠷᠢ ᠲᠦᠷᠬᠦ ᠨᠢ ᠲᠡᠶᠢᠮᠦ ᠯᠡ ᠦᠭᠡᠳᠡ ᠦᠭᠡᠢ ᠪᠠᠶᠢᠯ᠎ᠠ᠃ ᠥᠨᠥᠳᠦᠷ᠂ ᠳᠤᠮᠳᠠᠳᠤ ᠶᠢᠨ ᠦᠨᠳᠦᠰᠦᠲᠡᠨ ᠳᠡᠯᠡᠬᠡᠢ ᠳ᠋ᠠᠬᠢᠨ ᠳᠤ ᠬᠥᠭᠵᠢᠨ ᠴᠡᠴᠡᠭᠯᠡᠭᠰᠡᠨ ᠪᠠᠶᠢᠳᠠᠯ ᠢ ᠢᠯᠡᠷᠡᠭᠦᠯᠵᠦ᠂ ᠬᠤᠷᠢᠬᠯᠠᠬᠳᠠᠰᠢ ᠦᠭᠡᠢ ᠠᠯᠬᠤᠭ᠎ᠠ ᠪᠠᠷ ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠪᠠᠶᠢᠨ᠎ᠠ᠃      ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠡᠭᠡᠨ᠂ ᠲᠡᠦᠬᠡᠨ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠤ ᠮᠤᠷᠳᠠᠯ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠡ︕ ᠨᠠᠮ ᠤᠨ ᠲᠦᠪ ᠬᠤᠷᠢᠶ᠎ᠠ ᠠᠴᠠ ᠲᠡ ᠨᠡᠷ ᠢ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ ᠲᠠᠢ ᠪᠤᠳᠤᠯ ᠢᠶᠠᠨ ᠨᠢᠭᠡᠳᠬᠡᠵᠦ᠂ ᠬᠦᠴᠦ ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠰᠤᠭᠠᠢ ᠭᠡᠵᠦ ᠤᠷᠢᠶᠠᠯᠠᠵᠤ ᠪᠠᠶᠢᠨ᠎ᠠ︕      ᠨᠥᠬᠦᠳ ᠡ᠂ ᠨᠠᠶᠢᠵᠠ ᠨᠠᠷ ᠡ︕      ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠤᠨ ᠤ ᠠᠭᠤᠤ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ ᠲᠠᠢ ᠴᠠᠬ ᠦᠶ᠎ᠡ ᠮᠦᠨ︕ ᠥᠩᠭᠡᠷᠡᠭᠰᠡᠨ ᠢᠶᠠᠨ ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠ ᠪᠦᠯᠬᠦᠮᠳᠡᠯ ᠪᠠᠶᠢᠬᠰᠠᠨ ᠬᠤᠶᠢᠨ᠎ᠠ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ︕      ᠠᠭᠤᠤ ᠶᠡᠭᠡ᠂ ᠢᠷᠠᠭᠤ ᠠᠯᠳᠠᠷ ᠲᠠᠢ᠂ ᠵᠥᠪ ᠣᠨᠣᠪᠴᠢᠲᠠᠶ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠶ︕      ᠠᠭᠤᠤ ᠶᠡᠭᠡ᠂ ᠢᠷᠠᠭᠤ ᠠᠯᠳᠠᠷ ᠲᠠᠢ᠂ ᠡᠷᠡᠯᠬᠡᠭ ᠪᠠᠭᠠᠲᠤᠷᠯᠢᠭ ᠳᠤᠮᠳᠠᠳᠤ ᠤᠯᠤᠰ ᠤᠨ ᠠᠷᠠᠳ ᠲᠦᠮᠡᠨ ᠮᠠᠨᠳᠤᠲᠤᠭᠠᠶ︕
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号